ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ ᠱᠢᠨ᠎ᠡ ᠠᠮᠢᠵᠢᠷᠠᠯ᠎ᠤᠨ ᠬᠦᠴᠦᠨ᠎ᠢ ᠤᠯᠭᠤᠯ᠎ᠠ
2021-06-24 10:35:12
ᠵᠣᠬᠢᠶᠠᠭ᠍ᠴᠢ᠄
ᠰᠦ᠋ ᠶᠦᠩ ᠱᠧᠩ
ᠣᠩᠱᠢᠭ᠍ᠰᠠᠨ ᠣᠳᠠᠭ᠎ᠠ᠄
★★★☆☆

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠯ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ ᠲᠦᠷᠭᠡᠨ ᠬᠥᠭ᠌ᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃


QQ截图20210624093440.png

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠷᠣᠭᠤᠯᠤᠯᠲᠠ ᠲᠠᠰᠤᠷᠠᠯᠲᠠ ᠦᠭᠡᠢ ᠨᠡᠮᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶ᠋ᠢ ᠳᠡᠮᠵᠢᠬᠦ᠌ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠰᠭᠠᠶ ᠪᠠᠯᠠ ᠮᠥᠩᠭᠦ᠎ᠶ᠋ᠢ 2016 ᠣᠨ᠎ᠳᠤ 9.12 ᠳ᠋ᠦᠩᠱᠢᠭᠤᠷ ᠲᠥᠭᠦᠷᠢᠭ ᠪᠠᠢᠭ᠍ᠰᠠᠨ᠎ᠠᠴᠠ 2020 ᠤᠨ ᠪᠣᠯᠬᠤ᠎ᠳᠤ 14.2022 ᠳ᠋ᠦᠩᠱᠢᠭᠤᠷ ᠲᠥᠭᠦᠷᠢᠭ ᠪᠣᠯᠭᠠᠨ ᠨᠡᠮᠡᠭ᠌ᠳᠡᠭᠦᠯᠵᠦ᠍᠂ 55.7% ᠎ᠪᠠᠷ ᠨᠡᠮᠡᠭ᠌ᠳᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠰᠭᠠᠶ ᠪᠡᠯᠡ ᠮᠥᠩᠭᠦ᠎ᠶ᠋ᠢ ᠨᠡᠢᠲᠡ 59.6 ᠳ᠋ᠦᠩᠱᠢᠭᠤᠷ ᠲᠥᠭᠦᠷᠢᠭ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ᠎ᠤᠨ ᠬᠥᠭ᠌ᠵᠢᠯᠲᠡ ᠪᠣᠯᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠳᠤ ᠬᠦᠴᠦᠲᠡᠶ ᠪᠠᠲᠤᠯᠠᠭ᠎ᠠ ᠬᠠᠩᠭᠠᠪᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠷᠥᠯ ᠵᠦᠢᠯ᠎ᠢ ᠨᠡᠢᠲᠡ 1359 ᠬᠡᠷᠡᠭ᠌ᠵᠢᠭᠦᠯᠵᠦ᠍᠂ ᠲᠥᠪ᠎ᠤᠨ ᠡᠳ᠋᠎ᠤᠨ ᠵᠠᠰᠠᠭ᠎ᠤᠨ ᠪᠠᠯᠠ ᠮᠥᠩᠭᠦ᠎ᠶ᠋ᠢᠨ ᠳᠡᠮᠵᠢᠯᠭᠡ᠎ᠶ᠋ᠢ 8.58 ᠳ᠋ᠦᠩᠱᠢᠭᠤᠷ ᠲᠥᠭᠦᠷᠢᠭ ᠤᠯᠪᠠ᠃ ᠡᠭᠦᠨ᠎ᠳᠤ᠂ ᠤᠯᠤᠰ᠎ᠤᠨ ᠭᠤᠤᠯᠳᠠᠯᠭ᠎ᠠ᠎ᠲᠠᠢ ᠰᠤᠳᠤᠯᠤᠨ ᠨᠡᠭᠡᠭᠡᠬᠦ᠌ ᠲᠥᠯᠥᠪᠯᠡᠭᠡ᠎ᠶ᠋ᠢᠨ ᠲᠥᠷᠥᠯ ᠵᠦᠢᠯ 27 ᠪᠠᠢᠵᠤ᠂ ᠪᠡᠯᠡ ᠮᠦᠩᠬᠦ᠌᠎ᠨᠢ 2.83 ᠳ᠋ᠦᠩᠱᠢᠭᠤᠷ ᠲᠥᠭᠦᠷᠢᠭ᠎ᠲᠤ ᠬᠦᠷᠪᠡ; ᠲᠥᠪ᠎ᠠᠴᠠ ᠣᠷᠣᠨ ᠨᠤᠲᠤᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢ ᠬᠦᠳᠦᠯᠦᠨ ᠵᠢᠯᠣᠭᠤᠳᠭᠤ ᠪᠡᠯᠡ ᠮᠥᠩᠭᠦ᠎ᠶ᠋ᠢᠨ ᠳᠡᠮᠵᠢᠯᠭᠡ ᠦᠵᠡᠭᠦᠯᠬᠦ᠌ ᠲᠦᠷᠦᠯ ᠵᠦᠢᠯ 147 ᠪᠠᠢᠵᠤ᠂ ᠪᠡᠯᠡ ᠮᠥᠩᠭᠦ᠎ᠨᠢ 1.36 ᠳ᠋ᠦᠩᠱᠢᠭᠤᠷ ᠲᠥᠭᠦᠷᠢᠭ᠎ᠲᠤ ᠬᠦᠷᠴᠡᠢ; ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠦᠯᠦᠪᠯᠡᠭᠡ᠎ᠶ᠋ᠢᠨ ᠲᠥᠷᠥᠯ ᠵᠦᠢᠯ 1185 ᠪᠠᠢᠵᠤ᠂ ᠪᠠᠯᠠ ᠮᠥᠩᠭᠦ᠎ᠨᠢ 4.39 ᠳ᠋ᠦᠩᠱᠢᠭᠤᠷ ᠲᠥᠭᠦᠷᠢᠭ᠎ᠲᠤ ᠬᠦᠷᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠲᠠᠰᠤᠷᠠᠯᠲᠠ ᠦᠭᠡᠢ ᠪᠤᠢ ᠪᠣᠯᠪᠠ᠃ ᠥᠪᠡᠷᠲᠡᠭᠡᠨ ᠵᠠᠰᠠᠬᠤ ᠣᠷᠣᠨ ᠨᠡᠢᠲᠡ 273 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠬᠤᠯᠠ ᠶᠡᠭᠡ ᠲᠤᠰᠭᠠᠶ ᠵᠦᠢᠯ᠎ᠢ ᠵᠤᠬᠢᠶᠠᠨ ᠪᠠᠢᠭᠤᠯᠤᠨ ᠬᠡᠷᠡᠭ᠌ᠵᠢᠭᠦᠯᠵᠦ᠍᠂ 2436 ᠬᠡᠷᠡᠭ᠌ᠯᠡᠭᠡᠨ᠎ᠤ ᠮᠡᠷᠭᠡᠵᠢᠯ᠎ᠤᠨ ᠰᠤᠳᠤᠯᠤᠨ ᠨᠡᠭᠡᠭᠡᠬᠦ᠌ ᠲᠥᠷᠥᠯ ᠵᠦᠢᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ  ᠦᠢᠯᠡᠰ᠂ ᠨᠡᠢᠭᠡᠮ᠎ᠤᠨ ᠬᠥᠭ᠌ᠵᠢᠯᠲᠡ ᠵᠡᠷᠭᠡ ᠬᠦᠷᠢᠶᠡᠨ᠎ᠤ ᠨᠢᠭᠡ ᠪᠦᠯᠦᠭ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠬᠢᠭᠡᠳ ᠪᠡᠶ᠎ᠡ᠎ᠪᠠᠨ ᠳᠠᠭᠠᠭᠠᠭ᠍ᠰᠠᠨ  ᠦᠢᠯᠡᠳᠭᠦᠨ᠎ᠤ ᠨᠡᠭᠡᠭᠡᠯᠲᠡ᠎ᠶ᠋ᠢ ᠭᠤᠤᠯᠳᠠᠯᠭ᠎ᠠ᠎ᠲᠠᠢ ᠳᠡᠮᠵᠢᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠱᠢᠰᠲ᠋ᠧᠮ ᠲᠠᠰᠤᠷᠠᠯᠲᠠ ᠥᠬᠡᠶ ᠪᠦᠷᠢᠨᠱᠢᠪᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠠᠬᠢᠭᠤᠯᠬᠤ ᠲᠦᠷᠢᠮ》 ᠎ᠳᠤ ᠵᠠᠰᠠᠪᠤᠷᠢ ᠣᠷᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠠᠬᠢᠭᠤᠯᠬᠤ ᠨᠠᠢ᠍ᠮᠠᠨ ᠠᠷᠭ᠎ᠠ ᠬᠡᠮᠵᠢᠶ᠎ᠡ᠂ ᠮᠡᠷᠭᠡᠵᠢᠯ᠎ᠢ ᠤᠨᠳᠤᠤᠱᠢᠭᠤᠯᠬᠤ  ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢᠨ ᠲᠥᠰᠦᠯ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭᠠᠪᠠ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠠᠬᠢᠭᠤᠯᠬᠤ ᠲᠣᠭᠤᠷᠢᠨ᠎ᠳᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ 30 ᠵᠤᠷᠪᠤᠰ》 ᠎ᠢ ᠨᠡᠢᠲᠡᠯᠡᠵᠦ᠍᠂ ᠨᠡᠢᠲᠡ 96  ᠵᠦᠢᠯ᠎ᠤᠨ ᠥᠭᠡᠷᠡᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ ᠪᠠ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃

ᠮᠡᠷᠭᠡᠵᠢᠯ᠎ᠢ ᠱᠢᠯᠵᠢᠭᠦᠯᠦᠨ ᠣᠨᠳᠣᠣᠱᠢᠭᠤᠯᠬᠤ ᠠᠵᠢᠯ᠎ᠢ ᠲᠠᠰᠤᠷᠠᠯᠲᠠ ᠦᠭᠡᠢ ᠴᠢᠩᠭᠠᠳᠭᠠᠪᠠ᠃ 14 ᠮᠡᠷᠭᠡᠵᠢᠯ᠎ᠤᠨ ᠭᠡᠷ᠎ᠡ᠎ᠶ᠋ᠢ ᠪᠠᠳᠤᠯᠠᠨ ᠲᠣᠭ᠍ᠲᠠᠭᠠᠵᠤ ᠳᠡᠩᠰᠡᠯᠡᠨ ᠲᠡᠮᠳᠡᠭ᠌ᠯᠡᠬᠦ᠌ ᠪᠠᠢᠭᠤᠯᠤᠮᠵᠢ᠎ᠶ᠋ᠢ ᠨᠡᠮᠡᠵᠦ᠍ ᠪᠠᠢᠭᠤᠯᠤᠨ᠂ ᠪᠥᠬᠦ᠌ ᠣᠷᠣᠨ᠎ᠤ ᠠᠢᠮᠠᠭ ᠬᠤᠲᠠ ᠪᠤᠯᠭᠠᠨ᠎ᠳᠤ ᠪᠠᠢᠬᠤ᠎ᠶ᠋ᠢ ᠪᠡᠶᠡᠯᠡᠭᠦᠯᠵᠦ᠍᠂ ᠭᠤᠤᠯᠳᠠᠯᠭ᠎ᠠ᠎ᠲᠠᠢ ᠬᠤᠱᠢᠭᠤ ᠱᠢᠶᠠᠨ ᠲᠣᠭᠤᠷᠢᠭ᠎ᠲᠤ ᠬᠦᠷᠲᠡᠯ᠎ᠡ ᠤᠷᠲᠤᠳᠭᠠᠪᠠ᠃ 2019 ᠣᠨ᠎ᠳᠤ 1217 ᠮᠡᠷᠭᠡᠵᠢᠯ᠎ᠤᠨ ᠭᠡᠷ᠎ᠡ᠎ᠶ᠋ᠢ ᠳᠠᠩᠰᠠᠯᠠᠭᠤᠯᠵᠤ᠂ ᠵᠣᠭᠤᠰ᠎ᠤᠨ ᠬᠡᠮᠵᠢᠶ᠎ᠡ᠎ᠨᠢ 25.99 ᠳ᠋ᠦᠩᠱᠢᠭᠤᠷ ᠲᠥᠭᠦᠷᠢᠭ᠎ᠲᠤ ᠬᠦᠷᠴᠦ᠍᠂ 2016 ᠣᠨ᠎ᠤ᠎ᠬᠢ᠎ᠠᠴᠠ ᠲᠣᠰ ᠲᠣᠰ 99% ᠪᠠ 88% ᠎ᠪᠠᠷ ᠨᠡᠮᠡᠭ᠌ᠳᠡᠪᠡ᠃ 35 ᠮᠡᠷᠭᠡᠵᠢᠯ᠎ᠤᠨ ᠱᠢᠯᠵᠢᠯᠳᠡ᠎ᠶ᠋ᠢᠨ ᠦᠢᠯᠡᠴᠢᠯᠡᠭᠡᠨ᠎ᠤ ᠪᠠᠢᠭᠤᠯᠤᠮᠵᠢ᠎ᠶ᠋ᠢ ᠪᠤᠢᠵᠢᠭᠤᠯᠪᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠨᠳᠤᠤᠱᠢᠭᠤᠯᠤᠯᠲᠠ᠎ᠶ᠋ᠢ ᠳᠡᠮᠵᠢᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠬᠥᠲᠥᠯᠥᠨ ᠵᠢᠯᠣᠭᠤᠳᠭᠤ 584 ᠲᠥᠷᠥᠯ  ᠵᠦᠢᠯ᠎ᠢ ᠳᠡᠮᠵᠢᠵᠦ᠍᠂ 8.07 ᠳ᠋ᠦᠩᠱᠢᠭᠤᠷ ᠲᠥᠭᠦᠷᠢᠭ᠎ᠤᠨ ᠵᠠᠷᠤᠳᠠᠯ᠎ᠢ ᠳᠡᠮᠵᠢᠪᠡ᠃ ᠮᠡᠷᠭᠡᠵᠢᠯ᠎ᠤᠨ ᠰᠤᠯᠢᠯᠴᠠᠭᠠᠨ᠎ᠤ ᠳᠠᠷᠠᠭᠠᠬᠢ ᠨᠥᠬᠦᠪᠥᠷᠢ᠎ᠶ᠋ᠢ ᠦᠷᠭᠦᠯᠵᠢᠯᠡᠨ ᠥᠷᠨᠢᠭᠦᠯᠵᠦ᠍᠂ ᠨᠡᠢᠲᠡ 1169 ᠲᠥᠷᠥᠯ  ᠵᠦᠢᠯ᠎ᠢ ᠳᠡᠮᠵᠢᠵᠦ᠍᠂ 10163.2 ᠲᠦᠮᠡᠨ ᠲᠥᠭᠦᠷᠢᠭ᠎ᠤᠨ ᠨᠥᠬᠦᠪᠥᠷᠢ ᠮᠥᠩᠭᠦ᠌ ᠣᠯᠭᠤᠵᠤ᠂ ᠥᠪᠡᠷᠲᠡᠭᠡᠨ ᠵᠠᠰᠠᠬᠤ ᠣᠷᠣᠨ᠎ᠳᠤ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢ ᠤᠨᠳᠤᠤᠱᠢᠭᠤᠯᠤᠨ ᠬᠡᠷᠡᠭ᠌ᠵᠢᠭᠦᠯᠬᠦ᠌᠎ᠶ᠋ᠢ ᠬᠥᠲᠥᠯᠥᠨ ᠵᠢᠯᠣᠭᠤᠳᠴᠤ᠌ ᠤᠷᠮᠠᠱᠢᠭᠤᠯᠪᠠ᠃

ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢᠨ ᠪᠠᠢᠭᠤᠯᠤᠯᠲᠠ ᠲᠠᠰᠤᠷᠠᠯᠲᠠ ᠥᠬᠡᠶ ᠴᠢᠩᠭᠠᠷᠠᠪᠠ᠃ ᠬᠥᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠤᠷᠢᠭ᠎ᠢ ᠡᠭᠦᠳᠦᠨ ᠪᠠᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠪᠤᠭᠤᠲᠤ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ᠎ᠢ ᠠᠮᠵᠢᠯᠲᠠ᠎ᠲᠠᠢ᠎ᠪᠠᠷ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ ᠪᠣᠯᠭᠠᠨ ᠲᠠᠰ ᠳᠡᠪᠱᠢᠭᠦᠯᠪᠡ᠃ ᠵᠡᠭᠦᠨᠭᠠᠷ ᠬᠤᠱᠢᠭᠤ ᠤᠯᠤᠰ᠎ᠤᠨ ᠠᠩᠬᠠᠨ᠎ᠤ ᠪᠦᠯᠦᠭ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠱᠢᠶᠠᠨ (ᠬᠤᠲᠠ) ᠎ᠤ ᠪᠥᠲᠥᠭᠡᠨ ᠪᠠᠢᠭᠤᠯᠤᠯᠲᠠ᠎ᠶ᠋ᠢᠨ ᠨᠡᠷᠡᠰ᠎ᠲᠤ ᠰᠣᠩᠭᠤᠭ᠍ᠳᠠᠪᠠ᠃ ᠤᠯᠤᠰ᠎ᠤᠨ ᠲᠠᠰ᠎ᠤᠨ ᠰᠦ᠎ᠶ᠋ᠢᠨ  ᠦᠢᠯᠡᠰ᠂ ᠬᠤᠪᠣᠷ ᠱᠢᠷᠣᠶ᠎ᠶ᠋ᠢᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠡᠭᠦᠳᠦᠨ ᠪᠠᠢᠭᠤᠯᠬᠤ ᠠᠵᠢᠯ᠎ᠢ ᠢᠳᠡᠪᠬᠢᠲᠡᠶ ᠠᠬᠢᠭᠤᠯᠪᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠪᠦᠯᠬᠦᠮ ᠲᠠᠰᠤᠷᠠᠯᠲᠠ ᠦᠭᠡᠢ ᠴᠣᠯᠭᠤᠷᠠᠨ ᠭᠠᠷᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠤᠰ᠎ᠤᠨ 《ᠳᠡᠭᠡᠳᠦ ᠲᠠᠰ᠎ᠤᠨ ᠴᠢᠳᠠᠪᠤᠷᠢᠲᠠᠨ᠎ᠢ ᠳᠡᠮᠵᠢᠬᠦ᠌ ᠲᠥᠯᠥᠪᠯᠡᠭᠡ》 ᠎ᠳᠤ ᠨᠡᠢᠲᠡ 38 ᠬᠥᠮᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ 《ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠠᠬᠢᠭᠤᠯᠬᠤ ᠲᠥᠯᠥᠪᠯᠡᠭᠡ》 ᠎ᠳᠤ 17 ᠬᠥᠮᠦᠨ᠂ 4 ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠂ 1 ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠲᠠᠨᠢᠯᠴᠠᠭᠤᠯᠪᠠ᠃ ᠠᠺᠠᠳᠧᠮᠢᠴᠢ ᠲᠤᠰᠭᠠᠢ ᠮᠡᠷᠭᠡᠵᠢᠯᠲᠡᠨ᠎ᠤ ᠠᠵᠢᠯ᠎ᠤᠨ ᠥᠷᠲᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ 208 ᠠᠺᠠᠳᠧᠮᠢᠴᠢ᠎ᠶ᠋ᠢ ᠣᠷᠣᠭᠤᠯᠤᠨ ᠠᠪᠴᠢᠷᠠᠵᠤ᠂ ᠨᠡᠢᠲᠡ 474 ᠲᠥᠷᠦᠯ ᠵᠦᠢᠯ᠎ᠢ ᠬᠠᠮᠲᠤᠷᠠᠨ ᠬᠡᠷᠡᠭ᠌ᠵᠢᠭᠦᠯᠵᠦ᠍᠂ 290 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠢᠯᠵᠢᠭᠦᠯᠦᠨ ᠤᠨᠳᠤᠤᠱᠢᠭᠤᠯᠵᠤ᠂ 337 ᠲᠥᠷᠥᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠰᠠᠳ᠎ᠤᠨ ᠲᠦᠷᠢᠮ᠎ᠢ ᠳᠡᠯᠭᠡᠷᠡᠭᠦᠯᠦᠨ ᠬᠡᠷᠡᠭ᠌ᠵᠢᠭᠦᠯᠵᠦ᠍᠂ 4000 ᠭᠠᠷᠤᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠰᠠᠳ᠎ᠢ ᠰᠣᠩᠭᠤᠨ ᠤᠷᠢᠵᠤ᠂ ᠨᠡᠢᠳᠡ 1000 ᠭᠠᠷᠤᠢ ᠵᠦᠢᠯ᠎ᠤᠨ ᠱᠢᠨ᠎ᠡ ᠮᠡᠷᠭᠡᠵᠢᠯ᠎ᠢ ᠳᠡᠯᠭᠡᠷᠡᠭᠦᠯᠵᠦ᠍᠂ 3000 ᠭᠠᠷᠤᠢ ᠶᠠᠳᠠᠭᠤ ᠬᠦᠴᠢᠷᠳᠡᠯᠲᠡᠢ ᠲᠣᠰᠭᠤᠨ᠎ᠳᠤ ᠦᠢᠯᠡᠴᠢᠯᠡᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠦᠢᠯᠡᠰ ᠪᠤᠰᠭᠠᠬᠤ ᠠᠭᠤᠷ ᠠᠮᠢᠰᠭᠤᠯ ᠡᠳᠦᠷ ᠢᠷᠡᠬᠦᠶ᠎ᠡ ᠥᠳᠭᠡᠨ ᠵᠤᠵᠠᠭᠠᠨ ᠪᠤᠯᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠳᠤ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠠᠬᠤᠢᠯᠠᠯ᠎ᠤᠨ ᠨᠡᠪᠴᠢᠭᠦᠯᠦᠭᠦᠷ 12᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠠᠬᠤᠢᠯᠠᠯ᠎ᠤᠨ ᠨᠡᠪᠴᠢᠭᠦᠯᠦᠭᠦᠷ 42 ᠪᠤᠯᠵᠤ; ᠤᠯᠤᠰ᠎ᠤᠨ ᠳᠠᠩᠰᠠᠯᠠᠭᠤᠯᠤᠭ᠍ᠰᠠᠨ ᠣᠯᠠᠨ᠎ᠢᠶᠠᠷ᠎ᠢᠶᠠᠨ ᠡᠭᠦᠳᠬᠦ᠌ ᠣᠷᠣᠨ ᠵᠠᠶ 58᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ᠎ᠢᠶᠠᠷ᠎ᠢᠶᠠᠨ ᠡᠭᠦᠳᠬᠦ᠌ ᠣᠷᠣᠨ ᠵᠠᠶ 163 ᠪᠣᠯᠵᠤ; ᠤᠯᠤᠰ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ 1; ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡᠨ᠎ᠤ ᠵᠢᠱ᠌ᠢᠶ᠎ᠡ ᠦᠵᠡᠭᠦᠯᠬᠦ᠌ ᠪᠠᠢᠭᠤᠯᠤᠮᠵᠢ 60 ᠪᠤᠯᠪᠠ᠃ 2019 ᠣᠨ᠎ᠳᠤ ᠪᠥᠬᠦ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠤᠨ ᠶᠡᠷᠦᠩᠬᠡᠶ ᠲᠤᠭ᠎ᠠ 907 ᠪᠣᠯᠵᠣ᠂ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 20.6% ᠎ᠪᠠᠷ ᠨᠡᠮᠡᠭ᠌ᠳᠡᠨ᠂ ᠰᠤᠳᠤᠯᠤᠨ ᠨᠡᠭᠡᠭᠡᠬᠦ᠌ ᠣᠷᠣᠭᠤᠯᠤᠯᠲᠠ 200 ᠳ᠋ᠦᠩᠱᠢᠭᠤᠷ ᠲᠥᠭᠦᠷᠢᠭ᠎ᠢ ᠳᠠᠪᠠᠵᠤ᠂ 5700 ᠭᠠᠷᠤᠶ ᠳ᠋ᠦᠩᠱᠢᠭᠤᠷ ᠲᠥᠭᠦᠷᠢᠭ᠎ᠤᠨ ᠡᠵᠡᠩᠨᠡᠯᠲᠡ᠎ᠶ᠋ᠢᠨ ᠣᠷᠣᠯᠭ᠎ᠠ᠎ᠶ᠋ᠢ ᠪᠡᠶᠡᠯᠡᠭᠦᠯᠪᠡ᠃ 2015 ᠣᠨ᠎ᠠᠴᠠ 2019 ᠤᠨ ᠪᠣᠯᠲᠠᠯ᠎ᠠ᠂ ᠪᠥᠬᠦ᠌ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠭᠠᠯᠵᠠᠯ᠎ᠢ ᠭᠥᠷᠳᠡᠭ᠌ᠰᠡᠨ ᠠᠵᠤ ᠠᠬᠤᠢᠯᠠᠯ 91 ᠪᠠᠢᠭ᠍ᠰᠠᠨ᠎ᠠᠴᠠ᠎ᠪᠠᠨ ᠨᠡᠮᠡᠭ᠌ᠳᠡᠭᠡᠳ 864 ᠪᠣᠯᠪᠠ᠃

ᠮᠥᠩᠭᠦᠨ ᠭᠦᠢᠯᠭᠡᠭᠡᠨ᠎ᠤ ᠬᠥᠷᠥᠩᠭᠡ᠂ ᠠᠷᠠᠳ᠎ᠤᠨ ᠳᠤᠮᠳᠠᠬᠢ ᠪᠠᠯᠠ ᠣᠷᠣᠭᠤᠯᠤᠯᠲᠠ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠢᠳᠡᠪᠬᠢᠲᠡᠶ᠎ᠪᠠᠷ ᠬᠥᠲᠥᠯᠥᠨ ᠵᠢᠯᠣᠭᠤᠳᠭᠤ ᠪᠠ ᠳᠠᠢᠴᠢᠯᠠᠵᠤ ᠪᠠᠢᠭᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠳᠤ ᠬᠠᠮᠲᠤ᠎ᠪᠠᠷ ᠣᠷᠣᠯᠴᠠᠵᠤ᠂ ᠤᠷᠢᠳ ᠬᠤᠵᠢᠳ 《ᠨᠢᠭᠡ ᠪᠠᠩᠭᠢ ᠭᠤᠷᠪᠠᠨ ᠵᠦᠪᠯᠡᠯ》 ᠎ᠲᠠᠢ ᠬᠠᠮᠲᠤᠷᠠᠨ 《ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠦᠨ ᠭᠦᠢᠯᠭᠡᠭᠡᠨ᠎ᠢ ᠤᠶᠠᠯᠳᠤᠭᠤᠯᠬᠤ ᠠᠵᠢᠯ᠎ᠢ ᠠᠬᠢᠭᠤᠯᠬᠤ ᠰᠠᠨᠠᠯ᠎ᠤᠳ》 ᠎ᠢ ᠲᠣᠭ᠍ᠲᠠᠭᠠᠨ ᠨᠡᠢᠲᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠵᠢᠯᠴᠠᠨ ᠱᠢᠨ᠎ᠡ᠎ᠶ᠋ᠢ ᠡᠭᠦᠳᠬᠦ᠌ ᠰᠠᠭᠤᠷᠢ ᠮᠥᠩᠭᠦ᠎ᠶ᠋ᠢ ᠪᠠᠢᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠳᠠᠨᠵᠢᠯᠠᠨ ᠪᠠᠯᠠ ᠬᠤᠷᠠᠮᠳᠤᠭᠤᠯᠬᠤ ᠠᠵᠢᠯ᠎ᠢ ᠡᠬᠢᠯᠡᠭᠦᠯᠵᠦ᠍᠂ ᠥᠪᠥᠷ ᠮᠣᠩᠭᠤᠯ᠎ᠤᠨ ᠰᠲ᠋ᠣᠺ᠎ᠤᠨ ᠡᠷᠬᠡ᠎ᠶ᠋ᠢᠨ ᠵᠠᠬ᠎ᠠ ᠳᠡᠯᠭᠡᠭᠦᠷ᠎ᠲᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠰᠠᠮᠪᠠᠷ᠎ᠠ》 ᠪᠠᠢᠭᠤᠯᠬᠤ᠎ᠶ᠋ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠦᠨ ᠭᠦᠢᠯᠭᠡᠭᠡᠨ᠎ᠢ ᠤᠶᠠᠯᠳᠤᠭᠤᠯᠬᠤ ᠠᠵᠢᠯ᠎ᠤᠨ ᠲᠣᠭ᠍ᠲᠠᠴᠠ ᠪᠠ ᠦᠢᠯᠡᠴᠢᠯᠡᠭᠡᠨ᠎ᠤ ᠱᠢᠰᠲ᠋ᠧᠮ᠎ᠢ ᠠᠩᠬ᠎ᠠ ᠠᠯᠬᠤᠮ ᠪᠠᠢᠭᠤᠯᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠵᠢᠯᠴᠠᠨ ᠱᠢᠨ᠎ᠡ᠎ᠶ᠋ᠢ ᠡᠭᠦᠳᠬᠦ᠌ ᠰᠠᠭᠤᠷᠢ ᠮᠥᠩᠭᠦ᠎ᠶ᠋ᠢᠨ ᠶᠡᠷᠦᠩᠬᠡᠶ ᠬᠡᠪᠴᠢᠶ᠎ᠡ 8.05 ᠳ᠋ᠦᠩᠱᠢᠭᠤᠷ ᠲᠥᠭᠦᠷᠢᠭ᠎ᠲᠤ ᠬᠦᠷᠴᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢᠶᠠᠷ ᠳᠠᠨᠵᠢᠯᠠᠭ᠍ᠰᠠᠨ ᠪᠠᠯᠠ ᠬᠤᠷᠠᠮᠳᠤᠭᠤᠯᠭ᠎ᠠ᠎ᠶ᠋ᠢᠨ ᠲᠦᠭ᠌ᠰᠢᠭᠦᠷᠢ᠎ᠶ᠋ᠢᠨ ᠨᠥᠬᠦᠪᠥᠷᠢ ᠮᠥᠩᠭᠦ᠎ᠶ᠋ᠢᠨ ᠬᠡᠪᠴᠢᠶ᠎ᠡ 1.4 ᠳ᠋ᠦᠩᠱᠢᠭᠤᠷ ᠲᠥᠭᠦᠷᠢᠭ᠎ᠲᠤ ᠬᠦᠷᠴᠦ᠍᠂ 97 ᠠᠵᠤ ᠠᠬᠤᠢᠯᠠᠯ᠎ᠢ ᠳᠡᠮᠵᠢᠵᠦ᠍᠂ 22.99 ᠳ᠋ᠦᠩᠱᠢᠭᠤᠷ ᠲᠥᠭᠦᠷᠢᠭ᠎ᠤᠨ ᠪᠠᠩᠬᠢ᠎ᠶ᠋ᠢᠨ ᠵᠢᠭᠡᠯᠡᠯᠭᠡ᠎ᠶ᠋ᠢ ᠳᠠᠢᠴᠢᠯᠠᠪᠠ᠃ 

 

QQ截图20210624101050.png 

                          ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ

                          ᠦᠷ᠎ᠡ ᠪᠦᠲᠦᠭᠡᠯ᠎ᠤᠨ ᠤᠨᠳᠤᠤᠱᠢᠭᠤᠯᠤᠯᠲᠠ


QQ截图20210624101122.png 

               ᠦᠪᠤᠷ ᠮᠤᠩᠭᠤᠯ᠎ᠤᠨ ᠲᠦᠩ ᠸᠧᠢ ᠦᠨᠳᠦᠷ ᠴᠡᠪᠡᠷᠴᠡᠳᠤ

               ᠲᠠᠯᠠᠰᠳᠤ    ᠲᠦᠷᠦᠯ   ᠵᠦᠢᠯ  ᠎ᠤᠨ    ᠦᠢᠯᠡᠳᠪᠤᠷᠢ

               ᠎ᠶ᠋ᠢᠨ   ᠬᠡᠰᠡᠭ  (   ᠎ᠶ᠋ᠢᠨ  ᠴᠢᠦᠸᠠᠨ  ᠰᠡᠬᠦᠳᠡᠷᠯᠡᠪᠡ)

 QQ截图20210624101012.png

 

                            ᠡᠯᠡᠰᠦ ᠮᠠᠩᠬ᠎ᠠ᠎ᠶ᠋ᠢ ᠱᠢᠨᠵᠢᠯᠡᠬᠦ᠌ ᠤᠬᠠᠭᠠᠨᠴᠢ

                            ᠎ᠪᠠᠷ  ᠵᠠᠰᠠᠨ᠎ᠠ  (ᠮᠠᠲ᠋ᠧᠷᠢᠶᠠᠯ  ᠵᠢᠷᠤᠭ)


QQ截图20210624101033.png


                              ᠲᠤᠮᠤ   ᠬᠡᠯᠪᠡᠷᠢ   ᠎ᠶ᠋ᠢᠨ  ᠰᠦᠷᠴᠢᠨ

                              ᠤᠰᠤᠯᠠᠯᠳᠠ (ᠮᠠᠲ᠋ᠧᠷᠢᠶᠠᠯ ᠵᠢᠷᠤᠭ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号