ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍ ᠨᠠᠩ ᠭᠤᠢᠳᠠ ᠰᠠᠢᠬᠠᠨ ᠬᠠᠭᠤᠳᠠᠰᠤ᠎ᠶ᠋ᠢ ᠪᠢᠴᠢᠭ᠌ᠯᠡᠨ᠎ᠡ
2021-06-27 10:48:19
ᠵᠣᠬᠢᠶᠠᠭ᠍ᠴᠢ᠄
ᠾᠦᠸᠧ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠪᠥᠬᠦ᠌ ᠠᠷᠠᠳ᠎ᠢ ᠬᠠᠮᠤᠷᠤᠭ᠍ᠰᠠᠨ᠂ ᠬᠤᠲᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠬᠦᠯᠦᠭ᠌ᠰᠡᠨ᠂ ᠲᠥᠪ ᠭᠤᠤᠯᠴᠢ ᠨᠢᠭᠡᠳᠦᠯᠲᠡᠶ᠂ ᠦᠷᠭᠦᠯᠵᠢᠯᠡᠬᠦ᠌ ᠣᠯᠠᠨ ᠲᠠᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠨᠢᠭᠡᠨᠲᠡ ᠠᠩᠬ᠎ᠠ ᠠᠯᠬᠤᠮ ᠪᠠᠢᠭᠤᠯᠪᠠ᠃ ᠲᠠᠷᠠᠭᠠᠴᠢ᠎ᠶ᠋ᠢᠨ ᠠᠯᠬᠤᠮ᠎ᠳᠤ᠂ ᠮᠠᠨ᠎ᠤ ᠣᠷᠣᠨ ᠬᠡᠷᠬᠢᠨ ᠪᠥᠬᠦ᠌ ᠠᠷᠠᠳ᠎ᠢ ᠬᠠᠮᠤᠷᠤᠭ᠍ᠰᠠᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠨᠡᠢᠭᠡᠮ᠎ᠤᠨ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠪᠤᠢ?

ᠨᠡᠢᠭᠡᠮ᠎ᠤᠨ ᠳᠠᠭᠠᠳᠭᠠᠯ᠎ᠤᠨ ᠲᠦᠷᠢᠮ᠎ᠤᠨ ᠱᠢᠰᠲ᠋ᠧᠮᠵᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠦᠨ᠎ᠡ᠃ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠢᠭᠡᠳᠦᠯᠲᠡᠶ ᠲᠥᠯᠥᠪᠯᠡᠭᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠲᠥᠯᠥᠪᠯᠡᠬᠦ᠌ ᠳᠦᠷᠢᠮ᠎ᠢ ᠰᠤᠳᠤᠯᠤᠨ ᠲᠣᠭ᠍ᠲᠠᠭᠠᠵᠤ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠢᠭᠡᠳᠦᠯᠲᠡᠶ ᠲᠥᠯᠥᠪᠯᠡᠬᠦ᠌ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠨ᠎ᠡ᠃ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢᠨ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠮᠠᠯᠴᠢᠨ ᠲᠠᠷᠢᠶᠠᠴᠢᠨ ᠬᠦᠴᠦ᠍ ᠶᠠᠪᠤᠭ᠍ᠰᠠᠳ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠵᠡᠷᠭᠡ᠎ᠪᠠᠷ ᠭᠤᠤᠯᠳᠠᠯᠭ᠎ᠠ ᠪᠣᠯᠭᠠᠵᠤ᠂ ᠨᠡᠢᠭᠡᠮ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠬᠦ᠌᠎ᠶ᠋ᠢ ᠠᠬᠢᠭᠤᠯᠤᠨ᠎ᠠ᠃

ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠨᠡᠢᠭᠡᠮ᠎ᠤᠨ ᠳᠠᠭᠠᠳᠭᠠᠯ᠎ᠤᠨ ᠬᠠᠷᠠᠭᠠᠯᠵᠠᠯ᠎ᠤᠨ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠡ᠃ ᠠᠵᠤ ᠠᠬᠤᠶ ᠪᠠ ᠡᠳ᠋᠎ᠤᠨ ᠬᠦᠴᠦᠨ ᠦᠷᠭᠦᠯᠵᠢᠯᠡᠨ ᠨᠡᠮᠡᠭ᠌ᠳᠡᠭ᠌ᠰᠡᠨ ᠰᠠᠭᠤᠷᠢᠨ ᠳᠡᠭᠡᠷ᠎ᠡ᠂ ᠨᠡᠢᠭᠡᠮ᠎ᠤᠨ ᠳᠠᠭᠠᠳᠭᠠᠯ᠎ᠤᠨ ᠣᠯᠭᠤᠮᠵᠢ᠎ᠶ᠋ᠢᠨ ᠬᠢᠷᠢ ᠬᠡᠮᠵᠢᠶ᠎ᠡ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠡ᠃ ᠨᠡᠢᠭᠡᠮ᠎ᠤᠨ ᠪᠠᠲᠤᠯᠠᠭ᠎ᠠ᠎ᠶ᠋ᠢᠨ ᠬᠠᠷᠠᠭᠠᠯᠵᠠᠯ᠎ᠢ ᠲᠤᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠢᠯᠡᠭᠦᠦ ᠲᠤᠱᠢᠶᠠᠪᠠᠯ ᠢᠯᠡᠭᠦᠦ ᠤᠯᠬᠤ᠂ ᠤᠷᠳᠤ ᠬᠤᠭᠤᠴᠠᠭ᠎ᠠ ᠲᠤᠱᠢᠶᠠᠪᠠᠯ ᠢᠯᠡᠭᠦᠦ ᠤᠯᠬᠤ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠣᠯᠭᠤᠮᠵᠢ᠎ᠶ᠋ᠢ ᠲᠣᠭ᠍ᠲᠠᠭᠠᠬᠤ ᠪᠠ ᠰᠠᠭᠤᠷᠢ ᠨᠠᠰᠤᠵᠢᠯ᠎ᠤᠨ ᠮᠥᠩᠭᠦ᠎ᠶ᠋ᠢᠨ ᠬᠡᠪ᠎ᠤᠨ ᠲᠣᠬᠢᠷᠠᠭᠤᠯᠤᠯᠲᠠ᠎ᠶ᠋ᠢᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠭᠠᠯ᠎ᠤᠨ ᠣᠯᠭᠤᠮᠵᠢ᠎ᠶ᠋ᠢᠨ ᠬᠢᠷᠢ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠣᠯᠭᠤᠮᠵᠢ᠎ᠶ᠋ᠢ ᠲᠣᠬᠢᠷᠠᠭᠤᠯᠬᠤ ᠪᠠ ᠲᠣᠭ᠍ᠲᠠᠭᠠᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃

ᠲᠡᠰ ᠳᠠᠪᠬᠤᠷᠭ᠎ᠠ ᠲᠦᠷᠦᠯ ᠬᠤᠪᠢᠶᠠᠭ᠍ᠰᠠᠨ ᠠᠪᠤᠷᠠᠨ ᠲᠤᠰᠠᠯᠠᠬᠤ ᠲᠦᠷᠢᠮ᠎ᠤᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠬᠦ᠌᠎ᠶ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮ᠎ᠤᠨ ᠠᠪᠤᠷᠠᠨ ᠲᠤᠰᠠᠯᠠᠬᠤ ᠣᠷᠣᠭᠤᠯᠤᠯᠲᠠ᠎ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠬᠤᠲᠠ ᠬᠥᠳᠡᠭᠡ᠎ᠶ᠋ᠢᠨ ᠵᠥᠷᠢᠶ᠎ᠡ᠂ ᠣᠷᠣᠨ ᠪᠦᠰᠡ᠎ᠶ᠋ᠢᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠂ ᠬᠤᠲᠠ ᠬᠥᠳᠡᠭᠡ᠎ᠶ᠋ᠢᠨ ᠠᠪᠤᠷᠠᠨ ᠲᠤᠰᠠᠯᠠᠬᠤ  ᠦᠢᠯᠡᠴᠢᠯᠡᠭᠡᠨ᠎ᠤ ᠲᠡᠩᠴᠡᠭᠦᠷᠢᠱᠢᠯ᠎ᠢ ᠲᠦᠷᠭᠡᠳᠭᠡᠨ ᠪᠡᠶᠡᠯᠡᠭᠦᠯᠦᠨ᠎ᠡ᠃ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠪᠤᠷᠠᠨ ᠲᠤᠰᠠᠯᠠᠬᠤ ᠮᠡᠳᠡᠭᠡ ᠵᠠᠩᠭᠢ᠎ᠶ᠋ᠢ ᠲᠥᠪᠯᠡᠷᠡᠭᠦᠯᠬᠦ᠂ ᠠᠪᠤᠷᠠᠨ ᠲᠤᠰᠠᠯᠠᠬᠤ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠠᠪᠤᠷᠠᠨ ᠲᠤᠰᠠᠯᠠᠬᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠠᠬᠢᠭᠤᠯᠵᠤ᠂ ᠤᠨᠢᠨ ᠳᠡᠭᠡᠷ᠎ᠡ᠎ᠨᠢ ᠠᠪᠤᠷᠠᠨ ᠲᠤᠰᠠᠯᠠᠬᠤ᠂ ᠥᠨᠳᠥᠷ ᠪᠦᠲᠦᠮᠵᠢᠲᠡᠢ᠎ᠪᠠᠷ ᠠᠪᠤᠷᠠᠨ ᠲᠤᠰᠠᠯᠠᠬᠤ᠂ ᠬᠠᠢᠷ᠎ᠠ ᠬᠠᠯᠠᠮᠵᠢ᠎ᠲᠠᠢ᠎ᠪᠠᠷ ᠠᠪᠤᠷᠠᠨ ᠲᠤᠰᠠᠯᠠᠬᠤ᠂ ᠣᠶᠤᠨᠴᠢ᠎ᠪᠠᠷ ᠠᠪᠤᠷᠠᠨ ᠲᠤᠰᠠᠯᠠᠬᠤ᠎ᠶ᠋ᠢ ᠪᠡᠶᠡᠯᠡᠭᠦᠯᠦᠨ᠎ᠡ᠃

ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠦᠨᠳᠦᠰᠦᠨ ᠵᠦᠢᠯ᠎ᠢ ᠪᠠᠲᠤᠯᠠᠬᠤ᠂ ᠨᠠᠷᠢᠯᠢᠭ ᠬᠠᠮᠢᠶᠠᠷᠬᠤ᠂ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢ ᠪᠠᠷᠢᠮᠲᠠᠯᠠᠵᠤ᠂ ᠬᠠᠮᠲᠤ᠎ᠪᠠᠷ ᠡᠳ᠋ᠯᠡᠵᠦ᠍ ᠬᠠᠮᠲᠤ᠎ᠪᠠᠷ ᠵᠠᠰᠠᠬᠤ᠂ ᠣᠯᠠᠨ ᠲᠠᠯ᠎ᠠ ᠣᠷᠣᠯᠴᠠᠬᠤ᠎ᠶ᠋ᠢ ᠪᠠᠷᠢᠮᠲᠠᠯᠠᠵᠤ᠂ ᠲᠥᠪ ᠭᠤᠤᠯᠴᠢ ᠡᠮᠴᠢᠯᠡᠭᠡᠨ᠎ᠤ ᠳᠠᠭᠠᠳᠭᠠᠯ᠂ ᠬᠠᠤᠯᠢ᠎ᠪᠠᠷ ᠵᠠᠰᠠᠬᠤ ᠡᠮᠴᠢᠯᠡᠭᠡᠨ᠎ᠤ ᠳᠠᠭᠠᠳᠭᠠᠯ᠂ ᠠᠮᠤᠷ ᠲᠦᠪᠱᠢᠨ ᠡᠮᠴᠢᠯᠡᠭᠡᠨ᠎ᠤ ᠳᠠᠭᠠᠳᠭᠠᠯ᠂ ᠣᠶᠤᠨᠴᠢ ᠡᠮᠴᠢᠯᠡᠭᠡᠨ᠎ᠤ ᠳᠠᠭᠠᠳᠭᠠᠯ᠂ ᠬᠠᠮᠵᠢᠯᠴᠠᠬᠤ ᠡᠮᠴᠢᠯᠡᠭᠡᠨ᠎ᠤ ᠳᠠᠭᠠᠳᠭᠠᠯ᠎ᠢ ᠪᠠᠢᠭᠤᠯᠵᠦ᠍᠂ ᠨᠠᠢᠳᠠᠪᠤᠷᠢᠲᠠᠶ ᠡᠮᠴᠢᠯᠡᠭᠡᠨ᠎ᠤ ᠪᠠᠲᠤᠯᠠᠭ᠎ᠠ ᠬᠠᠩᠭᠠᠬᠤ᠎ᠪᠠᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号