ᠬᠥᠬᠡᠬᠤᠲᠠ 600 ᠭᠠᠷᠤᠶ 《ᠰᠤᠷᠭᠠᠭᠤᠯᠢ᠎ᠶ᠋ᠢᠨ ᠤᠷᠴᠢᠨ᠎ᠢ ᠬᠠᠮᠠᠭᠠᠯᠠᠬᠤ ᠬᠠᠷᠠᠭᠤᠯ》 ᠳᠤᠬᠢᠷᠠᠭᠤᠯᠵᠤ ᠰᠤᠷᠭᠠᠭᠤᠯᠢ᠎ᠶ᠋ᠢᠨ ᠤᠷᠴᠢᠨ᠎ᠤ ᠠᠮᠤᠷ ᠲᠦᠪᠱᠢᠨ᠎ᠢ ᠬᠠᠮᠠᠭᠠᠯᠠᠵᠤ ᠪᠤᠢ
2021-06-26 13:15:21
ᠵᠣᠬᠢᠶᠠᠭ᠍ᠴᠢ᠄
​ ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠤᠷᠭᠠᠭᠤᠯᠢ᠎ᠶ᠋ᠢᠨ ᠬᠦᠷᠢᠶᠡᠨ᠎ᠤ ᠡᠷᠬᠢᠨ ᠲᠣᠭᠤᠷᠢᠨ᠎ᠤ ᠵᠠᠮ ᠬᠠᠷᠢᠯᠴᠠᠭᠠᠨ᠎ᠤ ᠠᠳᠡᠯ ᠭᠠᠷᠬᠤ᠎ᠶ᠋ᠢ ᠪᠦᠲᠦᠮᠵᠢᠲᠡᠶ ᠰᠡᠷᠭᠡᠢᠯᠡᠵᠦ᠍᠂ ᠪᠠᠭ᠍ᠰᠢ ᠰᠤᠷᠤᠭ᠍ᠴᠢᠳ᠎ᠤᠨ ᠶᠠᠪᠤᠵᠤ ᠰᠠᠭᠤᠬᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠤᠢ᠍ᠢᠷ᠎ᠠ᠎ᠳᠤ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠬᠦᠬᠡᠬᠤᠳᠠ᠎ᠳᠤ ᠨᠡᠢᠳᠡ 600 ᠭᠠᠷᠤᠶ 《ᠰᠤᠷᠭᠠᠭᠤᠯᠢ᠎ᠶ᠋ᠢᠨ ᠤᠷᠴᠢᠨ᠎ᠢ ᠬᠠᠮᠠᠭᠠᠯᠠᠬᠤ ᠬᠠᠷᠠᠭᠤᠯ》 ᠲᠤᠬᠢᠷᠠᠭᠤᠯᠵᠤ᠂ ᠮᠢᠩᠭ᠎ᠠ ᠭᠠᠷᠤᠶ ᠴᠠᠭ᠍ᠳᠠᠭ᠎ᠠ ᠬᠥᠳᠡᠯᠭᠡᠵᠦ᠍᠂ ᠦᠷᠯᠦᠭᠡ᠎ᠶ᠋ᠢᠨ ᠵᠢᠷᠭᠤᠭᠠᠨ ᠴᠠᠭ ᠬᠠᠭᠠᠰ᠎ᠠᠴᠠ ᠤᠷᠤᠢ᠎ᠶ᠋ᠢᠨ ᠠᠷᠪᠠᠨ ᠨᠢᠭᠡᠨ ᠴᠠᠭ ᠪᠤᠯᠳᠠᠯᠠᠬᠢ ᠰᠤᠷᠭᠠᠭᠤᠯᠢ᠎ᠶ᠋ᠢᠨ ᠤᠷᠴᠢᠨ᠎ᠤ ᠠᠮᠤᠷ ᠲᠦᠪᠱᠢᠨ᠎ᠢ ᠬᠠᠮᠠᠭᠠᠯᠠᠬᠤ᠎ᠶ᠋ᠢ ᠠᠬᠢᠭᠤᠯᠪᠠ᠃

ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠨᠢ ᠬᠤᠲᠠ ᠲᠣᠭᠤᠷᠢᠭ᠂ ᠬᠤᠱᠢᠭᠤ ᠱᠢᠶᠠᠨ᠎ᠤ ᠡᠯ᠎ᠡ ᠶᠡᠭᠡ ᠠᠩᠭᠢ᠎ᠶ᠋ᠢ ᠱᠠᠭᠠᠷᠳᠠᠨ ᠬᠠᠮᠢᠶᠠᠷᠤᠯᠲᠠ᠎ᠶ᠋ᠢᠨ ᠲᠠᠩᠰᠠ ᠡᠪᠬᠡᠮᠡᠯ ᠪᠠᠢᠭᠤᠯᠤᠨ ᠲᠡᠬᠦᠯᠳᠡᠷᠵᠢᠬᠦᠯᠬᠦ᠌᠎ᠶ᠋ᠢᠨ ᠬᠠᠮᠳᠤ᠂ ᠰᠤᠷᠭᠠᠭᠤᠯᠢ᠎ᠶ᠋ᠢᠨ ᠡᠷᠬᠢᠨ ᠲᠣᠭᠤᠷᠢᠨ᠎ᠤ ᠵᠠᠮ ᠬᠠᠷᠢᠯᠴᠠᠭᠠᠨ᠎ᠤ ᠲᠡᠮᠳᠡᠭ᠂ ᠲᠤᠰᠠᠭᠠᠷᠯᠠᠬᠤ ᠬᠠᠯᠬᠠᠪᠴᠢ ᠬᠡᠷᠡᠰᠭᠡ ᠵᠡᠷᠭᠡ ᠵᠠᠮ ᠬᠠᠷᠢᠯᠴᠠᠭᠠᠨ᠎ᠤ ᠲᠦᠬᠦᠬᠡᠷᠦᠮᠵᠢ᠎ᠶ᠋ᠢᠨ ᠪᠠᠢᠳᠠᠯ᠎ᠢ ᠵᠢᠭ᠍ᠰᠠᠭᠠᠨ ᠪᠠᠢᠴᠠᠭᠠᠵᠤ᠂ 《ᠰᠤᠷᠭᠠᠭᠤᠯᠢ᠎ᠶ᠋ᠢᠨ ᠤᠷᠴᠢᠨ᠎ᠢ ᠬᠠᠮᠠᠭᠠᠯᠠᠬᠤ ᠬᠠᠷᠠᠭᠤᠯ》 ᠎ᠤᠨ ᠠᠵᠢᠯ᠎ᠢ ᠰᠠᠢᠲᠤᠷ ᠬᠢᠬᠦ᠌᠎ᠶ᠋ᠢ ᠱᠠᠭᠠᠷᠳᠠᠵᠤ᠂ ᠤᠷᠢᠳᠴᠢᠯᠠᠨ ᠴᠠᠭ᠍ᠳᠠᠭ᠎ᠠ ᠲᠤᠬᠢᠷᠠᠭᠤᠯᠵᠤ᠂ ᠰᠤᠷᠤᠭ᠍ᠴᠢᠳ᠎ᠤᠨ ᠰᠤᠷᠭᠠᠭᠤᠯᠢ᠎ᠳᠤ ᠣᠴᠢᠵᠤ ᠪᠤᠴᠠᠬᠤ ᠴᠠᠭ᠎ᠲᠤ ᠨᠠᠭᠠᠰᠢ ᠴᠠᠭᠠᠰᠢ ᠶᠠᠪᠤᠬᠤ ᠮᠠᠱᠢᠨ ᠲᠡᠷᠭᠡ ᠪᠤᠯᠤᠨ ᠶᠠᠪᠠᠭᠠᠨ ᠬᠥᠮᠦᠨ᠎ᠢ ᠵᠢᠯᠤᠭᠤᠳᠤᠨ ᠱᠢᠯᠤᠭᠤᠳᠭᠠᠬᠤ᠎ᠶ᠋ᠢ ᠲᠣᠬᠢᠷᠠᠭᠤᠯᠵᠤ᠂ ᠰᠤᠷᠤᠭ᠍ᠴᠢᠳ᠎ᠢ ᠲᠣᠰᠴᠤ᠌ ᠬᠦᠷᠭᠡᠬᠦ᠌ ᠮᠠᠱᠢᠨ ᠲᠡᠷᠬᠡ᠎ᠶ᠋ᠢ ᠡᠮᠬᠢ ᠵᠢᠷᠤᠮ᠎ᠲᠠᠢ᠎ᠪᠠᠷ ᠵᠣᠭ᠍ᠰᠣᠭᠠᠬᠤ᠎ᠶ᠋ᠢ ᠬᠥᠲᠥᠯᠥᠨ ᠵᠢᠯᠣᠭᠤᠳᠪᠠ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号