6 ᠰᠠᠷ᠎ᠠ᠎ᠶ᠋ᠢᠨ 13 ᠤ ᠡᠳᠦᠷ᠂ ᠪᠢᠳᠡ ᠮᠠᠱᠢᠨ ᠲᠡᠷᠭᠡ᠎ᠪᠠᠷ ᠶᠡᠭᠡ ᠬᠢᠩᠭᠠᠨ ᠳᠠᠪᠠᠭ᠎ᠠ᠎ᠶ᠋ᠢᠨ ᠭᠦᠨᠳᠤ ᠬᠦᠷᠴᠦ᠍ ᠰᠤᠷᠪᠤᠯᠵᠢᠯᠠᠪᠠ᠃
ᠲᠦᠷᠭᠦᠦ ᠡᠳᠦᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ 《〈ᠡᠭᠦᠷᠢᠳᠡ ᠨᠠᠮ᠎ᠢᠶᠠᠨ ᠳᠠᠭᠠᠶ᠎ᠠ〉 ᠡᠭᠦᠯᠡᠨ ᠬᠦᠯᠦᠭ • ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠵᠡᠭᠦᠨ ᠵᠠᠮ᠎ᠤᠨ ᠰᠤᠷᠪᠤᠯᠵᠢᠯᠠᠭ᠎ᠠ᠎ᠶ᠋ᠢᠨ ᠳᠤᠭᠤᠢᠯᠠᠩ ᠮᠠᠨᠵᠤᠤᠷ᠎ᠲᠠᠬᠢ ᠤᠯᠤᠰ᠎ᠤᠨ ᠡᠭᠦᠳᠡᠨ᠎ᠳᠤ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠲᠠᠢ ᠬᠠᠮᠲᠤ ᠲᠠᠩᠭᠠᠷᠢᠬ᠍ᠯᠠᠵᠤ᠂ ᠳᠠᠷᠠᠭ᠎ᠠ᠎ᠨᠢ ᠬᠥᠯᠥᠨ ᠨᠠᠭᠤᠷ᠎ᠲᠤ ᠬᠦᠷᠴᠦ᠍ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠲᠤᠬᠠᠢ ᠲᠣᠭᠤᠷᠢᠨ ᠦᠵᠡᠵᠦ᠍ ᠰᠤᠷᠪᠤᠯᠵᠢᠯᠠᠪᠠ᠃
ᠰᠤᠷᠪᠤᠯᠵᠢᠯᠠᠭ᠎ᠠ᠎ᠶ᠋ᠢᠨ ᠶᠠᠪᠤᠴᠠ᠎ᠳᠤ᠂ ᠪᠢᠳᠠ ᠬᠥᠯᠥᠨ ᠪᠤᠢᠷ᠎ᠤᠨ ᠬᠥᠭ᠌ᠵᠢᠯᠲᠡ᠎ᠶ᠋ᠢᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠣᠢᠯᠠᠭᠠᠪᠠ᠃ ᠤᠯᠤᠰ᠎ᠤᠨ ᠡᠭᠦᠳᠡ᠎ᠠᠴᠠ ᠲᠠᠯ᠎ᠠ ᠨᠤᠲᠤᠭ ᠬᠦᠷᠲᠡᠯ᠎ᠡ᠂ ᠲᠠᠯ᠎ᠠ ᠨᠤᠲᠤᠭ᠎ᠠᠴᠠ ᠱᠢᠭᠤᠢᠲᠤ ᠣᠷᠣᠨ ᠬᠦᠷᠲᠡᠯ᠎ᠡ᠂ ᠵᠠᠮ ᠳᠠᠭᠠᠤ ᠭᠤᠤᠯ ᠮᠥᠷᠡᠨ ᠨᠠᠭᠤᠷ ᠪᠦᠷᠢ᠎ᠳᠤ ᠣᠶ ᠮᠣᠳᠣ ᠭᠠᠵᠠᠷ ᠲᠠᠷᠢᠶ᠎ᠠ ᠨᠤᠳᠤᠭ ᠪᠡᠯᠴᠢᠭᠡᠷ᠎ᠨᠢ ᠪᠢᠳᠡᠨ᠎ᠳᠤ ᠨᠢᠳᠦ ᠳᠦᠭᠦᠷᠡᠩ ᠨᠣᠭᠤᠭᠠᠨ ᠥᠩᠭᠡ᠎ᠶ᠋ᠢ ᠠᠪᠴᠢᠷᠠᠵᠤ ᠥᠭ᠌ᠭᠦᠭ᠌ᠰᠡᠨ᠎ᠢᠶᠠᠷ ᠪᠠᠷᠠᠬᠤ ᠥᠬᠡᠶ᠂ ᠬᠥᠮᠦᠰ᠎ᠲᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠡᠳᠭᠢᠯ ᠬᠥᠳᠡᠯᠭᠡᠮ᠎ᠡ ᠥᠯᠢᠭᠡᠷ᠎ᠢ ᠶᠠᠷᠢᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠳᠡᠯᠭᠡᠨ ᠦᠵᠡᠭᠦᠯᠵᠦ᠍ ᠪᠠᠢᠨ᠎ᠠ᠃ ᠤᠳᠤ 《ᠪᠣᠬᠢᠷᠲᠤᠯ ᠦᠭᠡᠢ ᠠᠮᠢ ᠠᠬᠤᠢ》 ᠨᠢ ᠬᠥᠯᠥᠨ ᠪᠤᠢᠷ᠎ᠤᠨ ᠣᠨᠳᠣᠣ ᠨᠢᠭᠡ ᠨᠡᠷ᠎ᠡ᠎ᠶ᠋ᠢᠨ ᠬᠠᠭᠤᠳᠠᠰᠤ ᠪᠣᠯᠪᠠ᠃ ᠡᠨᠡᠬᠦ᠌ ᠨᠡᠷ᠎ᠡ᠎ᠶ᠋ᠢᠨ ᠬᠠᠭᠤᠳᠠᠰᠤ᠎ᠶ᠋ᠢᠨ ᠭᠡᠷᠡᠯ ᠭᠢᠯᠪᠠᠭ᠎ᠠ ᠰᠠᠴᠤᠷᠠᠵᠤ ᠪᠠᠢᠬᠤ᠎ᠶ᠋ᠢᠨ ᠱᠢᠯᠲᠠᠭᠠᠨ᠎ᠨᠢ ᠭᠡᠪᠡᠯ ᠬᠥᠯᠥᠨ ᠪᠤᠢᠷ ᠱᠢᠰᠲ᠋ᠧᠮᠲᠦ ᠰᠡᠳᠭᠢᠬᠦᠢ᠎ᠪᠠᠷ ᠪᠣᠬᠢᠷᠲᠤᠯ ᠦᠭᠡᠢ ᠬᠥᠭ᠌ᠵᠢᠯᠲᠡ᠎ᠶ᠋ᠢ ᠵᠢᠯᠣᠭᠤᠳᠤᠨ ᠲᠤᠮᠤ ᠠᠯᠬᠤᠮ᠎ᠢᠶᠠᠷ ᠤᠷᠤᠭ᠍ᠰᠢᠯᠠᠵᠤ᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ ᠪᠠ ᠣᠷᠴᠢᠨ ᠲᠣᠭᠤᠷᠢᠨ᠎ᠤ ᠬᠠᠮᠠᠭᠠᠯᠠᠯᠲᠠ ᠱᠢᠨ᠎ᠡ ᠦᠷ᠎ᠡ ᠪᠦᠲᠦᠮᠵᠢ ᠣᠯᠤᠭ᠍ᠰᠠᠨ ᠪᠥᠭᠡᠳ ᠲᠡᠭᠦᠨ᠎ᠢᠶᠠᠨ ᠬᠥᠬᠡᠮᠳᠦᠭ ᠨᠣᠭᠤᠭᠠᠨ ᠠᠭᠤᠯᠠ ᠤᠰᠤ ᠳᠤᠮᠳᠠ ᠰᠡᠢᠯᠦᠭ᠌ᠰᠡᠨ᠎ᠳᠤ ᠪᠠᠢᠭ᠎ᠠ ᠶᠤᠮ᠃
ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠳᠤ ᠭᠦᠨᠵᠡᠭᠡᠢᠷᠡᠬᠦ᠌᠎ᠳᠤ᠂ ᠨᠢᠳᠦᠨ᠎ᠳᠤ ᠲᠣᠳᠣᠷᠠᠭ᠍ᠰᠠᠨᠨᠢ ᠬᠢᠩᠭᠠᠨ᠎ᠤ ᠬᠠᠷᠭᠠᠶ ᠮᠤᠳᠤ᠂ ᠱᠢᠪᠧᠷᠢᠶ᠎ᠠ᠎ᠶ᠋ᠢᠨ ᠤᠯᠠᠭᠠᠨ ᠨᠠᠷᠠᠰᠤ᠂ ᠬᠠᠢᠯᠠᠷ ᠨᠠᠷᠠᠰᠤ᠂ ᠴᠠᠭᠠᠨ ᠬᠤᠰᠤ᠂ ᠤᠯᠢᠶᠠᠰᠤ ᠵᠡᠷᠭᠡ᠎ᠨᠢ 10 . 67 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠤᠨ ᠥᠷᠭᠡᠨ ᠠᠭᠤᠳᠠᠮ ᠣᠶ ᠱᠢᠭᠤᠶ᠎ᠶ᠋ᠢ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠬᠠᠮᠤᠭ᠎ᠤᠨ ᠶᠡᠭᠡ ᠬᠦᠶᠲᠡᠨ ᠰᠡᠷᠢᠭᠦᠨ ᠪᠦᠰᠡᠨ᠎ᠤ ᠣᠶ᠎ᠶ᠋ᠢᠨ ᠣᠷᠣᠨ ᠪᠤᠯᠵᠤ᠂ ᠣᠶ ᠱᠢᠭᠤᠶ᠎ᠶ᠋ᠢᠨ ᠡᠬᠢ ᠪᠠᠶᠠᠯᠢᠭ᠎ᠤᠨ ᠲᠠᠯᠠᠪᠠᠶ᠎ᠨᠢ 837 . 02 ᠲᠦᠮᠡᠨ ᠾᠧᠺᠲ᠋ᠠᠷ ᠪᠠᠢᠵᠤ᠂ ᠦᠪᠦᠷ ᠮᠤᠩᠭᠤᠯ᠎ᠤᠨ ᠱᠢᠭᠤᠢᠲᠤ ᠣᠷᠣᠨ᠎ᠤ ᠲᠠᠯᠠᠪᠠᠢ᠎ᠶ᠋ᠢᠨ 1 / 3 ᠬᠥᠷᠬᠦ᠌ ᠥᠬᠡᠶ ᠲᠠᠯᠠᠪᠠᠶ᠎ᠪᠠᠷ 2 / 3 ᠣᠷᠴᠢᠮ᠎ᠤᠨ ᠣᠶ ᠱᠢᠭᠤᠶ᠎ᠶ᠋ᠢᠨ ᠬᠠᠳᠠᠭᠠᠯᠠᠭ᠍ᠳᠠᠴᠠ᠎ᠶ᠋ᠢ ᠬᠠᠩᠭᠠᠵᠠᠢ᠃
ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠨᠢ ᠵᠡᠭᠦᠨ ᠬᠤᠢᠲᠤ᠎ᠶ᠋ᠢᠨ ᠤᠢ ᠱᠢᠭᠤᠢ᠎ᠶ᠋ᠢᠨ ᠪᠦᠰᠡ᠎ᠶ᠋ᠢᠨ ᠭᠤᠣᠯ ᠥᠷᠥᠴᠡ ᠭᠠᠵᠠᠷ᠂ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ᠎ᠶ᠋ᠢᠨ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠁ ᠪᠤᠯᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠤ ᠪᠠᠢᠯᠳᠤᠬᠤ ᠪᠤᠳᠤᠯᠭ᠎ᠠ᠎ᠳᠠᠬᠢ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠲᠤᠩ ᠴᠢᠬᠤᠯᠠ ᠠᠮᠢ ᠠᠬᠤᠢ᠎ᠶ᠋ᠢᠨ ᠬᠤᠪᠢ ᠨᠡᠮᠡᠷᠢ ᠦᠵᠡᠭᠦᠯᠵᠤ ᠪᠠᠢᠳᠠᠭ᠃
ᠥᠪᠥᠷ ᠮᠣᠩᠭᠤᠯ᠎ᠤᠨ ᠤᠢ ᠱᠢᠭᠤᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠤᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠤᠨ ᠭᠤᠣᠯ ᠬᠠᠮᠢᠶᠠᠷᠤᠭ᠍ᠴᠢ ᠯᠢ ᠮᠢᠩ᠎ᠤᠨ ᠲᠠᠭᠠᠭᠤᠯᠭ᠎ᠠ᠎ᠪᠠᠷ᠂ ᠪᠢᠳᠠ ᠤᠮᠠᠷᠠᠲᠤ ᠥᠷᠭᠡᠷᠢᠭ᠎ᠤᠨ 50 ᠭᠷᠠᠳᠦ᠋ᠰᠲᠠᠬᠢ ᠬᠦᠳᠦᠷᠤᠨ ᠤᠢ ᠱᠢᠭᠤᠢ᠎ᠶ᠋ᠢᠨ ᠠᠵᠤ ᠦᠢᠯᠡᠳᠪᠦᠷᠢ᠎ᠶ᠋ᠢᠨ ᠺᠣᠮᠫᠠᠨᠢ᠎ᠠᠴᠠ ᠮᠣᠷᠳᠠᠵᠤ᠂ ᠢᠪᠴᠤᠤ ᠴᠢᠬᠤᠯ ᠱᠢᠷᠣᠢ᠎ᠶ᠋ᠢᠨ ᠵᠠᠮ᠎ᠢᠶᠠᠷ 10 ᠭᠠᠷᠤᠢ ᠺᠢᠯᠤᠮᠧᠳ᠋ᠷ ᠠᠶᠠᠯᠠᠵᠤ᠂ ᠰᠥᠭᠡᠭ᠎ᠤᠨ ᠳᠤᠮᠳᠠᠭᠤᠷ ᠤᠷᠤᠭ᠍ᠰᠢᠯᠠᠵᠤ᠂ ᠳᠠᠬᠢᠭᠠᠳ 5 ᠺᠢᠯᠤᠮᠧᠲᠷ ᠱᠢᠬᠠᠮ ᠠᠶᠠᠯᠠᠭᠠᠳ ᠥᠨᠳᠥᠷ ᠠᠭᠤᠯᠠ᠎ᠶ᠋ᠢᠨ ᠤᠷᠬᠢᠯ᠎ᠤᠨ ᠴᠡᠪᠡᠷ ᠪᠤᠯᠠᠭ ᠪᠤᠷᠭᠢᠯᠤᠨ ᠭᠠᠷᠬᠤ᠎ᠶ᠋ᠢ ᠣᠯᠵᠤ ᠬᠠᠷᠠᠪᠠ᠃
ᠥᠪᠥᠷ ᠮᠣᠩᠭᠤᠯ᠎ᠤᠨ ᠡᠳᠦᠷ᠎ᠤᠨ ᠰᠣᠨᠢᠨ 2020 ᠣᠨ᠎ᠤ 11 ᠰᠠᠷ᠎ᠠ᠎ᠶ᠋ᠢᠨ 6 ᠤ ᠡᠳᠦᠷ ᠡᠭᠦᠨ᠎ᠤ ᠲᠤᠬᠠᠢ ᠠᠩᠬᠠᠳᠠᠭ᠍ᠴᠢ ᠮᠡᠳᠡᠭᠡᠯᠡᠯ ᠬᠢᠵᠦ᠍ ᠥᠩᠭᠡᠷᠡᠵᠡᠶ᠂ ᠡᠨᠡ ᠪᠣᠯ ᠮᠠᠨ᠎ᠤ ᠤᠯᠤᠰ᠎ᠤᠨ ᠭᠤᠷᠪᠠᠳᠤᠭᠠᠷ ᠶᠡᠭᠡ ᠭᠤᠤᠯ ᠮᠥᠷᠡᠨ ᠪᠤᠯᠬᠤ ᠬᠠᠷᠠᠮᠥ᠋ᠷᠡᠨ᠎ᠤ ᠳᠤᠮᠳᠠᠳᠤ ᠤᠯᠤᠰ᠎ᠤᠨ ᠲᠠᠯ᠎ᠠ᠎ᠶ᠋ᠢᠨ ᠡᠬᠢ ᠰᠤᠷᠪᠤᠯᠵᠢ ᠪᠣᠯᠤᠨ᠎ᠠ᠃ ᠲᠠᠨᠢᠯᠴᠠᠭᠤᠯᠤᠭ᠍ᠰᠠᠨ᠎ᠢᠶᠠᠷ᠂ ᠬᠠᠷᠠᠮᠥ᠋ᠷᠡᠨ᠎ᠤ ᠡᠬᠢ ᠰᠤᠷᠪᠤᠯᠵᠢ᠎ᠶ᠋ᠢ ᠳᠤᠳᠤᠷᠬᠠᠢᠯᠠᠬᠤ᠎ᠨᠢ ᠭᠤᠤᠯ ᠮᠥᠷᠡᠨ᠎ᠤ ᠭᠤᠤᠯ ᠤᠷᠤᠰᠭᠠᠯ ᠪᠠ ᠰᠠᠯᠪᠤᠷᠢ ᠤᠷᠤᠰᠭᠠᠯ᠎ᠤᠨ ᠬᠠᠷᠢᠴᠠᠭ᠎ᠠ᠎ᠶ᠋ᠢ ᠲᠣᠳᠣᠷᠬᠠᠢᠯᠠᠬᠤ᠂ ᠨᠡᠭᠡᠭᠡᠨ ᠬᠥᠭ᠌ᠵᠢᠭᠦᠯᠵᠦ᠍ ᠵᠠᠰᠠᠵᠤ ᠬᠠᠮᠠᠭᠠᠯᠠᠬᠤ ᠵᠢᠴᠢ ᠦᠶᠡᠷ᠎ᠢ ᠰᠡᠷᠭᠡᠢᠯᠡᠬᠦ᠌ ᠱᠢᠰᠲ᠋ᠧᠮ᠎ᠢ ᠪᠠᠢᠭᠤᠯᠬᠤ᠂ ᠲᠣᠰ ᠰᠠᠪᠠ ᠭᠠᠵᠠᠷ᠎ᠤᠨ ᠤᠰᠤᠨ᠎ᠤ ᠰᠣᠶᠣᠯ᠎ᠤᠨ ᠰᠤᠳᠤᠯᠭᠠᠨ ᠪᠠ ᠰᠥᠪᠡᠭ᠌ᠴᠢᠯᠡᠯᠲᠡ᠎ᠶ᠋ᠢ ᠤᠯᠠᠮ ᠨᠢᠭᠡ ᠠᠯᠬᠤᠮ ᠥᠷᠨᠢᠭᠦᠯᠬᠦ᠂ ᠣᠷᠣᠨ ᠨᠤᠲᠤᠭ᠎ᠤᠨ ᠠᠵᠤ ᠠᠬᠤᠶ᠎ᠶ᠋ᠢᠨ ᠬᠥᠭ᠌ᠵᠢᠯᠲᠡ ᠪᠠ ᠡᠬᠢ ᠡᠭᠦᠰᠦᠯ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠠᠴᠢ ᠬᠤᠯᠪᠣᠭ᠍ᠳᠠᠯ᠎ᠲᠠᠢ ᠶᠤᠮ᠃
ᠬᠠᠷᠠᠮᠦᠷᠡᠨ ᠪᠣᠯ ᠠᠽᠢᠶ᠎ᠠ ᠲᠢᠪ᠎ᠤᠨ ᠨᠡᠷᠡᠲᠡᠶ ᠶᠡᠭᠡ ᠭᠤᠣᠯ᠎ᠤᠨ ᠨᠢᠭᠡ ᠪᠣᠯᠤᠨ᠎ᠠ᠃ ᠬᠠᠷᠠᠮᠥ᠋ᠷᠡᠨ᠎ᠤ ᠡᠬᠢᠨ᠎ᠳᠤ ᠵᠣᠭ᠍ᠰᠣᠵᠤ᠂ ᠬᠦᠬᠡ ᠣᠭ᠍ᠲᠠᠷᠭᠤᠢ ᠬᠥᠪᠥᠩ ᠴᠠᠭᠠᠨ ᠡᠭᠦᠯᠡ᠎ᠶ᠋ᠢ ᠬᠠᠷᠠᠭᠠᠳ᠂ ᠪᠢᠳᠡ ᠥᠪᠡᠷ᠎ᠤᠨ ᠡᠷᠬᠡ ᠦᠭᠡᠢ 《ᠬᠠᠳᠤᠨ ᠭᠤᠣᠯ᠎ᠤᠨ ᠤᠰᠤ ᠣᠭ᠍ᠲᠠᠷᠭᠤᠢ᠎ᠠᠴᠠ ᠴᠢᠳᠭᠤᠯᠠᠨᠠ》 ᠭᠡᠵᠦ᠍ ᠤᠶᠠᠩᠭᠠᠯᠠᠪᠡ᠃
ᠱᠢᠭᠤᠢᠲᠤ ᠣᠷᠣᠨ᠎ᠤ ᠬᠥᠮᠦᠰ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠨᠢ ᠶᠠᠭ ᠡᠢᠮᠦ᠍ ᠪᠢᠰᠢ? ᠴᠡᠯᠡᠭᠡᠷ ᠨᠣᠭᠤᠭᠠᠨ ᠣᠢ ᠱᠢᠭᠤᠶ᠂ ᠠᠭᠤᠯᠠ ᠲᠠᠯ᠎ᠠ ᠳᠦᠭᠦᠷᠡᠩ ᠨᠣᠭᠤᠭᠠᠨ ᠥᠩᠭᠡ᠎ᠨᠢ ᠶᠡᠷᠦ᠎ᠨᠢ ᠬᠥᠮᠦᠰ᠎ᠤᠨ ᠰᠠᠢᠨ ᠰᠠᠢᠬᠠᠨ ᠬᠦᠰᠡᠯ ᠡᠷᠡᠮᠡᠯᠵᠡᠯ᠎ᠢ ᠰᠡᠷᠭᠦᠭᠡᠳᠡᠭ᠂ ᠬᠠᠷᠢᠨ ᠬᠥᠬᠡᠮᠳᠦᠭ ᠨᠣᠭᠤᠭᠠᠨ ᠠᠭᠤᠯᠠ ᠤᠰᠤᠨ᠎ᠤ ᠠᠷᠤ᠎ᠳᠤ ᠪᠣᠯ ᠱᠢᠭᠤᠢ᠍ᠢᠳᠤ ᠤᠷᠤᠨ᠎ᠤ ᠬᠥᠮᠦᠰ᠎ᠤᠨ ᠴᠢᠷᠮᠠᠢᠯᠭ᠎ᠠ ᠪᠠ ᠦᠷᠡᠭ᠌ᠳᠡᠯ ᠱᠢᠩᠭᠡᠵᠤ ᠪᠠᠢᠳᠠᠭ᠃
ᠠᠳᠡ᠂ ᠪᠢᠳᠡᠨ᠎ᠤ ᠰᠡᠷᠡᠯ᠎ᠳᠤ ᠤᠷᠤᠵᠤ ᠪᠠᠢᠭ᠎ᠠ᠎ᠨᠢ ᠵᠥᠪᠬᠡᠨ ᠪᠠᠯᠠᠷ ᠤᠢ ᠪᠣᠯᠤᠨ ᠮᠦᠷᠡᠨ᠎ᠤ ᠡᠬᠢ ᠰᠤᠷᠪᠤᠯᠵᠢ᠎ᠶ᠋ᠢᠨ ᠦᠵᠡᠮᠵᠢ ᠲᠡᠳᠦᠢ ᠪᠢᠰᠢ᠂ ᠬᠠᠷᠢᠨ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠭᠠᠷᠤᠢ ᠵᠢᠯ᠎ᠤᠨ ᠲᠤᠷᠱᠢᠬᠢ ᠬᠡᠳᠦᠨ ᠦᠶ᠎ᠡ᠎ᠶ᠋ᠢᠨ ᠱᠢᠭᠤᠢ᠍ᠢᠳᠤ ᠤᠷᠤᠨ᠎ᠤ ᠬᠥᠮᠦᠰ᠎ᠤᠨ ᠲᠡᠷᠡ ᠬᠦ᠌ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠨᠤᠭᠤᠷᠠᠰᠢ ᠦᠭᠡᠢ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠭ᠍ᠰᠠᠨ ᠱᠢᠭᠤᠢᠲᠤ ᠣᠷᠣᠨ᠎ᠤ ᠵᠣᠷᠢᠭ ᠰᠠᠨᠠᠭ᠎ᠠ ᠨᠡᠩ ᠢᠯᠡᠭᠦᠦ ᠪᠤᠳᠤᠭ᠍ᠳᠠᠵᠤ ᠪᠠᠢᠨ᠎ᠠ᠃
1952 ᠣᠨ᠎ᠠᠴᠠ 2015 ᠤᠨ ᠪᠣᠯᠲᠠᠯ᠎ᠠ ᠱᠢᠭᠤᠢᠲᠤ ᠣᠷᠣᠨ᠎ᠤ ᠦᠩᠭᠡᠷᠡᠭᠦᠯᠦᠭ᠌ᠰᠡᠡ 63 ᠵᠢᠯ᠎ᠤᠨ ᠮᠣᠳᠣᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠲᠡᠦᠬᠡᠡ ᠲᠡᠭᠡᠷ᠎ᠠ᠂ ᠣᠶ ᠱᠢᠭᠤᠶ᠎ᠶ᠋ᠢᠨ ᠠᠵᠢᠯ ᠬᠢᠵᠦ᠍ ᠶᠠᠪᠤᠭ᠎ᠠ ᠬᠥᠮᠦᠰ 《ᠬᠥᠬᠡᠮᠳᠦᠭ ᠠᠭᠤᠯᠠ᠎ᠶ᠋ᠢ ᠪᠠᠢᠩᠭᠤ ᠪᠠᠢᠯᠭᠠᠵᠦ᠍᠂ ᠦᠷᠭᠦᠯᠵᠢᠲᠠ ᠠᠱᠢᠠᠠᠯᠠᠰᠤᠭᠠᠢ》 ᠭᠡᠰᠡᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠢᠭᠡ ᠲᠠᠯ᠎ᠠ᠎ᠪᠠᠷ ᠮᠣᠳᠣ ᠵᠠᠢᠯᠠᠵᠤ᠂ ᠨᠥᠭᠦᠭᠡ ᠲᠠᠯ᠎ᠠ᠎ᠪᠠᠷ ᠮᠣᠳᠣ ᠣᠭ᠍ᠲᠣᠯᠵᠤ᠂ ᠤᠯᠠᠭᠠᠨ ᠥᠩᠭᠡ᠎ᠪᠠᠷ ᠨᠣᠭᠤᠭᠠᠨ ᠥᠩᠭᠡ᠎ᠶ᠋ᠢ ᠬᠥᠲᠥᠯᠥᠨ ᠳᠠᠭᠠᠭᠤᠯᠵᠤ᠂ ᠲᠦᠮᠡ ᠮᠢᠩᠭᠠᠠ ᠨᠢᠷᠤᠭᠤ ᠲᠤᠯᠭᠠᠭᠤᠷᠢ ᠤᠢ ᠲᠤᠮᠲᠠ᠎ᠠᠴᠠ ᠤᠷᠭᠤᠵᠦ᠍᠂ ᠱᠢᠨ᠎ᠡ ᠳᠤᠮᠳᠠᠳᠤ ᠤᠯᠤᠰ᠎ᠤᠨ ᠨᠡᠭᠡᠭᠡᠨ ᠬᠥᠭ᠌ᠵᠢᠭᠦᠯᠦᠯᠲᠡ ᠪᠥᠲᠥᠭᠡᠨ ᠪᠠᠢᠭᠤᠯᠤᠯᠲᠠ᠎ᠶ᠋ᠢ ᠬᠦᠴᠦᠲᠡᠶ ᠳᠡᠮᠵᠢᠵᠦ᠍᠂ 《ᠪᠥᠬᠦᠳᠡ ᠨᠠᠢᠷᠠᠮᠳᠠᠬᠤ ᠤᠯᠤᠰ᠎ᠤᠨ ᠤᠤᠭᠠᠠ ᠬᠦᠪᠡᠭᠦᠨ》 ᠭᠡᠬᠦ᠌ ᠢᠷᠠᠭᠤ ᠠᠯᠳᠠᠷᠲᠤ ᠴᠣᠯᠠ᠎ᠪᠠᠨ ᠭᠤᠲᠤᠭᠠᠭ᠍ᠰᠠᠨ ᠥᠬᠡᠶ᠃
ᠪᠦᠷᠢᠳᠭᠡᠯ᠎ᠢ ᠦᠨᠳᠦᠰᠦᠯᠡᠪᠡᠯ᠂ ᠬᠡᠳᠦᠨ ᠠᠷᠪᠠᠨ ᠵᠢᠯ᠎ᠤᠨ ᠲᠤᠷᠰᠢ᠂ ᠱᠢᠭᠤᠢᠲᠤ ᠣᠷᠣᠨ ᠤᠯᠤᠰ᠎ᠲᠤ ᠲᠠᠸᠠᠷ᠎ᠤᠨ ᠮᠠᠲ᠋ᠧᠷᠢᠶᠠᠯ ᠪᠠ ᠣᠶ ᠱᠢᠭᠤᠶ᠎ᠶ᠋ᠢᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠢ ᠨᠡᠢᠲᠡ 2 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠬᠠᠩᠭᠠᠵᠤ᠂ ᠳᠡᠭᠡᠭ᠌ᠰᠢ ᠲᠤᠱᠢᠶᠠᠭ᠍ᠰᠠᠨ ᠠᠱᠢᠭ ᠭᠠᠢᠯᠢ᠎ᠨᠢ 200 ᠭᠠᠷᠤᠶ ᠳ᠋ᠦᠩᠱᠢᠭᠤᠷ ᠲᠥᠭᠦᠷᠢᠭ᠎ᠲᠤ ᠬᠦᠷᠴᠦ᠍᠂ ᠤᠯᠤᠰ᠎ᠤᠨ ᠠᠳᠠᠯᠢ ᠬᠤᠭᠤᠴᠠᠭᠠᠨ᠎ᠤ ᠣᠷᠣᠭᠤᠯᠤᠯᠲᠠ᠎ᠶ᠋ᠢᠨ 4 ᠳᠠᠬᠢᠨ ᠪᠣᠯᠤᠨ᠎ᠠ᠃ ᠡᠳᠡᠭᠡᠷ ᠲᠤᠭ᠎ᠠ ᠪᠠᠷᠢᠮᠲᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠥᠪ ᠤᠳᠤᠷᠢᠳᠤᠯᠭ᠎ᠠ᠎ᠠᠴᠠ ᠰᠠᠯᠵᠤ ᠴᠢᠳᠠᠬᠤ ᠦᠭᠡᠢ᠂ ᠤᠯᠤᠰ᠎ᠤᠨ ᠤᠷᠢᠶᠠᠯᠠᠭ᠎ᠠ᠎ᠶ᠋ᠢ ᠴᠤᠤᠷᠢᠶᠠᠲᠤᠭ᠍ᠰᠠᠨ ᠬᠥᠮᠦᠰ᠎ᠤᠨ ᠡᠬᠡ ᠤᠯᠤᠰ᠎ᠤᠨ ᠬᠠᠮᠤᠭ᠎ᠤᠨ ᠬᠡᠷᠡᠭ᠌ᠴᠡᠭᠡ᠎ᠲᠠᠢ ᠭᠠᠵᠠᠷ᠎ᠲᠤ ᠣᠴᠢᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠬᠤᠪᠢ ᠨᠡᠮᠡᠷᠢ ᠦᠵᠡᠭᠦᠯᠦᠨ᠎ᠠ ᠭᠡᠵᠦ᠍ ᠲᠠᠩᠭᠠᠷᠢᠠᠠᠯᠠᠭ᠍ᠰᠠᠠ ᠱᠢᠭᠤᠢᠲᠤ ᠣᠷᠣᠨ᠎ᠤ ᠬᠥᠮᠦᠰ᠎ᠤᠨ ᠭᠦᠨ ᠵᠤᠵᠠᠭᠠᠨ ᠬᠠᠢᠷ᠎ᠠ ᠰᠡᠳᠭᠢᠯᠭᠡ᠎ᠠᠴᠠ ᠰᠠᠯᠵᠤ ᠴᠢᠳᠠᠬᠤ ᠦᠭᠡᠢ ᠶᠤᠮ᠃
《ᠪᠢ ᠬᠠᠷᠠᠬᠠᠠ ᠪᠠᠭ᠎ᠠ᠎ᠠᠴᠠ᠎ᠪᠠᠨ ᠠᠳᠡ ᠥᠰᠴᠦ᠍ ᠲᠤᠷᠨᠢᠵᠦ᠍᠂ ᠤᠢ ᠱᠢᠭᠤᠢ᠎ᠶ᠋ᠢ ᠰᠠᠬᠢᠨ ᠬᠠᠮᠠᠭᠠᠯᠠᠬ᠍ᠰᠠᠭᠠᠷ ᠢᠷᠡᠵᠠᠢ᠃ ᠮᠣᠳᠣ ᠣᠭ᠍ᠲᠣᠯᠬᠤ᠎ᠠᠴᠠ ᠮᠣᠳᠣ ᠲᠠᠷᠢᠬᠤ ᠬᠦᠷᠲᠡᠯ᠎ᠡ᠂ ᠨᠤᠲᠤᠭ᠎ᠤᠨ ᠰᠠᠢᠬᠠᠠ ᠦᠵᠡᠮᠵᠢ ᠣᠯᠠᠨ᠎ᠳᠤ ᠰᠠᠢᠨ ᠰᠠᠢᠬᠠᠨ ᠠᠯᠤᠰ ᠢᠷᠡᠭᠡᠳᠦᠶ᠎ᠶ᠋ᠢ ᠠᠪᠴᠢᠷᠠᠵᠤ ᠥᠭ᠌ᠭᠦᠨ᠎ᠡ ᠭᠡᠰᠡᠡᠢ ᠶᠠᠷᠦᠨᠢ ᠪᠤᠲᠤᠵᠦ᠍ ᠤᠯᠤᠭ᠍ᠰᠠᠠ》 ᠭᠡᠵᠦ᠍ ᠬᠦᠳᠦᠷᠤᠨ ᠤᠢ ᠱᠢᠭᠤᠢ᠎ᠶ᠋ᠢᠨ ᠠᠵᠢᠯ ᠬᠢᠵᠦ᠍ ᠶᠠᠪᠤᠭ᠎ᠠ ᠫᠧᠩ ᠴᠦᠨ ᠯᠢᠨ ᠬᠡᠯᠡᠪᠡ᠃
ᠫᠧᠩ ᠴᠦᠨ ᠯᠢᠨ᠎ᠤ ᠠᠪᠤ ᠫᠧᠩ ᠵᠢᠶᠠ᠎ᠶ᠋ᠢᠨ ᠪᠣᠯ ᠨᠢᠭᠡᠳᠦᠭᠡᠷ ᠦᠶ᠎ᠡ᠎ᠶ᠋ᠢᠨ ᠤᠢ ᠱᠢᠭᠤᠢ᠎ᠶ᠋ᠢᠨ ᠠᠵᠢᠯ ᠬᠢᠭ᠌ᠰᠡᠡ ᠬᠦᠮᠦᠠ ᠪᠣᠯᠤᠨ᠎ᠠ᠂ ᠤᠳᠤ᠂ ᠫᠧᠩ ᠴᠦᠨ ᠯᠢᠨ᠎ᠤ ᠬᠦᠦ ᠫᠧᠩ ᠱᠢᠩ ᠸᠧᠢ ᠴᠦ᠍ ᠠᠪᠤ᠎ᠶ᠋ᠢᠨ᠎ᠢᠶᠠᠨ ᠪᠤᠤᠬᠢᠶ᠎ᠠ ᠮᠣᠳᠣ᠎ᠶ᠋ᠢ ᠵᠠᠯᠭᠠᠨ ᠠᠪᠴᠤ᠌᠂ ᠵᠢᠩᠬᠢᠨᠢ 《ᠤᠢ ᠱᠢᠭᠤᠢ᠎ᠶ᠋ᠢᠨ ᠠᠵᠢᠯ ᠬᠢᠭ᠌ᠰᠡᠡ ᠭᠤᠷᠪᠠᠨ ᠦᠶ᠎ᠡ᠎ᠶ᠋ᠢᠨ ᠬᠦᠮᠦᠠ》 ᠪᠤᠯᠤᠨ᠎ᠠ᠃ ᠮᠣᠳᠣ ᠣᠭ᠍ᠲᠣᠯᠤᠬ᠍ᠴᠢᠠᠴᠠᠪᠠᠨ ᠤᠢ ᠱᠢᠭᠤᠢ᠎ᠶ᠋ᠢᠨ ᠬᠠᠮᠠᠭᠠᠯᠠᠭ᠍ᠴᠢ ᠪᠣᠯᠵᠠᠢ᠃
70 ᠵᠢᠯ᠎ᠤᠨ ᠲᠤᠷᠰᠢ᠂ ᠱᠢᠭᠤᠢᠲᠤ ᠣᠷᠣᠨ᠎ᠤ ᠬᠡᠳᠦᠨ ᠦᠶ᠎ᠡ᠎ᠶ᠋ᠢᠨ ᠤᠢ ᠱᠢᠭᠤᠢ᠎ᠶ᠋ᠢᠨ ᠠᠵᠢᠯᠲᠠᠳ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠢᠮᠠᠭ᠍ᠲᠠ ᠪᠠᠲᠤᠯᠠᠵᠤ᠂ 2000 ᠭᠠᠷᠤᠢ ᠲᠦᠮᠡᠨ ᠮᠦ᠍ ᠭᠠᠵᠠᠷ᠎ᠢ ᠱᠢᠨ᠎ᠡ᠎ᠪᠠᠷ ᠣᠢᠵᠢᠭᠤᠯᠵᠤ᠂ ᠮᠣᠳᠣᠨ ᠮᠠᠲ᠋ᠧᠷᠢᠶᠠᠯ ᠣᠭ᠍ᠲᠣᠯᠬᠤ᠎ᠪᠠᠨ ᠨᠡᠢᠳᠡ 3817 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠭᠠᠪᠠ᠃ ᠣᠶ ᠱᠢᠭᠤᠶ᠎ᠶ᠋ᠢᠨ ᠲᠠᠯᠠᠪᠠᠶ᠎ᠨᠢ ᠨᠡᠭᠡᠭᠡᠨ ᠠᠱᠢᠠᠠᠯᠠᠬᠤ ᠡᠬᠢᠨ᠎ᠤ ᠦᠶ᠎ᠡ᠎ᠶ᠋ᠢᠨ 6 . 63 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠠᠢᠭ᠍ᠰᠠᠨ᠎ᠠᠴᠠ᠎ᠪᠠᠨ ᠣᠲᠣ 8 . 37 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠣᠯᠵᠣ ᠳᠡᠭᠡᠭ᠌ᠰᠢᠯᠡᠨ᠂ ᠤᠷᠭᠤᠭ᠎ᠠ ᠮᠣᠳᠣᠨ᠎ᠤ ᠶᠡᠷᠦᠩᠬᠡᠶ ᠬᠠᠳᠠᠭᠠᠯᠠᠭ᠍ᠳᠠᠴᠠ᠎ᠨᠢ ᠨᠡᠭᠡᠭᠡᠨ ᠠᠱᠢᠠᠠᠯᠠᠬᠤ ᠡᠬᠢᠨ᠎ᠤ ᠦᠶ᠎ᠡ᠎ᠶ᠋ᠢᠨ 6 . 62 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠢᠭ᠍ᠰᠠᠨ᠎ᠠᠴᠠ᠎ᠪᠠᠨ ᠣᠲᠣ 10 . 33 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠣ ᠳᠡᠭᠡᠭ᠌ᠰᠢᠯᠡᠨ᠂ ᠣᠶ ᠱᠢᠭᠤᠶ᠎ᠶ᠋ᠢᠨ ᠡᠬᠢ ᠪᠠᠶᠠᠯᠢᠭ᠎ᠤᠨ 《ᠪᠤᠢᠵᠢᠭᠤᠯᠤᠯᠲᠠᠨᠢ ᠤᠭ᠍ᠳᠤᠯᠬᠤᠠᠴᠠ ᠤᠯᠠᠠ ᠪᠠᠢᠬᠤ》 ᠶ᠋ᠢ ᠪᠡᠶᠡᠯᠡᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠳᠤ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠪᠠᠢᠭᠤᠯᠤᠭ᠍ᠰᠠᠨ ᠪᠠᠢᠨ᠎ᠠ᠃
ᠬᠠᠷᠠᠮᠥ᠋ᠷᠡᠨ᠎ᠤ ᠱᠢᠮ᠎ᠡ ᠲᠡᠵᠢᠭᠡᠯᠲᠦ ᠡᠪᠡᠰᠦ ᠮᠣᠳᠣ᠎ᠨᠢ ᠬᠡᠭᠡᠷ᠎ᠡ᠎ᠶ᠋ᠢᠨ ᠠᠮᠢᠲᠠᠨ᠎ᠤ ᠴᠡᠩᠭᠡᠯ᠎ᠤᠨ ᠤᠷᠤᠨ ᠪᠤᠯᠵᠠᠢ᠃ ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠬᠠᠭᠤᠷᠠᠶ ᠭᠠᠵᠠᠷ᠎ᠤᠨ ᠬᠡᠭᠡᠷ᠎ᠡ᠎ᠶ᠋ᠢᠨ ᠠᠮᠢᠲᠠᠨ᠎ᠤ ᠡᠬᠢ ᠪᠠᠶᠠᠯᠢᠭ 375 ᠵᠦᠢᠯ ᠪᠠᠢᠵᠦ᠍᠂ 2000 ᠣᠨ᠎ᠤ ᠪᠠᠢᠴᠠᠭᠠᠨ ᠪᠦᠷᠢᠳᠭᠡᠭ᠌ᠰᠡᠨ ᠲᠤᠭ᠎ᠠ ᠬᠡᠮᠵᠢᠶ᠎ᠡ᠎ᠠᠴᠠ 34 ᠵᠦᠢᠯ ᠨᠡᠮᠡᠭ᠌ᠳᠡᠵᠦ᠍᠂ ᠨᠡᠢᠲᠡ 1800 ᠭᠠᠷᠤᠶ ᠵᠦᠢᠯ᠎ᠤᠨ ᠬᠡᠭᠡᠷ᠎ᠡ᠎ᠶ᠋ᠢᠨ ᠤᠷᠭᠤᠮᠠᠯ᠎ᠢ ᠤᠯᠤᠰ᠎ᠤᠨ ᠬᠤᠶᠠᠳᠤᠭᠠᠷ ᠳᠡᠰ᠎ᠤᠨ ᠭᠤᠣᠯᠳᠠᠯᠭ᠎ᠠ᠎ᠲᠠᠢ ᠬᠠᠮᠠᠭᠠᠯᠠᠬᠤ ᠬᠡᠭᠡᠷ᠎ᠡ᠎ᠶ᠋ᠢᠨ ᠤᠷᠭᠤᠮᠠᠯ᠎ᠳᠤ ᠵᠢᠭ᠍ᠰᠠᠭᠠᠪᠠ᠃ ᠳᠤᠮᠳᠠᠳᠤ ᠤᠯᠤᠰ᠎ᠤᠨ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠣᠶ ᠱᠢᠭᠤᠶ᠎ᠶ᠋ᠢᠨ ᠠᠮᠢ ᠠᠬᠤᠶ ᠣᠷᠴᠢᠨ ᠲᠣᠭᠤᠷᠢᠨ ᠬᠢᠭᠡᠳ ᠬᠠᠮᠠᠭᠠᠯᠠᠯᠲᠠ᠎ᠶ᠋ᠢᠨ ᠰᠤᠳᠤᠯᠭᠠᠨ᠎ᠤ ᠭᠠᠵᠠᠷ᠂ ᠳᠤᠮᠳᠠᠳᠤ ᠤᠯᠤᠰ᠎ᠤᠨ ᠣᠶ ᠱᠢᠭᠤᠶ᠎ᠶ᠋ᠢᠨ ᠠᠮᠢ ᠠᠬᠤᠶ᠎ᠶ᠋ᠢᠨ ᠱᠢᠰᠲ᠋ᠧᠮ᠎ᠤᠨ ᠪᠠᠢᠷᠢ ᠲᠣᠭ᠍ᠲᠠᠭᠠᠯᠲᠠ᠎ᠶ᠋ᠢ ᠠᠵᠢᠠᠠᠯᠠᠠ ᠬᠡᠮᠵᠢᠬᠦ᠌ ᠰᠤᠳᠤᠯᠭᠠᠨ᠎ᠤ ᠰᠦᠯᠵᠢᠶ᠎ᠡ ᠨᠢᠳᠤᠨᠤᠨ ᠬᠠᠮᠲᠤᠷᠠᠨ ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠠᠮᠢ ᠠᠬᠤᠶ᠎ᠶ᠋ᠢᠨ ᠱᠢᠰᠲ᠋ᠧᠮ᠎ᠤᠨ ᠦᠶᠯᠡᠴᠢᠯᠡᠭᠡᠨ᠎ᠤ ᠥᠷᠲᠡᠭ᠎ᠢ ᠦᠨᠡᠯᠡᠨ ᠵᠢᠱ᠌ᠢᠭ᠌ᠰᠡᠨ ᠦᠷ᠎ᠡ ᠪᠦᠲᠦᠭᠡᠯ᠎ᠢ ᠨᠡᠢᠲᠡᠯᠡᠪᠡ᠄ 2018 ᠣᠨ᠎ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠣᠶ ᠱᠢᠭᠤᠶ ᠬᠢᠭᠡᠳ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠤᠨ ᠦᠶᠯᠡᠴᠢᠯᠡᠭᠡᠨ᠎ᠤ ᠴᠢᠳᠠᠮᠵᠢ᠎ᠶ᠋ᠢᠨ ᠶᠡᠷᠦᠩᠬᠡᠶ ᠥᠷᠲᠡᠭ᠎ᠨᠢ ᠵᠢᠯ ᠪᠦᠷᠢ 6160 ᠳ᠋ᠦᠩᠱᠢᠭᠤᠷ ᠲᠥᠭᠦᠷᠢᠭ ᠪᠣᠯᠤᠨ᠎ᠠ᠃
ᠭᠤᠣᠯ ᠮᠥᠷᠡᠨ᠎ᠤ ᠡᠬᠢ ᠭᠡᠳᠡᠭ᠎ᠨᠢ ᠯᠠᠪᠲᠠᠶ᠎ᠠ ᠳᠣᠣᠷᠠᠳᠤ ᠤᠷᠤᠰᠭᠠᠯ᠎ᠳᠠᠭᠠᠨ ᠮᠥᠩᠬᠡ᠎ᠶ᠋ᠢᠨ᠂ ᠠᠶᠠᠨ᠎ᠳᠠᠭᠠᠨ ᠠᠱᠢᠭ ᠲᠤᠰᠠ ᠬᠦᠷᠲᠡᠭᠡᠵᠦ᠍᠂ ᠠᠮᠢᠳᠠᠨ ᠭᠤᠤᠯᠳᠠᠨ᠎ᠳᠤ ᠠᠱᠢᠭ ᠲᠤᠰᠠ ᠬᠦᠷᠲᠡᠭᠡᠬᠦ᠌ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ᠎ᠲᠠᠢ ᠪᠠᠢᠵᠦ᠍᠂ ᠪᠠᠰᠠ ᠯᠠᠪᠲᠠᠶ᠎ᠠ ᠤᠢᠳᠭᠠᠷᠯᠠᠬᠤᠠᠴᠠ ᠠᠶᠤᠬᠤ ᠦᠭᠡᠢ ᠥᠪᠡᠷ᠎ᠢ᠎ᠪᠠᠨ ᠬᠦᠴᠦᠷᠬᠡᠭ᠌ᠵᠢᠭᠦᠯᠬᠦ᠌ ᠵᠣᠷᠢᠭ ᠰᠠᠨᠠᠭ᠎ᠠ᠎ᠲᠠᠢ ᠪᠠᠢᠵᠦ᠍᠂ ᠨᠡᠩ ᠴᠤ᠌ ᠦᠶ᠎ᠡ ᠤᠯᠠᠷᠢᠨ ᠣᠷᠣᠱᠢᠨ ᠲᠣᠭ᠍ᠲᠠᠨᠢᠬᠤ ᠤᠤᠭᠠᠯ ᠳᠦᠷᠰᠦ᠎ᠶ᠋ᠢ ᠪᠤᠶ ᠪᠣᠯᠭᠠᠬᠤ ᠵᠣᠷᠢᠭ ᠰᠠᠨᠠᠭ᠎ᠠ᠎ᠲᠠᠢ ᠪᠠᠢᠵᠦ᠍᠂ ᠬᠡᠵᠢᠶ᠎ᠡ ᠡᠭᠦᠷᠢᠳᠡ ᠵᠤᠭ᠍ᠰᠤᠰᠢ ᠦᠭᠡᠶ ᠲᠡᠮᠡᠴᠡᠬᠦ᠌ ᠱᠢᠪᠲᠤᠯᠤᠯᠲᠠ᠎ᠶ᠋ᠢᠨ ᠵᠣᠷᠢᠭ ᠰᠠᠨᠠᠭ᠎ᠠ᠎ᠲᠠᠢ ᠪᠠᠢᠵᠦ᠍᠂ ᠪᠠᠭᠤᠷᠠᠶ᠎ᠶ᠋ᠢ ᠬᠤᠷᠠᠮᠳᠤᠭᠤᠯᠤᠨ ᠬᠦᠴᠦᠷᠬᠡᠭ ᠪᠣᠯᠭᠠᠬᠤ ᠤᠷᠤᠰᠭᠠᠯ ᠨᠡᠢᠯᠡᠵᠦ᠍ ᠬᠠᠮᠲᠤ᠎ᠪᠠᠷ ᠤᠷᠤᠭ᠍ᠰᠢᠯᠠᠬᠤ ᠵᠣᠷᠢᠭ ᠰᠠᠨᠠᠭ᠎ᠠ᠎ᠲᠠᠢ ᠪᠠᠢᠲᠠᠭ᠃
ᠡᠢᠮᠦᠷᠬᠦᠦ ᠡᠬᠢ ᠡᠭᠦᠰᠦᠯ᠎ᠤᠨ ᠵᠣᠷᠢᠭ ᠰᠠᠨᠠᠭ᠎ᠠ᠎ᠨᠢ ᠮᠠᠨ᠎ᠤ ᠱᠢᠭᠤᠢᠲᠤ ᠣᠷᠣᠨ᠎ᠤ ᠬᠥᠮᠦᠰ᠎ᠤᠨ ᠣᠶᠤᠨ ᠰᠠᠨᠠᠭᠠᠨ᠎ᠤ ᠳᠦᠷᠰᠦ ᠪᠠᠢᠳᠠᠯ᠎ᠲᠠᠢ ᠨᠡᠢᠴᠡᠵᠦ᠍᠂ ᠬᠥᠮᠦᠰ᠎ᠤᠨ ᠰᠡᠳᠭᠢᠯ᠎ᠢ ᠬᠥᠳᠡᠯᠭᠡᠵᠦ᠍ ᠪᠠᠢᠲᠠᠭ! ᠡᠨᠡ ᠬᠦ᠌ ᠡᠬᠢ ᠡᠭᠦᠰᠦᠯ᠎ᠤᠨ ᠵᠣᠷᠢᠭ ᠰᠠᠨᠠᠭ᠎ᠠ᠎ᠨᠢ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠭᠦᠨᠵᠡᠭᠡᠢ ᠲᠤᠭᠤᠱᠢᠯᠠᠭᠤᠯᠬᠤ᠎ᠲᠠᠢ ᠤᠳᠤᠮ ᠤᠯᠠᠮᠵᠢᠯᠠᠯ ᠨᠢᠭᠡᠲᠡᠢ ᠪᠠᠢᠵᠤ᠂ ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠠᠯᠳᠠ ᠮᠥᠩᠭᠦᠨ ᠠᠭᠤᠯᠠ᠎ᠠᠴᠠ ᠲᠠᠰᠤᠷᠠᠯᠳᠠ ᠦᠭᠡᠢ 《ᠦᠢᠯᠡᠳᠪᠦᠷᠢᠯᠡᠨ ᠭᠠᠷᠭᠠᠵᠤ》᠂ ᠠᠯᠳᠠ ᠮᠥᠩᠭᠦᠨ ᠠᠭᠤᠯᠠ᠎ᠨᠢ ᠴᠤ᠌ ᠲᠠᠰᠤᠷᠠᠯᠳᠠ ᠦᠭᠡᠢ ᠬᠦᠭᠡᠮᠲᠦᠭ ᠨᠤᠭᠤᠭᠠᠠ ᠠᠭᠤᠯᠠ ᠤᠰᠤ᠎ᠶ᠋ᠢ ᠲᠤᠯᠭᠠᠭᠤᠷᠢᠯᠠᠵᠤ᠂ ᠠᠮᠢ ᠠᠬᠤᠢ᠎ᠶ᠋ᠢᠨ ᠳᠠᠪᠠᠭᠤᠯᠢᠭ᠎ᠢ ᠠᠵᠤ ᠠᠬᠤᠢ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ᠎ᠶ᠋ᠢᠨ ᠪᠠ ᠣᠷᠴᠢᠨ ᠠᠬᠤᠢ ᠨᠥᠬᠦᠷᠰᠡᠭ ᠬᠡᠯᠪᠡᠷᠢ᠎ᠶ᠋ᠢᠨ ᠨᠡᠢᠭᠡᠮ᠎ᠢ ᠴᠢᠷᠮᠠᠢᠨ ᠪᠦᠳᠦᠭᠡᠨ ᠪᠠᠢᠭᠤᠯᠤᠨ᠎ᠠ᠃
ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠤᠢ ᠱᠢᠭᠤᠢ᠎ᠶ᠋ᠢᠨ ᠠᠵᠢᠯᠲᠠᠳ ᠤᠳᠤ ᠴᠤ᠌ ᠭᠡᠰᠡᠡ ᠮᠥᠨ ᠯᠡ ᠭᠦᠨ ᠠᠭᠤᠯᠠᠨ᠎ᠳᠤ ᠰᠠᠭᠤᠵᠦ᠍᠂ ᠤᠢ ᠱᠢᠭᠤᠢ᠎ᠪᠠᠨ ᠡᠭᠦᠷᠢᠳᠡ ᠰᠠᠬᠢᠨ ᠬᠠᠮᠠᠭᠠᠯᠠᠵᠤ ᠪᠠᠢᠨ᠎ᠠ᠂ ᠡᠨᠡ ᠪᠣᠯ ᠨᠢᠭᠡ ᠵᠦᠢᠯ᠎ᠤᠨ ᠥᠪᠡᠷ᠎ᠢ᠎ᠪᠠᠨ ᠬᠦᠨᠳᠦᠳᠭᠡᠬᠦ᠌ ᠰᠡᠳᠭᠢᠯᠭᠡ᠂ ᠨᠢᠭᠡ ᠵᠦᠢᠯ᠎ᠤᠨ ᠢᠲᠡᠭᠡᠯ᠂ ᠪᠠᠰᠠ ᠴᠤ᠌ ᠨᠢᠭᠡ ᠵᠦᠢᠯ᠎ᠤᠨ ᠬᠢᠴᠢᠶᠡᠩᠭᠦᠢ ᠣᠪᠣᠷ ᠪᠣᠯᠤᠨ᠎ᠠ᠃ ᠨᠢᠭᠡ ᠴᠠᠭ ᠦᠶ᠎ᠡ᠎ᠳᠤ ᠨᠢᠭᠡ ᠴᠠᠭ ᠦᠶ᠎ᠡ᠎ᠶ᠋ᠢᠨ ᠰᠡᠳᠦᠪ ᠪᠠᠢᠳᠠᠭ᠂ ᠨᠢᠭᠡ ᠦᠶ᠎ᠡ᠎ᠶ᠋ᠢᠨ ᠬᠥᠮᠦᠰ᠎ᠲᠤ ᠨᠢᠭᠡ ᠦᠶ᠎ᠡ᠎ᠶ᠋ᠢᠨ ᠬᠥᠮᠦᠰ᠎ᠤᠨ ᠡᠭᠦᠷᠭᠡ ᠬᠠᠷᠢᠭᠤᠴᠠᠯᠭ᠎ᠠ ᠪᠠᠢᠳᠠᠭ᠃ ᠠᠮᠢ ᠠᠬᠤᠢ᠎ᠶ᠋ᠢᠨ ᠪᠣᠯᠪᠠᠰᠤᠨ᠎ᠢ ᠪᠠᠢᠭᠤᠯᠬᠤ ᠪᠣᠯ ᠬᠠᠷᠢᠭᠤᠴᠠᠯᠭ᠎ᠠ ᠮᠥᠨ᠂ ᠪᠠᠰᠠ ᠴᠤ᠌ ᠠᠷᠠᠳ᠎ᠤᠨ ᠠᠮᠢᠳᠤᠷᠠᠯ ᠮᠥᠨ᠃ ᠨᠣᠮᠢᠨ ᠨᠣᠭᠤᠭᠠᠨᠢ ᠰᠠᠬᠢᠨ ᠬᠠᠮᠠᠭᠠᠯᠠᠵᠤ᠂ ᠨᠣᠮᠢᠨ ᠨᠣᠭᠤᠭᠠᠨ᠎ᠳᠤ ᠲᠦᠱᠢᠭ᠌ᠯᠡᠨ᠂ ᠨᠣᠮᠢᠨ ᠨᠣᠭᠤᠭᠠᠨ᠎ᠤ ᠲᠦᠯᠦᠭᠡ ᠬᠥᠭᠡᠭᠡᠴᠡᠯᠳᠦᠵᠦ᠍᠂ ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠬᠠᠮᠠᠭᠠᠯᠠᠵᠦ᠍ ᠪᠠᠢᠬᠤ᠎ᠪᠠᠷ ᠪᠠᠷᠠᠬᠤ ᠦᠭᠡᠢ᠂ ᠪᠠᠰᠠ ᠬᠥᠭ᠌ᠵᠢᠯᠲᠡ᠎ᠶ᠋ᠢ ᠡᠷᠢᠯᠬᠢᠯᠡᠨ ᠮᠥᠩᠭᠦᠨ ᠠᠭᠤᠯᠠ ᠠᠯᠳᠠᠨ ᠠᠭᠤᠯᠠ᠎ᠶ᠋ᠢ ᠴᠣᠭ᠍ᠴᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠪᠠᠲᠤ ᠰᠠᠬᠢᠵᠦ᠍ ᠪᠠᠢᠨ᠎ᠠ᠂ ᠡᠨᠡ᠎ᠨᠢ ᠮᠥᠨ ᠴᠦ᠍ ᠬᠡᠳᠦᠨ ᠦᠶ᠎ᠡ᠎ᠶ᠋ᠢᠨ ᠤᠢ ᠱᠢᠭᠤᠢ᠎ᠶ᠋ᠢᠨ ᠠᠵᠢᠯ ᠬᠢᠵᠦ᠍ ᠪᠠᠢᠭ᠎ᠠ ᠬᠥᠮᠦᠰ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠢᠰᠢ ᠭᠡᠵᠢ ᠤᠤ?!



