ᠬᠤᠷᠢᠭᠠᠳ ᠵᠢᠯ᠎ᠤᠨ ᠡᠮᠥᠨ᠎ᠠ ᠪᠠᠳᠤ ᠰᠠᠬ᠍ᠰᠤᠨ ᠪᠥᠮᠪᠦᠭᠡ᠎ᠶ᠋ᠢᠨ ᠲᠠᠯᠠᠪᠠᠢ᠎ᠳᠤ ᠤᠷᠤᠬ᠍ᠰᠢᠯᠠᠬᠤ ᠤᠬᠤᠷᠢᠬᠤ ᠲᠤᠨᠤᠯᠵᠠᠨ ᠵᠠᠮ ᠲᠡᠭᠡᠷ᠎ᠠ ᠭᠤᠢᠪᠠᠯᠵᠢᠵᠥ᠍ ᠪᠠᠢᠯ᠎ᠠ᠃ ᠲᠤᠬᠠᠢ᠎ᠶ᠋ᠢᠨ ᠥᠶ᠎ᠠ᠎ᠳᠤ ᠲᠡᠷᠡ ᠶᠠᠭ ᠰᠠᠢᠬᠠᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠪᠠᠨ ᠲᠡᠭᠦᠰᠭᠡᠪᠠ᠃ ᠬᠠᠷᠠᠬᠠᠨ ᠪᠠᠭ᠎ᠠ᠎ᠠᠴᠠ᠎ᠪᠠᠨ ᠰᠠᠭ᠍ᠰᠤᠨ ᠪᠥᠮᠪᠦᠭᠡ᠎ᠳᠤ ᠲᠤᠷ᠎ᠠ ᠪᠠᠭ᠍ᠠᠲᠠᠶ ᠪᠠᠢᠭ᠍ᠰᠠᠨ ᠲᠡᠷᠡ ᠨᠢᠭᠡ ᠰᠡᠳᠭᠢᠯ ᠨᠢᠭᠡ ᠵᠤᠷᠢᠭ᠎ᠢᠶᠠᠷ ᠵᠢᠩᠬᠢᠨᠢ ᠰᠠᠭ᠍ᠰᠤᠨ ᠪᠥᠮᠪᠦᠭᠡ᠎ᠶ᠋ᠢᠨ ᠪᠣᠯᠪᠠᠰᠤᠷᠠᠯ ᠬᠦᠷᠲᠡᠵᠦ᠍᠂ ᠰᠠᠭ᠍ᠰᠤᠨ ᠪᠥᠮᠪᠦᠭᠡ᠎ᠶ᠋ᠢᠨ ᠠᠵᠢᠯ ᠮᠡᠷᠭᠡᠵᠢᠯ᠎ᠤᠨ ᠵᠠᠮ᠎ᠢᠶᠠᠷ ᠨᠡᠩ ᠬᠤᠯᠠ ᠶᠠᠪᠤᠬᠤ ᠬᠦᠰᠡᠯ᠎ᠢ ᠡᠪᠤᠷᠯᠠᠵᠥ᠍ ᠪᠠᠢᠪᠠ᠃ ᠬᠡᠪᠡᠴᠦ᠍᠂ ᠪᠡᠶ᠎ᠡ᠎ᠶ᠋ᠢᠨ ᠥᠨᠳᠥᠷ᠎ᠢᠶᠠᠷ ᠲᠡᠢᠮᠦ᠍ ᠲᠠᠪᠠᠭᠤᠯᠢᠭ ᠪᠢᠰᠢ ᠪᠤᠯᠬᠤᠷ ᠮᠠᠰᠢ ᠣᠯᠠᠨ ᠬᠥᠮᠦᠨ ᠢᠳᠡᠭᠡᠯ ᠦᠭᠡᠢ ᠪᠠᠢᠵᠤ᠂ ᠳᠡᠷᠭᠡᠳᠡᠬᠢ ᠬᠠᠮᠲᠤ ᠰᠤᠷᠤᠭ᠍ᠴᠢ᠂ ᠴᠢᠨᠠᠭ᠍ᠰᠢᠯᠠᠨ ᠳᠠᠰᠭᠠᠯᠵᠢᠭᠤᠯᠤᠭ᠍ᠴᠢ᠂ ᠪᠠᠭ᠍ᠰᠢ ᠨᠡᠷ᠎ᠨᠢ ᠬᠦᠷᠳᠡᠯ᠎ᠡ ᠲᠡᠭᠦᠨ᠎ᠢ ᠰᠠᠭ᠍ᠰᠤᠨ ᠪᠥᠮᠪᠦᠭᠡ᠎ᠪᠠᠨ ᠬᠠᠶᠠᠴᠢᠬ᠎ᠠ ᠭᠡᠵᠦ᠍ ᠢᠳᠭᠠᠵᠠᠶ᠃ ᠵᠦᠪᠬᠡᠨ ᠠᠪᠤ ᠡᠵᠢ᠎ᠨᠢ ᠯᠠ ᠰᠠᠭ᠍ᠰᠤᠨ ᠪᠥᠮᠪᠦᠭᠡ᠎ᠶ᠋ᠢᠨ ᠬᠦᠰᠡᠯ ᠵᠡᠭᠦᠳᠦᠶ᠋ᠢᠨᠢᠶᠠᠨ ᠲᠦᠯᠦᠭᠡ ᠴᠤᠴᠠᠯᠳᠠ ᠥᠬᠡᠢ ᠴᠢᠷᠮᠠᠢᠵᠥ᠍ ᠯᠡ ᠪᠠᠢᠪᠠᠯ ᠯᠠᠪᠳᠠᠢ ᠠᠮᠵᠢᠯᠳᠠ᠎ᠳᠤ ᠬᠦᠷᠴᠦ᠍ ᠴᠢᠳᠠᠨ᠎ᠠ ᠭᠡᠵᠦ᠍ ᠵᠤᠷᠢᠬ᠍ᠵᠢᠭᠤᠯᠵᠤ᠂ ᠢᠳᠡᠭᠡᠯ ᠬᠦᠴᠦᠨ ᠵᠤᠷᠢᠭ ᠤᠯᠭᠤᠪᠠ᠃
ᠳᠠᠰᠭᠠᠯᠵᠢᠭᠤᠯᠤᠭ᠍ᠴᠢ ᠯᠢ ᠢᠦᠢ ᠯᠢᠨ ᠪᠠᠲᠤᠲᠠᠢ ᠠᠩᠬ᠎ᠠ ᠠᠭᠤᠯᠵᠠᠬᠤ ᠦᠶ᠎ᠡ᠎ᠳᠤ ᠪᠡᠶ᠎ᠠ ᠭᠠᠳᠠᠷ᠎ᠤᠨ ᠨᠥᠬᠦᠴᠡᠯ᠎ᠨᠢ ᠣᠨᠴᠠᠭᠠᠢ ᠰᠠᠭᠤᠭ᠍ᠳᠠᠯ ᠦᠯᠡᠳᠡᠭᠡᠭ᠌ᠰᠡᠨ ᠦᠭᠡᠢ᠃ ᠪᠡᠶ᠎ᠡ᠎ᠶ᠋ᠢᠨ ᠥᠨᠳᠥᠷ ᠵᠢᠴᠢ ᠲᠥᠷᠥᠯᠬᠢ᠎ᠶ᠋ᠢᠨ ᠠᠪᠢᠶᠠᠰ ᠪᠢᠯᠢᠭ᠎ᠢᠶᠠᠷ ᠳᠠᠪᠠᠭᠤᠯᠢᠭ ᠪᠢᠰᠢ ᠪᠠᠢᠬ᠍ᠰᠠᠨ ᠴᠤ᠌ ᠰᠠᠭ᠍ᠰᠤᠨ ᠪᠥᠮᠪᠦᠭᠡ᠎ᠳᠤ ᠬᠠᠢᠷᠠᠲᠠᠢ ᠪᠠᠬᠠᠲᠠᠢ ᠪᠠᠢᠬᠤ᠎ᠨᠢ ᠯᠢ ᠢᠤᠢ ᠯᠢᠨ ᠲᠠᠰᠭᠠᠯᠵᠢᠭᠤᠯᠤᠭ᠍ᠴᠢᠶ᠋ᠢᠨ ᠰᠡᠳᠭᠢᠯ᠎ᠢ ᠬᠦᠳᠡᠯᠭᠡᠵᠦ᠍᠂ ᠦᠷᠭᠦᠯᠵᠢᠯᠡᠨ ᠰᠠᠭ᠍ᠰᠤᠨ ᠪᠦᠮᠪᠦᠭᠡ᠎ᠪᠠᠨ ᠪᠣᠯᠪᠠᠰᠤᠷᠠᠬᠤ᠎ᠶ᠋ᠢ ᠵᠣᠷᠢᠭ᠍ᠵᠢᠭᠤᠯᠪᠠ᠃ ᠯᠢ ᠢᠦᠶ ᠯᠢᠨ ᠲᠠᠰᠭᠠᠯᠵᠢᠭᠤᠯᠤᠬ᠍ᠴᠢ ᠪᠠᠲᠤ᠎ᠶ᠋ᠢᠨ ᠠᠪᠤ ᠡᠵᠢ᠎ᠶ᠋ᠢ ᠡᠷᠢᠵᠦ᠍᠂ ᠬᠠᠮᠳᠤ᠎ᠪᠠᠷ ᠪᠠᠳᠤ᠎ᠶ᠋ᠢᠨ ᠰᠠᠭ᠍ᠰᠤᠨ ᠪᠦᠮᠪᠦᠭᠡ᠎ᠶ᠋ᠢᠨ ᠬᠦᠰᠡᠯ ᠵᠡᠬᠦᠳᠦ᠎ᠶ᠋ᠢ ᠲᠡᠷᠭᠡᠯᠱᠢᠬᠦᠯᠬᠦ᠌ᠪᠠᠷ ᠬᠦᠴᠦᠯᠡᠨ ᠴᠢᠷᠮᠠᠢᠬᠤ᠎ᠶ᠋ᠢ ᠰᠠᠨᠠᠭᠠᠴᠢᠯᠠᠭ᠍ᠰᠠᠨ ᠪᠦᠭᠡᠳ ᠪᠤᠭᠤᠲᠤ ᠬᠤᠲᠠ᠎ᠶ᠋ᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ᠎ᠳᠤ ᠰᠠᠭ᠍ᠰᠤᠨ ᠪᠥᠮᠪᠦᠭᠡ᠎ᠶ᠋ᠢᠨ ᠠᠩᠬᠢ᠎ᠶ᠋ᠢᠨ ᠶᠡᠷᠦᠩᠬᠡᠢ ᠳᠠᠰᠭᠠᠯᠵᠢᠭᠤᠯᠤᠭ᠍ᠴᠢ ᠪᠠᠢᠬᠤ ᠬᠤᠭᠤᠴᠠᠭᠠᠨ᠎ᠳᠤ᠎ᠪᠠᠨ ᠪᠤᠭᠤᠲᠤ ᠬᠤᠲᠠ᠎ᠶ᠋ᠢᠨ ᠬᠤᠶᠠᠳᠤᠭᠠᠷ ᠳᠤᠮᠳᠠᠳᠤ ᠰᠤᠷᠭᠠᠭᠤᠯᠢ᠎ᠳᠤ ᠰᠤᠷᠤᠯᠴᠠᠵᠤ ᠪᠠᠢᠭ᠍ᠰᠠᠨ ᠪᠠᠳᠤ᠎ᠳᠤ ᠡᠳᠦᠷ ᠪᠦᠷᠢ ᠪᠤᠯᠪᠰᠤᠷᠠᠯ ᠬᠦᠷᠳᠡᠭᠡᠵᠦ᠍ ᠪᠠᠢᠯ᠎ᠠ᠃
ᠤᠳᠠᠭᠠᠨ ᠵᠢᠯ᠎ᠤᠨ ᠨᠥᠬᠦᠷᠯᠡᠯ᠎ᠤᠨ ᠬᠠᠢᠷ᠎ᠠ ᠰᠡᠳᠭᠢᠯᠭᠡ᠎ᠠᠴᠠ ᠪᠤᠯᠵᠤ᠂ ᠯᠢ ᠢᠦᠢ ᠯᠢᠨ ᠳᠠᠰᠭᠠᠯᠵᠢᠭᠤᠯᠤᠭ᠍ᠴᠢ ᠡᠳᠦᠷ ᠪᠦᠷᠢ᠎ᠶ᠋ᠢᠨ ᠰᠠᠭ᠍ᠰᠤᠨ ᠪᠥᠮᠪᠦᠭᠡ᠎ᠶ᠋ᠢᠨ ᠪᠣᠯᠪᠠᠰᠤᠷᠠᠯ᠎ᠠᠴᠠ ᠭᠠᠳᠠᠨ᠎ᠠ ᠪᠠᠲᠤ᠎ᠳᠤ ᠪᠠᠰᠠ ᠬᠥᠮᠦᠨ ᠪᠣᠯᠬᠤ ᠶᠣᠰᠣ ᠤᠴᠢᠷ᠂ ᠤᠴᠢᠷ ᠶᠠᠪᠤᠳᠠᠯ ᠱᠢᠢᠳᠪᠦᠷᠢᠯᠡᠬᠦ᠌ ᠭᠦᠨ ᠤᠬᠠᠭᠠᠨ᠎ᠢ ᠶᠠᠷᠢᠵᠤ ᠥᠭ᠌ᠭᠦᠭ᠌ᠰᠡᠨ᠎ᠨᠢ ᠶᠡᠭᠡᠭᠡᠨ ᠨᠥᠯᠥᠭᠡ ᠦᠵᠡᠭᠦᠯᠵᠡᠢ᠃ 2003 ᠣᠨ᠎ᠳᠤ᠂ ᠪᠠᠲᠤ ᠯᠢ ᠢᠦᠢ ᠯᠢᠨ ᠳᠠᠰᠭᠠᠯᠵᠢᠭᠤᠯᠤᠭ᠍ᠴᠢ᠎ᠶ᠋ᠢᠨ ᠬᠦᠰᠡᠯ᠎ᠢ ᠬᠥᠰᠡᠷᠳᠡᠭᠦᠯᠦᠭ᠌ᠰᠡᠨ ᠦᠭᠡᠢ᠎ᠪᠠᠷ ᠮᠥᠭ᠌ᠳᠡᠨᠤ ᠪᠡᠶ᠎ᠡ᠎ᠶ᠋ᠢᠨ ᠲᠠᠮᠢᠷ᠎ᠤᠨ ᠳᠡᠭᠡᠳᠦ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠲᠤᠰᠭᠠᠢ ᠮᠡᠷᠭᠡᠵᠢᠯ᠎ᠳᠤ ᠱᠢᠯᠭᠠᠭᠤᠯᠤᠨ ᠣᠷᠣᠪᠠ᠃ ᠤᠷᠤᠨ ᠵᠠᠶ ᠬᠡᠳᠦ᠋ᠢᠪᠡᠷ ᠬᠤᠯᠠ ᠪᠣᠯᠤᠭ᠍ᠰᠠᠨ ᠪᠣᠯᠪᠠᠴᠤ᠌ ᠪᠠᠭ᠍ᠰᠢ ᠱᠠᠪᠢ ᠬᠤᠶᠠᠭᠤᠯᠠ ᠶᠡᠷᠦ᠎ᠨᠢ ᠬᠠᠷᠢᠯᠴᠠᠭ᠎ᠠ᠎ᠪᠠᠨ ᠪᠠᠲᠤᠯᠠᠵᠤ ᠪᠠᠢᠪᠠ᠃ ᠪᠠᠲᠤ᠌᠂ ᠯᠢ ᠪᠠᠭ᠍ᠰᠢ᠎ᠲᠠᠢ᠎ᠪᠠᠨ ᠠᠳᠠᠯᠢ᠎ᠪᠠᠷ ᠨᠤᠲᠤᠭ᠎ᠤᠨ᠎ᠢᠶᠠᠨ ᠰᠠᠭ᠍ᠰᠤᠨ ᠪᠥᠮᠪᠦᠭᠡ᠎ᠶ᠋ᠢᠨ ᠦᠢᠯᠡᠰ᠎ᠲᠤ ᠦᠪᠡᠷ᠎ᠤᠨ᠎ᠢᠶᠠᠨ ᠬᠡᠰᠡᠨ ᠬᠦᠴᠦ᠎ᠪᠠᠨ ᠡᠷᠬᠦᠬᠦ᠌ ᠴᠢᠩᠭ᠎ᠠ ᠪᠤᠳᠤᠯ᠎ᠢᠶᠠᠷ ᠰᠤᠷᠭᠠᠭᠤᠯᠢ᠎ᠪᠠᠨ ᠲᠡᠭᠦᠰᠭᠡᠭ᠌ᠰᠡᠨᠤ ᠳᠠᠷᠠᠭ᠎ᠠ ᠣᠷᠳᠣᠰ ᠬᠤᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠳᠠᠰᠭᠠᠯᠵᠢᠭᠤᠯᠤᠭ᠍ᠴᠢ ᠪᠣᠯᠪᠠ᠃
ᠳᠠᠰᠭᠠᠯᠵᠢᠭᠤᠯᠤᠭ᠍ᠴᠢ ᠪᠤᠯᠤᠬ᠍ᠰᠠᠨ᠎ᠤ ᠲᠠᠷᠠᠭ᠎ᠠ ᠪᠠᠳᠤ᠎ᠳᠤ ᠲᠤᠯᠭᠠᠷᠠᠭ᠍ᠰᠠᠨ ᠬᠠᠮᠤᠭ᠎ᠤᠨ ᠶᠡᠭᠡ ᠬᠦᠴᠢᠷᠳᠡᠯ ᠭᠡᠪᠡᠯ᠂ ᠪᠥᠮᠪᠥᠭᠡᠨ ᠠᠩᠭᠢ᠎ᠶ᠋ᠢᠨ ᠵᠠᠷᠤᠳᠠᠯ ᠬᠦᠷᠦᠯᠴᠡᠬᠦ᠌ ᠦᠭᠡᠢ ᠦᠶ᠎ᠡ᠎ᠳᠤ᠂ ᠲᠠᠮᠢᠷᠴᠢᠨ᠎ᠤ ᠭᠡᠷ ᠪᠦᠯᠢ᠎ᠶ᠋ᠢᠨ᠎ᠬᠢᠨ ᠪᠠᠰᠠ ᠤᠷᠤᠯᠳᠤᠭᠠᠨ᠎ᠤ ᠵᠠᠷᠤᠳᠠᠯ᠎ᠢ ᠡᠭᠦᠷᠭᠡᠯᠡᠵᠦ᠍ ᠴᠢᠳᠠᠬᠤ ᠦᠭᠡᠢ ᠦᠶ᠎ᠡ᠎ᠳᠤ ᠲᠡᠷᠡ ᠠᠷᠭ᠎ᠠ ᠪᠦᠬᠦᠨ᠎ᠢ ᠰᠦᠪᠡᠭ᠌ᠴᠢᠯᠡᠨ ᠭᠠᠳᠠᠨᠠᠬᠢ ᠳᠡᠮᠵᠢᠯᠭᠡ᠎ᠶ᠋ᠢ ᠣᠯᠬᠤ᠂ ᠴᠢᠨᠠᠭ᠍ᠰᠢᠯᠠᠪᠠᠯ ᠥᠪᠡᠷ᠎ᠢᠶᠠᠨ ᠨᠥᠬᠦᠪᠥᠷᠢ ᠮᠥᠩᠭᠦ᠌ ᠣᠯᠬᠤ ᠶᠠᠪᠤᠳᠠᠯ ᠪᠣᠯᠤᠨ᠎ᠠ᠃ ᠳᠠᠰᠭᠠᠯᠵᠢᠭᠤᠯᠤᠭ᠍ᠴᠢ ᠪᠣᠯᠤᠭ᠍ᠰᠠᠨ ᠡᠳᠡᠭᠡᠷ ᠵᠢᠯ᠎ᠤᠳ᠎ᠲᠤ᠌᠂ ᠪᠠᠲᠤ ᠥᠪᠡᠷ᠎ᠤᠨ ᠣᠷᠣᠯᠭ᠎ᠠ᠎ᠶ᠋ᠢᠨ᠎ᠢᠶᠠᠨ ᠬᠠᠭᠠᠰ ᠱᠢᠬᠠᠮ᠎ᠢ ᠴᠥᠮ ᠪᠥᠮᠪᠥᠭᠡᠨ ᠠᠩᠭᠢ᠎ᠳᠤ ᠣᠷᠣᠭᠤᠯᠵᠤ᠂ ᠪᠣᠯᠪᠠᠰᠤᠷᠠᠯ᠎ᠤᠨ ᠲᠥᠬᠦᠭᠡᠷᠦᠮᠵᠢ᠂ ᠪᠥᠮᠪᠥᠭᠡᠨ ᠬᠤᠪᠴᠠᠰᠤ ᠬᠤᠳᠠᠯᠳᠤᠨ ᠠᠪᠬᠤ ᠵᠢᠴᠢ ᠭᠠᠳᠠᠭ᠍ᠰᠢ ᠭᠠᠷᠴᠤ᠌ ᠤᠷᠤᠯᠳᠤᠭᠠᠨ᠎ᠳᠤ ᠣᠷᠣᠯᠴᠠᠬᠤ᠎ᠳᠤ ᠨᠥᠬᠦᠪᠥᠷᠢᠯᠡᠪᠡ᠃ 《ᠬᠥᠮᠦᠨ ᠴᠢᠨᠠᠷ᠎ᠢ ᠲᠡᠭᠦᠯᠳᠡᠷᠵᠢᠭᠦᠯᠬᠦ᠌᠎ᠳᠤ ᠶᠠᠭᠤᠨ᠎ᠤ ᠡᠮᠦᠨ᠎ᠡ ᠪᠡᠶ᠎ᠡ᠎ᠶ᠋ᠢᠨ ᠲᠠᠮᠢᠷ᠎ᠢ ᠴᠢᠬᠤᠯᠠᠴᠢᠯᠠᠬᠤ ᠬᠡᠷᠡᠭ᠌ᠲᠡᠶ᠃ ᠰᠠᠭ᠍ᠰᠤᠨ ᠪᠥᠮᠪᠦᠭᠡ ᠨᠠᠭᠠᠳᠭᠤ᠎ᠨᠢ ᠵᠦᠪᠬᠡᠨ ᠤᠷᠤᠯᠳᠤᠭᠠᠨ᠎ᠤ ᠬᠢᠷᠢ ᠪᠦᠲᠦᠮᠵᠢ᠎ᠶ᠋ᠢᠨ ᠲᠦᠯᠦᠭᠡ ᠪᠢᠰᠢ᠂ ᠨᠠᠩ ᠴᠢᠬᠤᠯᠠ᠎ᠨᠢ ᠰᠠᠭ᠍ᠰᠤᠨ ᠪᠥᠮᠪᠦᠭᠡ᠎ᠪᠠᠷ ᠳᠠᠮᠵᠢᠨ ᠰᠤᠷᠤᠭ᠍ᠴᠢᠳ᠎ᠤᠨ᠎ᠢᠶᠠᠨ ᠢᠲᠡᠭᠡᠯ᠎ᠢ ᠨᠡᠮᠡᠭ᠌ᠳᠡᠭᠦᠯᠵᠦ᠍᠂ ᠠᠴᠢ ᠬᠠᠷᠢᠭᠤᠯᠤᠯᠳᠠᠶ᠋ᠢ ᠮᠡᠳᠡᠭᠦᠯᠵᠦ᠍᠂ ᠪᠦᠯᠬᠦᠮ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠌ ᠶᠠᠪᠤᠳᠠᠯ ᠪᠣᠯᠤᠨ᠎ᠠ᠂ ᠡᠨᠡ ᠪᠣᠯ ᠰᠠᠶᠢ ᠵᠢᠩᠬᠢᠨᠢ ᠣᠯᠤᠯᠲᠠ ᠱᠢᠦ》 ᠬᠡᠵᠥ᠍ ᠲᠡᠷᠡ ᠲᠠᠩᠳᠠ ᠬᠡᠯᠡᠳᠡᠭ ᠪᠢᠯᠠ᠃
2015 ᠣᠨ᠎ᠠᠴᠠ 2020 ᠣᠨ ᠪᠣᠯᠲᠠᠯ᠎ᠠ᠂ ᠪᠠᠲᠤ ᠳᠠᠰᠭᠠᠯᠵᠢᠭᠤᠯᠤᠭ᠍ᠴᠢ ᠤᠷᠳᠤᠰ ᠬᠤᠳᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠠᠩᠬᠢ᠎ᠪᠠᠨ ᠳᠠᠭᠠᠭᠤᠯᠤᠨ 14 ᠲᠠᠯᠠᠪᠤᠷ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠤᠷᠤᠯᠳᠤᠭᠠᠨ᠎ᠳᠤ ᠣᠷᠣᠯᠴᠠᠵᠤ᠂ 6 ᠤᠳᠠᠭ᠎ᠠ ᠬᠤᠶᠠᠳᠤᠭᠠᠷ᠎ᠲᠤ ᠣᠷᠣᠵᠤ᠂ 5 ᠤᠳᠠᠭ᠎ᠠ ᠭᠤᠷᠪᠠᠳᠤᠭᠠᠷ ᠲᠤ ᠲᠤᠳᠤᠷᠠᠵᠤ᠂ 2 ᠤᠳᠠᠭ᠎ᠠ ᠳᠥᠷᠪᠡᠳᠦᠭᠡᠷ᠎ᠲᠤ ᠣᠷᠣᠵᠤ᠂ 1 ᠤᠳᠠᠭ᠎ᠠ ᠲᠠᠪᠤᠳᠤᠭᠠᠷ ᠲᠤ ᠣᠷᠣᠬ᠍ᠰᠠᠨ ᠱᠢᠯᠢᠳᠡᠭ ᠬᠢᠷᠢ ᠪᠥᠳᠥᠮᠵᠢ᠎ᠶ᠋ᠢ ᠲᠡᠮᠳᠡᠭ᠌ᠯᠡᠵᠡᠢ᠃
ᠪᠠᠳᠤ᠂ 2008 — 2020 ᠣᠨ᠎ᠤ ᠬᠤᠭᠤᠷᠤᠨᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠲᠠᠰᠭᠠᠯᠵᠢᠭᠤᠯᠤᠬ᠍ᠴᠢᠶ᠋ᠢᠨ ᠨᠡᠷ᠎ᠡ ᠠᠯᠳᠠᠷ᠎ᠢ ᠱᠤᠭᠤᠵᠤ ᠶᠠᠪᠤᠬᠤ᠎ᠳᠠᠭᠠᠨ᠂ 2008 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠲᠠᠮᠢᠷ᠎ᠤᠨ ᠴᠤᠭ᠍ᠯᠠᠭᠠᠨ᠎ᠤ ᠰᠠᠭ᠍ᠰᠤᠨ ᠪᠥᠮᠪᠦᠭᠡ᠎ᠶ᠋ᠢᠨ ᠤᠷᠤᠯᠳᠤᠭᠠᠨ᠎ᠤ ᠲᠠᠪᠤᠳᠤᠭᠠᠷ ᠨᠡᠷᠡᠰ᠂ 2017 ᠣᠨ᠎ᠤ ᠠᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠳᠤᠮᠳᠠ ᠪᠠᠷᠠᠭᠤᠨ ᠬᠡᠰᠡᠭ᠎ᠤᠨ ᠵᠠᠯᠠᠭᠤᠴᠤᠳ ᠪᠠᠭᠠᠴᠤᠳ᠎ᠤᠨ ᠰᠠᠭ᠍ᠰᠤᠨ ᠪᠥᠮᠪᠦᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠨᠢᠭᠡᠳᠦᠭᠡᠷ ᠨᠡᠷᠡᠰ᠂ 2018 ᠣᠨ᠎ᠤ ᠳᠤᠮᠳᠠᠳᠤ ᠤᠯᠤᠰ᠎ᠤᠨ ᠲᠠᠢᠪᠧᠢᠶ᠋ᠢᠨ ᠳᠠᠯᠠᠢ᠎ᠶ᠋ᠢᠨ ᠬᠤᠭᠤᠯᠠᠢ᠎ᠶ᠋ᠢᠨ ᠬᠤᠨᠳᠠᠭᠠᠲᠤ ᠵᠠᠯᠠᠭᠤᠴᠤᠳ᠎ᠤᠨ ᠰᠠᠭ᠍ᠰᠤᠨ ᠪᠥᠮᠪᠦᠭᠡ᠎ᠶ᠋ᠢᠨ ᠤᠷᠤᠯᠳᠤᠭᠠᠨ᠎ᠳᠤ ᠣᠷᠣᠯᠴᠠᠵᠤ F ᠳᠤᠭᠤᠢ᠍ᠢᠯᠠᠩ᠎ᠤᠨ ᠤᠷᠤᠯᠳᠤᠭᠠᠨ᠎ᠳᠤ ᠳᠡᠳ᠋ᠯᠠᠪᠠ᠃ 2019 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠍ᠰᠤᠨ ᠪᠥᠮᠪᠦᠭᠡ᠎ᠶ᠋ᠢᠨ ᠲᠥᠷᠥᠯ ᠵᠦᠢᠯ᠎ᠤᠨ ᠤᠨᠴᠠᠯᠢᠭ᠍ᠳᠤ ᠰᠤᠷᠭᠠᠭᠤᠯᠢ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠬᠤᠶᠠᠳᠤᠭᠠᠷ ᠨᠡᠷᠡᠰ᠂ 2019 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠬᠤᠶᠠᠳᠤᠭᠠᠷ ᠨᠡᠷᠡᠰ᠂ 2020 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠰᠠᠭ᠍ᠰᠤᠨ ᠪᠥᠮᠪᠦᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠭᠤᠷᠪᠠᠨ ᠬᠥᠮᠦᠨ᠎ᠤ ᠲᠦᠷᠢᠮ᠎ᠤᠨ ᠬᠤᠶᠠᠳᠤᠭᠠᠷ ᠨᠡᠷᠡᠰ᠎ᠲᠤ ᠲᠤᠳᠤᠷᠠᠪᠠ᠃ 2020 ᠣᠨ᠎ᠤ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠤᠯᠪᠣᠭᠠᠲᠤ ᠤᠷᠤᠯᠳᠤᠭᠠᠨ᠎ᠤ ᠥᠪᠥᠷ ᠮᠣᠩᠭᠤᠯ᠎ᠤᠨ ᠤᠷᠤᠯᠳᠤᠭᠠᠨ᠎ᠤ ᠲᠣᠭᠤᠷᠢᠭ ᠵᠢᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠠᠭ᠍ᠰᠤᠨ ᠪᠥᠮᠪᠦᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠬᠤᠶᠠᠳᠤᠭᠠᠷ ᠨᠡᠷᠡᠰ᠎ᠲᠤ ᠤᠷᠤᠬ᠍ᠰᠠᠨ ᠠᠮᠵᠢᠯᠳᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠥ᠍ ᠪᠢᠯᠠ᠃