ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠠᠤᠭ᠎ᠠ ᠶᠡᠭᠡ ᠬᠥᠭ᠌ᠵᠢᠯᠲᠡ᠎ᠶ᠋ᠢᠨ ᠬᠦᠴᠦᠨ᠎ᠢ ᠨᠢᠭ᠍ᠲᠠᠷᠠᠭᠤᠯᠰᠤᠭᠠᠢ
2021-06-23 10:04:20
ᠵᠣᠬᠢᠶᠠᠭ᠍ᠴᠢ᠄
ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠮᠢᠩᠭᠠᠨ ᠣᠨ᠎ᠤ ᠶᠠᠳᠠᠭᠤ᠎ᠠᠴᠠ ᠠᠩᠭᠢᠵᠢᠷᠠᠭᠤᠯᠬᠤ ᠵᠡᠭᠦᠳᠦ ᠥᠨᠥᠳᠦᠷ ᠡᠴᠦᠰ᠎ᠲᠡᠭᠡᠨ ᠲᠡᠷᠭᠡᠯᠱᠢᠯ᠎ᠠ᠃ ᠡᠨᠡ ᠪᠣᠯ ᠲᠡᠦᠬᠡᠨ ᠬᠠᠭᠤᠳᠠᠰᠤ᠎ᠶ᠋ᠢ ᠭᠡᠢᠭᠦᠯᠦᠭ᠌ᠰᠡᠨ ᠠᠭᠤᠤ ᠶᠡᠭᠡ ᠠᠵᠢᠯᠯᠠᠭ᠎ᠠ! ᠡᠨᠡ ᠪᠣᠯ ᠲᠩᠷᠢ ᠭᠠᠵᠠᠷ᠎ᠢ ᠳᠣᠭ᠍ᠳᠣᠯᠤᠭᠤᠯᠤᠭ᠍ᠰᠠᠨ ᠴᠠᠭ ᠦᠶ᠎ᠡ᠎ᠶ᠋ᠢᠨ ᠭᠠᠢᠬᠠᠮᠱᠢᠬ᠍ᠳᠤ ᠲᠠᠭᠤᠯᠠᠯ!

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠤᠭ᠍ᠲᠤᠵᠤ ᠪᠠᠢᠭ᠎ᠠ ᠴᠢᠬᠤᠯᠠ ᠴᠠᠭ ᠮᠥᠴᠡ᠎ᠳᠤ᠂ ᠪᠦᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠥ᠍ ᠬᠥᠬᠢᠭᠦᠯᠦᠨ ᠰᠠᠢᠱᠢᠶᠠᠬᠤ ᠶᠡᠭᠡ ᠬᠤᠷᠠᠯ ᠬᠥᠬᠡᠬᠤᠲᠠ᠎ᠳᠤ ᠬᠤᠷᠠᠯᠳᠤᠪᠠ᠃ ᠶᠡᠭᠡ ᠬᠤᠷᠠᠯ᠎ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠦ᠍ ᠬᠥᠬᠢᠭᠦᠯᠦᠨ ᠰᠠᠢᠱᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠳᠠ᠎ᠶ᠋ᠢᠨ ᠠᠵᠢᠯ᠎ᠤᠨ ᠶᠡᠷᠦ᠍ ᠪᠤᠰᠤ᠎ᠶ᠋ᠢᠨ ᠥᠩᠭᠡᠷᠡᠯᠲᠡ᠎ᠶ᠋ᠢ ᠡᠷᠭᠢᠴᠡᠭᠦᠯᠦᠨ ᠳ᠋ᠦᠩᠨᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠲᠡᠷᠢᠭᠦᠨ᠎ᠤ ᠬᠤᠪᠢ ᠬᠥᠮᠦᠨ ᠪᠣᠯᠤᠨ ᠲᠡᠷᠢᠭᠦᠨ᠎ᠤ ᠬᠠᠮᠲᠤ᠎ᠶ᠋ᠢ ᠦᠪᠡᠳᠡᠭ᠌ᠰᠢ ᠶᠡᠭᠡ᠎ᠪᠠᠷ ᠬᠥᠬᠢᠭᠦᠯᠦᠨ ᠰᠠᠢᠱᠢᠶᠠᠪᠠ᠃ ᠶᠡᠭᠡ ᠬᠤᠷᠠᠯ᠎ᠤᠨ ᠬᠤᠷᠠᠯᠳᠤᠭ᠍ᠰᠠᠨ᠎ᠨᠢ᠂ ᠪᠦᠬᠦ᠌ ᠣᠷᠣᠨ ᠳᠠᠶᠠᠭᠠᠷ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠳᠭᠡᠨ ᠠᠬᠢᠭᠤᠯᠬᠤ ᠠᠤᠭ᠎ᠠ ᠬᠦᠴᠦᠨ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠱᠢᠨ᠎ᠡ ᠱᠠᠲᠤᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠪᠠᠷ ᠬᠦᠴᠦᠯᠡᠨ ᠴᠢᠷᠮᠠᠢᠬᠤ᠎ᠪᠠᠷ ᠳᠠᠢᠴᠢᠯᠠᠨ ᠤᠷᠮᠠᠱᠢᠭᠤᠯᠬᠤ᠎ᠨᠢ ᠯᠠᠪᠲᠠᠢ᠃

ᠥᠪᠥᠷ ᠮᠣᠩᠭᠤᠯ ᠪᠣᠯ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠴᠢᠬᠤᠯᠠ ᠲᠡᠢᠯᠠᠯᠳᠤᠭᠠᠨ᠎ᠤ ᠲᠠᠯᠠᠪᠤᠷ ᠮᠥᠨ᠂ 8 ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠢᠮᠠᠬ᠍ᠳᠠ ᠨᠠᠮ᠎ᠤᠨ ᠲᠥᠪ ᠬᠤᠷᠢᠶᠠᠨ᠎ᠤ ᠡᠯ᠎ᠡ ᠵᠦᠶᠯ᠎ᠤᠨ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠠ ᠠᠷᠠᠳ᠎ᠤᠨ ᠠᠮᠢᠳᠤᠷᠠᠯ᠎ᠤᠨ ᠲᠠᠷᠢᠬᠦᠨ ᠢᠨᠵᠧᠨᠧᠷᠢᠩ ᠪᠣᠯᠭᠠᠵᠤ᠂ ᠣᠷᠣᠨ ᠳᠠᠶᠠᠭᠠᠷ᠎ᠤᠨ ᠬᠦᠴᠦᠨ᠎ᠢ ᠳᠠᠢᠴᠢᠯᠠᠨ᠂ ᠲᠦᠢᠯ᠎ᠤᠨ ᠶᠡᠭᠡ ᠬᠦᠴᠦ᠍ ᠣᠷᠣᠭᠤᠯᠵᠤ᠂ ᠤᠳᠠᠭ᠎ᠠ ᠲᠠᠷᠠᠭᠠᠯᠠᠨ ᠪᠠᠬᠢᠯᠡᠯᠲᠡ᠎ᠶ᠋ᠢ ᠱᠢᠪᠲᠤᠯᠵᠤ᠂ ᠠᠯᠢ ᠤᠯᠠᠨ ᠬᠦᠴᠢᠷ ᠠᠰᠠᠭᠤᠳᠠᠯ᠎ᠢ ᠱᠢᠶᠳᠪᠦᠷᠢᠯᠡᠵᠦ᠍᠂ ᠤᠳᠠᠭ᠎ᠠ ᠲᠠᠷᠠᠭᠠᠯᠠᠨ ᠢᠯᠠᠯᠲᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠯᠳᠠ᠎ᠶ᠋ᠢᠨ ᠴᠢᠨᠠᠷ ᠰᠠᠢᠲᠠᠶ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠵᠠᠶ᠄ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠳᠤᠤᠷᠠᠬᠢ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠣᠷᠣᠨ ᠪᠦᠰᠡ᠎ᠶ᠋ᠢᠨ ᠴᠢᠨᠠᠷᠲᠠᠢ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ ᠱᠢᠢᠳᠪᠦᠷᠢᠯᠡᠭ᠌ᠳᠡᠪᠡ᠃ ᠥᠷᠭᠡᠨ ᠠᠭᠤᠳᠠᠮ ᠲᠠᠯ᠎ᠠ ᠨᠤᠲᠤᠭ᠎ᠠᠴᠠ ᠨᠡᠯᠦᠭᠡᠷ ᠶᠡᠭᠡ ᠭᠤᠪᠢ ᠴᠦᠯ᠂ ᠳᠠᠬᠢᠨ ᠥᠨᠳᠥᠷ ᠰᠦᠷᠯᠢᠭ ᠬᠢᠩᠭᠠᠨ ᠳᠠᠪᠠᠭ᠎ᠠ ᠬᠦᠷᠲᠡᠯ᠎ᠡ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠬᠡᠷᠡᠯ ᠭᠢᠯᠪᠠᠭ᠎ᠠ ᠥᠨᠴᠥᠭ ᠪᠤᠯᠤᠩ ᠪᠦᠷᠢ᠎ᠶ᠋ᠢ ᠬᠡᠢᠬᠦᠯᠵᠤ᠂ ᠲᠤᠭ᠎ᠠ ᠲᠣᠮᠰᠢ ᠥᠬᠡᠶ ᠬᠥᠮᠦᠨ᠎ᠤ ᠬᠤᠪᠢ ᠵᠠᠶᠠᠭ᠎ᠠ ᠦᠬᠡᠷᠡᠴᠢᠯᠡᠭ᠌ᠳᠡᠵᠤ᠂ ᠲᠤᠭ᠎ᠠ ᠲᠣᠮᠰᠢ ᠥᠬᠡᠶ ᠬᠥᠮᠦᠨ᠎ᠤ ᠬᠦᠰᠡᠯ ᠵᠡᠭᠦᠳᠦ ᠲᠡᠷᠬᠡᠯᠱᠢᠵᠤ᠂ ᠲᠤᠭ᠎ᠠ ᠲᠣᠮᠰᠢ ᠥᠬᠡᠶ ᠬᠥᠮᠦᠨ᠎ᠤ ᠵᠣᠯ ᠵᠢᠷᠭᠠᠯ ᠪᠡᠶᠡᠯᠡᠭ᠌ᠳᠡᠪᠡ᠃

ᠬᠤᠪᠤᠷ ᠨᠠᠨᠳᠢᠨ ᠲᠤᠷᠱᠢᠯᠭ᠎ᠠ᠂ ᠬᠤᠵᠢᠮ ᠢᠷᠡᠭᠡᠳᠦᠶ᠎ᠶ᠋ᠢ ᠬᠡᠢᠬᠦᠯᠦᠨ᠎ᠠ᠃ ᠥᠩᠭᠡᠷᠡᠭ᠌ᠰᠡᠨ᠎ᠢᠶᠠᠨ ᠡᠷᠭᠢᠴᠡᠭᠦᠯᠬᠦᠶ᠎ᠡ᠂ ᠶᠠᠮᠠᠷ ᠬᠦᠴᠦᠨ ᠤᠮᠠᠷᠠᠲᠤ᠎ᠶ᠋ᠢᠨ ᠡᠬᠡ ᠭᠠᠵᠠᠷ ᠳᠡᠭᠡᠷ᠎ᠡ 《ᠬᠦᠰᠡᠯᠡᠩ᠎ᠤᠨ ᠵᠢᠭᠦᠷ》 ᠎ᠢ ᠤᠷᠭᠤᠭᠤᠯᠤᠭ᠍ᠰᠠᠨ ᠪᠤᠢ? ᠶᠠᠮᠠᠷ ᠬᠦᠴᠦᠨ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠡᠮᠡᠴᠡᠬᠦ᠌ ᠵᠠᠮ᠎ᠢ ᠭᠡᠷᠡᠯᠲᠦᠭᠦᠯᠦᠭ᠌ᠰᠡᠨ ᠪᠣᠶ? ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠯᠠᠭᠤᠷ᠎ᠢ ᠠᠳᠭᠤᠨ ᠠᠶᠠᠯᠠᠯ᠎ᠢ ᠵᠢᠯᠣᠭᠤᠳᠤᠭ᠍ᠰᠠᠨ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠶᠠᠳᠠᠭᠤ ᠬᠦᠴᠢᠷᠳᠡᠯᠲᠠᠢ ᠳᠡᠮᠡᠴᠡᠬᠦ᠌ ᠊ᠣᠨᠣᠯ᠎ᠤᠨ ᠱᠢᠨᠵᠢᠯᠡᠬᠦ᠌ ᠤᠬᠠᠭᠠᠨᠴᠢ ᠵᠢᠯᠣᠭᠤᠳᠣᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠭ᠌ᠰᠡᠨ ᠪᠠ ᠡᠯ᠎ᠡ ᠲᠠᠯ᠎ᠠ᠎ᠶ᠋ᠢᠨ ᠬᠦᠴᠦᠲᠡᠢ ᠳᠡᠮᠵᠢᠯᠭᠡ ᠪᠤᠯᠤᠨ᠎ᠠ᠃ ᠥᠨᠥᠳᠦᠷ᠎ᠢᠶᠠᠨ ᠳ᠋ᠦᠩᠨᠡᠵᠤ᠂ ᠢᠷᠡᠭᠡᠳᠦᠢ᠎ᠪᠠᠨ ᠪᠠᠷᠠᠯᠠᠬᠤᠶ᠎ᠠ᠂ ᠪᠢᠳᠠ ᠶᠠᠭᠠᠬᠢᠬ᠍ᠰᠠᠨ ᠴᠤ᠌ ᠣᠮᠣᠷᠬᠠᠭ᠍ᠯᠠᠨ ᠪᠠᠷᠳᠠᠮᠨᠠᠵᠤ ᠰᠡᠳᠭᠢᠯ ᠬᠠᠨᠤᠵᠤ ᠪᠤᠯᠬᠤ ᠦᠭᠡᠢ᠂ ᠡᠷᠴᠢ ᠰᠤᠯᠠᠷᠠᠨ ᠠᠮᠤᠰᠭᠢᠵᠦ᠍ ᠪᠣᠯᠬᠤ ᠦᠭᠡᠢ᠂ ᠭᠠᠭ᠍ᠴᠠ ᠬᠦ᠌ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠨ ᠴᠢᠩᠭᠠᠳᠭᠠᠵᠤ᠂ ᠠᠷᠠᠳ ᠲᠦᠮᠡᠨ᠎ᠤ ᠵᠣᠭ᠍ᠰᠣᠯᠲᠠ᠎ᠪᠠᠨ ᠢᠮᠠᠭ᠍ᠲᠠ ᠪᠠᠲᠤᠳᠭᠠᠵᠤ᠂ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠳᠠ᠎ᠶ᠋ᠢᠨ ᠲᠤᠷᠱᠢᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠯᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠳᠠ᠎ᠶ᠋ᠢᠨ ᠦᠷ᠎ᠡ ᠪᠦᠲᠦᠭᠡᠯ᠎ᠢ ᠴᠥᠬᠦᠷᠡᠰᠢ ᠦᠭᠡᠢ ᠪᠠᠳᠤᠳᠭᠠᠨ ᠥᠷᠭᠡᠳᠭᠡᠪᠡᠯ ᠰᠠᠢ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠡᠷᠡᠰ ᠬᠤᠪᠢᠷᠠᠰᠢ ᠦᠬᠡᠢ ᠠᠬᠢᠭᠤᠯᠵᠤ ᠴᠢᠳᠠᠨ᠎ᠠ᠃

ᠡᠨᠡ ᠬᠦ᠌ ᠲᠡᠦᠬᠡᠨ᠎ᠳᠤ ᠪᠠᠢᠭ᠎ᠠ ᠦᠭᠡᠢ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠲᠠᠯᠠᠪᠤᠷ᠎ᠲᠤ᠌᠂ ᠲᠤᠭ᠎ᠠ ᠲᠣᠮᠰᠢ ᠦᠭᠡᠢ ᠤᠯᠠᠨ ᠬᠦᠮᠦᠨ ᠬᠦᠨᠳᠦ ᠡᠭᠦᠷᠭᠡ᠎ᠶ᠋ᠢ ᠡᠭᠦᠷᠭᠡᠯᠡᠨ ᠤᠷᠤᠭ᠍ᠰᠢᠯᠠᠵᠤ᠂ ᠬᠥᠮᠦᠰ᠎ᠤᠨ ᠰᠡᠳᠭᠢᠯ᠎ᠢ ᠲᠤᠬ᠍ᠳᠤᠯᠤᠭᠤᠯᠤᠬ᠍ᠰᠠᠨ ᠮᠠᠰᠢ ᠤᠯᠠᠨ ᠲᠡᠷᠢᠭᠦᠨ᠎ᠤ ᠦᠢᠯᠡ ᠶᠠᠪᠤᠳᠠᠯ ᠢᠯᠡᠷᠡᠭ᠌ᠰᠡᠨ ᠪᠠᠢᠨ᠎ᠠ᠃ ᠥᠪᠡᠷᠲᠡᠭᠡᠨ ᠵᠠᠰᠠᠬᠤ ᠣᠷᠣᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠦ᠍ ᠬᠥᠬᠢᠭᠦᠯᠦᠨ ᠰᠠᠢᠱᠢᠶᠠᠬᠤ ᠶᠡᠭᠡ ᠬᠤᠷᠠᠯ᠎ᠢ ᠦᠪᠡᠳᠡᠭ᠌ᠰᠢ ᠶᠡᠭᠡ᠎ᠪᠠᠷ ᠬᠤᠷᠠᠯᠳᠤᠭᠤᠯᠤᠭ᠍ᠰᠠᠨ᠎ᠨᠢ ᠲᠠᠷᠤᠢ ᠲᠡᠳᠡᠬᠡᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠪᠠᠢᠷᠢ ᠳᠡᠭᠡᠷ᠎ᠡ ᠪᠡᠶ᠎ᠡ ᠦᠷᠡᠭ᠌ᠳᠡᠭ᠌ᠰᠡᠨ ᠪᠠᠭᠠᠲᠤᠷᠴᠤᠳ᠎ᠲᠤ ᠬᠦᠨᠳᠦᠳᠭᠡᠯ ᠳᠡᠪᠱᠢᠭᠦᠯᠵᠦ᠍᠂ ᠲᠡᠳᠡᠨ᠎ᠤ ᠠᠮᠢ ᠨᠠᠰᠤ᠎ᠪᠠᠷ᠎ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠭ᠌ᠰᠡᠡ ᠦᠨᠡᠨᠴᠢ ᠱᠢᠳᠤᠷᠭᠤ ᠵᠠᠩ ᠴᠢᠨᠠᠷ᠎ᠢ ᠡᠭᠦᠷᠢᠳᠡ ᠪᠠᠲᠤ ᠴᠡᠭᠡᠵᠢᠯᠡᠬᠦ᠌᠎ᠶ᠋ᠢᠨ ᠲᠥᠯᠥᠭᠡ ᠶᠤᠮ; ᠲᠠᠷᠤᠢ ᠲᠡᠳᠡᠭᠡᠷ ᠤᠳᠠᠭᠠᠨ ᠵᠢᠯ ᠦᠨᠳᠦᠰᠦᠨ ᠱᠠᠲᠤᠨ᠎ᠳᠤ ᠦᠨᠳᠦᠰᠦᠯᠡᠵᠤ᠂ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠭ᠌ᠰᠡᠨ ᠶᠠᠳᠠᠭᠤ᠎ᠶ᠋ᠢ ᠲᠡᠳᠬᠦᠬᠦ᠌ ᠺᠠᠳ᠋ᠷᠴᠤᠳ᠎ᠲᠤ ᠬᠦᠨᠳᠦᠳᠭᠡᠯ ᠳᠡᠪᠱᠢᠭᠦᠯᠵᠦ᠍᠂ ᠲᠡᠳᠡᠨ᠎ᠤ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠤᠶᠤᠨ ᠤᠬᠠᠭᠠᠨ᠎ᠢᠶᠠᠨ ᠱᠢᠪᠬᠠᠨ ᠵᠢᠳᠬᠦᠭ᠌ᠰᠡᠨ ᠠᠷᠠᠳ᠎ᠤᠨ ᠲᠥᠯᠥᠭᠡ ᠭᠡᠰᠡᠨ ᠬᠠᠢᠷ᠎ᠠ ᠰᠡᠳᠭᠢᠯᠭᠡ᠎ᠶ᠋ᠢ᠎ᠨᠢ ᠡᠭᠦᠷᠢᠳᠡ ᠪᠠᠲᠤ ᠴᠡᠭᠡᠵᠢᠯᠡᠬᠦ᠌᠎ᠶ᠋ᠢᠨ ᠲᠦᠯᠦᠭᠡ ᠪᠢᠯᠡ; ᠲᠠᠷᠤᠢ ᠲᠡᠳᠡᠭᠡᠷ ᠠᠷᠤ ᠬᠡᠷ᠎ᠢᠶᠠᠨ ᠤᠷᠬᠢᠨ ᠠᠵᠢᠯ ᠦᠢᠯᠡᠰ᠎ᠢᠶᠠᠨ ᠬᠠᠶᠠᠵᠤ᠂ ᠬᠠᠯᠠᠭᠤᠨ ᠰᠡᠳᠭᠢᠯ᠎ᠢᠶᠠᠷ ᠬᠠᠪᠰᠤᠷᠤᠨ ᠲᠡᠳᠬᠦᠭ᠌ᠰᠡᠡ ᠺᠠᠳ᠋ᠷᠴᠤᠳ᠎ᠲᠤ ᠬᠦᠨᠳᠦᠳᠭᠡᠯ ᠳᠡᠪᠱᠢᠭᠦᠯᠵᠦ᠍᠂ ᠲᠡᠳᠡᠨ᠎ᠤ ᠭᠤᠶᠠᠴᠢ ᠦᠭᠡᠢ ᠦᠯᠡᠮᠵᠢ᠎ᠶ᠋ᠢᠨ ᠬᠠᠢᠷ᠎ᠠ᠂ ᠤᠷᠬᠢᠯᠤᠮ᠎ᠠ ᠰᠡᠳᠭᠢᠯ᠎ᠢᠶᠠᠷ ᠬᠤᠪᠢ ᠨᠡᠮᠡᠷᠢ ᠦᠵᠡᠭᠦᠯᠵᠦ᠍ ᠬᠠᠷᠢᠯᠴᠠᠠ ᠬᠠᠪᠰᠤᠷᠤᠯᠴᠠᠭ᠍ᠰᠠᠠ ᠨᠥᠬᠦᠷᠯᠡᠯ᠎ᠢ ᠡᠭᠦᠷᠢᠳᠡ ᠪᠠᠲᠤ ᠴᠡᠭᠡᠵᠢᠯᠡᠬᠦ᠌᠎ᠶ᠋ᠢᠨ ᠲᠦᠯᠦᠭᠡ ᠪᠢᠯᠡ; ᠳᠠᠷᠤᠢ ᠲᠡᠲᠡᠭᠡᠷ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠢᠮᠠᠭ᠍ᠲᠠ ᠬᠦᠴᠢᠷ ᠪᠡᠷᠬᠡᠱᠢᠶᠡᠯ᠎ᠲᠠᠢ ᠲᠡᠮᠡᠴᠡᠯ ᠬᠢᠭ᠌ᠰᠡᠡ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠬᠦᠨᠳᠦᠳᠭᠡᠯ ᠳᠡᠪᠱᠢᠭᠦᠯᠵᠦ᠍᠂ ᠲᠡᠲᠡ ᠨᠡᠷ᠎ᠤᠨ ᠪᠣᠳᠠᠲᠤ ᠠᠵᠢᠯᠯᠠᠭ᠎ᠠ᠎ᠪᠠᠷ᠎ᠢᠶᠠᠨ ᠶᠠᠳᠠᠭᠤ᠎ᠶ᠋ᠢᠨ ᠦᠨᠳᠦᠰᠦ᠎ᠶ᠋ᠢ ᠰᠤᠭᠤᠯᠵᠤ᠂ ᠶᠠᠳᠠᠭᠤ ᠬᠦᠴᠢᠷᠳᠡᠯ᠎ᠤᠨ ᠡᠮᠦᠨ᠎ᠡ ᠲᠣᠯᠣᠭᠠᠢ ᠪᠥᠬᠦ᠋ᠢᠬᠦ᠌ ᠦᠭᠡᠢ ᠡᠷᠡᠰ ᠡᠷᠡᠯᠬᠡᠭ᠌ᠯᠡᠨ ᠲᠡᠮᠡᠴᠡᠭ᠌ᠰᠡᠡ᠎ᠢ ᠡᠭᠦᠷᠢᠳᠡ ᠪᠠᠲᠤ ᠴᠡᠭᠡᠵᠢᠯᠡᠬᠦ᠌᠎ᠶ᠋ᠢᠨ ᠲᠦᠯᠦᠭᠡ ᠪᠢᠯᠡ᠃ ᠪᠥᠬᠦ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠲᠡᠷᠢᠭᠦᠨ᠎ᠤ ᠨᠡᠢᠲᠡᠯᠢᠭ ᠵᠢᠱ᠌ᠢᠶ᠎ᠡ᠎ᠪᠠᠷ ᠪᠠᠷᠢᠮᠵᠢᠶᠠᠯᠠᠵᠤ᠂ ᠲᠡᠳᠡᠨ᠎ᠤ ᠪᠡᠶ᠎ᠡ ᠳᠡᠭᠡᠷ᠎ᠡ᠎ᠠᠴᠠ ᠬᠥᠮᠦᠨ ᠮᠦᠰᠦ᠎ᠶ᠋ᠢᠨ ᠬᠦᠴᠦᠨ᠂ ᠣᠶᠤᠨ ᠰᠠᠨᠠᠭᠠᠨ᠎ᠤ ᠬᠦᠴᠦᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠭᠦᠨᠵᠡᠭᠡᠶ ᠱᠢᠩᠭᠡᠭᠡᠨ ᠠᠪᠴᠤ᠌᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠳᠠᠬᠢᠨᠲᠠ ᠱᠢᠯᠢᠳᠡᠭ ᠠᠮᠵᠢᠯᠲᠠ ᠪᠦᠲᠦᠮᠵᠢ᠎ᠶ᠋ᠢ ᠡᠬᠦᠳᠴᠤ᠌᠂ ᠳᠠᠬᠢᠨᠲᠠ ᠱᠢᠨ᠎ᠡ ᠭᠠᠪᠢᠶ᠎ᠠ ᠪᠠᠢᠭᠤᠯᠬᠤ ᠬᠡᠷᠡᠭ᠌ᠳᠡᠢ᠃

ᠥᠴᠥᠭᠡᠳᠦᠷ᠎ᠤᠨ ᠲᠡᠮᠡᠴᠡᠯ ᠥᠨᠥᠳᠦᠷ᠎ᠤᠨ ᠭᠡᠷᠡᠯ ᠰᠠᠴᠤᠷᠠᠩᠭᠤᠢ ᠠᠮᠵᠢᠯᠲᠠ᠎ᠶ᠋ᠢ ᠴᠣᠭ᠍ᠴᠠᠯᠠᠵᠤ᠂ ᠥᠨᠥᠳᠦᠷ᠎ᠤᠨ ᠲᠡᠮᠡᠴᠡᠯ ᠯᠠᠪᠲᠠᠢ ᠮᠠᠷᠭᠠᠰᠢ᠎ᠶ᠋ᠢᠨ ᠢᠷᠠᠭᠤ ᠠᠯᠳᠠᠷ᠎ᠢ ᠡᠭᠦᠳᠬᠦ᠌ ᠪᠣᠯᠤᠨ᠎ᠠ᠃ ᠶᠠᠳᠠᠭᠤ᠎ᠠᠴᠠ ᠠᠩᠭᠢᠵᠢᠷᠠᠭ᠍ᠰᠠᠨ᠎ᠨᠢ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ᠃ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠭᠤᠤ ᠶᠡᠭᠡ ᠵᠣᠷᠢᠭ ᠰᠠᠨᠠᠭ᠎ᠠ᠎ᠠᠴᠠ ᠬᠥᠳᠡᠯᠭᠡᠬᠦ᠌ ᠬᠦᠴᠦᠨ ᠣᠯᠵᠤ᠂ ᠡᠭᠦᠷᠢᠳᠡ ᠴᠥᠬᠦᠷᠡᠰᠢ ᠥᠬᠡᠶ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠴᠤᠴᠠᠯᠲᠠ ᠥᠬᠡᠶ ᠤᠷᠤᠭ᠍ᠰᠢᠯᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠱᠢᠷᠭᠠᠭᠤ ᠠᠵᠢᠯᠯᠠᠵᠤ ᠪᠣᠳᠠᠲᠠᠶ ᠠᠵᠢᠯᠯᠠᠪᠠᠯ᠂ ᠪᠢᠳᠡ ᠯᠠᠪᠲᠠᠶ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠡ ᠪᠠᠢᠭᠤᠯᠬᠤ ᠥᠪᠥᠷ ᠮᠣᠩᠭᠤᠯ᠎ᠤᠨ ᠬᠠᠭᠤᠳᠠᠰᠤ᠎ᠶ᠋ᠢ ᠪᠢᠴᠢᠭ᠌ᠯᠡᠬᠦ᠌᠎ᠳᠤ ᠨᠠᠩ ᠶᠡᠭᠡ ᠱᠢᠨ᠎ᠡ ᠬᠤᠪᠢ ᠨᠡᠮᠡᠷᠢ ᠦᠵᠡᠭᠦᠯᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号