ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠤᠨ ᠲᠠᠷᠠᠭ᠎ᠠ᠂ ᠰᠢ᠎ᠶ᠋ᠢᠨ ᠫᠢᠩ ᠱᠢᠨ᠎ᠡ ᠲᠥᠪ ᠬᠤᠷᠢᠶᠠᠨ᠎ᠤ ᠤᠳᠤᠷᠢᠳᠭᠤ ᠬᠠᠮᠳᠦ᠎ᠶ᠋ᠢ ᠳᠠᠭᠠᠭᠤᠯᠤᠨ ᠯᠤᠲᠤ ᠶᠡᠭᠡ ᠤᠯᠤᠰ ᠲᠦᠷᠦ᠎ᠶ᠋ᠢᠨ ᠰᠥᠰᠥ᠍ ᠵᠣᠷᠢᠭ ᠪᠠ ᠪᠠᠲᠦ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠠᠷ ᠠᠯᠢ ᠤᠯᠠᠨ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠳᠤᠷᠠᠳᠴᠤ᠌᠂ ᠠᠯᠢ ᠤᠯᠠᠨ ᠴᠢᠬᠤᠯᠠ ᠶᠡᠭᠡ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠨᠡᠢᠲᠡᠯᠡᠵᠤ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢ᠊ ᠡᠶ᠎ᠡ᠎ᠶ᠋ᠢ ᠲᠣᠭ᠍ᠲᠠᠭᠠᠵᠤ᠂ ᠠᠯᠢ ᠤᠯᠠᠨ ᠴᠢᠬᠤᠯᠠ ᠶᠡᠭᠡ ᠠᠵᠢᠯ᠎ᠢ ᠠᠬᠢᠭᠤᠯᠵᠤ᠂ ᠤᠷᠳᠤ ᠬᠤᠭᠤᠴᠠᠭᠠᠨ᠎ᠤ ᠲᠤᠷᠰᠢ ᠱᠢᠢᠳᠪᠦᠷᠢᠯᠡᠬᠦ᠌ ᠭᠡᠰᠡᠨ ᠪᠣᠯᠪᠠᠴᠤ᠌ ᠱᠢᠢᠳᠪᠦᠷᠢᠯᠡᠭᠡᠳᠦᠢ ᠪᠠᠢᠭ᠍ᠰᠠᠨ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠥᠩᠭᠡᠷᠡᠭ᠌ᠰᠡᠨ᠎ᠳᠤ ᠬᠢᠬᠦ᠌ ᠭᠡᠰᠡᠨ ᠪᠣᠯᠪᠠᠴᠤ᠌ ᠬᠢᠵᠦ᠍ ᠳᠡᠢᠯᠦᠭᠡᠳᠦᠢ ᠪᠠᠢᠭ᠍ᠰᠠᠨ ᠮᠠᠰᠢ ᠤᠯᠠᠨ ᠶᠡᠭᠡ ᠶᠠᠪᠤᠳᠠᠯ᠎ᠢ ᠪᠦᠲᠦᠭᠡᠵᠦ᠍᠂ ᠨᠠᠮ ᠪᠠ ᠤᠯᠤᠰ᠎ᠤᠨ ᠠᠵᠢᠯ ᠦᠢᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠤᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠳᠤ ᠣᠷᠣᠬᠤ᠎ᠶ᠋ᠢ ᠠᠬᠢᠭᠤᠯᠤᠭ᠍ᠰᠠᠨ ᠪᠠᠢᠨ᠎ᠠ᠃
ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠱᠢᠨ᠎ᠡ ᠦᠢᠯᠡᠳᠦᠯᠭᠡ ᠳᠤᠮᠳᠠ᠂ ᠰᠢ᠎ᠶ᠋ᠢᠨ ᠫᠢᠩ ᠨᠠᠮ᠂ ᠤᠯᠤᠰ ᠪᠣᠯᠤᠨ ᠴᠡᠷᠢᠭ ᠠᠩᠬᠢ᠎ᠶ᠋ᠢᠨ ᠬᠠᠮᠤᠭ᠎ᠤᠨ ᠳᠡᠭᠡᠳᠦ ᠤᠳᠤᠷᠢᠳᠤᠭ᠍ᠴᠢ ᠪᠣᠯᠤᠭ᠍ᠰᠠᠨ᠎ᠤ ᠬᠤᠪᠢ᠎ᠳᠤ ᠡᠷᠡᠰ ᠪᠠᠲᠤ ᠢᠲᠡᠭᠡᠯ ᠪᠢᠱᠢᠷᠡᠯ᠂ ᠢᠯᠡ ᠲᠣᠳᠣ ᠠᠷᠠᠳ ᠲᠦᠮᠡᠨ᠎ᠤ ᠵᠣᠭ᠍ᠰᠣᠯᠲᠠ᠂ ᠶᠡᠷᠦ᠍ ᠪᠤᠰᠤ᠎ᠶ᠋ᠢᠨ ᠤᠯᠤᠰ ᠲᠦᠷᠦ᠎ᠶ᠋ᠢᠨ ᠤᠶᠤᠨ ᠤᠬᠠᠭᠠᠨ᠂ ᠡᠷᠡᠰ ᠬᠠᠲᠠᠭᠤ ᠵᠣᠷᠢᠭ ᠰᠠᠨᠠᠭ᠎ᠠ ᠵᠠᠩ ᠴᠢᠨᠠᠷ᠂ ᠪᠠᠲᠤ ᠴᠢᠩᠭ᠎ᠠ ᠲᠡᠦᠬᠡ᠎ᠶ᠋ᠢᠨ ᠡᠭᠦᠷᠭᠡᠯᠡᠯ᠂ ᠬᠡᠲᠦᠢᠳᠦᠭ᠌ᠰᠡᠨ ᠤᠯᠤᠰ ᠲᠦᠷᠦ᠎ᠶ᠋ᠢᠨ ᠤᠷᠠᠯᠢᠭ᠎ᠢᠶᠠᠨ ᠢᠯᠡᠷᠡᠭᠦᠯᠵᠦ᠍᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠩ ᠰᠡᠳᠭᠢᠯ᠎ᠤᠨ ᠬᠦᠷᠢᠶᠡᠯᠡᠯ᠎ᠢ ᠣᠯᠵᠤ᠂ ᠳᠡᠯᠡᠬᠡᠢ ᠨᠡᠢᠭᠡᠮ᠎ᠤᠨ ᠳᠡᠭᠡᠳᠦ ᠬᠡᠮᠵᠢᠶᠡᠨ᠎ᠤ ᠮᠠᠭ᠍ᠲᠠᠭᠠᠯ ᠰᠠᠢᠱᠢᠶᠠᠯ᠎ᠢ ᠤᠯᠵᠠᠢ᠃ ᠰᠢ᠎ᠶ᠋ᠢᠨ ᠫᠢᠩ ᠴᠠᠭ ᠦᠶ᠎ᠡ᠎ᠶ᠋ᠢᠨ ᠶᠡᠭᠡ ᠬᠠᠨᠳᠤᠰᠢ᠎ᠶ᠋ᠢ ᠡᠵᠡᠮᠳᠡᠵᠦ᠍᠂ ᠦᠢᠯᠡᠳᠦᠯᠭᠡ᠎ᠶ᠋ᠢᠨ ᠱᠢᠨ᠎ᠡ ᠱᠠᠭᠠᠷᠳᠠᠯᠭ᠎ᠠ᠎ᠳᠤ ᠬᠠᠷᠢᠭᠤᠯᠲᠠ ᠥᠭ᠌ᠴᠦ᠂ ᠠᠷᠠᠳ ᠲᠦᠮᠡᠨ᠎ᠤ ᠱᠢᠨ᠎ᠡ ᠬᠦᠰᠡᠯ ᠡᠷᠡᠮᠡᠯᠵᠡᠯ᠎ᠳᠤ ᠨᠡᠢᠴᠡᠭᠦᠯᠦᠨ᠂ ᠠᠯᠢ ᠤᠯᠠᠨ ᠴᠢᠬᠤᠯᠠ ᠶᠡᠭᠡ ᠦᠵᠡᠯ ᠰᠠᠨᠠᠭ᠎ᠠ ᠦᠵᠡᠯᠲᠡ᠎ᠶ᠋ᠢ ᠳᠤᠷᠠᠳᠴᠤ᠌᠂ ᠨᠠᠮ᠎ᠤᠨ ᠱᠢᠨᠵᠢᠯᠡᠬᠦ᠌ ᠤᠬᠠᠭᠠᠨᠴᠢ ᠤᠨᠤᠯ᠎ᠢ ᠤᠯᠠᠮ ᠴᠢᠨᠠᠭ᠍ᠰᠢᠳᠠ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠱᠢᠨ᠎ᠡ ᠲᠡᠦᠬᠡ᠎ᠶ᠋ᠢᠨ ᠡᠬᠢᠯᠡᠯᠲᠡ᠎ᠶ᠋ᠢᠨ ᠴᠡᠭ ᠳᠡᠭᠡᠷ᠎ᠡ ᠱᠢᠨ᠎ᠡ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠨ ᠵᠢᠷᠤᠮᠯᠠᠯ ᠬᠠᠩᠭᠠᠵᠠᠢ᠃ ᠱᠢᠨ᠎ᠡ ᠲᠡᠮᠡᠴᠡᠯ᠎ᠤᠨ ᠦᠢᠯᠡᠳᠦᠯᠭᠡ ᠳᠤᠮᠳᠠ᠂ ᠰᠢ᠎ᠶ᠋ᠢᠨ ᠫᠢᠩ ᠦᠨᠡᠨ᠎ᠳᠡᠭᠡᠨ ᠨᠢᠭᠡᠨᠲᠡ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ ᠪᠤᠯᠤᠭ᠍ᠰᠠᠨ ᠪᠠᠢᠨ᠎ᠠ᠃
ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠬᠤᠷᠠᠯᠳᠤᠬᠤ᠎ᠠᠴᠠ ᠡᠮᠦᠨ᠎ᠡ᠂ ᠨᠠᠮ᠎ᠤᠨ ᠳᠣᠲᠣᠭᠠᠳᠤ ᠭᠠᠳᠠᠭᠠᠳᠤ᠎ᠳᠤ ᠨᠢᠭᠡ ᠵᠦᠢᠯ᠎ᠤᠨ ᠨᠡᠢᠳᠡᠮ᠎ᠤᠨ ᠬᠠᠮᠲᠤ᠎ᠶ᠋ᠢᠨ ᠲᠠᠨᠢᠯᠲᠠ ᠪᠠ ᠴᠢᠩᠭ᠎ᠠ ᠬᠦᠰᠡᠯ ᠱᠠᠭᠠᠷᠳᠠᠯᠭ᠎ᠠ ᠪᠦᠷᠢᠯᠳᠦᠭ᠌ᠰᠡᠨ ᠪᠠᠢᠨ᠎ᠠ᠂ ᠡᠨᠡ᠎ᠨᠢ ᠳᠠᠷᠤᠢ᠄ ᠨᠠᠮ᠎ᠤᠨ ᠲᠥᠪ ᠬᠤᠷᠢᠶᠠᠨ᠎ᠤ ᠡᠷᠬᠡ ᠰᠦᠷ᠎ᠢ ᠬᠠᠮᠠᠭᠠᠯᠠᠬᠤ ᠪᠠ ᠨᠢᠭᠡᠳᠦᠯᠲᠡᠢ ᠤᠳᠤᠷᠢᠳᠤᠯᠭ᠎ᠠ᠎ᠶ᠋ᠢ ᠲᠦᠪᠯᠡᠷᠡᠭᠦᠯᠬᠦ᠌᠎ᠳᠤ ᠡᠷᠬᠡᠪᠰᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢ᠊ ᠡᠶ᠎ᠡ᠂ ᠪᠦᠬᠦ᠌ ᠨᠠᠮ᠎ᠳᠠᠬᠢ ᠭᠤᠣᠯᠯᠠᠬ᠍ᠴᠢᠶ᠋ᠢᠨ ᠪᠠᠢᠷᠢ ᠰᠠᠭᠤᠷᠢ᠎ᠶ᠋ᠢ ᠲᠣᠳᠣᠷᠬᠠᠢᠯᠠᠨ ᠬᠠᠮᠠᠭᠠᠯᠠᠬᠤ ᠬᠡᠷᠡᠭ᠌ᠲᠡᠢ᠃ ᠡᠨᠡ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠂ ᠨᠠᠮ᠎ᠤᠨ ᠪᠦᠲᠦᠭᠡᠯᠴᠢ ᠬᠦᠴᠦᠨ ᠨᠢᠭ᠍ᠲᠠᠷᠠᠯ᠎ᠤᠨ ᠬᠦᠴᠦᠨ ᠲᠠᠢᠴᠢᠨ ᠬᠦᠴᠦᠨ᠎ᠢ ᠳᠡᠭᠡᠭ᠌ᠰᠢᠯᠡᠭᠦᠯᠬᠦ᠌ ᠲᠤᠯᠭᠠᠮ ᠱᠠᠭᠠᠷᠳᠠᠯᠭ᠎ᠠ ᠮᠥᠨ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠵᠥᠪ ᠴᠢᠭ᠌ᠯᠡᠯ᠎ᠢ ᠪᠠᠲᠤᠯᠠᠬᠤ ᠦᠨᠳᠦᠰᠦᠨ ᠪᠠᠲᠤᠯᠠᠭ᠎ᠠ ᠮᠥᠨ᠃ 2016 ᠣᠨ᠎ᠤ 10 ᠰᠠᠷ᠎ᠠ᠎ᠳᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠳᠣᠷᠬᠠᠢᠯᠠᠵᠤ᠂ 《ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢ᠊ ᠡᠶ᠎ᠡ》 ᠶ᠋ᠢ ᠵᠢᠩᠬᠢᠨᠢ᠎ᠪᠠᠷ ᠳᠤᠷᠠᠳᠤᠭ᠍ᠰᠠᠨ ᠪᠠᠢᠨ᠎ᠠ᠃ 2017 ᠣᠨ᠎ᠤ 10 ᠰᠠᠷ᠎ᠠ᠎ᠳᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃ ᠰᠢ᠎ᠶ᠋ᠢᠨ ᠫᠢᠩ᠎ᠤᠨ ᠭᠤᠤᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠶᠠᠪᠤᠳᠠᠯ ᠪᠣᠯ ᠦᠢᠯᠡᠳᠦᠯᠭᠡ᠎ᠶ᠋ᠢᠨ ᠰᠣᠩᠭᠤᠯᠲᠠ᠂ ᠲᠡᠦᠬᠡ᠎ᠶ᠋ᠢᠨ ᠰᠣᠩᠭᠤᠯᠲᠠ ᠮᠥᠨ᠂ ᠪᠦᠬᠦ᠌ ᠨᠠᠮ᠎ᠤᠨ ᠰᠣᠩᠭᠤᠯᠲᠠ᠂ ᠠᠷᠠᠳ ᠲᠦᠮᠡᠨ᠎ᠤ ᠰᠣᠩᠭᠤᠯᠲᠠ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ ᠪᠣᠯᠤᠭ᠍ᠰᠠᠨ᠎ᠨᠢ ᠤᠯᠠᠨ᠎ᠤ ᠬᠦᠰᠡᠯ᠎ᠳᠤ ᠨᠡᠢᠴᠡᠵᠦ᠍᠂ ᠨᠡᠷ᠎ᠡ ᠨᠢᠳᠡᠷ᠎ᠲᠡᠭᠡᠨ ᠨᠡᠢᠴᠡᠭ᠌ᠰᠡᠨ ᠶᠠᠪᠦᠳᠠᠯ ᠮᠦᠨ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠭᠤᠤᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠴᠢᠬᠤᠯᠠ ᠶᠡᠭᠡ ᠤᠯᠤᠰ ᠲᠦᠷᠦ᠎ᠶ᠋ᠢᠨ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠱᠢᠯᠭ᠎ᠠ ᠮᠥᠨ᠂ ᠪᠦᠬᠦ᠌ ᠨᠠᠮ᠎ᠤᠨ ᠬᠤᠪᠢᠰᠭᠠᠯᠲᠤ ᠴᠢᠨᠠᠷᠲᠠᠢ ᠳᠠᠪᠲᠠᠯᠲᠠ ᠳᠤᠮᠳᠠ ᠪᠦᠷᠢᠯᠳᠦᠭ᠌ᠰᠡᠨ ᠬᠠᠮᠲᠤ᠎ᠶ᠋ᠢᠨ ᠵᠣᠷᠢᠭ ᠰᠠᠨᠠᠭ᠎ᠠ ᠮᠥᠨ᠂ ᠨᠠᠮ ᠪᠠ ᠠᠷᠠᠳ ᠲᠦᠮᠡᠨ᠎ᠤ ᠬᠦᠴᠦᠨ᠎ᠢ ᠨᠡᠩ ᠰᠠᠢᠲᠤᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠦᠢᠯᠡᠰ ᠪᠠ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠦᠢᠯᠡᠰ᠎ᠢ ᠠᠬᠢᠭᠤᠯᠬᠤ᠎ᠳᠤ ᠴᠢᠬᠤᠯᠠ ᠶᠡᠭᠡ ᠪᠥᠭᠡᠳ ᠠᠯᠤᠰ ᠬᠡᠳᠦ᠎ᠶ᠋ᠢᠨ ᠠᠴᠢ ᠬᠤᠯᠪᠣᠭ᠍ᠳᠠᠯ᠎ᠲᠠᠢ ᠶᠤᠮ᠃