《ᠠᠷᠪᠠᠨ ᠭᠤᠷᠪᠠᠳᠤᠭᠠᠷ ᠲᠠᠪᠤᠨ ᠵᠢᠯ》 ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠤᠨ᠎ᠬᠢᠨ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠲᠥᠪ ᠭᠤᠤᠯᠴᠢ ᠪᠠᠢᠬᠤ᠎ᠶ᠋ᠢ ᠠᠬᠢᠭᠤᠯᠵᠤ᠂ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠬᠥᠭ᠌ᠵᠢᠯᠲᠡ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠰᠤᠷᠭᠠᠨ ᠬᠥᠮᠦᠵᠢᠯ᠎ᠤᠨ ᠤᠳᠤᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠪᠠᠲᠤ ᠴᠢᠩᠭ᠎ᠠ ᠴᠢᠳᠠᠪᠤᠷᠢᠲᠠᠨ᠎ᠤ ᠲᠤᠯᠭᠠᠭᠤᠷᠢᠯᠠᠯ ᠪᠠ ᠣᠶᠤᠨ᠎ᠤ ᠪᠠᠲᠤᠯᠠᠭ᠎ᠠ ᠬᠠᠩᠭᠠᠪᠠ᠃
ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ᠂ ᠶᠣᠰᠣ ᠰᠤᠷᠲᠠᠬᠤᠨ᠎ᠤ ᠬᠥᠮᠦᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢᠯᠡᠳᠲᠡ ᠴᠢᠩᠭᠠᠷᠠᠵᠤ᠂ ᠶᠡᠭᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠴᠢᠩᠭᠠᠳᠭᠠᠵᠤ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠬᠦᠴᠦᠯᠡᠨ ᠠᠬᠢᠭᠤᠯᠪᠠ᠃
ᠰᠠᠭᠤᠷᠢ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠨᠡᠢᠳᠡᠮ ᠬᠥᠭ᠌ᠵᠢᠭᠦᠯᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠲᠡᠩᠴᠡᠭᠦᠷᠢᠲᠡᠶ ᠬᠥᠭ᠌ᠵᠢᠭᠦᠯᠦᠨ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠢ ᠦᠨᠳᠦᠰᠦᠨ᠎ᠳᠡᠭᠡᠨ ᠲᠦᠭᠡᠮᠡᠯᠵᠢᠭᠦᠯᠪᠡ᠃
ᠤᠳᠤ ᠦᠶ᠎ᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠢ ᠬᠥᠭ᠌ᠵᠢᠭᠦᠯᠬᠦ᠌ ᠲᠠᠯ᠎ᠠ᠎ᠪᠠᠷ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠪᠠᠢᠷᠢᠯᠠᠭᠤᠯᠤᠯᠲᠠ ᠤᠯᠠᠮ ᠨᠢᠭᠡ ᠠᠯᠬᠤᠮ ᠱᠢᠯᠢᠳᠡᠭ᠌ᠵᠢᠵᠦ᠍᠂ ᠤᠳᠤ ᠦᠶ᠎ᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠱᠢᠰᠲ᠋ᠧᠮ ᠦᠨᠳᠦᠰᠦᠨ᠎ᠳᠡᠭᠡᠨ ᠪᠠᠢᠭᠤᠯᠤᠭ᠍ᠳᠠᠪᠠ᠃
ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠠᠭᠤᠯᠤᠭ᠍ᠳᠠᠬᠤᠨ᠎ᠢ ᠬᠦᠭ᠌ᠵᠢᠭᠦᠯᠬᠦ᠌ ᠲᠠᠯ᠎ᠠ᠎ᠪᠠᠷ᠂ ᠪᠠᠢᠷᠢᠱᠢᠭᠤᠯᠤᠯ ᠪᠦᠲᠦᠴᠡ᠎ᠶ᠋ᠢ ᠱᠢᠯᠢᠳᠡᠭ᠌ᠵᠢᠭᠦᠯᠦᠨ᠂ 《ᠬᠤᠤᠰ ᠲᠡᠷᠢᠭᠦᠨ ᠵᠡᠷᠭᠡ᠎ᠶ᠋ᠢᠨ》 ᠪᠠᠢᠭᠤᠯᠤᠯᠲᠠ᠎ᠶ᠋ᠢ ᠠᠬᠢᠭᠤᠯᠵᠤ᠂ 《ᠵᠢᠩᠭᠢᠨᠢ ᠠᠩᠭᠢ᠎ᠶ᠋ᠢᠨ ᠰᠤᠷᠭᠠᠨ ᠬᠦᠮᠦᠵᠢᠯ᠎ᠢᠶᠠᠷ ᠦᠨᠳᠦᠰᠦ ᠪᠣᠯᠭᠠᠬᠤ》 ᠬᠥᠭ᠌ᠵᠢᠯᠲᠡ᠎ᠶ᠋ᠢᠨ ᠰᠠᠭᠤᠷᠢ᠎ᠶ᠋ᠢ ᠪᠠᠬᠢᠵᠢᠭᠦᠯᠦᠨ᠂ ᠱᠢᠨ᠎ᠡ᠎ᠶ᠋ᠢ ᠡᠭᠦᠳᠦᠨ ᠦᠢᠯᠡᠰ ᠪᠤᠰᠭᠠᠬᠤ ᠰᠤᠷᠭᠠᠨ ᠬᠥᠮᠦᠵᠢᠯ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃
ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠬᠠᠮᠲᠤ᠎ᠪᠠᠷ ᠡᠳ᠋ᠯᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠰᠤᠷᠭᠠᠨ ᠬᠥᠮᠦᠵᠢᠯ᠎ᠢᠶᠠᠷ ᠶᠠᠳᠠᠭᠤ᠎ᠶ᠋ᠢ ᠲᠡᠳᠬᠦᠬᠦ᠌᠎ᠶ᠋ᠢ ᠤᠨᠢᠨ ᠳᠡᠭᠡᠷ᠎ᠡ᠎ᠨᠢ ᠬᠡᠷᠡᠭ᠌ᠵᠢᠭᠦᠯᠵᠦ᠍᠂ ᠣᠨᠴᠠᠭᠠᠢ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃
ᠰᠤᠷᠭᠠᠨ ᠬᠥᠮᠦᠵᠢᠯ᠎ᠤᠨ ᠶᠡᠷᠦᠩᠬᠡᠢᠯᠡᠭ᠌ᠰᠡᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ᠎ᠶ᠋ᠢᠨ ᠲᠠᠯ᠎ᠠ᠎ᠪᠠᠷ᠂ ᠰᠤᠷᠭᠠᠨ ᠬᠥᠮᠦᠵᠢᠯ᠎ᠤᠨ ᠰᠤᠷᠤᠭ᠍ᠴᠢ ᠡᠯᠰᠡᠬᠦ᠌ ᠳᠦᠷᠢᠮ᠎ᠤᠨ ᠥᠭᠡᠷᠡᠴᠢᠯᠡᠯᠲᠡ᠎ᠶ᠋ᠢ ᠡᠬᠢᠯᠡᠭᠦᠯᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠰᠤᠷᠭᠠᠨ ᠬᠥᠮᠦᠵᠢᠯ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠥᠷᠨᠢᠭᠦᠯᠵᠦ᠍᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠠᠬᠢᠭᠤᠯᠤᠨ᠂ ᠮᠡᠳᠡᠭᠡ ᠵᠠᠩᠭᠢᠵᠢᠯᠲᠠ᠎ᠪᠠᠷ ᠱᠢᠯᠢᠳᠡᠭ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠳᠠᠢᠴᠢᠯᠠᠵᠤ᠂ ᠨᠠᠰᠤᠨ ᠲᠤᠷᠱᠢᠳᠠ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠤᠨ᠂ ᠰᠤᠷᠭᠠᠨ ᠬᠥᠮᠦᠵᠢᠯ᠎ᠤᠨ ᠲᠠᠯ᠎ᠠ᠎ᠪᠠᠷ ᠭᠠᠳᠠᠭᠠᠳᠤ᠎ᠲᠠᠢ ᠬᠠᠮᠲᠤᠷᠠᠯᠴᠠᠨ ᠰᠤᠯᠢᠯᠴᠠᠭ᠎ᠠ ᠬᠢᠬᠦ᠌᠎ᠶ᠋ᠢ ᠦᠷᠨᠢᠭᠦᠯᠪᠡ᠃
ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ᠂ ᠦᠵᠦ᠍ ᠲᠥᠯᠥᠪᠯᠡᠭᠡ᠎ᠶ᠋ᠢ ᠴᠢᠩᠭᠠᠳᠭᠠᠨ᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠢ ᠴᠢᠩᠭ᠎ᠠ ᠠᠳᠭᠤᠵᠤ᠂ ᠪᠠᠭ᠍ᠰᠢ᠎ᠶ᠋ᠢᠨ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ ᠴᠢᠬᠤᠯᠠᠴᠢᠯᠠᠨ᠂ ᠬᠥᠳᠡᠭᠡ ᠲᠣᠰᠭᠤᠨ᠎ᠤ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠭ᠍ᠰᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠪᠡ᠃
ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠤᠨ ᠲᠠᠯ᠎ᠠ᠎ᠪᠠᠷ᠂ ᠤᠯᠤᠰ᠎ᠤᠨ ᠲᠠᠰ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠲᠤᠷᠱᠢᠯᠲᠠ᠎ᠶ᠋ᠢᠨ ᠱᠢᠶᠠᠨ᠎ᠢ 4᠂ ᠪᠥᠬᠦ᠌ ᠤᠯᠤᠰ᠎ᠤᠨ ᠪᠣᠯᠪᠠᠰᠤᠷᠠᠯ᠎ᠤᠨ ᠬᠤᠸᠠᠷᠠᠨ᠎ᠢ 3᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠣᠨᠴᠠᠯᠢᠭ᠍ᠲᠤ ᠰᠤᠷᠭᠠᠭᠤᠯᠢ᠎ᠶ᠋ᠢ 1650᠂ ᠣᠨᠴᠠᠯᠢᠭ᠍ᠲᠤ ᠬᠡᠦᠬᠡᠳ᠎ᠤᠨ ᠴᠡᠴᠡᠷᠯᠢᠭ᠎ᠢ 593 ᠪᠠᠢᠭᠤᠯᠵᠤ᠂ 8 ᠳᠡᠭᠡᠳᠦ ᠰᠤᠷᠭᠠᠭᠤᠯᠢ᠎ᠳᠤ ᠥᠨᠳᠥᠷ ᠬᠢᠷᠢ ᠲᠦᠪᠱᠢᠨ ᠪᠥᠬᠦᠶ ᠬᠥᠯ ᠪᠥᠮᠪᠦᠭᠡ᠎ᠶ᠋ᠢᠨ ᠠᠩᠭᠢ᠎ᠶ᠋ᠢ ᠪᠠᠢᠭᠤᠯᠪᠠ᠃ ᠬᠡᠦᠬᠡᠳ᠎ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠂ ᠡᠩ᠎ᠤᠨ ᠶᠡᠭᠡ ᠳᠡᠭᠡᠳᠦ ᠰᠤᠷᠭᠠᠭᠤᠯᠢ᠂ ᠦᠨᠳᠦᠷ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠂ ᠶᠡᠭᠡ ᠰᠤᠷᠭᠠᠭᠤᠯᠢ᠎ᠶ᠋ᠢᠨ ᠰᠤᠷᠭᠠᠭᠤᠯᠢ᠎ᠶ᠋ᠢᠨ ᠬᠦᠷᠢᠶ᠎ᠡ᠂ ᠶᠡᠭᠡ ᠰᠤᠷᠭᠠᠭᠤᠯᠢ᠎ᠶ᠋ᠢᠨ ᠤᠨᠴᠠ ᠲᠠᠰ᠎ᠤᠨ ᠵᠡᠷᠭᠡ 8 ᠲᠡᠰ ᠬᠤᠪᠢᠶᠠᠭ᠍ᠰᠠᠨ ᠤᠷᠤᠯᠳᠤᠭᠠᠨ᠎ᠤ ᠱᠢᠰᠲ᠋ᠧᠮ᠎ᠢ ᠪᠠᠢᠭᠤᠯᠪᠠ᠃

ᠬᠦᠬᠡᠬᠤᠳᠠ᠎ᠶ᠋ᠢᠨ ᠭᠤᠴᠢ ᠶᠢᠰᠦᠳᠦᠭᠡᠷ ᠲᠤᠮᠳᠠᠳᠤ
ᠰᠤᠷᠭᠠᠭᠤᠯᠢ ᠶ᠋ᠢᠨ ᠰᠤᠷᠤᠭ᠍ᠴᠢᠳ ᠱᠢᠯᠦᠭ
ᠤᠶᠠᠩᠭᠠᠯᠠᠵᠦ᠍ ᠪᠠᠢᠭ᠎ᠠ ᠨᠢ

ᠬᠦᠬᠡᠬᠤᠳᠠ ᠶ᠋ᠢᠨ ᠢᠦ᠋ᠢᠴᠢᠤᠸᠠᠨ ᠲᠤᠭᠤᠷᠢᠭ ᠤᠨ
ᠦᠨᠳᠦᠰᠦᠳᠠᠨ᠎ᠤ ᠲᠤᠷᠱᠢᠯᠳᠠ᠎ᠶ᠋ᠢᠨ ᠪᠠᠭ᠎ᠠ ᠰᠤᠷᠭᠠᠭᠤᠯᠢ
ᠶ᠋ᠢᠨ ᠰᠤᠷᠤᠭ᠍ᠴᠢᠳ ᠬᠢᠴᠢᠶᠠᠯᠯᠠᠵᠦ᠍ ᠪᠠᠢᠭ᠎ᠠ ᠨᠢ

ᠬᠦᠬᠡᠬᠤᠳᠠ᠎ᠶ᠋ᠢᠨ ᠮᠠᠱᠢᠨ ᠮᠧᠬᠠᠨᠢᠭ ᠢᠨᠵᠧᠨᠧᠷᠢᠩ
ᠤᠨ ᠠᠵᠢᠯ ᠮᠡᠷᠭᠡᠵᠢᠯ ᠤᠨ ᠰᠤᠷᠭᠠᠭᠤᠯᠢ ᠶ᠋ᠢᠨ
ᠰᠤᠷᠤᠭ᠍ᠴᠢᠳ ᠮᠠᠱᠢᠨ ᠰᠡᠯᠪᠢᠨ ᠵᠠᠰᠠᠵᠤ ᠪᠠᠢᠭ᠎ᠠ᠎ᠨᠢ

ᠦᠪᠤᠷ ᠮᠤᠩᠭᠤᠯ ᠤᠨ ᠶᠡᠭᠡ ᠰᠤᠷᠭᠠᠭᠤᠯᠢ ᠶ᠋ᠢᠨ
ᠡᠮᠦᠨ᠎ᠠ ᠲᠤᠭᠤᠷᠢᠭ ᠃ 《ᠠᠷᠪᠠᠨ ᠭᠤᠷᠪᠠᠳᠤᠭᠠᠷ ᠲᠠᠪᠤᠨ
ᠵᠢᠯ》 ᠤᠨ ᠬᠤᠭᠤᠴᠠᠭᠠᠨ ᠳᠤ᠂ ᠲᠤᠰ ᠰᠤᠷᠭᠠᠭᠤᠯᠢ ᠶ᠋ᠢ
《ᠶᠠᠮᠤᠨ ᠪᠠ ᠮᠤᠵᠢ ᠬᠠᠮᠳᠤᠷᠠᠨ ᠪᠠᠢᠭᠤᠯᠵᠤ》
ᠱᠢᠨ᠎ᠠ ᠲᠠᠪᠠᠯᠳᠠ ᠶ᠋ᠢ ᠪᠠᠶᠠᠯᠠᠬᠦᠯᠵᠠᠢ᠃