6 ᠰᠠᠷ᠎ᠠ᠎ᠶ᠋ᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ ᠵᠢᠴᠢ ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠬᠤᠲᠠ᠎ᠶ᠋ᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠵᠡᠷᠭᠡ ᠨᠢᠭᠡᠴᠢ᠎ᠶ᠋ᠢᠨ ᠡᠷᠭᠢᠯᠡᠭ᠌ᠰᠡᠨ 《ᠡᠭᠦᠷᠢᠳᠡ ᠨᠠᠮ᠎ᠢᠶᠠᠨ ᠳᠠᠭᠠᠨ᠎ᠠ》 — ᠳᠤᠮᠳᠠᠳᠦ ᠤᠯᠤᠰ᠎ᠤᠨ ᠡᠪ ᠬᠠᠮᠳᠦ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ (ᠬᠦᠬᠡᠬᠤᠲᠠ ᠤᠷᠤᠨ) ᠤ ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ ᠬᠥᠬᠡᠬᠤᠲᠠ᠎ᠶ᠋ᠢᠨ ᠦᠨᠳᠦᠰᠦᠲᠡᠨ᠎ᠤ ᠪᠦᠯᠬᠦᠮᠳᠡᠯ᠎ᠤᠨ ᠪᠤᠤ ᠳ᠋ᠢᠩ ᠠᠭᠤᠳᠠᠮ ᠲᠠᠯᠠᠪᠠᠶ᠎ᠳᠤ ᠡᠬᠢᠯᠡᠪᠡ᠃
ᠡᠯ᠎ᠡ ᠦᠨᠳᠦᠰᠦᠲᠡᠨ ᠡᠯ᠎ᠡ ᠡᠲᠡᠭᠡᠳ᠎ᠤᠨ ᠤᠯᠠᠨ ᠲᠦᠮᠡᠨ ᠡᠬᠢᠯᠡᠯᠲᠡ᠎ᠶ᠋ᠢᠨ ᠶᠤᠰᠤᠯᠠᠯ᠎ᠤᠨ ᠤᠷᠠᠨ ᠰᠠᠢᠬᠠᠨ᠎ᠤ ᠲᠣᠭ᠍ᠯᠠᠯᠲᠠ᠎ᠳᠤ ᠣᠷᠣᠯᠴᠠᠵᠤ᠂ ᠲᠣᠭ᠍ᠯᠠᠭ᠍ᠴᠢᠳ᠎ᠨᠢ ᠦᠵᠡᠭ᠌ᠴᠢᠳ᠂ ᠦᠵᠡᠭ᠌ᠴᠢᠳ᠎ᠨᠢ ᠴᠦ᠍ ᠲᠣᠭ᠍ᠯᠠᠭ᠍ᠴᠢ ᠪᠤᠯᠵᠤ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠲᠠᠢ ᠪᠠᠢᠯ᠎ᠠ᠃ ᠲᠠᠢᠰᠠᠨ ᠳᠡᠭᠡᠷ᠎ᠡ᠂ ᠪᠢᠴᠢᠬᠠᠨ ᠬᠤᠨ ᠭᠠᠯᠠᠭᠤ ᠤᠷᠠᠯᠢᠭ᠎ᠤᠨ ᠪᠦᠯᠬᠦᠮ᠎ᠤᠨ ᠬᠡᠦᠬᠡᠳ᠎ᠤᠳ 《ᠪᠢᠳᠡ ᠪᠣᠯ ᠡᠪ ᠬᠠᠮᠲᠤ ᠶᠣᠰᠣᠨ᠎ᠤ ᠵᠠᠯᠭᠠᠮᠵᠢᠯᠠᠭ᠍ᠴᠢ ᠮᠥᠨ》 ᠭᠡᠬᠦ᠌ ᠳᠠᠭᠤᠤ ᠪᠥᠵᠢᠭ᠎ᠢᠶᠠᠷ ᠳᠠᠮᠵᠢᠭᠤᠯᠤᠨ ᠱᠢᠨ᠎ᠡ ᠴᠠᠭ ᠦᠶ᠎ᠡ᠎ᠶ᠋ᠢᠨ ᠱᠢᠯᠢᠳᠡᠭ ᠪᠠᠭᠠᠴᠤᠳ ᠪᠣᠯᠬᠤ᠎ᠪᠠᠷ ᠴᠢᠷᠮᠠᠢᠬᠤ ᠵᠣᠷᠢᠭ᠎ᠢᠶᠠᠨ ᠢᠯᠡᠳᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠰᠭᠠᠯ᠎ᠤᠨ ᠤᠳᠤᠮᠱᠢᠯ ᠵᠠᠭᠤᠨ ᠵᠢᠯ᠎ᠤᠨ ᠠᠶᠠᠨ᠎ᠳᠤ ᠦᠶ᠎ᠡ᠎ᠶ᠋ᠢᠨ ᠦᠶ᠎ᠡ᠎ᠳᠤ ᠤᠯᠠᠮᠵᠢᠯᠠᠭ᠍ᠳᠠᠭ᠍ᠰᠠᠨᠢ ᠪᠡᠯᠭᠡᠳᠡᠪᠡ; ᠨᠠᠢᠷᠠᠯ ᠳᠠᠭᠤᠤ 《ᠠᠭᠤᠯᠠ ᠤᠰᠤᠨ᠎ᠤ ᠳᠠᠭᠤᠤ᠎ᠪᠠᠨ ᠨᠠᠮ᠎ᠳᠠᠭᠠᠨ ᠡᠷᠬᠦᠶ᠎ᠡ》᠂ 《ᠬᠠᠲᠤᠨ ᠭᠤᠤᠯ᠎ᠢᠶᠠᠨ ᠬᠠᠮᠠᠭᠠᠯᠠᠶ᠎ᠠ》 ᠭᠡᠬᠦ᠌ ᠠᠶ᠎ᠠ ᠳᠠᠭᠤᠤ᠎ᠨᠢ ᠤᠶᠠᠩᠭᠠᠯᠠᠢᠬ ᠵᠢᠪᠬᠤᠭ᠎ᠠ᠎ᠲᠠᠢ ᠪᠠᠢᠵᠤ᠂ ᠬᠠᠩᠭᠢᠨᠠᠮ᠎ᠠ ᠲᠠᠭᠤᠨ᠎ᠤ ᠦᠭᠡ᠎ᠨᠢ ᠣᠯᠠᠨ᠎ᠢ ᠳᠠᠭᠠᠭᠤᠯᠤᠨ ᠵᠠᠭᠤᠨ ᠵᠢᠯ᠎ᠤᠨ ᠭᠠᠢᠬᠠᠮᠱᠢᠭ᠍ᠲᠤ ᠤᠨ ᠰᠠᠷᠠᠶ᠋ᠢ ᠡᠷᠭᠢᠴᠡᠭᠦᠯᠵᠦ᠍᠂ ᠨᠠᠮ ᠪᠠ ᠡᠬᠡ ᠤᠯᠤᠰ᠎ᠲᠠᠬᠢ ᠬᠢᠵᠠᠭᠠᠯᠠᠰᠢ ᠥᠬᠡᠶ ᠬᠠᠢᠷ᠎ᠠ ᠰᠡᠳᠭᠢᠯᠭᠡ᠎ᠶ᠋ᠢ ᠢᠯᠡᠳᠭᠡᠪᠡ᠃ ᠲᠠᠢᠰᠠᠨ᠎ᠤ ᠳᠣᠣᠷ᠎ᠠ᠂ ᠪᠠᠢ ᠮᠢᠶᠣᠣ ᠽᠢ ᠭᠤᠣᠯ ᠰᠤᠷᠭᠠᠭᠤᠯᠢ᠎ᠠᠴᠠ ᠢᠷᠡᠭ᠌ᠰᠡᠨ ᠰᠤᠷᠤᠭ᠍ᠴᠢᠳ ᠵᠠᠭᠤᠨ ᠮᠧᠳ᠋ᠷ ᠤᠷᠳᠤ 《ᠵᠠᠭᠤᠨ ᠵᠢᠯ᠎ᠳᠤ ᠬᠦᠨᠳᠦᠳᠭᠡᠯ ᠳᠡᠪᠱᠢᠭᠦᠯᠦᠶ᠎ᠡ》 ᠬᠡᠬᠦ᠌ ᠡᠪᠬᠡᠮᠡᠯ᠎ᠢ ᠨᠠᠷᠢᠨ ᠬᠢᠨᠠᠮᠠᠭᠠᠢ ᠱᠢᠷᠳᠠᠵᠦ᠍᠂ ᠭᠠᠷ᠎ᠲᠠᠬᠢ ᠪᠤᠳᠤᠭ᠍ᠲᠤ ᠪᠢᠷ᠎ᠢᠶᠠᠷ᠎ᠢᠶᠠᠨ ᠡᠬᠡ ᠤᠯᠤᠰ᠎ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯᠤᠨ ᠦᠵᠡᠰᠭᠦᠯᠡᠩᠲᠦ ᠰᠠᠢᠬᠠᠨ ᠠᠭᠤᠯᠠ ᠤᠰᠤ᠎ᠶ᠋ᠢ ᠵᠢᠷᠤᠭ᠍ᠯᠠᠪᠠ᠃ ᠠᠵᠢᠯᠯᠠᠭ᠎ᠠ᠎ᠨᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠦᠯᠬᠦᠮᠳᠡᠵᠦ᠍᠂ ᠡᠷᠡᠰ ᠭᠤᠢᠪᠢᠰᠢ ᠥᠬᠡᠶ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠡᠷᠡᠰ ᠭᠤᠢᠪᠢᠰᠢ ᠥᠬᠡᠶ᠎ᠪᠠᠷ ᠨᠠᠮ᠎ᠢᠶᠠᠨ ᠳᠠᠭᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠪᠠᠲᠤ ᠢᠲᠡᠭᠡᠯ᠎ᠢ ᠭᠦᠶᠴᠡᠳ ᠢᠯᠡᠷᠡᠭᠦᠯᠪᠡ᠃
《ᠮᠠᠰᠢ ᠳᠣᠭ᠍ᠳᠣᠯᠵᠤ ᠪᠠᠢᠨ᠎ᠠ᠂ ᠪᠢᠳᠡ ᠬᠠᠮᠤᠭ᠎ᠤᠨ ᠬᠠᠩᠭᠢᠨᠠᠮ᠎ᠠ ᠲᠠᠭᠤᠨ᠎ᠢᠶᠠᠷ ᠨᠠᠮ ᠪᠣᠯᠤᠨ ᠡᠬᠡ ᠤᠯᠤᠰ᠎ᠲᠠᠭᠠᠨ ᠵᠥᠩᠨᠡᠯ ᠳᠡᠪᠱᠢᠭᠦᠯᠤᠨ᠎ᠠ!》 ᠭᠡᠵᠦ᠍ ᠬᠥᠬᠡᠬᠤᠲᠠ᠎ᠶ᠋ᠢᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠨᠡᠷ᠎ᠡ ᠳᠤᠷᠠᠳᠤᠭᠤᠯᠤᠬ᠍ᠰᠠᠨ ᠱᠠᠩᠨᠠᠯ᠎ᠢ ᠭᠥᠷᠳᠡᠵᠦ᠍ ᠥᠩᠭᠡᠷᠡᠭ᠌ᠰᠡᠨ ᠱᠢᠶᠦ᠋ᠨ ᠱᠢᠶᠤᠤ ᠯᠢ ᠡᠬᠢᠯᠡᠯᠲᠡ᠎ᠶ᠋ᠢᠨ ᠶᠤᠰᠤᠯᠠᠯ᠎ᠤᠨ ᠮᠢᠩᠭᠠᠨ ᠬᠥᠮᠦᠨ᠎ᠤ ᠨᠠᠢᠷᠠᠯ ᠳᠠᠭᠤᠤ᠎ᠳᠤ ᠣᠷᠣᠯᠴᠠᠵᠤ᠂ ᠲᠤᠬ᠍ᠯᠠᠯᠳᠠ᠎ᠶ᠋ᠢᠨ ᠲᠠᠷᠠᠭ᠎ᠠ ᠲᠡᠷᠡ ᠭᠠᠷ᠎ᠲᠠᠬᠢ ᠤᠯᠠᠭᠠᠨ ᠲᠤᠭ᠎ᠢᠶᠠᠨ ᠬᠤᠷᠦ᠋ᠢᠯᠠᠵᠤ᠂ ᠳᠣᠭ᠍ᠳᠣᠯᠤᠬ᠍ᠰᠠᠨ ᠰᠡᠳᠭᠢᠯᠭᠡ᠎ᠪᠠᠨ ᠳᠠᠷᠤᠵᠤ ᠶᠠᠳᠠᠨ᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠰᠠᠶᠢ ᠡᠬᠡ ᠤᠯᠤᠰ᠎ᠤᠨ ᠥᠨᠥᠳᠦᠷ ᠬᠥᠭ᠌ᠵᠢᠯ ᠴᠡᠴᠡᠭ᠌ᠯᠡᠯ᠎ᠲᠠᠢ ᠪᠣᠯᠵᠣ ᠴᠢᠳᠠᠨ᠎ᠠ᠂ ᠶᠣᠰᠣ ᠰᠤᠷᠲᠠᠬᠤᠨ᠎ᠤ ᠵᠢᠱ᠌ᠢᠶᠡᠴᠢ ᠪᠣᠯᠤᠭ᠍ᠰᠠᠨ᠎ᠤ ᠬᠤᠪᠢ᠎ᠳᠤ ᠪᠢᠳᠡ ᠨᠠᠮ᠎ᠤᠨ ᠲᠠᠭᠤᠨ᠎ᠢ ᠳᠠᠮᠵᠢᠭᠤᠯᠵᠤ᠂ ᠢᠳᠡᠪᠬᠢ ᠬᠦᠴᠦᠨ᠎ᠢ ᠳᠠᠮᠵᠢᠭᠤᠯᠵᠤ᠂ ᠲᠠᠷᠠᠭᠠᠴᠢ᠎ᠶ᠋ᠢᠨ ᠵᠠᠭᠤᠨ ᠵᠢᠯ᠎ᠤᠨ ᠲᠡᠮᠡᠴᠡᠯ᠎ᠤᠨ ᠠᠶᠠᠨ᠎ᠳᠤ ᠬᠦᠴᠦᠨ ᠴᠢᠳᠠᠯ᠎ᠢᠶᠠᠨ ᠡᠷᠭᠦᠨ᠎ᠠ》 ᠬᠡᠵᠡᠢ᠃ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠳᠠᠭᠤᠤ ᠬᠥᠭ᠌ᠵᠢᠮ᠎ᠤᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠯᠢᠦ ᠨᠢᠩ ᠪᠣᠯ ᠨᠠᠮ᠎ᠳᠤ ᠣᠷᠣᠬᠤ ᠢᠳᠡᠪᠬᠢᠲᠡᠨ ᠮᠥᠨ᠂ ᠡᠨᠡ ᠤᠳᠠᠭ᠎ᠠ᠎ᠶ᠋ᠢᠨ ᠠᠵᠢᠯᠯᠠᠭ᠎ᠠ᠎ᠨᠢ ᠲᠡᠭᠦᠨ᠎ᠢ ᠵᠠᠭᠤᠨ ᠵᠢᠯ᠎ᠤᠨ ᠨᠠᠮ᠎ᠤᠨ ᠲᠡᠦᠬᠡ᠎ᠳᠤ ᠨᠡᠩ ᠭᠦᠨᠵᠡᠭᠡᠢ ᠣᠢᠯᠠᠭᠠᠯᠲᠠ᠎ᠲᠠᠢ ᠪᠣᠯᠭᠠᠪᠠ᠂ ᠲᠡᠷᠡ 《ᠡᠳᠡᠭᠡᠷ ᠬᠤᠪᠢᠰᠭᠠᠯᠲᠤ ᠬᠦᠭ ᠠᠶᠠᠰ᠎ᠨᠢ ᠥᠨᠢ ᠤᠳᠠᠭᠠᠨ ᠪᠠᠭᠤᠷᠠᠰᠢ ᠦᠭᠡᠢ ᠶᠠᠪᠤᠭ᠍ᠳᠠᠭ᠍ᠰᠠᠨ᠎ᠨᠢ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠮᠠᠭ᠍ᠲᠠᠨ ᠳᠠᠭᠤᠯᠠᠭ᠍ᠰᠠᠨ᠎ᠠᠴᠠ ᠪᠣᠯᠵᠠᠢ᠂ ᠤᠳᠤ ᠦᠶ᠎ᠡ᠎ᠶ᠋ᠢᠨ ᠣᠶᠤᠲᠠᠨ ᠪᠣᠯᠤᠭ᠍ᠰᠠᠨ᠎ᠤ ᠬᠤᠪᠢ᠎ᠳᠤ ᠪᠢᠳᠡ ᠨᠡᠩ ᠴᠤ᠌ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ ᠬᠡᠷᠡᠭ᠌ᠲᠡᠢ!》 ᠭᠡᠯᠡ᠃
ᠣᠢᠯᠠᠭᠠᠭ᠍ᠰᠠᠨ᠎ᠢᠶᠠᠷ᠂ 《ᠡᠭᠦᠷᠢᠳᠡ ᠨᠠᠮ᠎ᠢᠶᠠᠨ ᠳᠠᠭᠠᠨ᠎ᠠ》 — ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ ᠪᠥᠬᠦ᠌ ᠣᠷᠣᠨ᠎ᠤ ᠡᠯ᠎ᠡ ᠠᠢᠮᠠᠭ ᠬᠤᠲᠠ᠎ᠳᠤ ᠥᠷᠭᠡᠨ᠎ᠢᠶᠠᠷ ᠥᠷᠨᠢᠵᠦ᠍᠂ ᠠᠵᠢᠯᠯᠠᠭ᠎ᠠ ᠵᠢᠯ᠎ᠤᠨ ᠡᠴᠦᠰ ᠪᠣᠯᠲᠠᠯ᠎ᠠ ᠦᠷᠭᠦᠯᠵᠢᠯᠡᠬᠦ᠌ ᠪᠣᠯᠤᠨ᠎ᠠ᠃ ᠬᠥᠬᠡᠬᠤᠲᠠ ᠣᠷᠣᠨ᠎ᠤ ᠠᠩᠬᠠᠨ᠎ᠤ ᠡᠭᠡᠯᠵᠢ᠎ᠶ᠋ᠢᠨ ᠲᠥᠪᠯᠡᠷᠡᠩᠭᠦᠶ ᠠᠵᠢᠯᠯᠠᠭ᠎ᠠ᠎ᠨᠢ 7 ᠰᠠᠷ᠎ᠠ᠎ᠶ᠋ᠢᠨ 5 ᠤ ᠡᠳᠦᠷ ᠪᠣᠯᠲᠠᠯ᠎ᠠ ᠦᠷᠭᠦᠯᠵᠢᠯᠡᠬᠦ᠌ ᠪᠣᠯᠤᠨ᠎ᠠ᠂ ᠡᠭᠦᠨ᠎ᠳᠤ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠣᠯᠠᠨ ᠲᠦᠮᠡᠨ᠎ᠤ ᠨᠠᠢᠷᠠᠯ ᠳᠠᠭᠤᠤ᠎ᠶ᠋ᠢᠨ ᠭᠠᠷᠠᠭ᠂ 《ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 〈ᠰᠤᠶᠤᠯ 〉 ᠢ ᠰᠤᠷᠭᠠᠭᠤᠯᠢ᠎ᠶ᠋ᠢᠨ ᠬᠦᠷᠢᠶᠡᠨ᠎ᠳᠤ ᠬᠦᠷᠭᠡᠬᠦ᠌》 ᠲᠣᠭ᠍ᠯᠠᠯᠲᠠ᠎ᠶ᠋ᠢᠨ ᠠᠵᠢᠯᠯᠠᠭ᠎ᠠ᠂ 《ᠵᠠᠭᠤᠨ ᠵᠢᠯ ᠵᠠᠭᠤᠨ ᠪᠠᠳᠠᠭ》 ᠱᠢᠯᠦᠭ ᠳᠠᠭᠤᠤ ᠤᠶᠠᠩᠭᠠᠯᠠᠬᠤ ᠬᠤᠷᠠᠯ ᠪᠣᠯᠤᠨ ᠲᠤᠰᠭᠠᠶ ᠤᠷᠠᠨ ᠰᠠᠢᠬᠠᠨ᠎ᠤ ᠪᠦᠯᠬᠦᠮ᠎ᠤᠨ ᠲᠣᠭ᠍ᠯᠠᠯᠲᠠ ᠵᠡᠷᠭᠡ᠎ᠶ᠋ᠢ ᠪᠠᠭ᠍ᠲᠠᠭᠠᠬᠤ ᠪᠤᠯᠤᠨ᠎ᠠ᠃

ᠠᠵᠢᠯᠯᠠᠭ᠎ᠠ᠎ᠶ᠋ᠢᠨ ᠠᠬᠤᠢ ᠲᠠᠯᠠᠪᠠᠢ
ᠸᠠᠩ ᠱᠢᠶᠤᠤ ᠪᠥᠸᠧ ᠴᠠᠢ ᠰᠧ ᠶᠤᠸᠠᠨ ᠰᠡᠬᠦᠳᠡᠷᠯᠡᠪᠡ