ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠭᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠢ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠡ
2021-06-25 09:33:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠤᠳ᠎ᠲᠤ᠌᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠨᠠᠷ ᠮᠠᠨ᠎ᠤ ᠣᠷᠣᠨ᠎ᠤ ᠬᠡᠰᠡᠭ ᠶᠡᠭᠡ ᠳᠡᠭᠡᠳᠦ ᠰᠤᠷᠭᠠᠭᠤᠯᠢ᠎ᠳᠤ ᠲᠤᠰ ᠲᠤᠰ ᠬᠦᠷᠴᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠢ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠵᠦ᠍᠂ ᠥᠷᠭᠡᠨ ᠤᠯᠠᠨ ᠪᠠᠭ᠍ᠰᠢ ᠰᠤᠷᠤᠭ᠍ᠴᠢᠳ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ 100 ᠵᠢᠯ᠎ᠤᠨ ᠨᠠᠮ᠎ᠤᠨ ᠲᠡᠦᠬᠡ᠎ᠠᠴᠠ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠬᠤᠪᠢᠰᠭᠠᠯ᠎ᠤᠨ ᠤᠴᠢ᠎ᠶ᠋ᠢ ᠪᠠᠳᠠᠷᠠᠭᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠴᠢᠨᠠᠭ᠍ᠰᠢᠳᠠ ᠪᠠᠲᠤᠳᠭᠠᠵᠤ᠂ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠵᠦ᠍᠂ ᠴᠠᠭᠠᠷᠠᠭ᠍ᠰᠠᠨ ᠡᠷᠳᠡᠮ ᠴᠢᠳᠠᠪᠤᠷᠢ᠎ᠶ᠋ᠢ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠳᠦᠭᠡᠢ ᠭᠡᠵᠦ᠍ ᠵᠣᠷᠢᠭ᠍ᠵᠢᠭᠤᠯᠪᠠ᠃

5 ᠰᠠᠷ᠎ᠠ᠎ᠶ᠋ᠢᠨ 21 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠸᠠᠩ ᠯᠢ ᠱᠢᠶᠠ ᠬᠥᠬᠡᠬᠤᠲᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠬᠦᠷᠴᠦ᠍᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ ᠬᠢᠪᠠ᠃ ᠮᠡᠳᠡᠭᠦᠯᠦᠯᠲᠡ᠎ᠳᠤ᠂ ᠸᠠᠩ ᠯᠢ ᠱᠢᠶᠠ ᠠᠯᠢ ᠤᠯᠠᠨ ᠠᠮᠢᠳᠤᠯᠢᠭ ᠰᠠᠢᠬᠠᠨ ᠨᠠᠮ᠎ᠤᠨ ᠲᠡᠦᠬᠡ᠎ᠶ᠋ᠢᠨ ᠦᠯᠢᠬᠡᠷ ᠪᠣᠯᠤᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ᠎ᠢᠶᠠᠷ ᠳᠠᠮᠵᠢᠭᠤᠯᠤᠨ᠂ ᠪᠠᠭ᠍ᠰᠢ ᠰᠤᠷᠤᠭ᠍ᠴᠢᠳ᠎ᠲᠠᠢ ᠬᠠᠮᠲᠤ᠎ᠪᠠᠷ ᠡᠪ ᠬᠠᠮᠲᠤᠴᠤᠳ᠎ᠤᠨ ᠡᠪ ᠬᠠᠮᠲᠤ ᠶᠣᠰᠣᠨ᠎ᠤ ᠦᠢᠯᠡᠰ᠎ᠤᠨ ᠲᠥᠯᠥᠭᠡ ᠲᠦᠢᠯᠪᠤᠷᠢᠳᠠᠢ ᠲᠡᠮᠡᠴᠡᠬᠦ᠌ ᠲᠡᠮᠡᠴᠡᠯ᠎ᠤᠨ ᠵᠣᠷᠢᠭ ᠰᠠᠨᠠᠭ᠎ᠠ ᠪᠠ ᠡᠷᠡᠮᠡᠭᠡᠢᠯᠡᠨ ᠤᠷᠤᠭ᠍ᠰᠢᠯᠠᠬᠤ ᠵᠤᠷᠢᠭ ᠰᠠᠨᠠᠭ᠎ᠠ᠎ᠶ᠋ᠢ ᠡᠷᠬᠢᠴᠡᠬᠦᠯᠦᠨ ᠲᠤᠩᠭᠠᠵᠤ᠂ ᠰᠤᠷᠤᠭ᠍ᠴᠢᠳ᠎ᠢ ᠱᠢᠷᠭᠠᠭᠤ ᠬᠠᠲᠠᠭᠤᠵᠢᠯᠲᠠᠢ ᠰᠤᠷᠤᠯᠴᠠᠵᠤ᠂ ᠨᠠᠮ ᠪᠣᠯᠤᠨ ᠠᠷᠠᠳ ᠲᠦᠮᠡᠨ᠎ᠤ ᠬᠠᠮᠤᠭ᠎ᠤᠨ ᠬᠡᠷᠡᠭ᠌ᠴᠡᠭᠡ᠎ᠲᠠᠢ ᠭᠠᠵᠠᠷ᠎ᠲᠤ ᠤᠷᠢ ᠵᠠᠯᠠᠭᠤ ᠨᠠᠰᠤᠨ᠎ᠤ ᠬᠡᠷᠡᠯ ᠬᠢᠯᠪᠠᠭ᠎ᠠ᠎ᠪᠠᠨ ᠰᠠᠴᠤᠷᠠᠭᠤᠯᠬᠤ᠎ᠶ᠋ᠢ ᠵᠤᠷᠢᠭ᠍ᠵᠢᠭᠤᠯᠪᠠ᠃ ᠸᠠᠩ ᠯᠢ ᠱᠢᠶᠠ ᠥᠷᠭᠡᠨ ᠤᠯᠠᠨ ᠪᠠᠭ᠍ᠰᠢ ᠨᠠᠷ᠎ᠢ 《ᠨᠠᠮ᠎ᠤᠨ ᠲᠥᠯᠥᠭᠡ ᠬᠥᠮᠦᠨ ᠬᠥᠮᠦᠵᠢᠭᠦᠯᠵᠦ᠍᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌》 ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠮ ᠪᠣᠯᠤᠨ ᠠᠷᠠᠳ ᠲᠦᠮᠡᠨ᠎ᠤ ᠰᠤᠷᠭᠠᠨ ᠬᠥᠮᠦᠵᠢᠯ᠎ᠤᠨ ᠦᠢᠯᠡᠰ᠎ᠲᠤ ᠦᠨᠡᠨᠴᠢ ᠱᠢᠳᠤᠷᠭᠤ ᠪᠠᠢᠵᠤ᠂ ᠤᠬᠠᠮᠰᠠᠷ᠎ᠠᠴᠠ᠎ᠪᠠᠨ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠵᠢᠭᠠᠨ ᠰᠤᠷᠭᠠᠯᠲᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠮᠦᠵᠢᠯ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ᠎ᠢ ᠬᠢᠴᠢᠶᠡᠯ᠎ᠤᠨ ᠲᠠᠩᠬᠢᠮ᠎ᠳᠤ ᠣᠷᠣᠭᠤᠯᠵᠤ᠂ ᠰᠤᠷᠤᠭ᠍ᠴᠢᠳ᠎ᠤᠨ ᠡᠬᠡ ᠤᠯᠤᠰ᠎ᠢᠶᠠᠨ ᠬᠠᠢᠷᠠᠯᠠᠬᠤ᠂ ᠠᠷᠠᠳ ᠲᠦᠮᠡᠨ᠎ᠢᠶᠠᠨ ᠬᠠᠢᠷᠠᠯᠠᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢᠶᠠᠨ ᠬᠠᠢᠷᠠᠯᠠᠬᠤ᠎ᠶ᠋ᠢ ᠢᠳᠡᠪᠬᠢᠲᠡᠢ ᠬᠦᠳᠦᠯᠦᠨ ᠵᠢᠯᠣᠭᠤᠳᠴᠤ᠌᠂ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢ ᠥᠪᠡᠷᠮᠢᠴᠡ ᠣᠨᠴᠠᠯᠢᠭ᠎ᠲᠠᠢ᠂ ᠥᠨᠳᠥᠷ ᠬᠢᠷᠢ ᠲᠦᠪᠱᠢᠨ᠎ᠲᠠᠢ ᠡᠷᠬᠢᠯᠡᠬᠦ᠌᠎ᠪᠠᠷ ᠴᠢᠷᠮᠠᠢᠵᠤ᠂ ᠣᠷᠣᠨ᠎ᠤ ᠲᠥᠪ᠎ᠤᠨ ᠴᠢᠨᠠᠷ ᠰᠠᠢᠲᠠᠢ ᠬᠥᠭ᠌ᠵᠢᠯᠲᠡ᠎ᠳᠤ ᠨᠡᠩ ᠤᠯᠠᠨ ᠴᠢᠳᠠᠪᠤᠷᠢᠲᠠᠨ ᠬᠦᠷᠭᠡᠭᠡᠷᠡᠢ ᠬᠡᠵᠦ᠍ ᠵᠤᠷᠢᠬ᠍ᠵᠢᠭᠤᠯᠪᠠ᠃

5 ᠰᠠᠷ᠎ᠠ᠎ᠶ᠋ᠢᠨ 25 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠱᠦᠵᠢ᠂ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ ᠯᠢᠦ ᠴᠢ ᠹᠠᠨ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠳᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ ᠬᠢᠪᠠ᠃ ᠯᠢᠦ ᠴᠢ ᠹᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠴᠠᠳᠢᠭ᠎ᠢ ᠡᠷᠭᠢᠴᠡᠭᠦᠯᠬᠦ᠌᠎ᠪᠠᠷ ᠲᠠᠮᠵᠢᠨ᠂ ᠲᠡᠦᠬᠡ᠎ᠶ᠋ᠢᠨ ᠡᠬᠢ ᠰᠤᠷᠪᠤᠯᠵᠢ᠂ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠂ ᠴᠠᠭ ᠦᠶ᠎ᠡ᠎ᠶ᠋ᠢᠨ ᠦᠷᠳᠡᠭ ᠵᠡᠷᠭᠡ ᠭᠤᠷᠪᠠᠨ ᠲᠠᠯ᠎ᠠ᠎ᠠᠴᠠ ᠤᠯᠠᠭᠠᠨ ᠣᠩᠭᠤᠴᠠᠨ᠎ᠤ ᠵᠣᠷᠢᠭ ᠰᠠᠨᠠᠭ᠎ᠠ᠂ ᠵᠢᠩᠭᠠᠩᠱᠠᠨ᠎ᠤ ᠵᠣᠷᠢᠭ ᠰᠠᠨᠠᠭ᠎ᠠ᠂ ᠰᠣᠪᠢᠶᠠᠳ ᠣᠷᠣᠨ᠎ᠤ ᠵᠣᠷᠢᠭ ᠰᠠᠨᠠᠭ᠎ᠠ ᠵᠡᠷᠭᠡ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠬᠦᠯᠦᠭ᠌ᠰᠡᠨ᠂ ᠪᠡᠯᠭᠡ ᠲᠡᠮᠳᠡᠭ᠎ᠤᠨ ᠠᠴᠢ ᠬᠤᠯᠪᠣᠭ᠍ᠳᠠᠯ᠎ᠲᠠᠢ ᠠᠭᠤᠤ ᠶᠡᠭᠡ ᠵᠣᠷᠢᠭ ᠰᠠᠨᠠᠭ᠎ᠠ᠎ᠶ᠋ᠢ ᠭᠤᠣᠯᠳᠠᠯᠭ᠎ᠠ᠎ᠲᠠᠢ ᠲᠠᠢᠯᠪᠤᠷᠢᠯᠠᠪᠠ᠃ ᠲᠡᠷᠡ᠂ ᠡᠳᠡᠭᠡᠷ ᠡᠷᠬᠢᠮ ᠨᠠᠨᠳᠢᠨ ᠤᠶᠤᠨ ᠰᠠᠨᠠᠭᠠᠨ᠎ᠤ ᠡᠬᠢ ᠪᠠᠶᠠᠯᠢᠭ ᠴᠠᠭ ᠣᠷᠣᠨ ᠵᠠᠢ᠎ᠶ᠋ᠢ ᠠᠯᠤᠰᠯᠠᠨ᠂ ᠶᠠᠪᠤᠬᠤ ᠲᠤᠳᠤᠮ ᠱᠢᠨᠡᠳᠴᠦ᠍ ᠪᠠᠢᠨ᠎ᠠ᠂ ᠡᠨᠡ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠰᠠᠯᠬᠢ ᠪᠣᠷᠣᠭᠠᠨ᠎ᠢ ᠬᠠᠢᠬᠤᠷᠤᠯ ᠦᠭᠡᠢ ᠵᠣᠷᠢᠭ᠍ᠲᠠᠢ ᠤᠷᠤᠭ᠍ᠰᠢᠯᠠᠭᠤᠯᠬᠤ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ ᠮᠥᠨ᠂ ᠪᠢᠳᠡ ᠲᠠᠰᠤᠷᠠᠯᠳᠠ ᠦᠭᠡᠢ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠳᠠᠢᠰᠤᠨ᠎ᠢ ᠢᠯᠠᠵᠤ᠂ ᠥᠪᠡᠷ᠎ᠢ᠎ᠪᠠᠨ ᠢᠯᠠᠵᠤ ᠴᠢᠳᠠᠬᠤ ᠶᠤᠮ ᠭᠡᠵᠦ᠍ ᠵᠢᠭᠠᠵᠤ ᠭᠠᠷᠭᠠᠪᠠ᠃ ᠥᠷᠭᠡᠨ ᠤᠯᠠᠨ ᠵᠠᠯᠠᠭᠤ ᠰᠤᠷᠤᠭ᠍ᠴᠢᠳ ᠤᠶᠤᠨ ᠰᠠᠨᠠᠭᠠᠨ᠎ᠤ ᠴᠠᠳᠢᠭ᠎ᠠᠴᠠ ᠬᠦᠴᠦᠨ ᠴᠢᠳᠠᠯ ᠣᠯᠵᠤ᠂ ᠵᠠᠯᠠᠭᠤ ᠨᠠᠰᠤᠨ᠎ᠤ ᠳᠡᠮᠡᠴᠡᠯ᠎ᠤᠨ ᠲᠤᠮᠳᠠ᠎ᠪᠠᠨ ᠠᠭᠤᠰᠤᠯᠴᠠᠭᠤᠯᠵᠤ᠂ ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠤᠢ᠍ᠢᠯᠠᠭᠠᠬᠤ᠂ ᠲᠡᠦᠬᠡ᠎ᠶ᠋ᠢ ᠰᠤᠷᠤᠯᠴᠠᠵᠤ ᠢᠳᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠤ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠤ ᠴᠢᠷᠮᠠᠢᠨ ᠦᠢᠯᠡᠳᠦᠯᠭᠡᠵᠢᠬᠦᠯᠬᠦ᠌ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠤᠷᠤᠯᠴᠠᠬᠤ ᠤᠬᠠᠮᠰᠠᠷ᠎ᠢᠶᠠᠨ ᠴᠢᠩᠭᠠᠳᠭᠠᠵᠤ᠂ ᠠᠮᠢᠳᠤᠷᠠᠬᠤᠢ᠎ᠶ᠋ᠢᠨ ᠴᠢᠭ᠌ᠯᠡᠯ᠎ᠢᠶᠠᠨ ᠵᠥᠪ ᠡᠵᠡᠮᠳᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠨᠡᠢᠭᠡᠮ᠎ᠤᠨ ᠬᠤᠪᠢᠰᠭᠠᠯ᠎ᠳᠤ ᠢᠳᠡᠪᠬᠢᠲᠡᠢ ᠣᠷᠣᠯᠴᠠᠬᠤ ᠬᠡᠷᠡᠭ᠌ᠲᠡᠢ ᠭᠡᠵᠦ᠍ ᠵᠢᠭᠠᠵᠦ᠍ ᠭᠠᠷᠭᠠᠪᠡ᠃

6 ᠰᠠᠷ᠎ᠠ᠎ᠶ᠋ᠢᠨ 22 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠶ ᠢᠦᠶ ᠭᠠᠩ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ᠎ᠳᠤ ᠬᠦᠷᠴᠦ᠍᠂ ᠪᠠᠭ᠍ᠰᠢ ᠰᠤᠷᠤᠭ᠍ᠴᠢᠳ᠎ᠲᠤ 《ᠵᠠᠭᠤᠨ ᠵᠢᠯ᠎ᠤᠨ ᠨᠠᠮ᠎ᠤᠨ ᠲᠡᠦᠬᠡᠨ᠎ᠠᠴᠠ ᠣᠶᠤᠨ ᠤᠬᠠᠭᠠᠨ ᠪᠠ ᠬᠦᠴᠦᠨ ᠴᠢᠳᠠᠯ ᠤᠯᠵᠤ᠂ ᠴᠥᠬᠦᠷᠡᠰᠢ ᠥᠬᠡᠶ ᠲᠡᠮᠡᠴᠡᠯ᠎ᠤᠨ ᠳᠤᠮᠳᠠ ᠤᠷᠢ ᠵᠠᠯᠠᠭᠤ ᠨᠠᠰᠤᠨ᠎ᠤ ᠬᠡᠷᠡᠯ ᠬᠢᠯᠪᠠᠭ᠎ᠠ᠎ᠪᠠᠨ ᠰᠠᠴᠤᠷᠠᠭᠤᠯᠤᠶ᠎ᠠ》 ᠭᠡᠬᠦ᠌ ᠰᠡᠳᠦᠪ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ ᠮᠡᠳᠡᠬᠦᠯᠦᠯᠳᠡ᠎ᠨᠢ 《ᠮᠠᠷᠺᠰ᠎ᠤᠨ ᠦᠵᠡᠯ ᠵᠢᠴᠢ ᠳᠤᠮᠳᠠᠳᠤ ᠤᠯᠤᠰᠴᠢᠯᠠᠭ᠍ᠰᠠᠨ ᠱᠢᠨ᠎ᠡ᠎ᠶ᠋ᠢ ᠡᠭᠦᠳᠬᠦ᠌ ᠣᠨᠣᠯ᠎ᠤᠨ ᠦᠨᠡᠨ ᠶᠣᠰᠣᠴᠢ ᠴᠢᠨᠠᠷ᠎ᠢ ᠭᠦᠨᠵᠡᠭᠡᠶ ᠲᠠᠨᠢᠵᠤ᠂ ᠦᠵᠡᠯ ᠰᠠᠨᠠᠭᠠᠨ᠎ᠤ ᠠᠭᠤᠤ ᠬᠦᠴᠦᠨ᠎ᠢ ᠤᠯᠠᠮ ᠴᠢᠨᠠᠭ᠍ᠰᠢᠳᠠ ᠣᠢᠯᠠᠭᠠᠬᠤ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠲᠤᠤᠷᠠᠬᠢ ᠵᠠᠭᠤᠨ ᠵᠢᠯ᠎ᠤᠨ ᠲᠤᠷᠰᠢ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠶ ᠬᠤᠪᠢᠰᠤᠯᠲᠠ᠎ᠶ᠋ᠢ ᠭᠦᠨᠵᠡᠭᠡᠢ ᠲᠠᠨᠢᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭ᠍ᠰᠢᠳᠠ ᠣᠢᠯᠠᠭᠠᠬᠤ》᠂ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ᠎ᠢ ᠭᠦᠨᠵᠡᠭᠡᠢ ᠲᠠᠨᠢᠵᠤ᠂ ᠬᠤᠪᠢᠰᠭᠠᠯᠲᠤ ᠵᠣᠷᠢᠭ ᠰᠠᠨᠠᠭ᠎ᠠ᠎ᠶ᠋ᠢ ᠤᠯᠠᠮ ᠴᠢᠨᠠᠭ᠍ᠰᠢᠳᠠ ᠣᠢᠯᠠᠭᠠᠬᠤ》 ᠭᠤᠷᠪᠠᠨ ᠲᠠᠯ᠎ᠠ᠎ᠠᠴᠠ ᠡᠯᠪᠡᠭ ᠪᠠᠶᠠᠯᠢᠭ ᠲᠡᠦᠬᠡ᠎ᠶ᠋ᠢᠨ ᠮᠠᠲ᠋ᠧᠷᠢᠶᠠᠯ᠂ ᠠᠮᠢᠳᠤᠯᠢᠭ ᠵᠢᠱ᠌ᠢᠶ᠎ᠡ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ᠎ᠢ ᠭᠦᠨᠵᠡᠭᠡᠢ ᠲᠠᠢᠯᠪᠤᠷᠢᠯᠠᠵᠤ᠂ ᠵᠠᠯᠠᠭᠤ ᠰᠤᠷᠤᠭ᠍ᠴᠢᠳ᠎ᠢ ᠬᠡᠬᠦᠳᠡᠭ ᠴᠡᠭᠡᠵᠢᠨ᠎ᠳᠡᠭᠡᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠪᠤᠳᠤᠯᠬᠢᠯᠠᠨ᠂ ᠤᠬᠠᠮᠰᠠᠷ᠎ᠠᠴᠠ᠎ᠪᠠᠨ ᠬᠦᠰᠡᠯᠡᠩ ᠵᠣᠷᠢᠯᠲᠠ᠎ᠪᠠᠨ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠶᠯᠡᠳᠦᠯᠭᠡ᠎ᠯᠦᠭᠡ ᠠᠭᠤᠰᠤᠯᠴᠠᠭᠤᠯᠬᠤ᠎ᠶ᠋ᠢ ᠵᠤᠷᠢᠭ᠍ᠵᠢᠭᠤᠯᠪᠠ᠃

6 ᠰᠠᠷ᠎ᠠ᠎ᠶ᠋ᠢᠨ 16 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠪᠤᠭᠤᠲᠤ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠮᠧᠩ ᠹᠠᠨ ᠯᠢ ᠪᠤᠭᠤᠲᠤ᠎ᠶ᠋ᠢᠨ ᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠳᠤ ᠬᠦᠷᠴᠦ᠍᠂ ᠪᠤᠭᠤᠲᠤ᠎ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ᠎ᠲᠠᠢ ᠬᠠᠮᠲᠤ᠎ᠪᠠᠷ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠠᠯᠠᠭᠤᠴᠤᠳ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠳᠠᠬᠢᠨ ᠰᠤᠷᠤᠯᠴᠠᠬᠤ᠎ᠶ᠋ᠢᠨ ᠬᠠᠮᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ 100 ᠵᠢᠯ᠎ᠤᠨ ᠨᠠᠮ᠎ᠤᠨ ᠲᠡᠦᠬᠡ᠎ᠶ᠋ᠢᠨ ᠰᠤᠳᠠᠰᠤ ᠪᠣᠯᠤᠨ ᠲᠡᠮᠡᠴᠡᠯ᠎ᠤᠨ ᠥᠩᠭᠡᠷᠡᠯᠲᠡ᠎ᠶ᠋ᠢᠨ ᠲᠣᠭᠤᠷᠢᠨ᠎ᠳᠤ᠂ ᠡᠯᠪᠡᠭ ᠪᠠᠶᠠᠯᠢᠭ ᠲᠡᠦᠬᠡ᠎ᠶ᠋ᠢᠨ ᠮᠠᠲ᠋ᠧᠷᠢᠶᠠᠯ᠂ ᠨᠠᠷᠢᠨ ᠪᠣᠳᠠᠲᠠᠢ ᠲᠤᠭ᠎ᠠ ᠪᠠᠷᠢᠮᠲᠠ᠂ ᠠᠮᠢᠳᠤᠯᠢᠭ ᠪᠤᠳᠠᠳᠠᠢ ᠦᠯᠢᠭᠡᠷ ᠵᠢᠱ᠌ᠢ᠊ ᠡᠶ᠎ᠡ᠎ᠲᠠᠢ ᠤᠶᠠᠯᠳᠤᠭᠤᠯᠵᠤ᠂ ᠮᠧᠩ ᠹᠠᠨ ᠯᠢ ᠪᠠᠭ᠍ᠰᠢ ᠰᠤᠷᠤᠭ᠍ᠴᠢᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠬ᠎ᠢ ᠭᠦᠨᠵᠡᠭᠡᠢ ᠲᠠᠢᠯᠪᠤᠷᠢᠯᠠᠨ ᠥᠭ᠌ᠪᠡ᠃ ᠮᠧᠩ ᠹᠠᠨ ᠯᠢ ᠰᠤᠷᠤᠭ᠍ᠴᠢᠳ᠎ᠢ ᠨᠠᠮ᠎ᠤᠨ ᠲᠡᠦᠬᠡ᠎ᠶ᠋ᠢ ᠰᠤᠷᠤᠯᠴᠠᠬᠤ ᠶᠠᠪᠤᠴᠠ ᠲᠤᠮᠳᠠ ᠢᠲᠡᠭᠡᠯ ᠪᠢᠱᠢᠷᠡᠯ ᠢᠲᠡᠭᠡᠯ ᠵᠣᠷᠢᠭ᠎ᠢᠶᠠᠨ ᠴᠢᠩᠭᠠᠳᠭᠠᠵᠤ᠂ 《ᠳᠦᠷᠪᠡᠨ ᠢᠲᠡᠭᠡᠯ》 ᠎ᠢᠶᠠᠨ ᠪᠠᠲᠤᠳᠭᠠᠨ᠂ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢᠶᠠᠨ ᠬᠥᠭ᠌ᠵᠢᠭᠡᠨ᠂ ᠤᠷᠤᠭ᠍ᠰᠢᠯᠠᠨ ᠳᠠᠪᠱᠢᠬᠤ ᠬᠦᠴᠦᠨ ᠴᠢᠳᠠᠯ ᠣᠯᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠬᠤᠪᠢᠰᠭᠠᠯ᠎ᠤᠨ ᠵᠣᠷᠢᠭ ᠰᠠᠨᠠᠭᠠᠨ᠎ᠤ ᠵᠠᠯᠭᠠᠮᠵᠢᠯᠠᠭ᠍ᠴᠢ ᠪᠤᠯᠵᠤ᠂ ᠮᠡᠳᠡᠯᠭᠡ᠎ᠶ᠋ᠢᠨ ᠨᠣᠶᠠᠨ ᠤᠷᠬᠢᠯ᠎ᠳᠤ ᠵᠣᠷᠢᠭ᠍ᠲᠠᠢ᠎ᠪᠠᠷ ᠠᠪᠠᠷᠢᠨ᠂ ᠴᠥᠬᠦᠷᠡᠰᠢ ᠦᠭᠡᠢ ᠴᠢᠷᠮᠠᠢᠵᠤ᠂ ᠵᠠᠯᠠᠭᠤ ᠨᠠᠰᠤᠨ᠎ᠤ ᠴᠤᠭ ᠵᠢᠪᠬᠤᠭ᠎ᠠ᠎ᠪᠠᠨ ᠪᠠᠳᠠᠷᠠᠭᠤᠯᠵᠤ᠂ ᠶᠣᠰᠣ ᠰᠤᠷᠲᠠᠬᠤᠨ᠎ᠤ ᠬᠡᠪ ᠪᠤᠯᠪᠠᠰᠤᠷᠠᠯ᠎ᠤᠨ ᠳᠠᠭᠠᠭᠤᠯᠤᠭ᠍ᠴᠢ ᠪᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠵᠤ᠂ ᠱᠢᠨ᠎ᠡ ᠴᠠᠭ ᠦᠶ᠎ᠡ᠎ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ ᠵᠢᠳᠬᠦᠯ ᠭᠠᠷᠭᠠᠭᠠᠷᠠᠢ ᠭᠡᠵᠦ᠍ ᠵᠣᠷᠢᠭ᠍ᠵᠢᠭᠤᠯᠪᠠ᠃

6 ᠰᠠᠷ᠎ᠠ᠎ᠶ᠋ᠢᠨ 23 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠤᠨ ᠳᠠᠷᠤᠭ᠎ᠠ ᠶᠠᠩ ᠸᠧᠶ ᠳ᠋ᠦᠩ ᠬᠥᠬᠡᠬᠤᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠳᠤ ᠬᠦᠷᠴᠦ᠍ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ ᠶᠠᠩ ᠸᠧᠢ ᠳ᠋ᠦᠩ᠂ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ》 ᠡᠨᠡ ᠬᠦ᠌ ᠭᠤᠣᠯ ᠱᠤᠭᠤᠮ᠎ᠤᠨ ᠲᠣᠭᠤᠷᠢᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠬᠡᠷᠬᠢᠨ ᠤᠷᠪᠠᠭᠠᠨ ᠬᠥᠷᠪᠡᠭᠡᠨ᠎ᠲᠠᠢ ᠲᠡᠦᠬᠡ᠎ᠶ᠋ᠢᠨ ᠶᠡᠭᠡ ᠤᠷᠤᠰᠭᠠᠯ ᠳᠤᠮᠳᠠ ᠴᠠᠭ ᠦᠶ᠎ᠡ᠎ᠶ᠋ᠢ᠎ᠲᠠᠭᠠᠨ ᠪᠤᠢ ᠪᠣᠯᠤᠭ᠍ᠰᠠᠨ᠂ ᠬᠡᠷᠬᠢᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠪᠣᠰᠴᠤ᠌ ᠵᠣᠭ᠍ᠰᠣᠭ᠍ᠰᠠᠨ ᠪᠠ ᠴᠢᠨᠡᠭᠡᠯᠢᠭ᠌ᠵᠢᠭ᠌ᠰᠡᠨ᠎ᠠᠴᠠ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠦᠭ᠌ᠰᠡᠨ᠎ᠢ ᠳᠠᠬᠢᠨᠲᠠ ᠲᠠᠢᠯᠪᠤᠷᠢᠯᠠᠪᠡ᠃ ᠲᠡᠷᠡ᠂ ᠵᠠᠯᠠᠭᠤ ᠰᠤᠷᠤᠭ᠍ᠴᠢᠳ᠎ᠢ ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠣᠢᠯᠠᠭᠠᠬᠤ ᠲᠠᠯ᠎ᠠ᠎ᠪᠠᠷ ᠱᠢᠨ᠎ᠡ ᠳᠡᠭᠡᠭ᠌ᠰᠢᠯᠡᠯᠲᠡ᠎ᠲᠠᠢ ᠪᠠᠢᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠡᠷᠡ ᠬᠡᠪ᠎ᠢᠶᠠᠷ᠎ᠨᠢ ᠰᠠᠢᠲᠤᠷ ᠰᠤᠷᠤᠯᠴᠠᠬᠤ ᠬᠡᠷᠡᠭ᠌ᠲᠡᠢ; ᠲᠡᠦᠬᠡ᠎ᠶ᠋ᠢ ᠰᠤᠷᠤᠯᠴᠠᠵᠤ ᠢᠲᠡᠭᠡᠯ᠎ᠢᠶᠠᠨ ᠨᠡᠮᠡᠭ᠌ᠳᠡᠭᠦᠯᠬᠦ᠌ ᠲᠠᠯ᠎ᠠ᠎ᠪᠠᠷ ᠱᠢᠨ᠎ᠡ ᠤᠢ᠍ᠢᠯᠠᠭᠠᠯᠲᠠ ᠲᠦᠷᠦᠭ᠌ᠳᠡᠯ᠎ᠲᠠᠢ ᠪᠠᠢᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠠᠨ ᠪᠠᠲᠤᠳᠭᠠᠬᠤ ᠬᠡᠷᠡᠭ᠌ᠲᠡᠢ; ᠲᠡᠦᠬᠡ᠎ᠶ᠋ᠢ ᠰᠤᠷᠤᠯᠴᠠᠵᠤ ᠶᠣᠰᠣ ᠰᠤᠷᠲᠠᠬᠤᠨ᠎ᠢ ᠡᠷᠬᠢᠮᠯᠡᠬᠦ᠌ ᠲᠠᠯ᠎ᠠ᠎ᠪᠠᠷ ᠱᠢᠨ᠎ᠡ ᠪᠠᠢᠳᠠᠯ᠎ᠲᠠᠢ ᠪᠠᠢᠵᠤ᠂ ᠪᠠᠭᠠᠲᠤᠷ ᠬᠥᠮᠦᠰ ᠪᠣᠯᠤᠨ ᠴᠠᠭ ᠦᠶ᠎ᠡ᠎ᠶ᠋ᠢᠨ ᠵᠢᠱ᠌ᠢᠶᠡᠴᠢ᠎ᠠᠴᠠ ᠰᠠᠨᠠᠭᠠᠴᠢᠯᠠᠭ᠎ᠠ᠎ᠠᠴᠠ᠎ᠪᠠᠨ ᠰᠤᠷᠤᠯᠴᠠᠵᠤ᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠢᠳᠡᠪᠬᠢᠲᠡᠢ ᠦᠢᠯᠡᠳᠦᠯᠭᠡᠵᠢᠭᠦᠯᠬᠦ᠌ ᠬᠡᠷᠡᠭ᠌ᠲᠡᠢ; ᠲᠡᠦᠬᠡ᠎ᠶ᠋ᠢ ᠰᠤᠷᠤᠯᠴᠠᠵᠤ ᠴᠢᠷᠮᠠᠢᠨ ᠦᠢᠯᠡᠳᠦᠯᠭᠡᠵᠢᠭᠦᠯᠬᠦ᠌ ᠲᠠᠯ᠎ᠠ᠎ᠪᠠᠷ ᠱᠢᠨ᠎ᠡ ᠡᠭᠦᠷᠭᠡᠯᠡᠯ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠭᠡᠭᠡᠯᠳᠠ᠎ᠶ᠋ᠢᠨ ᠥᠷᠭᠡᠨ ᠠᠭᠤᠳᠠᠮ ᠣᠷᠣᠨ ᠵᠠᠢ᠎ᠳᠤ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠳᠤᠭᠠᠢ ᠭᠡᠵᠦ᠍ ᠵᠤᠷᠢᠭ᠍ᠵᠢᠭᠤᠯᠪᠠ᠃

6 ᠰᠠᠷ᠎ᠠ᠎ᠶ᠋ᠢᠨ 1 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠵᠠᠩ ᠱᠤᠤ ᠴᠦᠨ ᠥᠪᠥᠷ ᠮᠣᠩᠭᠤᠯ᠎ᠤᠨ ᠠᠵᠤ ᠦᠶᠯᠡᠳᠪᠦᠷᠢ᠎ᠶ᠋ᠢᠨ ᠶᠡᠭᠡ ᠰᠤᠷᠭᠠᠭᠤᠯᠢ᠎ᠳᠤ ᠬᠦᠷᠴᠦ᠍᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ ᠵᠠᠩ ᠱᠤᠤ ᠴᠦᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠨᠠᠮ᠎ᠤᠨ 100 ᠵᠢᠯ᠎ᠤᠨ ᠲᠡᠮᠡᠴᠡᠯ᠎ᠤᠨ ᠥᠩᠭᠡᠷᠡᠯᠲᠡ᠎ᠪᠠᠷ ᠱᠢᠵᠢᠮ ᠪᠣᠯᠭᠠᠵᠤ᠂ ᠶᠡᠭᠡ ᠬᠡᠮᠵᠢᠶᠡᠨ᠎ᠤ ᠨᠠᠮ᠎ᠤᠨ ᠲᠡᠦᠬᠡ᠎ᠶ᠋ᠢᠨ ᠠᠭᠤᠯᠭ᠎ᠠ ᠪᠠ ᠠᠮᠢᠳᠤᠯᠢᠭ ᠪᠤᠳᠠᠳᠠᠢ ᠬᠤᠪᠢᠰᠭᠠᠯ᠎ᠤᠨ ᠦᠯᠢᠭᠡᠷ᠎ᠲᠠᠢ ᠤᠶᠠᠯᠳᠤᠭᠤᠯᠤᠨ᠂ ᠥᠷᠭᠡᠨ ᠣᠯᠠᠨ ᠪᠠᠭ᠍ᠰᠢ ᠰᠤᠷᠤᠭ᠍ᠴᠢᠳ᠎ᠢ ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠤᠢ᠍ᠢᠯᠠᠭᠠᠬᠤ᠂ ᠲᠡᠦᠬᠡ᠎ᠶ᠋ᠢ ᠰᠤᠷᠤᠯᠴᠠᠴᠤ᠌ ᠢᠲᠡᠭᠡᠯ᠎ᠢᠶᠠᠨ ᠨᠡᠮᠡᠭ᠌ᠳᠡᠬᠦᠯᠬᠦ᠂ ᠲᠡᠦᠬᠡ᠎ᠶ᠋ᠢ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠬᠦ᠂ ᠲᠡᠦᠭᠡ᠎ᠶ᠋ᠢ ᠰᠤᠷᠤᠯᠴᠠᠵᠤ ᠴᠢᠷᠮᠠᠢᠨ ᠦᠢᠯᠡᠳᠦᠯᠭᠡᠵᠢᠬᠦᠯᠬᠦ᠌᠎ᠶ᠋ᠢ ᠬᠦᠳᠦᠯᠦᠨ ᠵᠢᠯᠤᠭᠤᠳᠴᠤ᠌᠂ ᠥᠷᠭᠡᠨ ᠤᠯᠠᠨ ᠵᠠᠯᠠᠭᠤ ᠰᠤᠷᠤᠭ᠍ᠴᠢᠳ᠎ᠢ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠠᠯᠠᠭᠤ ᠰᠤᠷᠤᠭ᠍ᠴᠢᠳ᠎ᠲᠤ ᠲᠠᠯᠪᠢᠭ᠍ᠰᠠᠨ 《ᠠᠯᠤᠰ᠎ᠤᠨ ᠬᠠᠷᠠᠯᠳᠠ᠎ᠲᠠᠢ᠂ ᠶᠤᠰᠤ ᠰᠤᠷᠳᠠᠬᠤᠨ᠎ᠲᠠᠢ᠂ ᠶᠡᠭᠡ ᠴᠢᠳᠠᠪᠤᠷᠢᠳᠠᠨ ᠪᠤᠯᠵᠤ᠂ ᠶᠡᠭᠡ ᠡᠬᠦᠷᠭᠡ᠎ᠶ᠋ᠢ ᠡᠬᠦᠷᠭᠡᠯᠡᠬᠦ᠌》 ᠴᠢᠩ ᠰᠡᠳᠭᠢᠯ᠎ᠤᠨ ᠨᠠᠢᠳᠠᠯᠭ᠎ᠠ᠎ᠶ᠋ᠢ ᠦᠢᠯᠡᠳᠦᠯᠭᠡᠵᠢᠬᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠥᠪᠡᠷ᠎ᠤᠨ ᠡᠭᠦᠷᠭᠡ᠎ᠪᠠᠨ ᠪᠣᠯᠭᠠᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠬ᠍ᠴᠠᠯᠠᠵᠦ᠍᠂ ᠰᠤᠷᠤᠯᠴᠠᠯᠭ᠎ᠠ ᠦᠢᠯᠡᠳᠦᠯᠭᠡ᠎ᠶ᠋ᠢ ᠴᠢᠩᠭᠠᠳᠭᠠᠨ᠂ ᠪᠣᠳᠠᠲᠠᠶ ᠰᠤᠷᠤᠯᠴᠠᠵᠤ ᠪᠣᠳᠠᠲᠠᠶ ᠠᠵᠢᠯᠯᠠᠬᠤ᠎ᠶ᠋ᠢ ᠪᠠᠷᠢᠮᠲᠠᠯᠠᠵᠤ᠂ ᠡᠬᠡ ᠤᠯᠤᠰ᠎ᠲᠠᠭᠠᠨ ᠬᠦᠴᠦ᠎ᠪᠠᠨ ᠡᠷᠭᠦᠵᠦ᠍᠂ ᠠᠷᠠᠳ ᠲᠦᠮᠡᠨ᠎ᠳᠤ ᠦᠢᠯᠡᠴᠢᠯᠡᠬᠦ᠂ ᠵᠣᠷᠢᠭ᠍ᠲᠠᠶ᠎ᠪᠠᠷ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠡᠷᠡᠯᠬᠡᠭ᠌ᠯᠡᠨ ᠤᠷᠤᠭ᠍ᠰᠢᠯᠠᠭ᠍ᠴᠢ᠂ ᠵᠠᠮ ᠨᠡᠭᠡᠭᠡᠭ᠌ᠴᠢ᠂ ᠵᠤᠷᠢᠭᠤᠯᠤᠭ᠍ᠴᠢ ᠪᠣᠯᠬᠤ᠎ᠶ᠋ᠢ ᠵᠤᠷᠢᠬ᠍ᠵᠢᠭᠤᠯᠪᠠ᠃

6 ᠰᠠᠷ᠎ᠠ᠎ᠶ᠋ᠢᠨ 10 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠳ᠋ᠤᠸᠠᠨ ᡁᠢ ᠴᠢᠶᠠᠩ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠳᠤ ᠢᠷᠡᠵᠦ᠍᠂ ᠥᠷᠭᠡᠨ ᠣᠯᠠᠨ ᠪᠠᠭ᠍ᠰᠢ ᠰᠣᠷᠣᠭ᠍ᠴᠢ ᠪᠣᠯᠤᠨ ᠨᠢᠭᠡᠳᠦᠮᠡᠯ ᠹᠷᠣᠨᠲ᠎ᠤᠨ ᠺᠠᠳ᠋ᠷ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ ᠳ᠋ᠤᠸᠠᠨ ᡁᠢ ᠴᠢᠶᠠᠩ ᠮᠡᠳᠡᠬᠦᠯᠦᠯᠳᠡ᠎ᠳᠡᠭᠡᠨ᠂ ᠠᠮᠢᠳᠤᠯᠢᠭ ᠪᠣᠳᠠᠲᠠᠢ ᠲᠡᠦᠬᠡ᠎ᠶ᠋ᠢᠨ ᠪᠣᠳᠠᠲᠤ ᠶᠠᠪᠤᠳᠠᠯ ᠪᠣᠯᠤᠨ ᠰᠡᠳᠭᠢᠯ ᠬᠥᠳᠡᠯᠭᠡᠮ᠎ᠡ ᠦᠯᠢᠭᠡᠷ ᠵᠢᠱ᠌ᠢ᠊ ᠡᠶ᠎ᠡ᠎ᠪᠠᠷ ᠳᠠᠮᠵᠢᠭᠤᠯᠤᠨ᠂ ᠤᠯᠠᠨ᠎ᠲᠠᠢ ᠬᠠᠮᠲᠤ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡ᠎ᠶ᠋ᠢ ᠡᠷᠭᠢᠴᠡᠭᠦᠯᠪᠡ᠃ ᠳ᠋ᠤᠸᠠᠨ ᡁᠢ ᠴᠢᠶᠠᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠶ ᠥᠩᠭᠡᠷᠡᠯᠲᠡ᠎ᠶ᠋ᠢ ᠪᠦᠬᠦ᠌ ᠲᠠᠯ᠎ᠠ᠎ᠪᠠᠷ ᠣᠢᠯᠠᠭᠠᠬᠤ ᠬᠡᠷᠡᠭ᠌ᠲᠡᠶ᠂ ᠥᠨᠥᠳᠦᠷ᠎ᠤᠨ ᠥᠪᠥᠷ ᠮᠣᠩᠭᠤᠯ᠎ᠤᠨ ᠠᠷᠠᠳ ᠲᠦᠮᠡᠨ᠎ᠤ ᠵᠣᠯ ᠵᠢᠷᠭᠠᠯᠲᠤ ᠠᠮᠢᠳᠤᠷᠠᠯ ᠪᠣᠯ ᠨᠠᠮ᠎ᠤᠨ ᠤᠳᠤᠷᠢᠳᠤᠯᠭ᠎ᠠ ᠲᠤᠤᠷ᠎ᠠ᠂ ᠨᠡᠢᠭᠡᠮ ᠵᠢᠷᠤᠮ᠎ᠤᠨ ᠪᠠᠢᠭᠤᠯᠤᠯ᠎ᠤᠨ ᠲᠤᠤᠷ᠎ᠠ ᠴᠤᠭ᠍ᠴᠠᠯᠠᠭ᠍ᠳᠠᠭ᠍ᠰᠠᠨ ᠶᠤᠮ ᠬᠡᠳᠡᠭ᠎ᠢ ᠭᠦᠨᠵᠡᠭᠡᠶ ᠲᠠᠨᠢᠬᠤ ᠬᠡᠷᠡᠭ᠌ᠲᠡᠶ᠂ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭ᠌ᠰᠡᠨ᠂ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ᠂ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠭ᠌ᠰᠡᠨ᠂ ᠠᠭᠤᠤ ᠶᠡᠭᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠤᠢ ᠪᠤᠯᠭᠠᠭ᠍ᠰᠠᠨ ᠬᠡᠳᠡᠭ᠎ᠢ ᠴᠠᠭ ᠢᠮᠠᠭ᠍ᠳᠠ ᠴᠡᠭᠡᠵᠢᠯᠡᠨ᠂ ᠠᠯᠤᠰ᠎ᠤᠨ ᠬᠦᠰᠡᠯᠡᠩ᠎ᠲᠠᠢ᠂ ᠶᠤᠰᠤ ᠰᠤᠷᠳᠠᠬᠤᠨ᠎ᠲᠠᠢ᠂ ᠶᠡᠭᠡ ᠴᠢᠳᠠᠪᠤᠷᠢᠲᠠᠨ ᠪᠣᠯᠵᠦ᠍᠂ ᠶᠡᠭᠡ ᠡᠭᠦᠷᠭᠡ᠎ᠶ᠋ᠢ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠤᠯᠭᠠᠬᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠬᠦ᠌ ᠭᠡᠷᠡᠭ᠌ᠲᠠᠢ ᠭᠡᠪᠡ᠃

6 ᠰᠠᠷ᠎ᠠ᠎ᠶ᠋ᠢᠨ 9 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠺᠣᠮᠠᠨᠳ᠋ᠯᠠᠭ᠍ᠴᠢ ᠮᠠ ᠴᠢᠩ ᠯᠸᠢ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ 《ᠢᠲᠡᠭᠡᠯ ᠪᠢᠱᠢᠷᠡᠯ᠎ᠤᠨ ᠠᠤᠭ᠎ᠠ ᠬᠦᠴᠦᠨ᠎ᠢ ᠭᠦᠨᠵᠡᠭᠡᠶ ᠣᠢᠯᠠᠭᠠᠵᠤ᠂ ᠤᠷᠤᠭ᠍ᠰᠢᠯᠠᠨ ᠳᠠᠪᠱᠢᠬᠤ ᠢᠲᠡᠭᠡᠯ ᠵᠣᠷᠢᠭ᠎ᠢᠶᠠᠨ ᠪᠠᠲᠤᠳᠭᠠᠨ᠂ ᠴᠥᠬᠦᠷᠡᠰᠢ ᠥᠬᠡᠶ ᠲᠡᠮᠡᠴᠡᠬᠦ᠌ ᠳᠤᠮᠳᠠ ᠵᠠᠯᠠᠭᠤ ᠨᠠᠰᠤᠨ᠎ᠤ ᠬᠡᠷᠡᠯ ᠭᠢᠯᠪᠠᠭ᠎ᠠ᠎ᠪᠠᠨ ᠰᠠᠴᠤᠷᠠᠭᠤᠯᠤᠶ᠎ᠠ》 ᠭᠡᠬᠦ᠌ ᠰᠡᠳᠦᠪ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠬᠦᠯᠦᠯᠳᠡ ᠬᠢᠪᠠ᠃ ᠲᠡᠷᠡ 40 ᠭᠠᠷᠤᠢ ᠵᠢᠯ᠎ᠤᠨ ᠴᠡᠷᠢᠭ᠎ᠤᠨ ᠠᠮᠢᠳᠤᠷᠠᠯ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠶᠡᠭᠡ ᠬᠡᠮᠵᠢᠶᠡᠨ᠎ᠤ ᠨᠠᠷᠢᠯᠢᠬ ᠪᠣᠳᠠᠲᠠᠢ ᠲᠡᠦᠬᠡᠨ ᠮᠠᠲ᠋ᠧᠷᠢᠶᠠᠯ᠎ᠢᠶᠠᠷ ᠳᠠᠮᠵᠢᠭᠤᠯᠤᠨ᠂ ᠨᠠᠮ᠎ᠤᠨ 100 ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠡᠷᠭᠢᠴᠡᠭᠦᠯᠵᠦ᠍᠂ ᠢᠲᠡᠭᠡᠯ ᠪᠢᠱᠢᠷᠡᠯ᠎ᠢᠶᠠᠨ ᠪᠠᠲᠤᠳᠭᠠᠬᠤ ᠢᠳᠡ ᠬᠦᠴᠦᠨ᠎ᠢ ᠭᠦᠨᠵᠡᠭᠡᠢ ᠪᠥᠭᠡᠳ ᠣᠢᠯᠠᠭᠠᠮᠵᠢᠲᠠᠢ᠎ᠪᠠᠷ ᠲᠣᠳᠣᠷᠬᠠᠢᠯᠠᠨ ᠥᠭᠦᠯᠡᠪᠡ᠃ ᠲᠡᠷᠡ᠂ ᠰᠤᠷᠤᠭ᠍ᠴᠢᠳ᠎ᠢ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠣᠶ ᠪᠣᠯᠭᠠᠵᠤ᠂ 《ᠭᠤᠷᠪᠠᠨ ᠰᠠᠯᠵᠤ ᠴᠢᠳᠠᠬᠤ ᠥᠬᠡᠶ》 ᠎ᠶ᠋ᠢ ᠪᠠᠲᠤ ᠴᠡᠭᠡᠵᠢᠯᠡᠵᠦ᠍᠂ 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢ ᠴᠢᠩᠭᠠᠳᠭᠠᠵᠤ᠂ ᠶᠤᠰᠤ ᠰᠤᠷᠳᠠᠬᠤᠨ᠎ᠤ ᠬᠡᠪ ᠪᠣᠯᠪᠠᠰᠤᠷᠠᠯ᠎ᠢᠶᠠᠨ ᠴᠢᠩᠭᠠᠳᠭᠠᠵᠤ᠂ ᠡᠬᠦᠷᠭᠡᠯᠡᠯ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠬᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠲᠤᠯᠭᠠᠭᠤᠷᠢ ᠬᠦᠴᠦᠨ ᠪᠣᠯᠬᠤ᠎ᠪᠠᠷ ᠴᠢᠷᠮᠠᠢᠵᠤ᠂ ᠨᠠᠮ ᠪᠣᠯᠤᠨ ᠠᠷᠠᠳ ᠲᠦᠮᠡᠨ᠎ᠠᠴᠠ ᠣᠯᠭᠤᠭ᠍ᠰᠠᠨ ᠲᠡᠦᠬᠡᠲᠦ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠴᠠᠭ ᠦᠶ᠎ᠡ᠎ᠳᠤ ᠣᠰᠣᠯᠳᠠᠬᠤ ᠦᠭᠡᠢ ᠢᠷᠠᠭᠤ ᠬᠠᠭᠤᠳᠠᠰᠤ᠎ᠶ᠋ᠢ ᠪᠢᠴᠢᠭ᠌ᠯᠡᠭᠡᠷᠡᠶ ᠭᠡᠵᠦ᠍ ᠵᠣᠷᠢᠭ᠍ᠵᠢᠭᠤᠯᠪᠠ᠃

6 ᠰᠠᠷ᠎ᠠ᠎ᠶ᠋ᠢᠨ 11 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠠᠶ ᠯᠢ ᠬᠤᠸᠠ ᠥᠪᠥᠷ ᠮᠣᠩᠭᠤᠯ᠎ᠤᠨ ᠬᠢᠮᠢ᠎ᠶ᠋ᠢᠨ ᠠᠵᠤ ᠦᠶᠯᠡᠳᠪᠦᠷᠢ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠬᠦᠷᠴᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠤᠭᠤᠳᠭᠤ ᠮᠡᠳᠡᠬᠦᠯᠦᠯᠳᠡ ᠬᠢᠪᠠ᠃ ᠠᠢ ᠯᠢ ᠬᠤᠸᠠ 《ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠡᠷᠡᠮᠡᠭᠡᠢᠯᠡᠨ ᠤᠷᠤᠭ᠍ᠰᠢᠯᠠᠬᠤ ᠬᠦᠴᠦᠨ ᠴᠢᠳᠠᠯ ᠤᠯᠰᠤᠭᠠᠢ —  ᠱᠢᠨ᠎ᠡ ᠴᠠᠭ ᠦᠶ᠎ᠡ᠎ᠳᠤ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ᠎ᠲᠠᠭᠠᠨ ᠤᠷᠤᠭ᠍ᠰᠢᠯᠠᠬᠤ ᠬᠦᠰᠡᠯ ᠵᠡᠭᠦᠳᠦ᠎ᠪᠠᠨ ᠲᠡᠷᠭᠡᠯᠱᠢᠭᠦᠯᠦᠭ᠌ᠴᠢ ᠪᠣᠯᠤᠶ᠎ᠠ》 ᠭᠡᠬᠦ᠌ ᠰᠡᠳᠦᠪ᠎ᠢᠶᠠᠷ ᠬᠤᠪᠢᠰᠤᠩᠭᠤᠢ ᠪᠣᠳᠠᠰᠴᠢ ᠦᠵᠡᠯ ᠪᠣᠯᠤᠨ ᠲᠡᠦᠬᠡ᠎ᠶ᠋ᠢᠨ ᠪᠣᠳᠠᠰᠴᠢ ᠦᠵᠡᠯ᠎ᠤᠨ ᠤᠭ ᠶᠣᠰᠣ᠎ᠶ᠋ᠢ ᠬᠡᠷᠡᠭ᠌ᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠬ ᠶᠣᠰᠣ ᠤᠴᠢᠷ᠎ᠢ ᠭᠦᠨᠵᠡᠭᠡᠢ ᠪᠥᠭᠡᠳ ᠣᠢᠯᠠᠭᠠᠮᠵᠢᠲᠠᠢ ᠲᠣᠳᠣᠷᠬᠠᠢᠯᠠᠨ ᠥᠭᠦᠯᠡᠪᠡ᠃ ᠠᠶ ᠯᠢ ᠬᠤᠸᠠ᠂ ᠰᠤᠷᠤᠭ᠍ᠴᠢᠳ᠎ᠢ ᠨᠠᠮ᠎ᠤᠨ ᠲᠡᠦᠬᠡ᠎ᠶ᠋ᠢ ᠰᠤᠷᠤᠯᠴᠠᠬᠤ ᠳᠤᠮᠳᠠ ᠨᠠᠮ᠎ᠤᠨ ᠲᠤᠬᠠᠶ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠨᠠᠮ᠎ᠤᠨ ᠲᠤᠬᠠᠶ ᠬᠠᠢᠷ᠎ᠠ ᠰᠡᠳᠭᠢᠯᠭᠡ᠎ᠪᠠᠨ ᠴᠢᠩᠭᠠᠳᠭᠠᠵᠤ᠂ ᠨᠠᠮ᠎ᠤᠨ ᠤᠳᠤᠷᠢᠳᠤᠯᠭ᠎ᠠ᠎ᠶ᠋ᠢᠨ ᠲᠤᠬᠠᠢ ᠢᠲᠡᠭᠡᠯ᠎ᠢᠶᠠᠨ ᠪᠠᠲᠤᠳᠭᠠᠵᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠡᠷᠡᠮᠡᠭᠡᠢᠯᠡᠨ ᠤᠷᠤᠭ᠍ᠰᠢᠯᠠᠬᠤ ᠬᠦᠴᠦᠨ ᠴᠢᠳᠠᠯ ᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ᠎ᠲᠠᠭᠠᠨ ᠤᠷᠤᠭ᠍ᠰᠢᠯᠠᠬᠤ ᠬᠦᠰᠡᠯ ᠵᠡᠭᠦᠳᠦ᠎ᠪᠠᠨ ᠲᠡᠷᠭᠡᠯᠱᠢᠭᠦᠯᠦᠭ᠌ᠴᠢ ᠪᠣᠯᠵᠣ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠬᠤ᠎ᠶ᠋ᠢ ᠬᠦᠰᠡᠪᠡ᠃

6 ᠰᠠᠷ᠎ᠠ᠎ᠶ᠋ᠢᠨ 2 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠪᠦᠦ ᠭᠠᠩ ᠥᠪᠥᠷ ᠮᠣᠩᠭᠤᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠢᠴᠢᠶᠡᠯ᠎ᠢ ᠰᠤᠯᠠ ᠰᠣᠨᠣᠰᠤᠭ᠍ᠰᠠᠨ ᠪᠥᠭᠡᠳ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠣᠭᠤᠷᠢᠨ᠎ᠳᠤ ᠣᠯᠤᠯᠲᠠ ᠲᠥᠷᠥᠭ᠌ᠳᠡᠯ᠎ᠢᠶᠠᠨ ᠰᠣᠯᠢᠯᠴᠠᠪᠠ᠃ ᠲᠡᠷᠡ᠂ ᠶᠡᠭᠡ ᠳᠡᠭᠡᠳᠦ ᠰᠤᠷᠭᠠᠭᠤᠯᠢ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢᠨ ᠲᠤᠭᠤᠷᠢᠨ᠎ᠳᠤ᠂ ᠨᠡᠢᠭᠡᠮ ᠵᠢᠷᠤᠮ᠎ᠤᠨ ᠰᠤᠷᠭᠠᠭᠤᠯᠢ ᠡᠷᠬᠢᠯᠡᠬᠦ᠌ ᠴᠢᠭ᠌ᠯᠡᠯ᠎ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠵᠦ᠍᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠴᠢᠷᠮᠠᠢᠨ ᠬᠥᠮᠦᠵᠢᠭᠦᠯᠬᠦ᠌ ᠴᠢᠬᠤᠯᠠᠲᠠᠢ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《ᠵᠢᠷᠭᠤᠭᠠᠨ ᠵᠦᠢᠯ᠎ᠤᠨ ᠬᠡᠪ ᠪᠣᠯᠪᠠᠰᠤᠷᠠᠯ》᠂ 《ᠨᠠᠢ᠍ᠮᠠ᠎ᠶ᠋ᠢ ᠨᠢᠭᠡᠳᠭᠡᠬᠦ᠌》 ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠤᠨᠤᠯ᠎ᠤᠨ ᠬᠢᠴᠢᠶᠡᠯ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠬᠦᠳᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠬᠢᠴᠢᠶᠡᠯ᠎ᠤᠨ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠬᠢᠴᠢᠶᠡᠯ᠎ᠢ ᠤᠯᠠᠮ ᠰᠠᠢᠨ ᠡᠷᠬᠢᠯᠡᠬᠦ᠌᠎ᠪᠠᠷ ᠴᠢᠷᠮᠠᠢᠬᠤ ᠬᠡᠷᠡᠭ᠌ᠲᠡᠢ ᠬᠡᠪᠡ᠃ ᠲᠡᠷᠡ᠂ ᠵᠠᠯᠠᠭᠤ ᠰᠤᠷᠤᠭ᠍ᠴᠢᠳ ᠶᠠᠭ ᠶᠢᠷᠲᠢᠨᠴᠦ᠎ᠶ᠋ᠢᠨ ᠦᠵᠡᠯᠲᠡ᠂ ᠠᠮᠢᠳᠤᠷᠠᠬᠤᠶ᠎ᠶ᠋ᠢᠨ ᠦᠵᠡᠯᠲᠡ᠂ ᠥᠷᠲᠡᠭ᠎ᠤᠨ ᠦᠵᠡᠯᠲᠡ᠎ᠶ᠋ᠢᠨ ᠪᠦᠷᠢᠯᠳᠦᠯ᠎ᠤᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠨᠠᠮ᠎ᠤᠨ ᠲᠡᠦᠬᠡ᠎ᠶ᠋ᠢ ᠭᠦᠨᠵᠡᠭᠡᠶ ᠰᠤᠷᠤᠯᠴᠠᠵᠤ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠤᠯᠤᠰ ᠲᠥᠷᠥ᠎ᠶ᠋ᠢᠨ ᠳᠠᠪᠠᠭᠤᠯᠢᠭ ᠪᠠ ᠪᠠᠢᠭᠤᠯᠤᠯ᠎ᠤᠨ ᠳᠠᠪᠠᠭᠤᠯᠢᠭ᠎ᠢ ᠦᠨᠡᠨ ᠬᠦ᠌ ᠣᠢᠯᠠᠭᠠᠵᠤ᠂ ᠣᠨᠣᠯ᠎ᠤᠨ ᠮᠡᠳᠡᠯᠭᠡ᠎ᠶ᠋ᠢᠨ ᠱᠢᠰᠲ᠋ᠧᠮ᠎ᠢᠶᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠱᠢᠶᠳᠪᠦᠷᠢᠯᠡᠬᠦ᠌ ᠴᠢᠳᠠᠪᠤᠷᠢ᠎ᠪᠠᠨ ᠲᠠᠰᠤᠷᠠᠯᠲᠠ ᠦᠬᠡᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠵᠢᠭᠠᠵᠦ᠍ ᠭᠠᠷᠭᠠᠪᠠ᠃

6 ᠰᠠᠷ᠎ᠠ᠎ᠶ᠋ᠢᠨ 11 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠬᠦᠯᠡᠭ᠌ᠴᠢ ᠵᠧᠩ ᠬᠤᠩ ᠹᠠᠨ ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠬᠦᠷᠴᠦ᠍᠂ 《100 ᠵᠢᠯ᠎ᠤᠨ ᠨᠠᠮ᠎ᠤᠨ ᠲᠡᠦᠬᠡ᠎ᠶ᠋ᠢ ᠣᠢᠯᠠᠭᠠᠵᠤ᠂ ᠤᠶᠤᠨ ᠰᠠᠨᠠᠭᠠᠨ᠎ᠤ ᠠᠮᠢᠨ ᠰᠤᠳᠠᠰᠤ᠎ᠪᠠᠨ ᠦᠷᠭᠦᠯᠵᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠶ᠎ᠡ》 ᠭᠡᠬᠦ᠌ ᠰᠡᠳᠦᠪ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠢ ᠰᠡᠳᠦᠪᠲᠦ ᠬᠠᠪᠰᠤᠷᠤᠨ ᠵᠢᠯᠤᠭᠤᠳᠭᠤ ᠮᠡᠳᠡᠬᠦᠯᠦᠯᠳᠡ ᠬᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠥᠷᠪᠡᠨ ᠲᠡᠦᠬᠡᠨ ᠴᠠᠭ ᠦᠶ᠎ᠡ᠎ᠶ᠋ᠢᠨ ᠲᠤᠬᠠᠶ ᠭᠦᠨᠵᠡᠭᠡᠶ ᠲᠠᠢᠯᠪᠤᠷᠢᠯᠠᠯᠲᠠ ᠬᠢᠬᠦ᠌᠎ᠪᠠᠷ ᠳᠡᠮᠵᠢᠨ᠂ ᠲᠡᠷᠡ ᠪᠠᠭ᠍ᠰᠢ ᠰᠤᠷᠤᠭ᠍ᠴᠢᠳ᠎ᠲᠠᠢ ᠬᠠᠮᠲᠤ᠎ᠪᠠᠷ ᠨᠠᠮ᠎ᠤᠨ 100 ᠵᠢᠯ᠎ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ᠎ᠶ᠋ᠢ ᠡᠷᠭᠢᠴᠡᠭᠦᠯᠵᠦ᠍᠂ ᠨᠠᠮ᠎ᠤᠨ 100 ᠵᠢᠯ᠎ᠤᠨ ᠭᠡᠷᠡᠯ ᠰᠠᠴᠤᠷᠠᠩᠭᠤᠶ ᠠᠮᠵᠢᠯᠲᠠ᠎ᠶ᠋ᠢ ᠮᠡᠳᠡᠷᠡᠵᠦ᠍᠂ 100 ᠵᠢᠯ᠎ᠤᠨ ᠲᠤᠷᠱᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠯᠠᠭᠤᠴᠤᠳ᠎ᠢ ᠴᠢᠬᠤᠯᠠᠴᠢᠯᠠᠵᠤ᠂ ᠵᠠᠯᠠᠭᠤᠴᠤᠳ᠎ᠢ ᠬᠥᠮᠦᠵᠢᠭᠦᠯᠵᠦ᠍᠂ ᠵᠠᠯᠠᠭᠤᠴᠤᠳ᠎ᠲᠤ ᠲᠦᠱᠢᠭ᠌ᠯᠡᠵᠦ᠍᠂ ᠵᠠᠯᠠᠭᠤᠴᠤᠳ᠎ᠤᠨ ᠬᠤᠱᠢᠭᠤᠴᠢ ᠠᠩᠭᠢ ᠪᠣᠯᠤᠨ ᠪᠡᠯᠡᠳᠭᠡᠯ ᠬᠦᠴᠦᠨ᠎ᠤ ᠦᠢᠯᠡᠳᠦᠯ᠎ᠢ ᠪᠠᠳᠠᠷᠠᠭᠤᠯᠵᠤ᠂ ᠬᠤᠪᠢᠰᠭᠠᠯ᠂ ᠪᠦᠲᠦᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ᠎ᠶ᠋ᠢᠨ ᠠᠯᠢ ᠣᠯᠠᠨ ᠠᠭᠤᠤ ᠶᠡᠭᠡ ᠢᠯᠠᠯᠲᠠ ᠣᠯᠤᠭ᠍ᠰᠠᠨ ᠲᠡᠦᠬᠡ᠎ᠶ᠋ᠢ ᠬᠦᠤᠷᠨᠢᠨ ᠲᠤᠭᠠᠴᠢᠪᠠ᠃ ᠲᠡᠷᠡ᠂ ᠵᠠᠯᠠᠭᠤ ᠰᠤᠷᠤᠭ᠍ᠴᠢᠳ ᠲᠡᠦᠬᠡ᠎ᠶ᠋ᠢ ᠮᠡᠳᠡᠵᠤ ᠨᠠᠮ᠎ᠢᠶᠠᠨ ᠬᠠᠢᠷᠠᠯᠠᠨ᠂ ᠲᠡᠦᠬᠡ᠎ᠶ᠋ᠢ ᠮᠡᠳᠡᠵᠤ ᠤᠯᠤᠰ᠎ᠢᠶᠠᠨ ᠬᠠᠢᠷᠠᠯᠠᠵᠦ᠍᠂ ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠤᠢ᠍ᠢᠯᠠᠭᠠᠬᠤ᠂ ᠲᠡᠦᠬᠡ᠎ᠶ᠋ᠢ ᠰᠤᠷᠤᠯᠴᠠᠵᠤ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠤ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠤ ᠴᠢᠷᠮᠠᠢᠨ ᠦᠢᠯᠡᠳᠦᠯᠭᠡᠵᠢᠬᠦᠯᠬᠦ᠌᠎ᠶ᠋ᠢ ᠪᠡᠶᠡᠯᠡᠬᠦᠯᠦᠨ᠂ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠤᠷᠤᠭ᠍ᠰᠢᠯᠠᠯᠲᠠ᠎ᠶ᠋ᠢᠨ ᠢᠲᠡᠭᠡᠯ᠎ᠢᠶᠠᠨ ᠪᠠᠲᠤᠳᠭᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

6 ᠰᠠᠷ᠎ᠠ᠎ᠶ᠋ᠢᠨ 10 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠦᠶᠯᠡᠰ ᠪᠤᠰᠭᠠᠬᠤ ᠳᠡᠭᠡᠳᠦ ᠰᠤᠷᠭᠠᠭᠤᠯᠢ᠎ᠳᠤ ᠬᠦᠷᠴᠦ᠍᠂ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠵᠦ᠍ ᠪᠠᠢᠭ᠎ᠠ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠭ᠍ᠰᠠᠨ ᠪᠥᠭᠡᠳ ᠬᠡᠰᠡᠭ ᠪᠠᠭ᠍ᠰᠢ ᠰᠤᠷᠤᠭ᠍ᠴᠢᠳ᠎ᠲᠠᠢ ᠳᠣᠲᠣᠨᠣ᠎ᠪᠠᠷ ᠶᠠᠷᠢᠯᠴᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠢᠲᠠᠶ ᠥᠨᠳᠥᠷ ᠪᠦᠲᠦᠮᠵᠢᠲᠡᠶ ᠠᠬᠢᠭᠤᠯᠬᠤ ᠲᠤᠬᠠᠶ ᠶᠠᠷᠢᠯᠴᠠᠵᠤ ᠵᠢᠭᠠᠨ ᠵᠢᠯᠣᠭᠤᠳᠪᠠ᠃ ᠬᠤᠸᠠᠩ ᡁᠢ ᠴᠢᠶᠠᠩ᠂ ᠪᠦᠬᠦ᠌ ᠪᠠᠭ᠍ᠰᠢ ᠰᠤᠷᠤᠭ᠍ᠴᠢᠳ ᠤᠯᠤᠰ ᠲᠦᠷᠦ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠢᠮᠠᠭ᠍ᠲᠠ ᠲᠤᠭᠤᠱᠢᠯᠠᠭᠤᠯᠵᠤ᠂ ᠲᠡᠦᠬᠡ᠎ᠶ᠋ᠢ ᠰᠤᠷᠤᠯᠴᠠᠵᠦ᠍ ᠶᠣᠰᠣ ᠤᠴᠢᠷ᠎ᠢ ᠤᠢ᠍ᠢᠯᠠᠭᠠᠬᠤ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠦ᠍ ᠶᠤᠰᠤ ᠰᠤᠷᠳᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠦ᠍ ᠴᠢᠷᠮᠠᠢᠨ ᠦᠢᠯᠡᠳᠦᠯᠭᠡᠵᠢᠬᠦᠯᠬᠦ᠌᠎ᠪᠠᠷ ᠬᠦᠴᠦᠯᠡᠨ ᠴᠢᠷᠮᠠᠢᠬᠤ ᠬᠡᠷᠡᠭ᠌ᠲᠡᠢ᠃ ᠦᠵᠡᠯ ᠰᠠᠨᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠯᠤᠭ᠎ᠠ ᠤᠶᠠᠯᠳᠤᠭᠤᠯᠵᠤ᠂ ᠪᠠᠷᠢᠮᠵᠢᠶᠠᠯᠠᠨ ᠬᠠᠷᠭᠤᠭᠤᠯᠬᠤ᠂ ᠣᠨᠴᠠᠯᠢᠭ᠎ᠢ ᠳᠣᠪᠤᠢᠯᠭᠠᠬᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ ᠱᠢᠯᠢᠳᠡᠭ ᠠᠮᠵᠢᠯᠳᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠤᠭ᠍ᠲᠤᠬᠤ ᠬᠡᠷᠡᠭ᠌ᠲᠡᠶ ᠭᠡᠵᠦ᠍ ᠱᠠᠭᠠᠷᠳᠠᠪᠠ᠃

6 ᠰᠠᠷ᠎ᠠ᠎ᠶ᠋ᠢᠨ 18 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠳᠠᠷᠤᠭ᠎ᠠ ᠾᠧᠩ ᠱᠢᠶᠤᠤ ᠹᠠᠨ ᠥᠪᠥᠷ ᠮᠣᠩᠭᠤᠯ᠎ᠤᠨ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢᠳ ᠪᠣᠯᠤᠨ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ᠎ᠳᠤ 《ᠬᠤᠪᠢᠰᠭᠠᠯᠳᠤ ᠵᠣᠷᠢᠭ ᠰᠠᠨᠠᠭ᠎ᠠ᠎ᠶ᠋ᠢ ᠵᠠᠯᠭᠠᠮᠵᠢᠯᠠᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ 〈ᠬᠤᠶᠠᠷ ᠬᠠᠯᠬᠠᠪᠴᠢ〉 ᠎ᠶ᠋ᠢᠨ ᠱᠢᠳᠤᠷᠭᠤ ᠬᠠᠮᠠᠭᠠᠯᠠᠭ᠍ᠴᠢ ᠪᠣᠯᠤᠶ᠎ᠠ》 ᠭᠡᠬᠦ᠌ ᠰᠡᠳᠦᠪ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ ᠬᠢᠪᠠ᠃ ᠮᠡᠳᠡᠭᠦᠯᠦᠯᠲᠡ᠎ᠶ᠋ᠢᠨ ᠲᠡᠦᠬᠡᠨ ᠮᠠᠲ᠋ᠧᠷᠢᠶᠠᠯ᠎ᠨᠢ ᠨᠠᠷᠢᠯᠢᠬ ᠪᠣᠳᠠᠲᠠᠢ ᠪᠠᠢᠵᠤ᠂ ᠨᠠᠮ᠎ᠤᠨ 100 ᠵᠢᠯ᠎ᠤᠨ ᠲᠡᠦᠬᠡᠨ ᠶᠠᠪᠤᠴᠠ᠎ᠶ᠋ᠢ ᠡᠷᠭᠢᠴᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠬᠡᠷᠬᠢᠨ ᠨᠡᠢᠭᠡᠮ᠎ᠤᠨ ᠬᠤᠪᠢᠰᠭᠠᠯ᠎ᠢ ᠠᠬᠢᠭᠤᠯᠬᠤ᠎ᠶ᠋ᠢᠨ ᠬᠠᠮᠲᠤ ᠥᠪᠡᠷ᠎ᠤᠨ ᠪᠡᠶ᠎ᠡ᠎ᠳᠡᠭᠡᠨ ᠲᠦᠢᠯᠪᠤᠷᠢᠲᠠᠢ ᠬᠤᠪᠢᠰᠭᠠᠯ ᠬᠢᠵᠦ᠍᠂ ᠢᠮᠠᠭ᠍ᠲᠠ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢᠶᠠᠨ ᠪᠠᠲᠤᠯᠠᠭ᠍ᠰᠠᠨ᠎ᠢ ᠭᠦᠨᠵᠡᠭᠡᠢ ᠲᠠᠢᠯᠪᠤᠷᠢᠯᠠᠪᠠ᠃ ᠲᠡᠷᠡ᠂ ᠣᠯᠠᠨ᠎ᠢᠶᠠᠷ᠎ᠢᠶᠠᠨ ᠨᠠᠮ᠎ᠤᠨ ᠲᠡᠦᠬᠡ᠎ᠶ᠋ᠢ ᠯᠠᠪᠳᠠᠭᠤᠨ ᠪᠠᠲᠤᠲᠠᠶ ᠰᠤᠷᠤᠯᠴᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠬᠤ᠎ᠶ᠋ᠢ ᠵᠣᠷᠢᠭ᠍ᠵᠢᠭᠤᠯᠪᠠ᠃ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠣᠯᠤᠨ ᠥᠷᠭᠡᠨ ᠣᠯᠠᠨ ᠠᠷᠠᠳ᠎ᠤᠨ ᠴᠠᠭ᠍ᠳᠠᠭ᠎ᠠ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠭᠦᠨᠵᠡᠭᠡᠶ ᠥᠷᠨᠢᠭᠦᠯᠵᠦ᠍᠂ ᠡᠩᠨᠡᠭᠡᠨ᠎ᠤ ᠬᠤᠪᠢᠰᠭᠠᠯᠵᠢᠬ᠍ᠰᠠᠨ ᠵᠢᠩᠬᠢᠨᠢᠴᠢᠯᠡᠭ᠌ᠰᠡᠨ ᠲᠤᠰᠭᠠᠢᠵᠢᠬ᠍ᠰᠠᠨ ᠮᠡᠷᠭᠡᠵᠢᠭ᠌ᠰᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠪᠠᠳᠤᠯᠠᠨ ᠬᠠᠮᠠᠭᠠᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠬᠡᠷᠡᠭ᠌ᠲᠡᠶ ᠭᠡᠪᠡ᠃

6 ᠰᠠᠷ᠎ᠠ᠎ᠶ᠋ᠢᠨ 11 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠥᠪᠥᠷ ᠮᠣᠩᠭᠤᠯ᠎ᠤᠨ ᠡᠯᠧᠺᠲᠷᠣᠨ ᠮᠡᠳᠡᠭᠡ ᠵᠠᠩᠭᠢ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠬᠦᠷᠴᠦ᠍᠂ 《ᠲᠡᠦᠬᠡ᠎ᠶ᠋ᠢ ᠰᠤᠷᠤᠯᠴᠠᠵᠦ᠍ ᠶᠣᠰᠣ ᠤᠴᠢᠷ᠎ᠢ ᠤᠢ᠍ᠢᠯᠠᠭᠠᠵᠤ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠵᠦ᠍᠂ ᠲᠡᠦᠬᠡ᠎ᠶ᠋ᠢ ᠰᠤᠷᠤᠯᠴᠠᠵᠦ᠍ ᠶᠤᠰᠤ ᠰᠤᠷᠳᠠᠬᠤᠨ᠎ᠢ ᠡᠷᠬᠢᠮᠯᠡᠵᠦ᠍᠂ ᠲᠡᠦᠬᠡ᠎ᠶ᠋ᠢ ᠰᠤᠷᠤᠯᠴᠠᠵᠦ᠍ ᠴᠢᠷᠮᠠᠢᠨ ᠦᠢᠯᠡᠳᠦᠯᠭᠡᠵᠢᠬᠦᠯᠵᠦ᠍᠂ ᠱᠢᠨ᠎ᠡ ᠴᠠᠭ ᠦᠶ᠎ᠡ᠎ᠶ᠋ᠢᠨ ᠬᠦᠰᠡᠯᠡᠩ᠎ᠲᠠᠢ ᠴᠢᠳᠠᠪᠤᠷᠢ᠎ᠲᠠᠢ ᠡᠭᠦᠷᠭᠡᠯᠡᠯ᠎ᠲᠠᠢ ᠬᠦᠰᠡᠯ ᠵᠡᠬᠦᠳᠤ᠎ᠶ᠋ᠢᠨ ᠬᠥᠭᠡᠭᠡᠴᠡᠯᠳᠦᠭ᠌ᠴᠢ ᠪᠠ ᠲᠡᠷᠭᠡᠯᠱᠢᠭᠦᠯᠦᠭ᠌ᠴᠢ ᠪᠣᠯᠤᠶ᠎ᠠ》 ᠭᠡᠭᠦ᠌ ᠭᠤᠤᠯ ᠰᠡᠳᠦᠪ᠎ᠢᠶᠠᠷ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ ᠬᠢᠪᠠ᠃ ᠴᠢ᠊ ᠪᠠᠲᠤ᠌᠂ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ᠎ᠲᠠᠢ ᠬᠠᠮᠳᠤ᠎ᠪᠠᠷ ᠨᠠᠮ᠎ᠤᠨ 100 ᠵᠢᠯ᠎ᠤᠨ ᠠᠭᠤᠤ ᠶᠡᠭᠡ ᠲᠡᠦᠬᠡᠨ ᠠᠬᠢᠴᠠ᠎ᠶ᠋ᠢ ᠡᠷᠭᠢᠴᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠬ ᠶᠣᠰᠣ ᠤᠴᠢᠷ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠨᠠᠮ᠎ᠤᠨ ᠲᠡᠦᠬᠡ᠎ᠠᠴᠠ ᠱᠢᠮ᠎ᠡ ᠲᠡᠵᠢᠭᠡᠯ ᠭᠥᠷᠳᠡᠵᠦ᠍᠂ ᠨᠠᠮ᠎ᠢᠶᠠᠨ ᠬᠠᠢᠷᠠᠯᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠢᠶᠠᠨ ᠳᠠᠭᠠᠬᠤ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠱᠢᠨ᠎ᠡ ᠴᠠᠭ ᠦᠶ᠎ᠡ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠦᠶᠯᠡᠳᠦᠯᠭᠡ ᠳᠤᠮᠳᠠ ᠵᠠᠯᠠᠭᠤ ᠨᠠᠰᠤᠨ᠎ᠤ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠬᠦᠰᠡᠪᠡ᠃

6 ᠰᠠᠷ᠎ᠠ᠎ᠶ᠋ᠢᠨ 11 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠡᠸᠤ ᠶᠠᠩ ᠱᠢᠶᠤᠤ ᠬᠤᠶ ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠬᠦᠷᠴᠤ᠌᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ ᠬᠢᠵᠦ᠍᠂ ᠲᠦᠷᠪᠡᠨ ᠱᠠᠲᠤ ᠦᠶ᠎ᠡ ᠬᠤᠪᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠱᠢᠰᠲ᠋ᠧᠮ᠎ᠲᠠᠢ᠎ᠪᠠᠷ ᠲᠣᠳᠣᠷᠬᠠᠢᠯᠠᠨ ᠥᠭᠦᠯᠡᠵᠦ᠍᠂ ᠠᠮᠢᠳᠤᠯᠢᠭ ᠪᠤᠳᠠᠳᠠᠢ ᠦᠯᠢᠭᠡᠷ ᠵᠢᠱ᠌ᠢᠶ᠎ᠡ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠬ᠎ᠢ ᠲᠣᠳᠣᠷᠬᠠᠢᠯᠠᠨ ᠥᠭᠦᠯᠡᠬᠦ᠌᠎ᠶ᠋ᠢᠨ ᠬᠠᠮᠳᠤ ᠵᠠᠯᠠᠭᠤ ᠰᠤᠷᠤᠭ᠍ᠴᠢᠳ᠎ᠲᠤ ᠴᠢᠩ ᠰᠡᠳᠭᠢᠯ᠎ᠤᠨ ᠬᠦᠰᠡᠯ ᠨᠠᠢᠳᠠᠯᠭ᠎ᠠ ᠲᠠᠯᠪᠢᠵᠠᠢ᠃ ᠲᠡᠷᠡ᠂ ᠱᠢᠨ᠎ᠡ ᠴᠠᠭ ᠦᠶ᠎ᠡ᠎ᠶ᠋ᠢᠨ ᠵᠠᠯᠠᠭᠤ ᠰᠤᠷᠤᠭ᠍ᠴᠢᠳ ᠵᠠᠪᠠᠯ ᠨᠠᠮ᠎ᠤᠨ ᠲᠡᠦᠬᠡ᠎ᠶ᠋ᠢ ᠬᠢᠨᠠᠮᠠᠭᠠᠢ ᠰᠤᠷᠤᠯᠴᠠᠵᠦ᠍᠂ ᠲᠡᠦᠬᠡ᠎ᠶ᠋ᠢ ᠰᠤᠷᠤᠯᠴᠠᠵᠦ᠍ ᠶᠣᠰᠣ ᠤᠴᠢᠷ᠎ᠢ ᠤᠢ᠍ᠢᠯᠠᠭᠠᠬᠤ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠦ᠍ ᠶᠤᠰᠤ ᠰᠤᠷᠳᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠦ᠍ ᠴᠢᠷᠮᠠᠢᠨ ᠦᠢᠯᠡᠳᠦᠯᠭᠡᠵᠢᠬᠦᠯᠬᠦ᠌᠎ᠪᠠᠷ ᠬᠦᠴᠦᠯᠡᠨ ᠴᠢᠷᠮᠠᠢᠵᠤ᠂ ᠨᠠᠮ᠎ᠢᠶᠠᠨ ᠣᠢᠯᠠᠭᠠᠵᠤ ᠨᠠᠮ᠎ᠢᠶᠠᠨ ᠬᠠᠢᠷᠠᠯᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠵᠤ᠂ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠬᠦᠨᠳᠦ ᠡᠭᠦᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠦ᠍᠂ ᠨᠠᠮ᠎ᠤᠨ ᠬᠦᠰᠡᠯ ᠨᠠᠢᠳᠠᠯᠭ᠎ᠠ᠂ ᠠᠷᠠᠳ ᠲᠦᠮᠡᠨ᠎ᠤ ᠬᠦᠰᠡᠯ ᠡᠷᠡᠮᠡᠯᠵᠡᠯ᠂ ᠦᠨᠳᠦᠰᠦᠲᠡᠨ᠎ᠤ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠂ ᠠᠭᠤᠤ ᠶᠡᠭᠡ ᠴᠠᠭ ᠦᠶ᠎ᠡ᠎ᠶ᠋ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

(ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ ᠭᠦᠸᠧ ᠵᠢᠶᠦ᠋ᠨ ᠯᠧᠦ ᠵᠶ᠋ᠢ ᠴᠢᠩ ᠯᠢᠩ ᠪᠠᠢ ᠳ᠋ᠠᠨ ᠰᠦᠩ ᠱᠤᠸᠠᠩ ᠯᠢᠦ ᡁᠢ ᠱᠢᠶᠠᠨ ᠵᠠᠩ ᠸᠧᠨ ᠴᠢᠶᠠᠩ ᠵᠤᠤ ᠰᠢ ᠵᠤᠤ ᠨᠠ ᠯᠢ ᠼᠦᠨ ᠱᠢᠶᠠ ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号