ᠡᠨᠡ ᠵᠢᠯ᠎ᠤᠨ 2 ᠰᠠᠷ᠎ᠠ᠎ᠶ᠋ᠢᠨ 25 ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠳ᠋ᠦᠩᠨᠡᠵᠤ ᠬᠦᠬᠢᠭᠦᠯᠦᠨ ᠰᠠᠢᠱᠢᠶᠠᠬᠤ ᠶᠡᠭᠡ ᠬᠤᠷᠠᠯ ᠲᠠᠬᠡᠷ᠎ᠠ᠂ 《ᠪᠦᠬᠦ᠌ ᠨᠠᠮ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠬᠠᠮᠳᠤ᠎ᠶ᠋ᠢᠨ ᠴᠢᠷᠮᠠᠢᠯᠭ᠎ᠠ᠎ᠪᠠᠷ ᠳᠠᠮᠵᠢᠨ ᠮᠠᠨ᠎ᠤ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ ᠪᠦᠬᠦ᠌ ᠳᠠᠯ᠎ᠠ᠎ᠶ᠋ᠢᠨ ᠢᠯᠠᠯᠳᠠ ᠤᠯᠵᠥ᠍᠂ ᠤᠷᠤᠨ ᠪᠦᠰᠡ᠎ᠶ᠋ᠢᠨ ᠴᠢᠨᠠᠷᠳᠠᠢ ᠪᠦᠬᠦᠯᠢ ᠴᠤᠬ᠍ᠴᠠ᠎ᠶ᠋ᠢᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠱᠢᠢᠳᠪᠤᠷᠢᠯᠡᠨ᠂ ᠳᠦᠢᠯ᠎ᠤᠨ ᠶᠠᠳᠠᠭᠤ ᠬᠦᠴᠢᠷᠳᠡᠯ᠎ᠢ ᠠᠷᠢᠯᠭᠠᠬᠤ ᠬᠠᠳᠠᠭᠤ ᠪᠡᠷᠬᠡ ᠡᠬᠦᠷᠬᠡ᠎ᠶ᠋ᠢ ᠪᠡᠶᠡᠯᠡᠬᠦᠯᠵᠥ᠍᠂ ᠳᠡᠥᠬᠡ ᠰᠤᠳᠤᠷ᠎ᠢ ᠬᠡᠢᠬᠦᠯᠬᠦ᠌ ᠬᠦᠮᠦᠨ᠎ᠤ ᠶᠢᠷᠳᠢᠨᠴᠤ᠎ᠶ᠋ᠢᠨ ᠪᠠᠰᠠ ᠨᠢᠬᠡᠨ ᠭᠠᠢᠬᠠᠮᠱᠢᠬᠢ ᠡᠬᠦᠳᠴᠡᠢ!》 ᠭᠡᠵᠤ ᠳᠤᠩᠬᠠᠭ᠍ᠯᠠᠭ᠍ᠰᠠᠨ ᠪᠢᠯᠡ᠃
ᠮᠠᠨ᠎ᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠤᠯᠳᠠ ᠠᠤᠭ᠎ᠠ ᠠᠮᠵᠢᠯᠳᠠ ᠤᠯᠵᠤ᠂ ᠡᠨᠡ ᠬᠦ᠌ ᠬᠦᠮᠦᠨ᠎ᠤ ᠶᠢᠷᠳᠢᠨᠴᠤ᠎ᠶ᠋ᠢᠨ ᠭᠠᠢᠬᠠᠮᠱᠢᠭᠲᠠᠬᠢ ᠦᠪᠤᠷ ᠮᠤᠩᠭᠤᠯ᠎ᠤᠨ ᠬᠠᠭᠤᠳᠠᠰᠤ᠎ᠶ᠋ᠢ ᠪᠢᠴᠢᠭ᠌ᠯᠡᠯ᠎ᠠ᠄ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ᠎ᠢᠶᠠᠷ ᠳᠠᠮᠵᠢᠨ ᠮᠠᠨ᠎ᠤ ᠤᠷᠤᠨ ᠨᠡᠢᠳᠡ 157 ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ᠎ᠶ᠋ᠢ ᠶᠠᠳᠠᠭᠤ᠎ᠠᠴᠠ ᠠᠩᠬᠢᠵᠢᠷᠠᠭᠤᠯᠵᠤ᠂ 57 ᠶᠠᠳᠠᠭᠤ ᠬᠦᠴᠢᠷᠳᠠᠯᠳᠠᠢ ᠬᠤᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠤᠨ᠂ 3681 ᠶᠠᠳᠠᠭᠤ ᠬᠦᠴᠢᠷᠳᠡᠯᠳᠠᠢ ᠭᠠᠴᠠᠭ᠎ᠠ ᠳᠤᠰᠭᠤᠨ᠎ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠵᠤ᠂ ᠦᠷᠬᠡᠨ ᠠᠭᠤᠳᠠᠮ ᠦᠪᠤᠷ ᠮᠤᠩᠭᠤᠯ᠎ᠳᠤ ᠴᠢᠨᠡᠭᠡᠯᠢᠭ ᠠᠮᠢᠳᠤᠷᠠᠯ᠎ᠤᠨ ᠳᠠᠷᠳᠠᠩ ᠵᠠᠮ ᠵᠤᠷᠠᠢᠯᠠ᠃
ᠦᠴᠦᠬᠡᠳᠤᠷ᠂ ᠲᠦᠮᠡᠨ ᠤᠯᠠᠨ᠎ᠤ ᠠᠩᠬᠠᠷᠤᠯ᠎ᠢ ᠲᠠᠲᠠᠭ᠍ᠰᠠᠨ ᠪᠦᠬᠦ᠌ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠳ᠋ᠦᠩᠨᠡᠵᠤ ᠬᠦᠬᠢᠭᠦᠯᠦᠨ ᠰᠠᠢᠱᠢᠶᠠᠬᠤ ᠶᠡᠭᠡ ᠬᠤᠷᠠᠯ ᠬᠦᠬᠡᠬᠤᠳᠠᠨ᠎ᠠ ᠦᠪᠡᠳᠡᠭ᠌ᠰᠢ ᠶᠡᠭᠡ᠎ᠪᠠᠷ ᠬᠤᠷᠠᠯᠳᠤᠪᠠ᠃ ᠤᠷᠤᠨ ᠲᠠᠶᠠᠭᠠᠷ᠎ᠢᠶᠠᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠬᠡᠯᠡᠵᠤ ᠪᠠᠢᠭ᠎ᠠ ᠡᠨᠡ ᠬᠦ᠌ ᠪᠠᠶᠠᠷᠳᠤ ᠮᠦᠴᠡ᠎ᠳᠤ ᠬᠤᠷᠠᠯᠳᠤᠭᠤᠯᠤᠭ᠍ᠰᠠᠨ ᠲᠤᠰ ᠬᠤᠷᠠᠯ ᠪᠣᠯ ᠡᠷᠡᠮᠡᠬᠡᠢ ᠵᠠᠭᠤᠨ ᠵᠢᠯ᠎ᠳᠤ ᠲᠠᠪᠱᠢᠬᠦᠯᠦᠭ᠌ᠰᠡᠨ ᠬᠠᠮᠤᠭ᠎ᠤᠨ ᠰᠠᠢᠨ ᠬᠦᠨᠳᠦᠳᠭᠡᠯ᠂ ᠨᠡᠩ ᠴᠤ᠌ ᠬᠦᠨᠳᠤ ᠰᠡᠳᠭᠢᠯᠭᠡ᠎ᠶ᠋ᠢ ᠡᠪᠦᠷᠯᠡᠨ ᠬᠦᠴᠢᠷ ᠪᠡᠷᠭᠡᠱᠢᠶᠡᠯᠲᠠᠢ ᠦᠩᠭᠡᠷᠡᠯᠳᠡ᠎ᠪᠠᠨ ᠡᠷᠭᠢᠴᠡᠭᠦᠯᠵᠦ᠍ ᠱᠢᠭᠤᠷᠬᠠᠢ ᠱᠢᠨ᠎ᠠ ᠠᠶᠠᠨ᠎ᠳᠠᠭᠠᠨ ᠡᠷᠴᠢ ᠬᠦᠴᠦᠨ ᠨᠠᠮᠡᠷᠢᠯᠡᠵᠤ ᠪᠠᠢᠭ᠎ᠠ ᠶᠠᠪᠤᠳᠠᠯ ᠪᠤᠯᠬᠤ ᠶᠤᠮ᠃
ᠬᠦᠴᠦ᠎ᠪᠠᠨ ᠬᠠᠮᠲᠤᠳᠭᠠᠵᠤ ᠡᠷᠡᠯᠬᠡᠭ᠌ᠯᠡᠨ ᠳᠡᠮᠡᠴᠡᠭ᠌ᠰᠡᠨ ᠳᠠᠢᠯᠠᠯᠳᠤᠭᠠᠨ
《ᠰᠦᠯᠵᠢᠶᠡᠨ᠎ᠤ ᠨᠡᠷᠡᠳᠤ ᠲᠣᠰᠭᠤᠨ》 ᠪᠣᠯᠤᠭ᠍ᠰᠠᠨ ᠲᠠᠢᠪᠤᠰᠧ ᠬᠤᠱᠢᠭᠤᠨ᠎ᠤ ᠪᠤᠤᠴᠠᠩ ᠪᠠᠯᠭᠠᠰᠤ᠎ᠶ᠋ᠢᠨ ᠬᠡᠷᠡᠮ ᠳᠤᠰᠭᠤᠨ᠎ᠳᠤ ᠬᠦᠷᠪᠡᠯ᠂ ᠵᠠᠮ᠎ᠤᠨ ᠬᠠᠵᠠᠭᠤ᠎ᠪᠠᠷ ᠦᠩᠭᠡᠳᠤ ᠴᠡᠴᠡᠭ ᠪᠠᠳᠠᠷᠠᠨ ᠳᠡᠯᠭᠡᠷᠡᠵᠤ᠂ ᠰᠠᠷᠠᠭᠤᠯ ᠥᠷᠭᠡᠨ ᠴᠠᠷᠳᠠᠮᠠᠯ ᠵᠠᠮ ᠲᠤᠷᠠᠢᠨᠠ᠃ ᠲᠣᠰᠭᠤᠨ᠎ᠤ ᠠᠷᠠᠳ᠎ᠤᠨ ᠬᠡᠷ ᠪᠠᠢᠱᠢᠩ ᠳᠡᠷᠢ ᠲᠡᠭ᠌ᠰᠢ ᠵᠢᠭ᠌ᠳᠡᠷᠡᠨ᠂ ᠨᠤᠭᠤ ᠭᠠᠵᠠᠷ᠎ᠤᠨ ᠴᠡᠴᠡᠷᠯᠢᠭ᠎ᠲᠤ᠎ᠨᠢ ᠰᠡᠷᠢᠭᠦᠨ ᠲᠢᠩᠰᠡ ᠰᠦᠨᠳᠡᠷᠯᠡᠵᠤ᠂ ᠵᠢᠭᠤᠯᠴᠢᠯᠠᠭ᠍ᠰᠠᠳ ᠲᠠᠪᠤ ᠭᠤᠷᠪᠠ᠎ᠪᠠᠷ ᠨᠡᠢᠯᠡᠨ ᠰᠡᠳᠭᠢᠯ ᠪᠠᠭ᠍ᠠᠳᠤᠮ᠎ᠠ ᠥᠩᠭᠡ ᠦᠵᠡᠮᠵᠢ᠎ᠶ᠋ᠢ ᠰᠤᠨᠢᠷᠬᠠᠬᠤ᠎ᠶ᠋ᠢᠨ ᠳᠠᠭᠠᠤ ᠰᠡᠭᠦᠳᠡᠷ ᠲᠠᠲᠠᠨ ᠳᠤᠷᠠᠰᠭᠠᠯ ᠦᠯᠡᠳᠡᠭᠡᠨ᠎ᠡ᠃ 《ᠠᠳᠡ ᠠᠭᠤᠯᠠ᠎ᠲᠠᠢ᠂ ᠤᠰᠤ᠎ᠲᠠᠢ᠂ ᠣᠷᠴᠢᠨ ᠲᠣᠭᠤᠷᠢᠨ ᠮᠠᠰᠢ ᠰᠠᠢᠨ᠃ ᠪᠠᠰᠠ ᠱᠢᠷᠠᠮᠠᠯ ᠢᠳᠡᠭᠡᠨ᠎ᠲᠠᠢ᠂ ᠤᠷᠤᠢ᠎ᠳᠠᠭᠠᠨ ᠲᠤᠰᠭᠤᠨ᠎ᠤ ᠠᠷᠠᠳ᠎ᠤᠨ ᠬᠡᠷ᠎ᠲᠤ ᠬᠤᠨᠤᠭ᠍ᠯᠠᠵᠤ ᠪᠣᠯᠤᠨ᠎ᠠ᠃ ᠪᠢ ᠬᠡᠦᠭᠡᠳ᠎ᠢᠶᠠᠨ ᠲᠠᠭᠠᠭᠤᠯᠤᠨ ᠬᠡᠳᠦ ᠤᠳᠠᠭ᠎ᠠ ᠢᠷᠡᠯ᠎ᠠ》 ᠭᠡᠵᠤ ᠬᠤᠱᠢᠭᠤᠨ᠎ᠠᠴᠠ ᠢᠷᠡᠭ᠌ᠰᠡᠨ ᠶᠠᠩ ᠴᠢᠩ ᠯᠢᠶᠠᠨ ᠤᠷᠮᠠᠳᠠᠢ ᠬᠡᠯᠡᠨ᠎ᠡ᠃
ᠨᠢᠳᠤᠨᠤᠨ᠎ᠤ ᠨᠡᠢᠳᠡᠯᠡᠭ᠌ᠰᠡᠨ ᠬᠤᠶᠠᠳᠤᠭᠠᠷ ᠪᠦᠯᠦᠭ᠎ᠤᠨ ᠪᠥᠬᠦ᠌ ᠤᠯᠤᠰ᠎ᠤᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠲᠣᠰᠭᠤᠨ᠎ᠤ ᠨᠡᠷᠡᠰ᠎ᠤᠨ ᠵᠢᠭ᠍ᠰᠠᠭᠠᠯᠲᠠ᠎ᠳᠤ ᠬᠡᠷᠡᠮ ᠲᠣᠰᠭᠤᠨ ᠳᠤᠳᠤᠷᠠᠵᠠᠢ᠃ ᠡᠨᠡ ᠪᠤᠯ ᠪᠥᠬᠦ᠌ ᠲᠣᠰᠭᠤᠨ᠎ᠤ ᠪᠠᠶᠠᠷᠳᠤ ᠶᠠᠪᠤᠳᠠᠯ ᠶᠤᠮᠰᠠᠨ᠃ ᠳᠤᠯᠤᠭ᠎ᠠ ᠨᠠᠢ᠍ᠮᠠᠨ ᠵᠢᠯ᠎ᠤᠨ ᠡᠮᠦᠨ᠎ᠡ᠂ ᠬᠡᠷᠡᠮ ᠲᠣᠰᠭᠤᠨ ᠬᠤᠯᠠ ᠤᠢ᠍ᠢᠷ᠎ᠠ᠎ᠳᠠᠭᠠᠨ ᠨᠠᠷᠡᠳᠠᠢ ᠶᠠᠳᠠᠭᠤ ᠬᠦᠴᠢᠷᠳᠡᠯᠲᠡᠢ ᠲᠣᠰᠭᠤᠨ ᠪᠠᠢᠵᠤ᠂ ᠱᠢᠷᠣᠢ᠎ᠶ᠋ᠢᠨ ᠵᠠᠮ᠎ᠢᠶᠠᠷ ᠶᠠᠪᠤᠵᠤ ᠱᠢᠷᠣᠢ᠎ᠶ᠋ᠢᠨ ᠪᠠᠢᠱᠢᠩ᠎ᠳᠤ ᠰᠠᠭᠤᠵᠤ᠂ 《ᠬᠡᠷᠡᠮ ᠲᠣᠰᠭᠤᠨ᠎ᠳᠤ ᠣᠷᠣᠪᠡᠯ ᠱᠢᠷ᠎ᠠ ᠳᠤᠭᠤᠰᠤᠨ᠎ᠳᠤ ᠳᠠᠷᠤᠭ᠍ᠳᠠᠨ᠂ ᠬᠡᠷᠡᠮ ᠳᠤᠰᠭᠤᠨ᠎ᠠᠴᠠ ᠭᠠᠷᠬᠤ ᠦᠶᠡᠰ ᠱᠢᠪᠠᠷ ᠱᠢᠷᠤᠢ᠎ᠳᠤ ᠪᠢᠯᠳᠠᠭ᠍ᠳᠠᠨᠠ》 ᠭᠡᠵᠦ᠍ ᠡᠷᠬᠢᠨ ᠲᠤᠭᠤᠷᠢᠨ᠎ᠤ ᠬᠦᠮᠦᠰ ᠶᠠᠷᠢᠳᠠᠭ ᠪᠠᠢᠵᠠᠢ᠃ 2014 ᠣᠨ᠎ᠳᠤ ᠪᠦᠬᠦ᠌ ᠲᠣᠰᠭᠤᠨ᠎ᠤ ᠶᠠᠳᠠᠭᠤ ᠬᠦᠴᠢᠷᠳᠡᠯ ᠡᠭᠦᠰᠭᠦ ᠨᠤᠷᠮ᠎ᠠ 58.84% ᠳᠤ ᠬᠦᠷᠴᠦ᠍᠂ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ ᠰᠠᠶᠢ 2000 ᠲᠥᠭᠦᠷᠢᠭ ᠯᠡ ᠪᠠᠢᠭ᠍ᠰᠠᠨ ᠶᠤᠮ᠃
ᠤᠢ᠍ᠢᠷ᠎ᠠ᠎ᠶ᠋ᠢᠨ ᠵᠢᠯ᠎ᠠᠴᠠ ᠨᠠᠭᠠᠰᠢ ᠤᠯᠤᠰ᠎ᠤᠨ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠠᠯᠢ ᠤᠯᠠᠨ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ ᠳᠣᠣᠷ᠎ᠠ᠂ ᠬᠡᠷᠡᠮ ᠲᠣᠰᠭᠤᠨ᠎ᠤ᠎ᠬᠢᠨ ᠦᠨᠳᠦᠰᠦᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ ᠤᠨᠴᠠᠯᠢᠭ᠍ᠳᠤ ᠲᠠᠷᠢᠮᠠᠯ᠂ ᠬᠥᠳᠡᠭᠡ ᠲᠣᠰᠭᠤᠨ᠎ᠤ ᠵᠢᠭᠤᠯᠴᠢᠯᠠᠯ᠎ᠢ ᠬᠥᠭ᠌ᠵᠢᠭᠦᠯᠵᠦ᠍᠂ ᠲᠣᠰᠭᠤᠨ᠎ᠤ ᠳᠦᠷᠰᠦ ᠪᠠᠢᠳᠠᠯ᠎ᠢ ᠴᠡᠭ᠌ᠴᠡᠯᠡᠨ ᠵᠠᠰᠠᠵᠤ᠂ ᠤᠯᠠᠨ ᠲᠦᠮᠡᠨ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠵᠠᠢ᠃
2019 ᠣᠨ᠎ᠳᠤ᠂ ᠲᠣᠰᠭᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠲᠣᠰᠭᠤᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 1.8 ᠲᠦᠮᠡᠨ ᠲᠥᠭᠦᠷᠢᠭ᠎ᠲᠤ ᠬᠦᠷᠴᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠶᠠᠳᠠᠭᠤ᠎ᠶ᠋ᠢ ᠲᠡᠳᠬᠦᠬᠦ᠌ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ᠂ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠᠢᠯᠳᠤᠬᠤ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠦᠷᠦ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠂ 《ᠨᠢᠭᠡ ᠬᠦᠮᠦᠨ᠎ᠢ ᠴᠦ᠍ ᠡᠩᠨᠡᠭᠡᠨ᠎ᠠᠴᠠ ᠣᠷᠬᠢᠭ᠍ᠳᠠᠭᠤᠯᠬᠤ ᠦᠭᠡᠢ》 ᠭᠡᠰᠡᠨ ᠲᠥᠪ ᠴᠢᠩᠭ᠎ᠠ ᠠᠮᠠᠯᠠᠯᠲᠠ ᠲᠠᠯᠪᠢᠵᠤ᠂ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠤᠯᠬᠤ ᠦᠭᠡᠢ ᠪᠣᠯ ᠶᠠᠭᠠᠬᠢᠭ᠍ᠰᠠᠨ ᠴᠤ᠌ ᠴᠡᠷᠢᠭ᠎ᠢᠶᠠᠨ ᠲᠠᠲᠠᠬᠤ ᠦᠭᠡᠢ ᠬᠡᠮᠡᠨ ᠶᠠᠳᠠᠭᠤ ᠬᠦᠴᠢᠷᠳᠡᠯ᠎ᠳᠤ ᠶᠡᠷᠦᠩᠬᠡᠢ ᠲᠠᠭᠠᠷᠢᠯᠳᠡ ᠬᠢᠯ᠎ᠡ᠃
ᠮᠠᠨ᠎ᠤ ᠤᠷᠤᠨ ᠦᠪᠡᠷᠳᠡᠭᠡᠨ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠵᠠᠰᠠᠭ᠎ᠤᠨ ᠤᠷᠳᠤᠨ᠎ᠤ ᠳᠡᠷᠢᠭᠦᠯᠡᠭ᠌ᠴᠢᠪᠠᠷ ᠳᠤᠭᠤᠢ᠍ᠢᠯᠠᠩ᠎ᠤᠨ ᠳᠠᠷᠤᠭ᠎ᠠ ᠪᠤᠯᠭᠠᠭ᠍ᠰᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠤᠳᠤᠷᠢᠳᠭᠤ ᠳᠤᠭᠤᠢ᠍ᠢᠯᠠᠩᠢ ᠪᠠᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ 18 ᠲᠤᠰᠭᠠᠢ ᠠᠵᠢᠯ᠎ᠤᠨ ᠵᠢᠯᠣᠭᠤᠳᠭᠤ ᠭᠠᠵᠠᠷ᠎ᠢ ᠪᠠᠢᠭᠤᠯᠤᠨ ᠪᠦᠬᠦ᠌ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ᠎ᠢ ᠵᠢᠯᠤᠭᠤᠳᠴᠠᠢ᠃
ᠪᠦᠬᠦ᠌ ᠤᠷᠤᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠲᠠᠯᠠᠪᠤᠷ᠎ᠲᠤ᠌᠂ 《ᠬᠤᠶᠠᠷ᠎ᠲᠤ ᠵᠤᠪᠠᠭ᠍ᠤ ᠦᠭᠡᠢ ᠭᠤᠷᠪᠠ᠎ᠶ᠋ᠢ ᠪᠠᠲᠤᠯᠠᠬᠤ》 ᠬᠠᠷᠠᠯᠲᠠ᠎ᠶ᠋ᠢ ᠪᠡᠶᠡᠯᠡᠭᠦᠯᠬᠦ᠌᠎ᠪᠠᠷ 《ᠬᠦᠴᠢᠷ ᠠᠰᠠᠭᠤᠳᠠᠯ》 ᠢ ᠣᠨᠢᠯᠠᠨ᠂ ᠠᠷᠭ᠎ᠠ ᠪᠤᠳᠤᠯᠭ᠎ᠠ᠎ᠶ᠋ᠢ ᠤᠨᠤᠴᠠᠳᠠᠢ ᠨᠠᠢᠳᠠᠪᠤᠷᠢᠵᠢᠭᠤᠯᠤᠨ ᠬᠠᠳᠭᠤᠮᠠᠯ ᠬᠠᠳᠭᠤᠬᠤ ᠬᠦᠴᠦᠨ᠎ᠢ ᠭᠦᠢᠴᠡᠳ ᠪᠠᠳᠠᠷᠠᠭᠤᠯᠵᠤ᠂ ᠳᠠᠪᠠᠭᠤᠯᠢᠭ ᠬᠦᠴᠦᠨ᠎ᠢᠶᠠᠨ ᠲᠥᠪᠯᠡᠷᠡᠭᠦᠯᠦᠨ ᠪᠣᠭᠤᠮᠲᠠ ᠱᠢᠪᠲᠤᠯᠬᠤ ᠳᠠᠢᠯᠠᠯᠳᠤᠭᠠᠨ ᠬᠢᠵᠠᠢ᠃
ᠳᠠᠷᠢ᠎ᠶ᠋ᠢᠨ ᠤᠲᠤᠭ᠎ᠠ ᠦᠭᠡᠢ ᠳᠠᠢᠯᠠᠯᠳᠤᠭᠠᠨ᠎ᠤ ᠲᠠᠯᠠᠪᠤᠷ᠎ᠲᠤ᠌᠂ ᠠᠬᠠᠮᠠᠳ ᠨᠠᠮ᠎ᠤᠨ ᠡᠭᠦᠷ᠎ᠤᠨ ᠱᠦᠵᠢ᠂ ᠠᠬᠠᠮᠠᠳ ᠨᠠᠮ᠎ᠤᠨ ᠭᠡᠱᠢᠭᠦᠨ ᠤᠭ ᠰᠠᠨᠠᠭ᠎ᠠ᠎ᠪᠠᠨ ᠦᠯᠦ᠍ ᠮᠠᠷᠳᠠᠨ ᠭᠤᠣᠯ ᠲᠤᠯᠭᠠᠭᠤᠷᠢ ᠬᠦ᠍ᠴᠦᠨ ᠪᠤᠯᠵᠤ᠂ ᠭᠠᠴᠠᠭ᠎ᠠ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ᠂ ᠭᠠᠴᠠᠭ᠎ᠠ ᠲᠣᠰᠭᠤᠨ᠎ᠳᠤ ᠰᠠᠭᠤᠭ᠎ᠠ ᠺᠠᠳ᠋ᠷ ᠥᠷᠯᠥᠭᠡ ᠦᠳᠡᠰᠢ᠎ᠶ᠋ᠢ ᠲᠡᠮᠡᠴᠡᠨ ᠠᠵᠢᠯᠯᠠᠵᠠᠢ᠃
᠁
ᠡᠨᠡ ᠪᠣᠯ ᠬᠦᠴᠦ᠎ᠪᠠᠨ ᠬᠠᠮᠲᠤᠳᠭᠠᠵᠤ ᠡᠷᠡᠯᠬᠡᠭ᠌ᠯᠡᠨ ᠳᠡᠮᠡᠴᠡᠭ᠌ᠰᠡᠨ ᠰᠦᠷ ᠳᠠᠯᠠᠢᠴᠠᠲᠠᠢ ᠳᠠᠢᠯᠠᠯᠳᠤᠭᠠᠨ ᠪᠣᠯᠤᠨ᠎ᠠ᠃
ᠮᠠᠨ᠎ᠤ ᠤᠷᠤᠨ ᠨᠠᠮ ᠵᠠᠰᠠᠭ᠎ᠤᠨ ᠪᠠᠢᠭᠤᠯᠭ᠎ᠠ᠂ ᠠᠵᠤ ᠠᠬᠤᠢ᠍ᠢᠯᠠᠯ ᠠᠵᠢᠯ ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠠᠷᠠᠳᠴᠢᠯᠠᠭ᠍ᠰᠠᠨ ᠨᠠᠮ ᠪᠦᠯᠦᠭ ᠪᠣᠯᠤᠨ ᠬᠠᠢᠷ᠎ᠠ ᠬᠠᠯᠠᠮᠵᠢ᠎ᠲᠠᠢ ᠬᠥᠮᠦᠰ᠂ ᠰᠠᠢᠨ ᠳᠤᠷ᠎ᠠ᠎ᠶ᠋ᠢᠨ ᠠᠵᠢᠯᠯᠠᠭ᠍ᠰᠠᠳᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠳᠤ ᠣᠷᠣᠯᠴᠠᠬᠤ᠎ᠶ᠋ᠢ ᠥᠷᠭᠡᠨ᠎ᠢᠶᠠᠷ ᠲᠠᠢᠴᠢᠯᠠᠭ᠍ᠰᠠᠨ 《ᠨᠠᠢᠷᠠᠯ ᠬᠦᠭ᠌ᠵᠢᠮ》 ᠢ ᠴᠢᠪᠬᠠᠳᠠᠵᠤ᠂ ᠴᠡᠭ ᠲᠣᠭ᠍ᠲᠠᠭᠠᠨ ᠬᠠᠪᠰᠤᠷᠤᠨ ᠲᠡᠳᠬᠦᠵᠦ᠍᠂ ᠠᠵᠢᠯ ᠲᠦᠷᠦᠯ᠎ᠢᠶᠠᠷ ᠬᠠᠪᠰᠤᠷᠤᠨ ᠲᠡᠳᠬᠦᠵᠦ᠍᠂ ᠮᠢᠩᠭᠠᠨ ᠠᠵᠤ ᠠᠬᠤᠢ᠍ᠢᠯᠠᠯ ᠮᠢᠩᠭᠠᠨ ᠭᠠᠴᠠᠭ᠎ᠠ ᠲᠣᠰᠭᠤᠨ᠎ᠢ ᠬᠠᠪᠰᠤᠷᠴᠠᠢ ᠁ ᠨᠢᠭᠡ ᠰᠡᠳᠭᠢᠯ ᠨᠢᠭᠡ ᠴᠢᠭ᠌ᠯᠡᠯ᠎ᠢᠶᠠᠷ ᠶᠠᠳᠠᠭᠤ᠎ᠶ᠋ᠢ ᠲᠡᠳᠬᠦᠬᠦ᠌ ᠶᠡᠭᠡ ᠠᠵᠢᠯ᠎ᠤᠨ ᠪᠠᠢᠷᠢᠱᠢᠯ ᠦᠳᠲᠡᠷ ᠲᠦᠷᠭᠡᠨ ᠪᠦᠷᠢᠯᠳᠦᠵᠦ᠍᠂ ᠶᠠᠳᠠᠭᠤ᠎ᠶ᠋ᠢ ᠲᠡᠳᠬᠦᠬᠦ᠌ ᠠᠵᠢᠯ᠎ᠳᠤ ᠢᠯᠡᠳᠲᠡ ᠦᠷ᠎ᠡ ᠪᠦᠲᠦᠮᠵᠢ ᠭᠠᠷᠭᠠᠯ᠎ᠠ᠃