ᠦᠪᠡᠷᠲᠡᠭᠡᠨ ᠵᠠᠰᠠᠬᠤ ᠤᠷᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ ᠰᠣᠶᠣᠯ ᠵᠢᠭᠤᠯᠴᠢᠯᠠᠯ᠎ᠤᠨ ᠠᠵᠢᠯ ᠲᠦᠷᠦᠯ᠎ᠤᠨ ᠠᠮᠤᠷ ᠲᠦᠪᠱᠢᠨ᠎ᠢ ᠪᠠᠲᠤᠯᠠᠵᠤ ᠪᠤᠢ
2021-06-28 10:25:43
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠪᠥᠬᠦ᠌ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠠᠮᠤᠷ ᠲᠦᠪᠱᠢᠨ᠎ᠤ ᠠᠵᠢᠯ᠎ᠤᠨ ᠲᠤᠬᠠᠶ ᠪᠠᠴᠢᠮ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠨᠢᠭᠡᠴᠢ᠎ᠶ᠋ᠢᠨ᠎ᠬᠢᠨ ᠪᠥᠬᠦ᠌ ᠤᠯᠤᠰ᠂ ᠪᠥᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠤᠷ ᠲᠦᠪᠱᠢᠨ᠎ᠤ ᠬᠡᠮ ᠰᠣᠭᠤᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠍᠂ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠡᠯ᠎ᠡ ᠵᠦᠢᠯ᠎ᠤᠨ ᠠᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠠᠮᠤᠷ ᠲᠦᠪᠱᠢᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ᠎ᠬᠢᠨ ᠪᠠᠰᠠ ᠬᠥᠬᠡᠬᠤᠲᠠ᠎ᠶ᠋ᠢᠨ ᠱᠧᠨ ᠴᠢᠤᠸᠠᠨ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠪᠠᠢᠴᠠᠭᠠᠵᠤ᠂ ᠦᠵᠡᠮᠵᠢ᠎ᠶ᠋ᠢᠨ ᠣᠷᠣᠨ᠎ᠤ ᠣᠨᠴᠠ ᠲᠥᠷᠥᠯ᠎ᠤᠨ ᠪᠡᠯᠡᠳᠭᠡᠯ ᠲᠥᠬᠦᠭᠡᠷᠦᠮᠵᠢ᠂ ᠤᠰᠤᠨ᠎ᠳᠤ ᠬᠤᠯᠪᠣᠭ᠍ᠳᠠᠭ᠍ᠰᠠᠨ ᠵᠢᠭᠤᠯᠴᠢᠯᠠᠯ᠎ᠤᠨ ᠲᠥᠷᠥᠯ ᠵᠦᠢᠯ᠂ ᠭᠠᠯ᠎ᠤᠨ ᠭᠠᠮᠱᠢᠭ᠎ᠤᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠂ ᠢᠳᠡᠭᠡᠨ᠎ᠤ ᠠᠮᠤᠷ ᠲᠦᠪᠱᠢᠨ᠂ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ ᠵᠡᠷᠭᠡ ᠲᠠᠯ᠎ᠠ᠎ᠪᠠᠷ ᠭᠤᠤᠯᠳᠠᠯᠭ᠎ᠠ᠎ᠲᠠᠢ ᠪᠠᠢᠴᠠᠭᠠᠨ ᠵᠢᠯᠤᠭᠤᠳᠴᠤ᠌᠂ ᠲᠣᠮᠣ ᠬᠡᠯᠪᠡᠷᠢ᠎ᠶ᠋ᠢᠨ ᠵᠤᠭ᠎ᠠ ᠴᠡᠩᠭᠡᠯ᠎ᠤᠨ ᠲᠦᠭᠦᠭᠡᠷᠦᠮᠵᠢ᠎ᠶ᠋ᠢ ᠰᠠᠢᠲᠤᠷ ᠪᠠᠢᠴᠠᠭᠠᠬᠤ ᠪᠠ ᠠᠷᠠᠴᠢᠯᠠᠨ ᠬᠠᠮᠠᠭᠠᠯᠠᠬᠤ᠎ᠶ᠋ᠢ ᠴᠢᠩᠭᠠᠳᠭᠠᠵᠤ᠂ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠩᠭᠠᠳᠭᠠᠪᠠ᠃

ᠤᠢ᠍ᠢᠯᠠᠭᠠᠭ᠍ᠰᠠᠨ᠎ᠢᠶᠠᠷ᠂ ᠳᠠᠷᠠᠭᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ ᠡᠯ᠎ᠡ ᠱᠠᠲᠤᠨ᠎ᠤ ᠰᠣᠶᠣᠯ ᠵᠢᠭᠤᠯᠴᠢᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ᠎ᠬᠢᠨ ᠢᠯᠡ᠎ᠪᠠᠷ ᠪᠠᠢᠴᠠᠭᠠᠬᠤ ᠪᠠ ᠳᠠᠯᠳᠠᠭᠤᠷ ᠰᠤᠷᠪᠤᠯᠵᠢᠯᠠᠬᠤ᠎ᠶ᠋ᠢ ᠤᠶᠠᠯᠳᠤᠭᠤᠯᠤᠨ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠵᠢᠯᠤᠭᠤᠳᠴᠤ᠌᠂ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠵᠢᠭᠤᠯᠴᠢᠯᠠᠯ᠎ᠤᠨ ᠲᠡᠷᠭᠡ ᠬᠦᠯᠦᠰᠦᠯᠡᠬᠦ᠂ ᠭᠠᠯ᠎ᠤᠨ ᠭᠠᠮᠱᠢᠭ᠂ ᠤᠰᠤᠨ ᠭᠠᠮᠱᠢᠭ᠂ ᠣᠨᠴᠠ ᠲᠥᠷᠥᠯ᠎ᠤᠨ ᠲᠥᠬᠦᠭᠡᠷᠦᠮᠵᠢ᠂ ᠢᠳᠡᠭᠡᠨ᠂ ᠤᠷᠠᠨ ᠰᠠᠢᠬᠠᠨ᠎ᠤ ᠲᠣᠭ᠍ᠯᠠᠯᠲᠠ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠲᠠᠯ᠎ᠠ᠎ᠪᠠᠷ ᠠᠮᠤᠷ ᠲᠦᠪᠱᠢᠨ᠎ᠤ ᠬᠡᠮ ᠰᠣᠭᠤᠭ᠎ᠢ ᠪᠠᠢᠴᠠᠭᠠᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠪᠥᠬᠦ᠌ ᠬᠦᠴᠦ᠎ᠪᠠᠷ᠎ᠢᠶᠠᠨ ᠠᠬᠢᠭᠤᠯᠬᠤ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号