2013 ᠣᠨ᠎ᠤ 11 ᠰᠠᠷ᠎ᠠ᠎ᠳᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠰᠲ᠋ᠧᠮ᠎ᠲᠠᠢ ᠪᠠᠢᠷᠢᠯᠠᠭᠤᠯᠤᠯᠲᠠ ᠬᠢᠵᠦ᠍᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠲᠣᠭ᠍ᠲᠠᠭᠠᠯ ᠭᠠᠷᠭᠠᠵᠤ᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠥᠭᠡᠷᠡᠴᠢᠯᠡᠯᠲᠡ᠎ᠶ᠋ᠢᠨ ᠴᠢᠭ᠌ᠯᠡᠯ᠂ ᠬᠠᠷᠠᠯᠲᠠ ᠪᠠ ᠡᠭᠦᠷᠭᠡ᠎ᠶ᠋ᠢ ᠲᠣᠳᠣᠷᠬᠠᠢᠯᠠᠪᠠ᠃ 2014 ᠣᠨ᠎ᠤ 10 ᠰᠠᠷ᠎ᠠ᠎ᠳᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠬᠠᠤᠯᠢᠵᠢᠯ᠎ᠤᠨ ᠪᠠᠢᠭᠤᠯᠤᠯᠲᠠ᠎ᠶ᠋ᠢᠨ ᠠᠰᠠᠭᠤᠳᠠᠯ᠎ᠢ ᠲᠤᠰᠭᠠᠢ ᠰᠡᠳᠦᠪ᠎ᠢᠶᠠᠷ ᠰᠤᠳᠤᠯᠵᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠲᠣᠭ᠍ᠲᠠᠭᠠᠯ᠎ᠢ ᠪᠠᠳᠤᠯᠠᠨ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠢᠭᠤᠯᠤᠯᠲᠠ᠎ᠳᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠴᠢᠬᠤᠯᠠ ᠶᠡᠭᠡ ᠡᠭᠦᠷᠭᠡ᠎ᠶ᠋ᠢ ᠲᠣᠳᠣᠷᠬᠠᠢᠯᠠᠵᠠᠢ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠎ᠠᠴᠠ ᠭᠠᠷᠭᠠᠭ᠍ᠰᠠᠨ ᠬᠤᠶᠠᠷ ᠲᠣᠭ᠍ᠲᠠᠭᠠᠯ᠎ᠨᠢ ᠥᠭᠡᠷᠡᠴᠢᠯᠡᠯᠲᠡ ᠪᠠ ᠬᠠᠤᠯᠢᠵᠢᠯ᠎ᠢ ᠬᠤᠤᠰᠯᠠᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠭᠦ᠌ ᠦᠢᠯᠡᠰ᠎ᠤᠨ ᠤᠷᠤᠬ᠍ᠰᠢ ᠬᠥᠭ᠌ᠵᠢᠬᠦ᠌᠎ᠶ᠋ᠢ ᠬᠦᠴᠦᠲᠡᠢ ᠠᠬᠢᠭᠤᠯᠪᠠ᠃ ᠦᠢᠯᠡᠳᠦᠯᠭᠡ᠎ᠶ᠋ᠢᠨ ᠬᠥᠭ᠌ᠵᠢᠯᠲᠡ᠎ᠶ᠋ᠢ ᠲᠠᠭᠠᠯᠳᠤᠨ᠂ ᠨᠠᠮ᠎ᠤᠨ ᠤᠯᠤᠰ᠎ᠢ ᠵᠠᠰᠠᠵᠤ ᠵᠠᠰᠠᠭ᠎ᠢ ᠡᠷᠬᠢᠯᠡᠬᠦ᠌ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠢᠷᠡᠪᠡ᠃ 12 ᠰᠠᠷ᠎ᠠ᠎ᠳᠤ᠂ ᠰᠢ᠎ᠶ᠋ᠢᠨ ᠫᠢᠩ ᠵᠢᠶᠠᠩᠰᠦ᠎ᠳᠤ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠭᠦ᠌᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠵᠣᠬᠢᠴᠠᠩᠭᠤᠢ ᠠᠬᠢᠭᠤᠯᠬᠤ ᠲᠤᠬᠠᠢ ᠠᠩᠬ᠎ᠠ ᠤᠳᠠᠭ᠎ᠠ ᠳᠤᠷᠠᠳᠴᠠᠢ᠃
2015 ᠣᠨ᠎ᠤ 2 ᠰᠠᠷ᠎ᠠ᠎ᠳᠤ᠂ ᠰᠢ᠎ᠶ᠋ᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠭᠤ ᠺᠠᠳ᠋ᠷᠴᠤᠳ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠬᠠᠤᠯᠢ᠎ᠪᠠᠷ ᠤᠯᠤᠰ᠎ᠢᠶᠠᠨ ᠵᠠᠰᠠᠬᠤ ᠶᠠᠪᠤᠳᠠᠯ᠎ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠶ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ᠎ᠳᠠᠬᠢ ᠶᠠᠷᠢᠶᠠᠨ᠎ᠳᠠᠭᠠᠨ᠂ 《ᠳᠥᠷᠪᠡᠨ ᠪᠦᠬᠦ᠌ ᠲᠠᠯ᠎ᠠ》 ᠶ᠋ᠢᠨ ᠪᠠᠢᠷᠢ ᠲᠤᠬ᠍ᠳᠠᠭᠠᠯᠳᠠᠶ᠋ᠢ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ ᠬᠡᠵᠤ ᠲᠤᠳᠤᠷᠬᠠᠢᠯᠠᠪᠠ᠃ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢᠨ 《ᠪᠦᠬᠦ᠌ ᠲᠠᠯ᠎ᠠ》 ᠨᠢᠭᠡ ᠪᠦᠷᠢ᠎ᠨᠢ ᠴᠥᠮ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠠᠴᠢ ᠬᠤᠯᠪᠣᠭ᠍ᠳᠠᠯ᠎ᠲᠠᠢ᠂ ᠴᠥᠮ ᠪᠦᠬᠦ᠌ ᠲᠠᠯ᠎ᠠ᠎ᠳᠤ ᠬᠤᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠭᠤᠣᠯᠳᠠᠯᠭ᠎ᠠ ᠮᠥᠨ᠃ ᠡᠭᠦᠨ᠎ᠤ ᠬᠠᠮᠲᠤ᠌᠂ 《ᠳᠥᠷᠪᠡᠨ ᠪᠦᠬᠦ᠌ ᠲᠠᠯ᠎ᠠ》 ᠨᠢ ᠬᠠᠷᠢᠯᠴᠠᠨ ᠨᠦᠬᠦᠴᠡᠯᠳᠦᠨ᠂ ᠬᠠᠷᠢᠯᠴᠠᠨ ᠠᠬᠢᠭᠤᠯᠵᠦ᠍᠂ ᠬᠠᠷᠢᠯᠴᠠᠨ ᠲᠦᠱᠢᠭ᠌ᠯᠡᠯᠴᠡᠵᠤ᠂ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ ᠪᠠ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ ᠬᠠᠷᠢᠯᠴᠠᠨ ᠨᠢᠭᠡᠳᠦᠭ᠌ᠰᠡᠨ ᠣᠷᠭᠠᠨᠢᠭ ᠪᠦᠬᠦᠯᠢ ᠴᠣᠭ᠍ᠴᠠ ᠮᠥᠨ᠃ 《ᠳᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠨᠢ ᠭᠤᠣᠯ ᠵᠥᠷᠢᠴᠡᠯ ᠪᠣᠯᠤᠨ ᠵᠥᠷᠢᠴᠡᠯ᠎ᠤᠨ ᠭᠤᠣᠯ ᠲᠠᠯ᠎ᠠ᠎ᠶ᠋ᠢ ᠠᠳᠭᠤᠵᠤ᠂ ᠪᠣᠳᠠᠰᠴᠢ ᠬᠤᠪᠢᠰᠤᠩᠭᠤᠢ ᠠᠷᠭ᠎ᠠ᠎ᠶ᠋ᠢ ᠢᠯᠡᠷᠡᠭᠦᠯᠵᠦ᠍᠂ ᠨᠠᠮ᠎ᠤᠨ ᠱᠢᠨ᠎ᠡ ᠪᠠᠢᠳᠠᠯ ᠳᠣᠣᠷᠠᠬᠢ ᠤᠯᠤᠰ᠎ᠢ ᠵᠠᠰᠠᠵᠤ ᠵᠠᠰᠠᠭ᠎ᠢ ᠡᠷᠬᠢᠯᠡᠬᠦ᠌ ᠶᠡᠷᠦᠩᠬᠡᠢ ᠭᠠᠷᠳᠠᠴᠠ ᠪᠣᠯᠵᠠᠢ᠃
ᠡᠭᠦᠨ᠎ᠤ ᠲᠠᠷᠠᠭ᠎ᠠ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠂ ᠵᠢᠷᠭᠤᠳᠤᠭᠠᠷ ᠪᠦᠬᠦᠳᠡ ᠬᠤᠷᠠᠯ᠎ᠠᠴᠠ ᠪᠠᠰᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠭᠦ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠲᠤᠰᠭᠠᠢ ᠰᠡᠳᠦᠪ᠎ᠢᠶᠠᠷ ᠰᠤᠳᠤᠯᠵᠤ᠂ ᠴᠢᠬᠤᠯᠠ ᠪᠠᠢᠷᠢᠯᠠᠭᠤᠯᠤᠯᠲᠠ ᠬᠢᠪᠡ᠃ 2015 ᠣᠨ᠎ᠤ 10 ᠰᠠᠷ᠎ᠠ᠎ᠳᠤ ᠬᠤᠷᠠᠯᠳᠤᠬ᠍ᠰᠠᠨ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠠᠴᠠ ᠱᠢᠨ᠎ᠡ᠎ᠶ᠋ᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠍᠂ ᠬᠠᠮᠲᠤ᠎ᠪᠠᠷ ᠡᠳ᠋ᠯᠡᠬᠦ᠌ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠣᠳᠣᠷᠬᠠᠢ ᠲᠤᠷᠠᠳᠴᠤ᠌᠂ ᠪᠦᠬᠦᠳᠡ ᠬᠤᠷᠠᠯ᠎ᠠᠴᠠ ᠬᠢᠨᠠᠨ ᠵᠦᠪᠯᠡᠵᠤ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠳᠤ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠶᠡᠷᠦᠩᠬᠡᠢ ᠵᠢᠯᠤᠭᠤᠳᠤᠯᠭ᠎ᠠ ᠪᠤᠯᠭᠠᠨ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠰᠡᠳᠭᠢᠴᠡ᠂ ᠬᠥᠭ᠌ᠵᠢᠯᠲᠡ᠎ᠶ᠋ᠢᠨ ᠴᠢᠭ᠌ᠯᠡᠯ᠂ ᠬᠥᠭ᠌ᠵᠢᠯᠲᠡ᠎ᠶ᠋ᠢᠨ ᠬᠦᠴᠦᠯᠡᠬᠦ᠌ ᠴᠡᠭ᠎ᠢ ᠲᠣᠳᠣᠷᠬᠠᠢᠯᠠᠪᠠ᠃ 2016 ᠣᠨ᠎ᠤ 10 ᠰᠠᠷ᠎ᠠ᠎ᠳᠤ ᠬᠤᠷᠠᠯᠳᠤᠭᠤᠯᠤᠬ᠍ᠰᠠᠨ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠠᠴᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠰᠠᠭᠤᠳᠠᠯ᠎ᠢ ᠲᠤᠰᠭᠠᠢ ᠰᠡᠳᠦᠪ᠎ᠢᠶᠠᠷ ᠰᠤᠳᠤᠯᠵᠤ᠂ ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ᠎ᠢ ᠴᠢᠩᠳᠠᠯᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠂ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠬᠦ᠌᠎ᠳᠤ ᠦᠨᠳᠦᠰᠦᠨ ᠵᠢᠷᠤᠮᠯᠠᠯ ᠬᠠᠩᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠴᠢᠬᠤᠯᠠ ᠲᠦᠷᠢᠮ᠎ᠤᠨ ᠪᠠᠲᠤᠯᠠᠭ᠎ᠠ ᠬᠠᠩᠭᠠᠪᠠ᠃
《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ ᠪᠣᠯ ᠨᠠᠮ᠎ᠤᠨ ᠱᠢᠨ᠎ᠡ ᠴᠠᠭ ᠦᠶ᠎ᠡ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠢᠨ᠎ᠡ ᠣᠨᠴᠠᠯᠢᠭ᠎ᠢ ᠡᠵᠡᠮᠳᠡᠵᠤ ᠲᠣᠭ᠍ᠲᠠᠭᠠᠭ᠍ᠰᠠᠨ ᠤᠯᠤᠰ᠎ᠢ ᠵᠠᠰᠠᠵᠤ ᠵᠠᠰᠠᠭ᠎ᠢ ᠡᠷᠬᠢᠯᠡᠬᠦ᠌ ᠱᠢᠨ᠎ᠡ ᠠᠷᠭ᠎ᠠ ᠪᠤᠳᠤᠯᠭ᠎ᠠ ᠮᠦᠨ᠂ ᠡᠨᠡ᠎ᠨᠢ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠲᠤᠮᠳᠠᠬᠢ ᠦᠨᠳᠦᠰᠦᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠲᠤᠯᠭᠠᠮ ᠴᠢᠨᠠᠷᠲᠠᠢ ᠴᠢᠬᠤᠯᠠ ᠶᠡᠭᠡ ᠠᠰᠠᠭᠤᠳᠠᠯ᠎ᠢ ᠠᠳᠭᠤᠵᠤ᠂ ᠥᠭᠡᠷᠡᠴᠢᠯᠡᠯᠲᠡ ᠨᠡᠭᠡᠭᠡᠯᠳᠠ ᠪᠠ ᠤᠳᠤᠬᠢᠴᠢᠯᠡᠯᠳᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠦᠵᠦ᠍ ᠲᠥᠯᠥᠪᠯᠡᠭᠡ᠎ᠶ᠋ᠢ ᠵᠢᠷᠤᠬ᠍ᠯᠠᠨ᠂ ᠨᠠᠮ ᠪᠠ ᠤᠯᠤᠰ᠎ᠤᠨ ᠠᠵᠢᠯ ᠦᠢᠯᠡᠰ᠎ᠤᠨ ᠠᠯᠤᠰ ᠬᠡᠳᠤ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠪᠠ ᠠᠷᠭ᠎ᠠ ᠬᠡᠮᠵᠢ᠊ ᠡᠶ᠎ᠡ᠎ᠶ᠋ᠢ ᠲᠥᠪᠯᠡᠷᠡᠩᠭᠦᠢ ᠢᠯᠡᠷᠡᠭᠦᠯᠪᠡ᠃ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠤᠬᠢᠴᠠᠩᠭᠤᠢ ᠠᠬᠢᠭᠤᠯᠬᠤ᠎ᠶ᠋ᠢᠨ ᠪᠦᠷᠢᠯᠳᠦᠭ᠌ᠰᠡᠨ ᠶᠠᠪᠤᠳᠠᠯ᠎ᠨᠢ᠂ ᠨᠠᠮ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠎ᠶ᠋ᠢᠨ ᠲᠤᠬᠠᠢ ᠡᠵᠡᠮᠳᠡᠯ᠎ᠨᠢ ᠤᠷᠢᠳ ᠡᠮᠦᠨ᠎ᠡ ᠪᠠᠢᠭ᠎ᠠ ᠦᠭᠡᠢ ᠱᠢᠨ᠎ᠡ ᠦᠨᠳᠦᠷ ᠲᠦᠪᠱᠢᠨ᠎ᠳᠤ ᠬᠦᠷᠦᠭ᠌ᠰᠡᠨᠢ ᠬᠠᠷᠠᠭᠤᠯᠵᠤ ᠪᠠᠢᠨ᠎ᠠ᠃