6 ᠰᠠᠷ᠎ᠠ᠎ᠶ᠋ᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠨᠤᠯ ᠰᠤᠷᠤᠯᠴᠠᠬᠤ ᠭᠤᠣᠯ ᠳᠤᠭᠤᠢᠯᠠᠩ 2021 ᠣᠨ᠎ᠤ ᠶᠢᠰᠦᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠥᠬᠡᠨᠠᠭᠤᠷ᠎ᠲᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠡᠦᠬᠡ᠎ᠶ᠋ᠢᠨ ᠲᠣᠭᠤᠷᠢᠨ᠎ᠳᠤ ᠰᠤᠷᠤᠯᠴᠠᠵᠥ᠍ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠱ᠌ᠢ᠎ᠲᠠᠢ ᠹᠧᠩ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠨᠢᠭᠡᠳᠦᠭᠡᠷ ᠵᠢᠯᠣᠭᠤᠳᠭᠤ ᠳᠤᠭᠤᠢᠯᠠᠩ᠎ᠤᠨ ᠬᠤᠯᠪᠣᠭ᠍ᠳᠠᠯ ᠪᠦᠬᠦᠢ ᠨᠥᠬᠦᠳ ᠬᠤᠷᠠᠯ᠎ᠳᠤ ᠣᠷᠣᠯᠴᠠᠵᠤ ᠵᠢᠯᠣᠭᠤᠳᠪᠠ᠃
ᠲᠣᠰ ᠤᠳᠠᠭᠠᠨ᠎ᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠨᠢ ᠥᠪᠡᠷ᠎ᠢᠶᠠᠨ ᠰᠤᠷᠤᠯᠴᠠᠬᠤ᠂ ᠲᠣᠭᠤᠷᠢᠨ ᠦᠵᠡᠵᠦ᠍ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠬᠤ᠎ᠶ᠋ᠢ ᠤᠶᠠᠯᠳᠤᠭᠤᠯᠬᠤ ᠬᠡᠯᠪᠡᠷᠢ᠎ᠪᠠᠷ ᠶᠠᠪᠤᠭ᠍ᠳᠠᠪᠠ᠃ 23 ᠤ ᠡᠳᠦᠷ᠂ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠪᠦᠷᠢᠯᠳᠦᠬᠦᠨ ᠨᠢᠭᠡ ᠡᠳᠦᠷ᠎ᠤᠨ ᠴᠠᠭ᠎ᠢ ᠠᠱᠢᠬ᠍ᠯᠠᠨ ᠥᠪᠡᠷ᠎ᠢᠶᠠᠨ ᠨᠠᠷᠢᠨ ᠬᠢᠨᠠᠮᠠᠭᠠᠢ ᠰᠤᠷᠤᠯᠴᠠᠭ᠍ᠰᠠᠨ ᠪᠥᠭᠡᠳ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠭᠦᠨᠵᠡᠭᠡᠢ ᠰᠡᠳᠭᠢᠵᠥ᠍᠂ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠪᠡ᠃ 24 ᠤ ᠦᠳᠡ᠎ᠶ᠋ᠢᠨ ᠡᠮᠦᠨ᠎ᠡ᠂ ᠭᠤᠣᠯ ᠳᠤᠭᠤᠢᠯᠠᠩ᠎ᠤᠨ ᠪᠦᠷᠢᠯᠳᠦᠬᠦᠨ ᠬᠠᠮᠲᠤ᠎ᠪᠠᠷ ᠤᠯᠠᠭᠠᠨᠬᠦᠦ᠎ᠶ᠋ᠢᠨ ᠳᠤᠷᠠᠰᠭᠠᠯ᠎ᠤᠨ ᠣᠷᠳᠣᠨ᠎ᠳᠤ ᠬᠦᠷᠴᠦ᠍ ᠲᠣᠭᠤᠷᠢᠨ ᠦᠵᠡᠵᠦ᠍ ᠰᠤᠷᠤᠯᠴᠠᠪᠠ᠃ ᠤᠯᠠᠨ᠎ᠢᠶᠠᠷ᠎ᠢᠶᠠᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠳᠠᠬᠢᠨ ᠨᠠᠷᠢᠯᠢᠭ ᠠᠵᠢᠬ᠍ᠯᠠᠵᠤ᠂ ᠬᠠᠷᠢᠯᠴᠠᠨ ᠰᠣᠯᠢᠯᠴᠠᠵᠤ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠬᠤᠪᠢᠰᠭᠠᠯ᠎ᠤᠨ ᠤᠨ ᠰᠠᠷᠠᠶ᠋ᠢ ᠳᠤᠷᠠᠰᠤᠨ ᠡᠷᠬᠢᠴᠡᠬᠦᠯᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ ᠱᠢᠩᠬᠡᠬᠡᠨ ᠠᠪᠤᠪᠠ᠃ ᠳᠠᠷᠠᠭ᠎ᠠ᠎ᠨᠢ᠂ ᠭᠤᠣᠯ ᠳᠤᠭᠤᠢᠯᠠᠩ᠎ᠤᠨ ᠪᠦᠷᠢᠯᠳᠦᠬᠦᠨ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ᠎ᠤᠨ ᠦᠵᠡᠭᠦᠯᠭᠡ᠎ᠶ᠋ᠢᠨ ᠣᠷᠳᠣᠨ᠎ᠳᠤ ᠬᠦᠷᠴᠦ᠍᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ᠎ᠤᠨ ᠬᠤᠪᠢᠰᠭᠠᠯ᠎ᠤᠨ ᠲᠡᠦᠬᠡ᠎ᠶ᠋ᠢ ᠲᠣᠭᠤᠷᠢᠨ ᠦᠵᠡᠵᠦ᠍ ᠣᠢᠯᠠᠭᠠᠪᠠ᠃ ᠤᠯᠠᠨ᠎ᠢᠶᠠᠷ᠎ᠢᠶᠠᠨ ᠠᠮᠢᠳᠤᠯᠢᠭ ᠰᠠᠢᠬᠠᠨ ᠲᠡᠦᠬᠡ᠎ᠶ᠋ᠢᠨ ᠭᠡᠷᠡᠯ ᠵᠢᠷᠤᠭ᠂ ᠬᠤᠪᠣᠷ ᠨᠠᠨᠳᠢᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ ᠳᠤᠮᠳᠠ᠎ᠠᠴᠠ ᠳᠠᠢᠨ᠎ᠤ ᠭᠠᠯ ᠦᠷᠭᠦᠯᠵᠢᠯᠡᠭ᠌ᠰᠡᠨ ᠬᠤᠪᠢᠰᠭᠠᠯ᠎ᠤᠨ ᠥᠩᠭᠡᠷᠡᠯᠳᠡ᠎ᠶ᠋ᠢ ᠡᠷᠭᠢᠴᠡᠭᠦᠯᠵᠦ᠍᠂ ᠶᠡᠷᠦ᠍ ᠪᠤᠰᠤ᠎ᠶ᠋ᠢᠨ ᠬᠤᠪᠢᠰᠭᠠᠯ᠎ᠤᠨ ᠥᠩᠭᠡᠷᠡᠯᠲᠡ᠎ᠶ᠋ᠢ ᠭᠦᠨᠵᠡᠭᠡᠢ ᠮᠡᠳᠡᠷᠡᠵᠦ᠍᠂ ᠠᠭᠤᠤ ᠶᠡᠭᠡ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠭᠦᠨᠵᠡᠭᠡᠢ ᠬᠥᠮᠦᠵᠢᠯ ᠰᠡᠩᠬᠡᠷᠡᠭᠦᠯᠦᠯ ᠬᠦᠷᠳᠡᠵᠡᠢ ᠬᠡᠵᠥ᠍ ᠢᠯᠡᠳᠭᠡᠵᠡᠭᠡᠪᠡ᠃ ᠲᠣᠭᠤᠷᠢᠨ ᠦᠵᠡᠵᠦ᠍ ᠪᠠᠷᠠᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢ᠊ ᠡᠶ᠎ᠡ ᠦᠵᠡᠭᠦᠯᠭᠡ᠎ᠶ᠋ᠢᠨ ᠣᠷᠳᠣᠨ᠎ᠳᠤ ᠱᠢᠨ᠎ᠡ ᠨᠠᠮ᠎ᠤᠨ ᠭᠡᠱᠢᠭᠦᠨ᠎ᠤ ᠨᠠᠮ᠎ᠳᠤ ᠣᠷᠣᠬᠤ ᠲᠠᠩᠭᠠᠷᠢᠬ᠍ᠯᠠᠬᠤ ᠶᠣᠰᠣᠯᠠᠯ ᠶᠠᠪᠤᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠠᠯ ᠤᠯᠠᠭᠠᠨ ᠲᠤᠭ᠎ᠤᠨ ᠡᠮᠦᠨ᠎ᠡ᠂ ᠱ᠌ᠢ᠎ᠲᠠᠢ ᠹᠧᠩ ᠪᠠᠷᠠᠭᠤᠨ ᠨᠢᠳᠤᠷᠭ᠎ᠠ᠎ᠪᠠᠨ ᠲᠥᠪ ᠴᠢᠩᠭ᠎ᠠ᠎ᠪᠠᠷ ᠡᠷᠭᠦᠵᠦ᠍᠂ ᠱᠢᠨ᠎ᠡ ᠨᠠᠮ᠎ᠤᠨ ᠭᠡᠱᠢᠭᠦᠨ᠎ᠢ ᠳᠠᠭᠠᠭᠤᠯᠤᠨ ᠨᠠᠮ᠎ᠳᠤ ᠣᠷᠣᠬᠤ᠎ᠪᠠᠷ ᠳᠠᠩᠭᠠᠷᠢᠬ᠍ᠯᠠᠵᠦ᠍᠂ ᠭᠤᠤᠯ ᠳᠤᠭᠤᠢᠯᠠᠩ᠎ᠤᠨ ᠪᠦᠷᠢᠯᠳᠦᠬᠦᠨ᠎ᠢ ᠳᠠᠭᠠᠭᠤᠯᠤᠨ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠳᠠᠬᠢᠨ ᠤᠩᠱᠢᠨ ᠡᠷᠭᠢᠴᠡᠭᠦᠯᠬᠦ᠌᠎ᠳᠤ᠂ ᠳᠦᠪ ᠴᠢᠩᠭ᠎ᠠ ᠲᠠᠩᠭᠠᠷᠢᠭ᠍ᠯᠠᠬᠤ ᠳᠠᠭᠤᠨ ᠶᠡᠭᠡ ᠲᠢᠩᠬᠢᠮ᠎ᠳᠤ ᠴᠤᠤᠷᠢᠶᠠᠲᠤᠪᠠ᠃ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠳᠡᠭᠡᠷ᠎ᠡ᠂ ᠯᠢᠨ ᠱᠤᠤ ᠴᠦᠨ᠂ ᠪᠠᠢ ᠢᠦᠢ ᠭᠠᠩ᠂ ᠶᠠᠩ ᠸᠧᠢ ᠳ᠋ᠦᠩ ᠰᠠᠨᠠᠯ᠎ᠢᠶᠠᠨ ᠰᠣᠯᠢᠯᠴᠠᠬᠤ ᠦᠭᠡ ᠬᠡᠯᠡᠵᠦ᠍᠂ ᠭᠤᠣᠯ ᠳᠤᠭᠤᠢᠯᠠᠩ᠎ᠤᠨ ᠪᠤᠰᠤᠳ ᠪᠦᠷᠢᠯᠳᠦᠬᠦᠨ ᠪᠢᠴᠢᠭ᠎ᠤᠨ ᠬᠡᠯᠪᠡᠷᠢ᠎ᠪᠠᠷ ᠶᠠᠷᠢᠶ᠎ᠠ ᠲᠠᠯᠪᠢᠬᠤ ᠮᠠᠲ᠋ᠧᠷᠢᠶᠠᠯ᠎ᠢᠶᠠᠨ ᠳᠡᠪᠱᠢᠭᠦᠯᠪᠡ᠃ ᠣᠯᠠᠨ᠎ᠢᠶᠠᠷ᠎ᠢᠶᠠᠨ ᠰᠤᠷᠤᠯᠴᠠᠯᠭ᠎ᠠ᠎ᠶ᠋ᠢᠨ ᠭᠤᠤᠯ ᠰᠡᠳᠦᠪ᠎ᠤᠨ ᠲᠣᠭᠤᠷᠢᠨ᠎ᠳᠤ ᠣᠯᠤᠯᠲᠠ ᠲᠥᠷᠥᠭ᠌ᠳᠡᠯ᠎ᠢᠶᠠᠨ ᠰᠣᠯᠢᠯᠴᠠᠪᠠ᠃
ᠱ᠌ᠢ᠎ᠲᠠᠢ ᠹᠧᠩ᠂ ᠲᠡᠦᠬᠡ᠎ᠶ᠋ᠢ ᠰᠤᠷᠤᠯᠴᠠᠵᠦ᠍ ᠶᠣᠰᠣ ᠤᠴᠢᠷ᠎ᠢ ᠦᠢᠯᠠᠭᠠᠬᠤ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠦ᠍ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠦ᠍ ᠴᠢᠷᠮᠠᠢᠨ ᠦᠢᠯᠡᠳᠦᠯᠬᠡᠵᠢᠬᠦᠯᠬᠦ᠌ᠳᠤ ᠲᠤᠰ ᠲᠤᠰ᠎ᠤᠨ ᠠᠭᠤᠯᠤᠭ᠍ᠳᠠᠬᠤᠨ᠂ ᠱᠠᠭᠠᠷᠳᠠᠯᠭ᠎ᠠ ᠪᠣᠯᠤᠨ ᠴᠢᠭ᠌ᠯᠡᠯ᠎ᠲᠠᠢ ᠪᠠᠢᠳᠠᠭ᠂ ᠭᠡᠪᠡᠴᠦ᠍ ᠲᠡᠭᠦᠨ᠎ᠤ ᠳᠣᠲᠣᠭᠠᠳᠤ ᠯᠣᠭᠢᠭ᠎ᠨᠢ ᠨᠢᠭᠡ ᠴᠣᠭ᠍ᠴᠠ᠎ᠪᠠᠷ ᠨᠡᠪᠳᠡᠷᠡᠵᠦ᠍᠂ ᠳᠡᠭᠡᠳᠦ ᠬᠡᠮᠵᠢ᠊ ᠡᠶ᠎ᠡ᠎ᠪᠠᠷ ᠨᠢᠭᠡᠳᠦᠯᠲᠡᠢ ᠶᠤᠮ᠂ ᠡᠭᠦᠨ᠎ᠳᠤ ᠶᠣᠰᠣ ᠰᠤᠷᠲᠠᠬᠤᠨ᠎ᠢ ᠡᠷᠬᠢᠮᠯᠡᠬᠦ᠌᠎ᠨᠢ ᠰᠠᠭᠤᠷᠢ ᠴᠢᠨᠠᠷᠲᠠᠢ ᠦᠢᠯᠡᠳᠦᠯ ᠦᠵᠡᠭᠦᠯᠵᠦ᠍ ᠪᠠᠢᠳᠠᠭ᠂ ᠤᠴᠢᠷ᠎ᠨᠢ ᠮᠠᠨ᠎ᠤ ᠨᠠᠮ᠎ᠤᠨ ᠡᠷᠬᠢᠮᠯᠡᠵᠦ᠍ ᠪᠠᠢᠭ᠎ᠠ ᠶᠣᠰᠣ ᠰᠤᠷᠲᠠᠬᠤᠨ ᠪᠣᠯ ᠶᠡᠭᠡ ᠶᠣᠰᠣ᠂ ᠨᠡᠢᠲᠡ᠎ᠶ᠋ᠢᠨ ᠶᠣᠰᠣ᠂ ᠵᠠᠩ ᠮᠣᠷᠠᠯ ᠪᠣᠯᠤᠨ᠎ᠠ᠂ ᠲᠡᠭᠦᠨ᠎ᠤ ᠮᠥᠨ ᠴᠢᠨᠠᠷ᠎ᠨᠢ ᠨᠠᠮᠴᠢ ᠴᠢᠨᠠᠷ ᠪᠣᠯᠤᠨ᠎ᠠ᠃ ᠵᠠᠭᠤᠨ ᠵᠢᠯ᠎ᠤᠨ ᠨᠠᠮ᠎ᠤᠨ ᠲᠡᠦᠬᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠡᠦᠬᠡ᠎ᠶ᠋ᠢ ᠰᠤᠷᠤᠯᠴᠠᠬᠤ᠎ᠳᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠶᠡᠭᠡ ᠶᠤᠰᠤ᠎ᠶ᠋ᠢ ᠡᠷᠬᠢᠮᠯᠡᠵᠦ᠍᠂ ᠢᠮᠠᠭ᠍ᠲᠠ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠨᠠᠮ᠎ᠤᠨ ᠦᠢᠯᠡᠰ᠎ᠲᠤ ᠦᠨᠡᠨᠴᠢ ᠱᠢᠳᠤᠷᠭᠤ ᠪᠠᠢᠵᠤ᠂ ᠡᠭᠦᠷᠢᠳᠡ ᠨᠠᠮ᠎ᠳᠠᠭᠠᠨ ᠦᠨᠡᠨᠴᠢ ᠱᠢᠳᠤᠷᠭᠤ ᠪᠠᠢᠬᠤ ᠬᠡᠷᠡᠭ᠌ᠲᠡᠢ᠃ ᠵᠠᠭᠤᠨ ᠵᠢᠯ᠎ᠤᠨ ᠲᠤᠷᠰᠢ᠂ ᠮᠠᠨ᠎ᠤ ᠨᠠᠮ᠎ᠤᠨ ᠤᠳᠤᠷᠢᠳᠤᠭ᠍ᠰᠠᠨ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠡᠯ᠎ᠡ ᠵᠦᠢᠯ᠎ᠤᠨ ᠠᠵᠢᠯ ᠦᠢᠯᠡᠰ ᠲᠠᠰᠤᠷᠠᠯᠳᠠ ᠦᠭᠡᠢ ᠢᠯᠠᠯᠲᠠ ᠤᠯᠵᠥ᠍ ᠤᠷᠤᠭ᠍ᠰᠢᠯᠠᠭ᠍ᠰᠠᠨ᠎ᠨᠢ ᠢᠮᠠᠭ᠍ᠲᠠ ᠦᠨᠡᠨᠴᠢ ᠱᠢᠳᠤᠷᠭᠤ ᠬᠡᠬᠦ᠌ ᠡᠨᠡ ᠬᠦ᠌ ᠤᠯᠤᠰ ᠲᠦᠷᠦ᠎ᠶ᠋ᠢᠨ ᠶᠡᠭᠡ ᠶᠤᠰᠤ᠎ᠶ᠋ᠢ ᠪᠠᠳᠤ ᠴᠤᠬ᠍ᠴᠠᠯᠠᠵᠤ᠂ ᠨᠢᠬᠡ ᠯᠡ ᠰᠡᠳᠭᠢᠯ᠎ᠢᠶᠠᠷ ᠨᠠᠮ᠎ᠢᠶᠠᠨ ᠲᠠᠭᠠᠵᠦ᠍᠂ ᠡᠷᠡᠰ ᠭᠤᠢᠪᠢᠯᠵᠠᠬᠤ ᠦᠬᠡᠢ ᠪᠠᠢᠬᠤ ᠨᠢᠭᠡᠨ ᠰᠠᠯᠠᠭ᠎ᠠ ᠨᠠᠮ᠎ᠤᠨ ᠭᠡᠱᠢᠭᠦᠨ᠎ᠤ ᠡᠩᠨᠡᠭᠡ᠎ᠶ᠋ᠢ ᠪᠠᠢᠭᠤᠯᠤᠭ᠍ᠰᠠᠨ᠎ᠳᠤ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠡᠬᠦᠰᠦᠭ᠌ᠰᠡᠨ᠎ᠨᠢ ᠳᠠᠷᠤᠢ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠤᠳᠤᠷᠢᠳᠭᠤ ᠬᠦᠴᠦᠨ ᠪᠣᠯᠤᠨ ᠪᠦᠬᠦ᠌ ᠨᠠᠮ᠎ᠤᠨ ᠨᠢᠭ᠍ᠲᠠᠷᠠᠯ᠎ᠤᠨ ᠬᠦᠴᠦᠨ᠂ ᠲᠠᠢᠴᠢᠨ ᠬᠦᠴᠦᠨ᠎ᠳᠤ ᠲᠦᠱᠢᠭ᠌ᠯᠡᠵᠦ᠍᠂ ᠮᠠᠨ᠎ᠤ ᠨᠠᠮ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶ᠋ᠢ ᠡᠷᠬᠢᠮᠯᠡᠬᠦ᠌ ᠡᠨᠡ ᠬᠦ᠌ ᠦᠨᠳᠦᠰᠦᠨ ᠱᠠᠭᠠᠷᠳᠠᠯᠭ᠎ᠠ᠎ᠶ᠋ᠢ ᠲᠣᠭ᠍ᠲᠠᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠡᠨᠡ ᠬᠦ᠌ ᠶᠡᠭᠡ ᠶᠤᠰᠤ᠎ᠶ᠋ᠢ ᠪᠦᠬᠦ᠌ ᠨᠠᠮ᠎ᠳᠤ ᠢᠯᠡᠷᠡᠭᠦᠯᠦᠭ᠌ᠰᠡᠨ᠎ᠳᠤ ᠪᠠᠢᠨ᠎ᠠ᠃ ᠪᠢᠳᠡ ᠨᠠᠮ᠎ᠤᠨ ᠲᠡᠦᠬᠡ᠎ᠠᠴᠠ ᠤᠯᠤᠰ ᠲᠦᠷᠦ᠎ᠶ᠋ᠢᠨ ᠶᠡᠭᠡ ᠶᠤᠰᠤ᠎ᠶ᠋ᠢ ᠡᠷᠬᠢᠮᠯᠡᠬᠦ᠌ ᠲᠦᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠨ ᠣᠢᠯᠠᠭᠠᠵᠤ᠂ ᠨᠠᠮ᠎ᠤᠨ ᠲᠥᠪ ᠬᠤᠷᠢ᠊ ᠡᠶ᠎ᠡ᠎ᠠᠴᠠ ᠳᠡᠭᠡᠳᠦ ᠵᠡᠷᠭᠡ᠎ᠶ᠋ᠢᠨ ᠺᠠᠳ᠋ᠷᠴᠤᠳ᠎ᠲᠤ ᠳᠤᠷᠠᠳᠤᠭ᠍ᠰᠠᠨ ᠮᠠᠷᠺᠰ᠎ᠤᠨ ᠦᠵᠡᠯ᠎ᠤᠨ ᠤᠯᠤᠰ ᠲᠦᠷᠦᠴᠢᠨᠤ ᠪᠠᠷᠢᠮᠵᠢᠶ᠎ᠠ ᠶᠣᠰᠣᠭᠠᠷ ᠥᠪᠡᠷ᠎ᠢ᠎ᠪᠠᠨ ᠴᠢᠩᠭ᠎ᠠ ᠱᠠᠭᠠᠷᠳᠠᠵᠤ᠂ ᠲᠦᠷᠦᠭᠦᠯᠡᠨ 《ᠲᠦᠷᠪᠡᠨ ᠤᠬᠠᠮᠰᠠᠷ》 ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠮ᠎ᠠᠴᠠ ᠲᠤᠱᠢᠶᠠᠭ᠍ᠰᠠᠨ ᠲᠤᠱᠢᠶᠠᠯ ᠬᠠᠷᠢᠭᠤᠴᠠᠯᠭ᠎ᠠ ᠡᠭᠦᠷᠭᠡ᠎ᠶ᠋ᠢ ᠪᠦᠬᠦ᠌ ᠬᠦᠴᠦ᠎ᠪᠠᠷ᠎ᠢᠶᠠᠨ ᠪᠡᠶᠡᠯᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠂ ᠨᠠᠮ᠎ᠤᠨ ᠦᠢᠯᠡᠰ᠎ᠲᠤ ᠲᠦᠢᠯ᠎ᠤᠨ ᠦᠨᠡᠨᠴᠢ ᠱᠢᠳᠤᠷᠭᠤ᠂ ᠡᠭᠦᠷᠢᠳᠡ ᠦᠨᠡᠨᠴᠢ ᠱᠢᠳᠤᠷᠭᠤ ᠪᠠᠢᠬᠤ᠎ᠶ᠋ᠢ ᠲᠣᠳᠣᠷᠬᠠᠢᠯᠠᠬᠤ ᠬᠡᠷᠡᠭ᠌ᠲᠡᠢ ᠭᠡᠵᠦ᠍ ᠵᠢᠭᠠᠵᠦ᠍ ᠭᠠᠷᠭᠠᠪᠠ᠃
ᠱ᠌ᠢ᠎ᠲᠠᠢ ᠹᠧᠩ᠂ ᠵᠠᠭᠤᠨ ᠵᠢᠯ᠎ᠤᠨ ᠨᠠᠮ᠎ᠤᠨ ᠲᠡᠦᠬᠡ ᠢᠯᠠᠩᠭᠤᠶ᠎ᠠ ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠡᠦᠬᠡ᠎ᠶ᠋ᠢ ᠰᠤᠷᠤᠯᠴᠠᠬᠤ᠎ᠨᠢ ᠳᠠᠷᠤᠶ ᠠᠷᠠᠳ ᠲᠦᠮᠡᠨ᠎ᠳᠤ ᠪᠤᠶᠠᠨ ᠦᠶᠯᠡᠳᠬᠦ᠌ ᠨᠡᠢᠲᠡ᠎ᠶ᠋ᠢᠨ ᠶᠣᠰᠣ᠎ᠶ᠋ᠢ ᠳᠡᠭᠡᠳᠦᠯᠡᠵᠦ᠍᠂ ᠢᠮᠠᠭ᠍ᠲᠠ ᠠᠷᠠᠳ ᠲᠦᠮᠡᠨ᠎ᠲᠠᠢ ᠬᠠᠮᠳᠤ ᠬᠠᠲᠠᠭᠤ ᠪᠡᠷᠬᠡᠱᠢᠶᠡᠯ᠎ᠢ ᠳᠤᠭᠤᠯᠵᠤ᠂ ᠥᠭᠦᠵᠦ᠍ ᠰᠡᠭᠡᠬᠦ᠌᠎ᠪᠠᠨ ᠬᠠᠮᠲᠤᠳᠭᠠᠨ᠂ ᠠᠷᠠᠳ ᠲᠦᠮᠡᠨ᠎ᠳᠤ ᠦᠨᠡᠨᠴᠢ ᠱᠢᠳᠤᠷᠭᠤ ᠪᠠᠢᠬᠤ ᠰᠡᠳᠭᠢᠯ᠎ᠢᠶᠠᠨ ᠡᠭᠦᠷᠢᠳᠡ ᠪᠠᠲᠤᠯᠠᠬᠤ ᠶᠠᠪᠤᠳᠠᠯ ᠪᠣᠯᠤᠨ᠎ᠠ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠬᠤᠪᠢᠰᠭᠠᠯ ᠬᠢᠭ᠌ᠰᠡᠨ ᠴᠦ᠍ ᠲᠡᠷᠡ᠂ ᠪᠦᠲᠦᠭᠡᠨ ᠪᠠᠢᠭᠤᠯᠤᠯᠲᠠ ᠬᠢᠭ᠌ᠰᠡᠨ ᠴᠦ᠍ ᠲᠡᠷᠡ᠂ ᠥᠭᠡᠷᠡᠴᠢᠯᠡᠯᠲᠡ᠎ᠶ᠋ᠢ ᠠᠳᠭᠤᠭ᠍ᠰᠠᠨ ᠴᠤ᠌ ᠲᠡᠷᠡ᠂ ᠰᠡᠷᠭᠦᠨ ᠮᠠᠨᠳᠤᠯᠲᠠ᠎ᠶ᠋ᠢᠨ ᠲᠦᠯᠦᠬᠡ ᠲᠡᠮᠡᠴᠡᠭ᠌ᠰᠡᠨ ᠴᠦ᠍ ᠲᠡᠷᠡ᠂ ᠲᠦᠷᠦ᠍ ᠵᠠᠰᠠᠭ᠎ᠢ ᠴᠤᠬ᠍ᠴᠠᠯᠠᠬ᠍ᠰᠠᠨ ᠴᠤ᠌ ᠲᠡᠷᠡ᠂ ᠲᠦᠷᠦ᠍ ᠵᠠᠰᠠᠭ᠎ᠢ ᠰᠠᠬᠢᠭ᠍ᠰᠠᠨ ᠴᠤ᠌ ᠲᠡᠷᠡ᠂ ᠦᠨᠳᠦᠰᠦᠨ ᠵᠣᠷᠢᠯᠭ᠎ᠠ᠎ᠨᠢ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠃ ᠤᠨᠴᠠᠭᠠᠢᠯᠠᠨ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠤᠯᠭᠠᠭ᠍ᠰᠠᠠ ᠨᠠᠮ᠎ᠤᠨ ᠲᠥᠪ ᠬᠤᠷᠢ᠊ ᠡᠶ᠎ᠡ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠢᠮᠠᠭ᠍ᠲᠠ ᠠᠷᠠᠳ ᠲᠦᠮᠡᠨ᠎ᠤ ᠠᠱᠢᠭ ᠲᠤᠰᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠢᠮᠠᠭ᠍ᠲᠠ ᠠᠷᠠᠳ ᠲᠦᠮᠡᠨ᠎ᠢᠶᠠᠷ ᠭᠤᠣᠯ ᠪᠣᠯᠭᠠᠬᠤ ᠶᠠᠪᠤᠳᠠᠯ᠎ᠢ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠡᠯ᠎ᠡ ᠲᠠᠯ᠎ᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠨᠠᠢ᠍ᠮᠠᠨ ᠵᠢᠯ ᠭᠠᠷᠤᠢ᠎ᠶ᠋ᠢᠨ ᠦᠢᠯᠡᠳᠦᠯᠭᠡ᠎ᠪᠠᠷ ᠮᠠᠨ᠎ᠤ ᠨᠠᠮ᠎ᠤᠨ 《ᠠᠷᠠᠳ ᠲᠦᠮᠡᠨ᠎ᠳᠤ ᠪᠤᠶᠠᠨ ᠦᠢᠯᠡᠳᠦᠭ᠌ᠰᠡᠨ ᠲᠡᠦᠬᠡᠡ》 ᠳᠤ ᠥᠩᠭᠡ ᠢᠯᠭᠠᠷᠠᠮ᠎ᠠ ᠬᠠᠭᠤᠳᠠᠰᠤ᠎ᠶ᠋ᠢ ᠪᠢᠴᠢᠭ᠌ᠯᠡᠪᠡ᠃ ᠪᠢᠳᠡ ᠨᠠᠮ᠎ᠤᠨ ᠲᠡᠦᠬᠡ᠎ᠠᠴᠠ 《ᠲᠦᠷᠦ᠍ ᠵᠠᠰᠠᠭ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠠᠷᠤᠢ ᠲᠦᠷᠦ᠍ ᠵᠠᠰᠠᠭ ᠮᠥᠨ》 ᠭᠡᠬᠦ᠌ ᠶᠣᠰᠣ ᠤᠴᠢᠷ᠎ᠢ ᠭᠦᠨᠵᠡᠭᠡᠢ ᠣᠢᠯᠠᠭᠠᠵᠤ᠂ ᠠᠯᠪᠠᠨ ᠵᠠᠷᠤᠴᠠ᠎ᠶ᠋ᠢᠨ ᠤᠬᠠᠮᠰᠠᠷ ᠪᠠ ᠠᠷᠠᠳ ᠲᠦᠮᠡᠨ᠎ᠤ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠪᠠᠨ ᠴᠢᠩᠭᠠᠳᠭᠠᠵᠤ᠂ 《ᠠᠮᠢ ᠪᠡᠶ᠎ᠠ᠎ᠪᠠᠨ ᠤᠮᠠᠷᠲᠠᠠ᠂ ᠠᠷᠠᠳ ᠲᠦᠮᠡᠨ᠎ᠳᠡᠭᠡᠨ ᠦᠯᠦ᠍ ᠣᠰᠣᠯᠳᠠᠬᠤ》 ᠦᠵᠡᠯ ᠤᠬᠠᠮᠰᠠᠷ᠎ᠢ ᠬᠥᠭᠡᠭᠡᠴᠡᠯᠳᠦᠵᠦ᠍᠂ ᠠᠷᠠᠳ ᠲᠦᠮᠡᠨ᠎ᠳᠤ ᠪᠤᠶᠠᠨ ᠦᠢᠯᠡᠳᠬᠦ᠌᠎ᠶ᠋ᠢ ᠬᠠᠮᠤᠭ᠎ᠤᠨ ᠦᠨᠳᠦᠰᠦᠨ ᠲᠤᠱᠢᠶᠠᠯ ᠬᠠᠷᠢᠭᠤᠴᠠᠯᠭ᠎ᠠ᠂ ᠬᠠᠮᠤᠭ᠎ᠤᠨ ᠴᠢᠬᠤᠯᠠ ᠵᠠᠰᠠᠭ᠎ᠤᠨ ᠠᠵᠢᠯ᠎ᠤᠨ ᠪᠦᠲᠦᠮᠵᠢ᠂ ᠬᠠᠮᠤᠭ᠎ᠤᠨ ᠦᠨᠳᠦᠰᠦᠨ ᠠᠵᠢᠯᠯᠠᠭᠠᠨ᠎ᠤ ᠵᠢᠷᠤᠮᠵᠢᠯ ᠪᠣᠯᠭᠠᠵᠤ᠂ ᠢᠮᠠᠭ᠍ᠲᠠ ᠠᠷᠠᠳ ᠲᠦᠮᠡᠨ᠎ᠲᠠᠢ ᠬᠠᠮᠲᠤ ᠪᠠᠢᠬᠤ᠂ ᠠᠷᠠᠳ ᠲᠦᠮᠡᠨ᠎ᠤ ᠠᠱᠢᠭ ᠲᠤᠰᠠ᠎ᠶ᠋ᠢᠨ ᠲᠥᠯᠥᠭᠡ ᠲᠡᠮᠡᠴᠡᠬᠦ᠌᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ ᠭᠡᠵᠦ᠍ ᠵᠢᠭᠠᠵᠦ᠍ ᠭᠠᠷᠭᠠᠪᠠ᠃
ᠱ᠌ᠢ᠎ᠲᠠᠢ ᠹᠧᠩ᠂ ᠵᠠᠭᠤᠨ ᠵᠢᠯ᠎ᠤᠨ ᠨᠠᠮ᠎ᠤᠨ ᠲᠡᠦᠬᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠡᠦᠬᠡ᠎ᠶ᠋ᠢ ᠰᠤᠷᠤᠯᠴᠠᠬᠤ᠎ᠨᠢ ᠲᠠᠷᠤᠢ ᠪᠡᠶ᠎ᠡ᠎ᠪᠠᠨ ᠴᠢᠩᠭ᠎ᠠ ᠱᠠᠭᠠᠷᠳᠠᠬᠤ ᠵᠠᠩ ᠰᠤᠷᠲᠠᠯ᠎ᠢ ᠡᠷᠬᠢᠮᠯᠡᠵᠦ᠍᠂ ᠢᠮᠠᠭ᠍ᠲᠠ ᠠᠷᠢᠭᠤᠨ ᠴᠢᠬᠡᠴᠢ ᠬᠦᠮᠦᠨ ᠪᠤᠯᠵᠤ᠂ ᠴᠡᠪᠡᠷ ᠴᠢᠬᠡᠴᠢ᠎ᠪᠠᠷ ᠠᠵᠢᠯ ᠬᠢᠵᠦ᠍᠂ ᠠᠷᠢᠭᠤᠨ ᠴᠢᠬᠡᠴᠢ ᠤᠯᠤᠰ ᠲᠦᠷᠦ᠎ᠶ᠋ᠢᠨ ᠤᠤᠷ ᠴᠢᠨᠠᠷ᠎ᠢᠶᠠᠨ ᠡᠭᠦᠷᠢᠳᠡ ᠬᠠᠳᠠᠭᠠᠯᠠᠬᠤ ᠶᠠᠪᠤᠲᠠᠯ ᠪᠤᠯᠤᠨ᠎ᠠ᠃ ᠨᠠᠮ᠎ᠤᠨ ᠭᠡᠱᠢᠭᠦᠨ ᠢᠯᠠᠩᠭᠤᠶ᠎ᠠ ᠤᠳᠤᠷᠢᠳᠭᠤ ᠺᠠᠳ᠋ᠷᠴᠤᠳ᠎ᠤᠨ ᠵᠠᠩ ᠮᠣᠷᠠᠯ ᠪᠣᠯ ᠬᠤᠪᠢ ᠬᠦᠮᠦᠨ᠎ᠤ ᠶᠠᠪᠤᠳᠠᠯ ᠪᠢᠰᠢ ᠨᠡᠩ ᠴᠤ᠌ ᠪᠠᠭ᠎ᠠ ᠶᠠᠪᠤᠳᠠᠯ ᠪᠢᠰᠢ᠂ ᠬᠠᠷᠢᠨ ᠨᠠᠮ᠎ᠤᠨ ᠲᠦᠷᠢ ᠲᠥᠷᠬᠦ᠌ ᠪᠠ ᠢᠲᠡᠭᠡᠯ ᠬᠦᠨᠳᠦᠳᠤ ᠬᠤᠯᠪᠣᠭ᠍ᠳᠠᠬᠤ ᠶᠡᠭᠡ ᠶᠠᠪᠤᠳᠠᠯ ᠮᠥᠨ ᠭᠡᠳᠡᠭ᠎ᠢ ᠲᠡᠦᠬᠡ᠎ᠶ᠋ᠢᠨ ᠲᠤᠷᠱᠢᠯᠭ᠎ᠠ ᠰᠤᠷᠭᠠᠮᠵᠢ ᠪᠢᠳᠡᠨ᠎ᠳᠤ ᠬᠡᠯᠡᠵᠦ᠍ ᠥᠭ᠌ᠭᠦᠭ᠌ᠰᠡᠨ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠤᠷᠢ᠊ ᠡᠶ᠎ᠡ ᠢᠮᠠᠭ᠍ᠲᠠ ᠨᠠᠮ᠎ᠤᠨ ᠭᠡᠱᠢᠭᠦᠨ ᠺᠠᠳ᠋ᠷ᠎ᠢ ᠴᠢᠩᠭ᠎ᠠ ᠱᠠᠭᠠᠷᠳᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠭᠡᠱᠢᠭᠦᠨ ᠺᠠᠳ᠋ᠷ᠎ᠤᠨ ᠦᠪᠡᠷ᠎ᠤᠨ ᠪᠠᠶ᠎ᠠ᠎ᠪᠠᠨ ᠴᠢᠩᠭ᠎ᠠ ᠱᠠᠭᠠᠷᠳᠠᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠍᠂ ᠠᠯᠢ ᠤᠯᠠᠨ ᠴᠢᠩᠭ᠎ᠠ ᠱᠠᠭᠠᠷᠳᠠᠯᠭ᠎ᠠ ᠳᠤᠷᠠᠳᠴᠤ᠌᠂ ᠠᠯᠢ ᠤᠯᠠᠨ ᠬᠤᠪᠢᠰᠭᠠᠯᠲᠤ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠠᠵᠢᠯ᠎ᠢ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠪᠡᠶ᠎ᠡ᠎ᠪᠠᠨ ᠴᠢᠩᠭ᠎ᠠ ᠱᠠᠭᠠᠷᠳᠠᠬᠤ᠂ ᠡᠷᠬᠢᠮ ᠲᠡᠬᠡᠳᠤ ᠵᠠᠩ ᠮᠣᠷᠠᠯ᠎ᠲᠠᠢ ᠪᠠᠢᠬᠤ ᠰᠠᠢᠨ ᠰᠠᠢᠬᠠᠨ ᠠᠭᠤᠷ ᠠᠮᠢᠰᠭᠤᠯ ᠪᠠ ᠬᠦᠴᠦᠷᠬᠡᠭ ᠶᠡᠭᠡ ᠢᠳᠡᠪᠬᠢ ᠬᠦᠴᠦᠨ᠎ᠢ ᠪᠤᠢ ᠪᠣᠯᠭᠠᠪᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠰᠤᠷᠭᠠᠯ᠎ᠢ ᠪᠠᠲᠤ ᠴᠡᠭᠡᠵᠢᠯᠡᠵᠦ᠍᠂ ᠴᠠᠭ ᠢᠮᠠᠭ᠍ᠲᠠ ᠰᠣᠨᠣᠷ ᠰᠡᠷᠡᠮᠵᠢ᠎ᠲᠠᠢ ᠪᠠᠢᠵᠤ᠂ ᠬᠡᠷᠡᠭ᠎ᠢ ᠪᠠᠭ᠎ᠠ ᠳᠡᠭᠡᠷ᠎ᠡ᠎ᠨᠢ ᠰᠡᠷᠭᠡᠢᠯᠡᠬᠦ᠌ ᠲᠠᠯ᠎ᠠ᠎ᠪᠠᠷ ᠬᠠᠯᠠᠱᠢᠷᠠᠯ ᠦᠭᠡᠢ ᠴᠢᠷᠮᠠᠢᠠ ᠵᠢᠳᠭᠦᠵᠦ᠍᠂ ᠤᠯᠤᠰ ᠲᠥᠷᠥ᠎ᠶ᠋ᠢᠨ ᠲᠣᠭ᠍ᠲᠠᠯ ᠬᠦᠴᠦᠨ᠂ ᠰᠠᠬᠢᠯᠭ᠎ᠠ ᠪᠠᠲᠤ᠎ᠶ᠋ᠢᠨ ᠲᠣᠭ᠍ᠲᠠᠯ ᠬᠦᠴᠦᠨ᠂ ᠶᠣᠰᠣ ᠰᠤᠷᠲᠠᠬᠤᠨ᠎ᠤ ᠲᠣᠭ᠍ᠲᠠᠯ ᠬᠦᠴᠦᠨ᠂ ᠢᠯᠵᠠᠷᠠᠯ᠎ᠢ ᠡᠰᠡᠷᠭᠦᠴᠡᠬᠦ᠌ ᠲᠣᠭ᠍ᠲᠠᠯ ᠬᠦᠴᠦᠨ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ ᠠᠷᠢᠭᠤᠨ ᠴᠢᠬᠡᠴᠢ᠎ᠪᠠᠷ ᠬᠥᠮᠦᠨ ᠪᠣᠯᠬᠤ᠂ ᠴᠡᠪᠡᠷ ᠴᠢᠬᠡᠴᠢ᠎ᠪᠠᠷ ᠠᠵᠢᠯ ᠬᠢᠬᠦ᠌᠎ᠶ᠋ᠢ ᠦᠨᠡᠨ ᠬᠦ᠌ ᠪᠡᠶᠡᠯᠡᠭᠦᠯᠵᠦ᠍᠂ ᠪᠡᠶ᠎ᠡ᠎ᠪᠠᠨ ᠴᠢᠩᠭ᠎ᠠ ᠱᠠᠭᠠᠷᠳᠠᠬᠤ ᠵᠠᠩ ᠮᠣᠷᠠᠯ᠎ᠤᠨ ᠬᠡᠪ ᠳᠠᠭᠤᠷᠢᠶᠠᠯ᠎ᠢ ᠴᠢᠷᠮᠠᠢᠨ ᠪᠣᠶ ᠪᠣᠯᠭᠠᠬᠤ ᠬᠡᠷᠡᠭ᠌ᠲᠡᠶ ᠭᠡᠵᠦ᠍ ᠵᠢᠭᠠᠵᠦ᠍ ᠭᠠᠷᠭᠠᠪᠠ᠃