《ᠴᠠᠭ ᠦᠶ᠎ᠡ᠎ᠶ᠋ᠢᠨ ᠵᠢᠱ᠌ᠢᠶᠡᠴᠢ》᠂ ᠠᠯᠠᠱᠠ ᠠᠢᠮᠠᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠤᠤᠯ᠎ᠤᠨ ᠲᠡᠷᠢᠭᠦᠯᠡᠭ᠌ᠴᠢ ᠰᠦᠬᠡ ᠨᠥᠬᠦᠷ 2021 ᠣᠨ᠎ᠤ 6 ᠰᠠᠷ᠎ᠠ᠎ᠶ᠋ᠢᠨ 20 ᠤ ᠡᠳᠦᠷ ᠡᠪᠡᠳᠴᠢᠨ᠎ᠢᠶᠠᠷ ᠨᠠᠰᠤ ᠪᠠᠷᠠᠪᠠ᠂ ᠨᠠᠰᠤᠨ ᠰᠡᠭᠦᠳᠡᠷ 74᠃ 6 ᠰᠠᠷ᠎ᠠ᠎ᠶ᠋ᠢᠨ 23 ᠤ ᠦᠳᠡ᠎ᠶ᠋ᠢᠨ ᠡᠮᠦᠨ᠎ᠡ᠂ ᠰᠦᠬᠡ ᠨᠥᠬᠦᠷ᠎ᠤᠨ ᠴᠢᠨᠳᠠᠷ᠎ᠠᠴᠠ ᠰᠠᠯᠬᠤ ᠶᠣᠰᠣᠯᠠᠯ ᠡᠵᠡᠨ᠎ᠡ ᠬᠤᠱᠢᠭᠤᠨ᠎ᠳᠤ ᠶᠠᠪᠤᠭ᠍ᠳᠠᠵᠠᠢ᠃
ᠰᠦᠬᠡ ᠨᠥᠬᠦᠷ 1947 ᠣᠨ᠎ᠳᠤ ᠠᠯᠠᠱᠠ ᠠᠢᠮᠠᠭ᠎ᠤᠨ ᠡᠵᠡᠨ᠎ᠡ ᠬᠤᠱᠢᠭᠤᠨ᠎ᠳᠤ ᠲᠦᠷᠦᠵᠤ᠂ 1966 ᠣᠨ᠎ᠤ 6 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠤᠷᠢᠳ ᠬᠤᠵᠢᠳ ᠡᠵᠡᠨ᠎ᠡ ᠬᠤᠱᠢᠭᠤᠨ᠎ᠤ ᠳᠠᠷᠤᠭ᠎ᠠ᠂ ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠱᠦᠵᠢ᠂ ᠠᠢᠮᠠᠭ᠎ᠤᠨ ᠳᠡᠳ᠋ ᠳᠠᠷᠤᠭ᠎ᠠ᠂ ᠠᠯᠠᠱᠠ ᠠᠢᠮᠠᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢ ᠵᠡᠷᠭᠡ ᠲᠤᠱᠢᠶᠠᠯ᠎ᠢ ᠡᠭᠦᠷᠭᠡᠯᠡᠪᠡ᠃ 2004 ᠣᠨ᠎ᠳᠤ᠂ ᠰᠦᠬᠡ ᠰᠠᠨᠠᠭᠠᠴᠢᠯᠠᠭ᠎ᠠ᠎ᠠᠴᠠ᠎ᠪᠠᠨ ᠵᠣᠬᠢᠶᠠᠨ ᠪᠠᠢᠭᠤᠯᠤᠯᠲᠠ᠎ᠳᠤ ᠭᠤᠶᠤᠴᠢᠯᠠᠯ ᠭᠠᠷᠭᠠᠵᠤ᠂ ᠠᠯᠠᠱᠠ ᠠᠢᠮᠠᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢ᠎ᠶ᠋ᠢᠨ ᠠᠵᠢᠯ᠎ᠤᠨ ᠪᠠᠢᠷᠢ᠎ᠠᠴᠠ᠎ᠪᠠᠨ ᠤᠷᠢᠳᠴᠢᠯᠠᠨ ᠪᠠᠭᠤᠵᠤ᠂ ᠠᠵᠢᠯ᠎ᠠᠴᠠ᠎ᠪᠠᠨ ᠠᠮᠠᠷᠠᠭ᠍ᠰᠠᠨ ᠲᠠᠭᠠᠯᠠᠮᠵᠢᠲᠠᠢ ᠠᠮᠢᠳᠤᠷᠠᠯ᠎ᠢᠶᠠᠨ ᠲᠠᠶᠠᠭ᠍ᠳᠠᠠ᠂ ᠡᠬᠡᠨᠠᠷ᠎ᠢᠶᠠᠨ ᠳᠠᠭᠠᠭᠤᠯᠤᠨ ᠠᠢᠮᠠᠭ᠎ᠤᠨ ᠵᠠᠰᠠᠭ᠎ᠤᠨ ᠣᠷᠳᠣᠨ᠎ᠤ ᠪᠠᠢᠭ᠎ᠠ ᠭᠠᠵᠠᠷ᠎ᠠᠴᠠ 700 ᠭᠠᠷᠤᠢ ᠺᠢᠯᠤᠮᠧᠲᠷ ᠵᠠᠢᠲᠠᠢ ᠡᠵᠡᠨ᠎ᠡ ᠬᠤᠱᠢᠭᠤᠨ᠎ᠤ ᠬᠠᠷ᠎ᠠ ᠬᠤᠲᠠ᠎ᠶ᠋ᠢᠨ ᠬᠤᠷᠮᠣᠢ᠎ᠳᠤ ᠬᠦᠷᠴᠦ᠍ ᠡᠯᠡᠰᠦ᠎ᠶ᠋ᠢ ᠵᠠᠰᠠᠵᠤ ᠣᠢᠵᠢᠭᠤᠯᠬᠤ ᠦᠢᠯᠡᠰ᠎ᠲᠤ ᠣᠷᠣᠯᠴᠠᠵᠠᠢ᠃ ᠰᠦᠬᠡ ᠨᠠᠰᠤᠳᠠᠨ ᠨᠠᠰᠤ ᠠᠬᠠᠱᠢᠷᠠᠭ᠍ᠰᠠᠨᠢᠶᠠᠨ ᠬᠠᠢᠬᠤᠷᠤᠯ ᠦᠬᠡᠢ᠂ ᠭᠡᠷ ᠪᠠᠢᠱᠢᠩ ᠦᠭᠡᠢ᠂ ᠤᠰᠤ ᠦᠭᠡᠢ᠂ ᠵᠠᠮ ᠦᠭᠡᠢ᠂ ᠴᠠᠬᠢᠯᠭᠠᠨ ᠦᠭᠡᠢ ᠬᠠᠳᠠᠭᠤ ᠣᠷᠴᠢᠨ᠎ᠳᠤ᠂ ᠬᠠᠳᠠᠨ ᠵᠤᠷᠢᠭᠲᠠᠢ᠂ ᠳᠡᠰᠪᠦᠷᠢᠳᠡᠢ᠂ ᠡᠷᠡᠰ ᠰᠠᠬᠢᠬᠤ᠂ ᠬᠠᠷᠠᠮ ᠦᠭᠡᠢ ᠵᠣᠷᠢᠭᠤᠯᠬᠤ ᠴᠢᠨᠠᠷ᠎ᠢᠶᠠᠷ ᠠᠷᠪᠠ ᠭᠠᠷᠤᠢ ᠵᠢᠯ᠎ᠢ ᠨᠢᠭᠡ ᠯᠡ ᠡᠳᠦᠷ ᠮᠡᠲᠦ ᠥᠩᠭᠡᠷᠡᠭᠦᠯᠵᠦ᠍᠂ ᠰᠠᠯᠬᠢ ᠡᠯᠡᠰᠦ᠎ᠲᠠᠢ ᠲᠡᠮᠡᠴᠡᠵᠦ᠍᠂ ᠪᠣᠬᠢᠷᠲᠤᠯ ᠦᠭᠡᠢ ᠲᠠᠷᠢᠵᠤ᠂ ᠭᠠᠩ ᠬᠠᠭ᠍ᠰᠠᠷᠠᠭᠠᠨ᠎ᠲᠠᠢ ᠲᠡᠮᠡᠴᠡᠵᠦ᠍᠂ ᠨᠢᠭᠡ ᠢᠵᠢ ᠪᠦᠲᠦᠮᠵᠢᠲᠡᠢ ᠲᠠᠷᠢᠬᠤ ᠮᠡᠷᠭᠡᠵᠢᠯ᠎ᠢ ᠰᠦᠪᠡᠭ᠌ᠴᠢᠯᠡᠨ ᠭᠠᠷᠭᠠᠵᠤ᠂ ᠬᠥᠮᠦᠨ᠎ᠤ ᠬᠦᠴᠦ᠎ᠪᠠᠷ 25 ᠲᠦᠮᠡ ᠭᠠᠷᠤᠢ ᠵᠠᠭ ᠮᠣᠳᠣ᠂ 2000 ᠭᠠᠷᠤᠢ ᠲᠣᠣᠷᠠᠢ ᠤᠯᠢᠶᠠᠰᠤ ᠲᠠᠷᠢᠵᠤ᠂ 6307 ᠮᠦ᠍ ᠮᠣᠳᠣ ᠲᠠᠷᠢᠵᠤ ᠣᠢᠵᠢᠭᠤᠯᠵᠤ᠂ ᠱᠢᠷ᠎ᠠ ᠡᠯᠡᠰᠦ ᠬᠠᠷ᠎ᠠ ᠬᠤᠲᠠ᠎ᠶ᠋ᠢᠨ ᠪᠠᠭᠤᠷᠢ᠎ᠶ᠋ᠢ ᠢᠳᠡᠭ᠌ᠳᠡᠭᠦᠯᠬᠦ᠌ᠶ᠋ᠢ ᠪᠦᠲᠦᠮᠵᠢᠲᠡᠢ ᠬᠤᠷᠢᠡᠡᠯᠠᠪᠠ᠃ 2018 ᠣᠨ᠎ᠤ 9 ᠰᠠᠷ᠎ᠠ᠎ᠳᠤ᠂ ᠰᠦᠬᠡ᠎ᠶ᠋ᠢᠨ ᠪᠠᠷᠠᠭᠤᠨ ᠬᠥᠯ᠎ᠨᠢ ᠡᠪᠡᠰᠦ ᠬᠠᠳᠤᠬᠤ ᠮᠠᠱᠢᠨ᠎ᠳᠤ ᠪᠣᠭᠤᠮᠢᠯᠠᠭ᠍ᠳᠠᠭ᠍ᠰᠠᠨᠤ ᠳᠠᠷᠠᠭ᠎ᠠ ᠮᠥᠴᠢ ᠣᠭ᠍ᠲᠣᠯᠬᠤ ᠮᠡᠰᠡ ᠵᠠᠰᠠᠯ ᠬᠢᠵᠦ᠍᠂ ᠬᠢᠮᠡᠯ ᠮᠥᠴᠢ ᠲᠠᠭᠠᠷᠠᠭᠤᠯᠵᠤ ᠳᠠᠬᠢᠨ ᠪᠣᠰᠴᠤ᠌ ᠵᠣᠭ᠍ᠰᠣᠬᠤ ᠦᠶ᠎ᠡ᠎ᠳᠤ᠂ ᠳᠠᠬᠢᠨᠲᠠ ᠬᠠᠷ᠎ᠠ ᠬᠤᠲᠠ᠎ᠳᠤ ᠪᠤᠴᠠᠵᠤ ᠮᠣᠳᠣ ᠳᠠᠷᠢᠵᠤ᠂ ᠡᠯᠡᠰᠦᠨ ᠲᠡᠯᠡᠶ᠎ᠳᠤ ᠲᠡᠷᠡᠬᠦ᠌ ᠬᠡᠰᠡᠭ ᠨᠣᠭᠤᠭᠠᠨ ᠥᠩᠭᠡ᠎ᠶ᠋ᠢ ᠦᠷᠭᠦᠯᠵᠢᠯᠡᠨ ᠰᠠᠬᠢᠨ ᠬᠠᠮᠠᠭᠠᠯᠠᠪᠠ᠃
ᠰᠦᠬᠡ ᠨᠥᠬᠦᠷ 2014 ᠣᠨ᠎ᠳᠤ ᠲᠥᠪ᠎ᠤᠨ ᠤᠬᠠᠭᠤᠯᠬᠤ ᠬᠡᠯᠲᠡᠰ᠎ᠤᠨ 《ᠴᠠᠭ ᠦᠶ᠎ᠡ᠎ᠶ᠋ᠢᠨ ᠵᠢᠱ᠌ᠢᠶᠡᠴᠢ》 ᠶ᠋ᠢᠨ ᠢᠷᠠᠭᠤ ᠠᠯᠳᠠᠷ᠎ᠤᠨ ᠴᠣᠯᠠ ᠬᠦᠷᠲᠠᠵᠤ᠂ ᠤᠷᠢᠳ ᠬᠤᠵᠢᠳ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠪᠠᠷ ᠨᠡᠷ᠎ᠡ ᠳᠤᠷᠠᠳᠤᠭ᠍ᠳᠠᠵᠤ᠂ ᠪᠦᠬᠦ᠌ ᠤᠯᠤᠰ᠎ᠤᠨ ᠠᠵᠢᠯ᠎ᠠᠴᠠ᠎ᠪᠠᠨ ᠳᠠᠷᠬᠠᠯᠠᠭ᠍ᠳᠠᠵᠤ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ᠎ᠤᠨ ᠲᠡᠷᠢᠭᠦᠨ᠎ᠤ ᠬᠤᠪᠢ ᠬᠥᠮᠦᠨ᠂ ᠪᠦᠬᠦ᠌ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠪᠦᠬᠦ᠌ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠂ ᠪᠦᠬᠦ᠌ ᠣᠷᠣᠨ᠎ᠤ ᠠᠵᠢᠯ᠎ᠠᠴᠠ᠎ᠪᠠᠨ ᠳᠠᠷᠬᠠᠯᠠᠭ᠍ᠳᠠᠵᠤ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ᠎ᠤᠨ ᠲᠡᠷᠢᠭᠦᠨ᠎ᠤ ᠬᠤᠪᠢ ᠬᠥᠮᠦᠨ᠂ 《ᠥᠪᠥᠷ ᠮᠣᠩᠭᠤᠯ᠎ᠢ ᠳᠣᠭ᠍ᠳᠣᠯᠤᠭᠤᠯᠤᠭ᠍ᠰᠠᠨ ᠬᠥᠮᠦᠰ》 ᠵᠡᠷᠭᠡ ᠢᠷᠠᠭᠤ ᠠᠯᠳᠠᠷ᠎ᠤᠨ ᠴᠣᠯᠠ᠎ᠶ᠋ᠢ ᠬᠦᠷᠳᠡᠵᠡᠢ᠃