ᠣᠯᠠᠨ ᠲᠠᠪᠴᠠᠩ ᠢᠶᠠᠷ ᠬᠤᠯᠪᠣᠭᠠᠯᠠᠨ ᠬᠥᠳᠡᠯᠦᠯᠴᠡᠵᠥ᠍ ᠪᠥᠬᠦ᠌ ᠨᠡᠢᠭᠡᠮ ᠢᠶᠠᠷ ᠢᠶᠠᠨ ᠬᠠᠷᠢᠯᠴᠠᠨ ᠬᠠᠪᠰᠤᠷᠤᠯᠴᠠᠨ᠎ᠠ
《ᠪᠢ ᠰᠠᠢᠨ ᠳᠤᠷ᠎ᠠ᠎ᠠᠴᠠ᠎ᠪᠠᠨ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠳᠤᠭ᠎ᠤᠨ ᠡᠭᠦᠯᠨᠨ ᠲᠠᠪᠴᠠᠩ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠳᠤ ᠦᠢᠯᠡᠴᠢᠯᠡᠬᠦ᠌ ᠬᠠᠮᠲᠤᠷᠠᠭ᠍ᠰᠠᠨ ᠰᠠᠢᠨ ᠳᠤᠷ᠎ᠠ᠎ᠶ᠋ᠢᠨ ᠠᠵᠢᠯᠯᠠᠭ᠎ᠠ᠎ᠳᠤ ᠣᠷᠣᠯᠴᠠᠵᠤ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠳᠤ ᠦᠢᠯᠡᠴᠢᠯᠡᠵᠦ᠍᠂ ᠱᠢᠯᠭᠠᠭᠤᠯᠤᠭ᠍ᠴᠢ᠎ᠳᠤ ᠬᠦᠴᠦᠨ ᠨᠡᠮᠡᠷᠢᠯᠡᠵᠦ᠍᠂ ᠪᠣᠯᠪᠠᠰᠤᠨ ᠥᠪᠥᠷ ᠮᠣᠩᠭᠤᠯ᠎ᠢ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠬᠡᠵᠥ᠍ ᠢᠳᠡ ᠬᠦᠴᠦᠨ ᠲᠠᠩᠭᠠᠷᠢᠬ᠍ᠯᠠᠨᠠ᠃
6 ᠰᠠᠷ᠎ᠠ᠎ᠶ᠋ᠢᠨ 3 ᠤ ᠡᠳᠦᠷ᠂ ᠬᠠᠢᠷ᠎ᠠ ᠬᠠᠯᠠᠮᠵᠢ᠎ᠶ᠋ᠢᠨ ᠱᠢᠯᠭᠠᠭᠤᠯᠤᠭ᠍ᠴᠢ᠎ᠶ᠋ᠢ ᠬᠦᠷᠬᠡᠬᠦ᠌ ᠵᠢᠯᠣᠭᠤᠴᠢ᠂ ᠵᠠᠮ ᠬᠠᠷᠢᠯᠴᠠᠭᠠᠨ᠎ᠤ ᠴᠠᠭ᠍ᠳᠠᠭ᠎ᠠ᠂ ᠭᠠᠯ ᠤᠨᠲᠠᠷᠠᠭᠠᠭ᠍ᠴᠢ ᠵᠡᠷᠭᠡ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠦᠢᠯᠡᠴᠢᠯᠡᠭᠡᠨ ᠤ ᠰᠠᠢᠨ ᠲᠤᠷᠠᠴᠤᠳ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ ᠶ᠋ᠢᠨ ᠠᠯᠪᠠᠨ ᠠᠰᠠᠷ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭ᠍ᠯᠠᠪᠠ᠃

ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ ᠬᠦᠷᠴᠤ᠌ ᠢᠷᠡᠬᠦ᠌ ᠳᠠᠱᠢᠷᠠᠮ᠎ᠢᠶᠠᠷ ᠬᠠᠢᠷ᠎ᠠ ᠬᠠᠯᠠᠮᠵᠢ᠎ᠶ᠋ᠢᠨ ᠦᠢᠯᠡᠴᠢᠯᠡᠭᠡ ᠪᠡᠯᠡᠬᠡᠨ ᠪᠤᠯᠤᠯ᠎ᠠ᠃ ᠥᠷᠭᠡᠨ ᠣᠯᠠᠨ ᠱᠢᠯᠭᠠᠭᠤᠯᠤᠭ᠍ᠴᠢ᠎ᠶ᠋ᠢ ᠬᠠᠪᠰᠤᠷᠤᠨ ᠱᠢᠯᠭᠠᠯᠲᠠ᠎ᠶ᠋ᠢᠨ ᠲᠠᠯᠠᠪᠠᠶ᠎ᠳᠤ ᠠᠮᠤᠷ ᠲᠦᠪᠱᠢᠨ᠂ ᠲᠥᠬᠦᠮ ᠲᠦᠷᠭᠡᠨ᠂ ᠴᠠᠭ ᠲᠤᠬᠠᠢᠳᠤᠨᠢ ᠬᠦᠷᠭᠡᠬᠦ᠌᠎ᠶ᠋ᠢᠨ ᠲᠥᠯᠥᠭᠡ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠦᠢᠯᠡᠳᠬᠦ᠌ ᠲᠥᠪ᠎ᠤᠨ ᠸᠢᠳᠢᠣ᠋ ᠬᠡᠯᠲᠡᠰ᠎ᠤᠨ ᠨᠠᠮ᠎ᠤᠨ ᠡᠭᠦᠷ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠂ ᠬᠥᠬᠡᠬᠤᠲᠠ᠎ᠶ᠋ᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳ᠋ᠢ ᠱᠦᠨ ᠰᠦᠯᠵᠢᠶ᠎ᠡ᠎ᠪᠠᠷ ᠪᠤᠯᠵᠤᠬᠤ ᠲᠦᠷᠢᠶᠡᠰᠦᠨ ᠲᠡᠷᠭᠡ᠂ ᠳ᠋ᠢ ᠳ᠋ᠢ ᠮᠠᠱᠢᠨ᠂ ᠬᠥᠬᠡᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠶᠡᠷᠦᠩᠬᠡᠶ ᠺᠣᠮᠫᠠᠨᠢ᠂ ᠬᠥᠬᠡᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠶᠡᠷᠦᠩᠬᠡᠶ ᠺᠣᠮᠫᠠᠨᠢ᠎ᠶ᠋ᠢᠨ ᠲᠦᠷᠢᠶᠡᠰᠦᠨ ᠺᠣᠮᠫᠠᠨᠢ᠎ᠲᠠᠢ ᠬᠠᠮᠲᠤᠷᠠᠨ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠳᠤᠭ᠎ᠤᠨ ᠡᠬᠦᠯᠡ 《ᠲᠠᠨ᠎ᠳᠤ ᠲᠤᠰᠠᠯᠠᠶ᠎ᠠ》 ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠳᠤ ᠦᠶᠯᠡᠴᠢᠯᠡᠬᠦ᠌ ᠬᠠᠮᠲᠤᠷᠠᠭ᠍ᠰᠠᠨ ᠰᠠᠢᠨ ᠳᠤᠷ᠎ᠠ᠎ᠶ᠋ᠢᠨ ᠠᠵᠢᠯᠯᠠᠭ᠎ᠠ᠎ᠶ᠋ᠢ ᠬᠠᠮᠲᠤ᠎ᠪᠠᠷ ᠡᠬᠢᠯᠡᠭᠦᠯᠪᠡ᠃
ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠬᠠᠢᠷ᠎ᠠ ᠬᠠᠯᠠᠮᠵᠢ ᠬᠦᠷᠭᠡᠬᠦ᠌ ᠮᠠᠱᠢᠨ ᠲᠡᠷᠭᠡ᠎ᠨᠦᠭᠦᠳ ᠲᠡᠷᠢ ᠲᠡᠭ᠌ᠰᠢ ᠮᠥᠷᠯᠠᠨ ᠵᠤᠬ᠍ᠰᠤᠵᠥ᠍᠂ ᠰᠠᠢᠨ ᠳᠤᠷᠠᠴᠤᠳ ᠬᠠᠮᠲᠤ᠎ᠪᠠᠷ ᠮᠠᠱᠢᠨ ᠲᠡᠷᠭᠡᠨ᠎ᠳᠤ 《ᠱᠢᠯᠭᠠᠭᠤᠯᠤᠭ᠍ᠴᠢ᠎ᠶ᠋ᠢ ᠬᠦᠷᠬᠡᠬᠦ᠌ ᠳᠡᠷᠬᠡ》 ᠭᠡᠬᠦ᠌ ᠲᠡᠮᠳᠡᠭ ᠨᠠᠭᠠᠵᠤ᠂ ᠨᠣᠭᠤᠭᠠᠨ ᠲᠣᠷᠭᠠᠨ ᠪᠦᠴᠡ ᠤᠶᠠᠪᠠ᠃ ᠳᠠᠷᠠᠭ᠎ᠠ᠎ᠨᠢ᠂ ᠵᠠᠮ ᠬᠠᠷᠢᠯᠴᠠᠭᠠᠨ᠎ᠤ ᠴᠠᠭ᠍ᠳᠠᠭᠠᠨ᠎ᠤ ᠤᠬᠠᠭᠤᠯᠤᠨ ᠲᠠᠢᠯᠪᠤᠷᠢᠯᠠᠭ᠍ᠴᠢ᠎ᠠᠴᠠ ᠱᠢᠯᠭᠠᠯᠲᠠ᠎ᠶ᠋ᠢᠨ ᠳᠠᠯᠠᠪᠠᠢ᠎ᠳᠤ ᠬᠦᠷᠭᠡᠬᠦ᠌ ᠦᠶ᠎ᠡ᠎ᠶ᠋ᠢᠨ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠠᠩᠬᠠᠷᠬᠤ ᠵᠦᠢᠯᠡᠰ᠎ᠢ ᠲᠠᠨᠢᠯᠴᠠᠭᠤᠯᠤᠭ᠍ᠰᠠᠨ ᠪᠥᠭᠡᠳ ᠱᠢᠯᠭᠠᠭᠤᠯᠤᠭ᠍ᠴᠢ ᠱᠢᠯᠭᠠᠭᠤᠯᠬᠤ᠎ᠶ᠋ᠢ ᠵᠥᠪᠱᠢᠶᠡᠷᠡᠭ᠌ᠰᠡᠨ ᠦᠨᠡᠮᠯᠡᠯ᠂ ᠪᠡᠶ᠎ᠡ᠎ᠶ᠋ᠢᠨ ᠦᠨᠡᠮᠯᠡᠯ ᠪᠠ ᠡᠪᠡᠳᠴᠢᠯᠡᠭ᠌ᠰᠡᠨ ᠵᠡᠷᠭᠡ ᠪᠠᠴᠢᠮ ᠪᠠᠢᠳᠠᠯ ᠬᠠᠷᠭᠤᠪᠠᠯ᠂ ᠣᠢᠷ᠎ᠠ ᠬᠠᠪᠢ᠎ᠳᠠᠭᠠᠨ ᠵᠠᠮ ᠬᠠᠷᠢᠯᠴᠠᠭᠠᠨ᠎ᠤ ᠴᠠᠭ᠍ᠳᠠᠭ᠎ᠠ᠎ᠲᠠᠢ ᠬᠠᠷᠢᠯᠴᠠᠵᠤ ᠲᠤᠰᠠᠯᠠᠮᠵᠢ ᠭᠤᠶᠤᠴᠢᠯᠠᠵᠤ ᠪᠣᠯᠤᠨ᠎ᠠ᠂ ᠵᠠᠮ ᠬᠠᠷᠢᠯᠴᠠᠭᠠᠨ᠎ᠤ ᠴᠠᠭ᠍ᠳᠠᠭ᠎ᠠ ᠪᠠᠢᠳᠠᠯ᠎ᠢ ᠦᠨᠳᠦᠰᠦᠯᠡᠨ ᠴᠠᠭ ᠲᠤᠬᠠᠶ᠎ᠳᠤᠨᠢ 《ᠰᠠᠭᠠᠳ ᠥᠬᠡᠶ ᠨᠡᠪᠲᠡᠷᠡᠬᠦ᠌ ᠵᠠᠮ》 ᠨᠡᠭᠡᠭᠡᠵᠦ᠍᠂ ᠱᠢᠯᠭᠠᠭᠤᠯᠤᠭ᠍ᠴᠢ᠎ᠶ᠋ᠢᠨ ᠱᠢᠯᠭᠠᠯᠲᠠ᠎ᠶ᠋ᠢᠨ ᠲᠠᠯᠠᠪᠠᠶ᠎ᠳᠤ ᠤᠷᠤᠭ᠍ᠰᠢᠲᠠᠶ ᠬᠥᠷᠬᠡᠬᠦ᠌ᠶ᠋ᠢ ᠪᠠᠲᠤᠯᠠᠨ᠎ᠠ ᠭᠡᠵᠦ᠍ ᠣᠨᠴᠠᠭᠠᠢᠯᠠᠨ ᠰᠠᠨᠠᠭᠤᠯᠵᠠᠶ᠃
《ᠱᠢᠯᠭᠠᠭᠤᠯᠤᠭ᠍ᠴᠢ ᠬᠤᠶᠠᠷ ᠬᠡᠮᠵᠢᠯᠳᠦ ᠺᠣᠳ᠋᠎ᠲᠤ ᠱᠢᠷᠪᠢᠯᠳᠠ ᠬᠢᠵᠥ᠍᠂ ᠱᠢᠯᠭᠠᠯᠲᠠ᠎ᠶ᠋ᠢᠨ ᠳᠠᠯᠠᠪᠠᠢ᠎ᠳᠤ ᠬᠦᠷᠬᠡᠯᠬᠡᠬᠦ᠌ ᠮᠡᠳᠡᠭᠡ ᠵᠠᠩᠭᠢ᠎ᠪᠠᠨ ᠲᠠᠭ᠍ᠯᠠᠪᠠᠯ ᠳᠠᠷᠤᠶ ᠱᠢᠯᠭᠠᠭᠤᠯᠤᠭ᠍ᠴᠢ᠎ᠶ᠋ᠢ ᠬᠦᠷᠭᠡᠬᠦ᠌ ᠲᠡᠷᠭᠡ᠎ᠶ᠋ᠢ ᠤᠷᠢᠳᠴᠢᠯᠠᠨ ᠪᠣᠯᠵᠣᠵᠤ ᠪᠣᠯᠤᠨ᠎ᠠ᠂ ᠮᠠᠨ᠎ᠤ ᠺᠣᠮᠫᠠᠨᠢ 〈ᠱᠢᠯᠭᠠᠭᠤᠯᠤᠬ᠍ᠴᠢᠶ᠋ᠢᠨ ᠦᠢᠯᠡᠴᠢᠯᠡᠬᠦ᠌〉 ᠬᠡᠯᠪᠡᠷᠢ᠎ᠪᠠᠷ ᠰᠦᠶᠳᠭᠡᠯ ᠬᠤᠷᠢᠶᠠᠬᠤ ᠥᠬᠡᠶ ᠲᠤᠰᠴᠤ᠌ ᠬᠦᠷᠭᠡᠬᠦ᠌ ᠦᠢᠯᠡᠴᠢᠯᠡᠭᠡ ᠬᠠᠩᠭᠠᠬᠤ᠎ᠶ᠋ᠢᠨ ᠬᠠᠮᠲᠤ ᠪᠠᠰᠠ ᠱᠢᠯᠭᠠᠭᠤᠯᠤᠭ᠍ᠴᠢ᠎ᠳᠤ ᠱᠢᠯᠭᠠᠯᠲᠠ᠎ᠳᠤ ᠲᠤᠰᠠᠯᠠᠬᠤ ᠵᠢᠵᠢᠭ ᠪᠡᠯᠡᠭ ᠪᠡᠯᠡᠳᠭᠡᠵᠡᠶ》 ᠬᠡᠵᠥ᠍ ᠳ᠋ᠢ ᠳ᠋ᠢ ᠺᠣᠮᠫᠠᠨᠢ᠎ᠶ᠋ᠢᠨ ᠬᠥᠬᠡᠬᠤᠲᠠ᠎ᠳᠠᠬᠢ ᠬᠤᠪᠢᠶᠠᠷᠢ ᠺᠣᠮᠫᠠᠨᠢ᠎ᠶ᠋ᠢᠨ ᠡᠵᠡᠩᠨᠡᠯᠲᠡ᠎ᠶ᠋ᠢᠨ ᠬᠠᠷᠢᠭᠤᠴᠠᠯᠭᠠᠲᠠᠨ ᠢ ᠹᠸᠢ ᠶᠠᠷᠢᠨ᠎ᠠ᠃ ᠲᠠᠳᠠ ᠬᠢᠵᠢᠭ᠎ᠢ ᠰᠡᠷᠭᠡᠢᠯᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠲᠡᠷᠭᠡ ᠬᠥᠰᠭᠡ᠎ᠪᠠᠨ ᠴᠡᠪᠡᠷᠯᠡᠬᠦ᠂ ᠠᠷᠢᠭᠤᠳᠭᠠᠬᠤ ᠵᠡᠷᠭᠡ ᠠᠵᠢᠯ᠎ᠢ ᠴᠠᠭ ᠲᠤᠬᠠᠶ᠎ᠳᠤᠨᠢ ᠰᠠᠢᠲᠤᠷ ᠬᠢᠵᠦ᠍᠂ ᠱᠢᠯᠭᠠᠭᠤᠯᠤᠭ᠍ᠴᠢ᠎ᠶ᠋ᠢ ᠠᠮᠤᠷ ᠲᠦᠪᠱᠢᠨ᠂ ᠴᠠᠭ ᠲᠤᠬᠠᠶ᠎ᠳᠤᠨᠢ ᠱᠢᠯᠭᠠᠯᠲᠠ᠎ᠶ᠋ᠢᠨ ᠴᠡᠭ᠎ᠲᠤ ᠬᠦᠷᠭᠡᠬᠦ᠌᠎ᠶ᠋ᠢ ᠪᠠᠲᠤᠯᠠᠨ᠎ᠠ ᠭᠡᠵᠡᠶ᠃

《ᠡᠨᠡ ᠵᠢᠯ ᠪᠣᠯ ᠮᠢᠨᠤ ᠱᠢᠯᠭᠠᠭᠤᠯᠤᠭ᠍ᠴᠢ᠎ᠳᠤ ᠬᠠᠢᠷ᠎ᠠ ᠬᠠᠯᠮᠠᠵᠢᠶ᠋ᠢᠨ ᠦᠢᠯᠡᠴᠢᠯᠡᠭᠡ ᠬᠠᠩᠭᠠᠭ᠍ᠰᠠᠨ ᠠᠷᠪᠠᠨ ᠨᠢᠬᠡᠳᠡᠬᠢ ᠵᠢᠯ ᠪᠤᠯᠤᠨ᠎ᠠ᠃ ᠵᠢᠯ ᠪᠦᠷᠢ᠎ᠶ᠋ᠢᠨ ᠡᠨᠡ ᠦᠶ᠎ᠠ᠎ᠳᠤ᠂ ᠮᠠᠨ᠎ᠤ ᠺᠣᠮᠫᠠᠨᠢ ᠪᠦᠷ ᠱᠢᠯᠭᠠᠯᠳᠠ᠎ᠶ᠋ᠢᠨ ᠳᠠᠯᠠᠪᠠᠢ᠎ᠳᠤ ᠬᠦᠷᠭᠡᠬᠦ᠌ ᠲᠡᠷᠭᠡ ᠲᠣᠮᠢᠯᠠᠵᠤ ᠱᠢᠯᠭᠠᠭᠤᠯᠤᠭ᠍ᠴᠢ᠎ᠳᠤ ᠦᠢᠯᠡᠴᠢᠯᠡᠨ᠎ᠡ᠃ ᠤᠳᠤ ᠨᠢᠭᠡᠨᠲᠡ 45 ᠱᠢᠯᠭᠠᠯᠳᠠ᠎ᠶ᠋ᠢᠨ ᠴᠡᠭ᠎ᠤᠨ ᠱᠢᠯᠭᠠᠭᠤᠯᠤᠭ᠍ᠴᠢ ᠱᠢᠯᠭᠠᠯᠲᠠ᠎ᠶ᠋ᠢᠨ ᠳᠠᠯᠠᠪᠠᠢ᠎ᠳᠤ ᠬᠦᠷᠭᠡᠯᠬᠡᠬᠦ᠌ ᠦᠢᠯᠡᠴᠢᠯᠡᠭᠡ ᠵᠠᠬᠢᠶᠠᠯᠠᠵᠥ᠍ ᠪᠤᠢ》 ᠭᠡᠵᠥ᠍ ᠵᠤᠤ ᠯᠢ ᠮᠢᠨ ᠶᠠᠷᠢᠨ᠎ᠠ᠃ ᠵᠣᠣ ᠯᠢ ᠮᠢᠨᠤ ᠪᠠᠢᠭ᠎ᠠ ᠬᠥᠬᠡᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠶᠡᠷᠦᠩᠬᠡᠶ ᠺᠣᠮᠫᠠᠨᠢ᠎ᠶ᠋ᠢᠨ ᠲᠦᠷᠢᠶᠡᠰᠦᠨ ᠺᠣᠮᠫᠠᠨᠢ ᠠᠳᠠᠯᠢᠬᠠᠨ᠎ᠢᠶᠠᠷ 《ᠴᠡᠭ᠎ᠠᠴᠠ ᠴᠡᠭ᠎ᠲᠤ ᠬᠦᠷᠬᠡᠬᠦ᠌》 ᠬᠠᠢᠷ᠎ᠠ ᠬᠠᠯᠠᠮᠵᠢ᠎ᠶ᠋ᠢᠨ ᠦᠢᠯᠡᠴᠢᠯᠡᠭᠡ ᠥᠷᠨᠢᠭᠦᠯᠪᠡ᠃
《ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠤᠭᠤᠴᠠᠭᠠᠨ᠎ᠳᠤ᠂ ᠪᠢᠳᠡ ᠱᠢᠯᠭᠠᠯᠲᠠ᠎ᠶ᠋ᠢᠨ ᠭᠠᠵᠠᠷ᠎ᠲᠤ ᠵᠢᠵᠢᠭᠦᠷᠯᠡᠵᠦ᠍᠂ ᠭᠡᠨᠡᠳᠲᠡ᠎ᠶ᠋ᠢᠨ ᠠᠳᠡᠯ ᠭᠠᠷᠬᠤ᠎ᠠᠴᠠ ᠰᠡᠷᠭᠡᠢᠯᠡᠨ᠎ᠡ》᠃ ᠬᠥᠬᠡᠬᠤᠲᠠ᠎ᠶ᠋ᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠤᠭᠤᠷᠢᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠎ᠶ᠋ᠢᠨ ᠵᠢᠭᠠᠨ ᠵᠢᠯᠣᠭᠤᠳᠣᠭ᠍ᠴᠢ ᠹᠦ᠋ ᠴᠢᠶᠠᠩ᠂ ᠥᠨᠥᠳᠦᠷ᠎ᠠᠴᠠ ᠡᠬᠢᠯᠡᠨ ᠱᠢᠯᠭᠠᠯᠲᠠ᠎ᠶ᠋ᠢᠨ ᠴᠡᠭ᠎ᠤᠨ ᠡᠷᠬᠢᠨ ᠲᠣᠭᠤᠷᠢᠨ᠎ᠤ ᠬᠤᠨᠤᠭ᠎ᠤᠨ ᠭᠠᠵᠠᠷ᠎ᠲᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠤ ᠳᠠᠯᠳᠠ ᠬᠡᠮ᠎ᠢ ᠳᠠᠷᠠᠭᠠᠯᠠᠨ ᠪᠠᠢᠴᠠᠭᠠᠵᠤ᠂ ᠱᠢᠯᠭᠠᠭᠤᠯᠤᠭ᠍ᠴᠢ ᠪᠠ ᠬᠡᠷ᠎ᠤᠨ ᠠᠬᠠᠮᠠᠳ᠎ᠤᠨ ᠠᠮᠤᠷ ᠲᠦᠪᠱᠢᠨ᠎ᠢ ᠪᠠᠲᠤᠯᠠᠨ᠎ᠠ ᠭᠡᠵᠡᠶ᠃
ᠣᠢᠯᠠᠭᠠᠭ᠍ᠰᠠᠨ᠎ᠢᠶᠠᠷ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠨᠠᠮ᠎ᠤᠨ ᠬᠤᠷᠢᠶ᠎ᠠ ᠨᠠᠮ᠎ᠤᠨ ᠲᠡᠦᠬᠡ᠎ᠶ᠋ᠢ ᠰᠤᠷᠤᠯᠴᠠᠬᠤ᠂ ᠪᠣᠳᠠᠲᠤ ᠶᠠᠪᠤᠳᠠᠯ ᠬᠢᠬᠦ᠌ ᠳᠡᠭᠡᠷ᠎ᠡ ᠬᠦᠴᠦ᠍ ᠲᠠᠯᠪᠢᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ ᠠᠵᠢᠯ᠎ᠲᠠᠢ ᠤᠶᠠᠯᠳᠤᠭᠤᠯᠵᠥ᠍ ᠪᠤᠢ᠃ ᠲᠣᠰ ᠤᠳᠠᠭ᠎ᠠ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠠᠮᠲᠤᠷᠠᠭ᠍ᠰᠠᠨ ᠰᠠᠢᠨ ᠳᠤᠷ᠎ᠠ᠎ᠶ᠋ᠢᠨ ᠠᠵᠢᠯᠯᠠᠭ᠎ᠠ᠎ᠳᠤ ᠦᠢᠯᠡᠴᠢᠯᠡᠬᠦ᠌᠎ᠶ᠋ᠢ ᠡᠬᠢᠯᠡᠭᠦᠯᠦᠭ᠌ᠰᠡᠨ ᠶᠠᠪᠤᠳᠠᠯ ᠪᠣᠯ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠠᠷᠠᠳ ᠣᠯᠠᠨ᠎ᠳᠤ ᠪᠣᠳᠠᠲᠤ ᠶᠠᠪᠤᠳᠠᠯ ᠬᠢᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠯᠠᠨ ᠲᠠᠪᠴᠠᠩ᠎ᠢᠶᠠᠷ ᠬᠤᠯᠪᠣᠭᠠᠯᠠᠨ ᠬᠥᠳᠡᠯᠦᠯᠴᠡᠬᠦ᠂ ᠪᠥᠬᠦ᠌ ᠨᠡᠢᠭᠡᠮ᠎ᠢᠶᠠᠷ᠎ᠢᠶᠠᠨ ᠬᠠᠷᠢᠯᠴᠠᠨ ᠬᠠᠪᠰᠤᠷᠤᠯᠴᠠᠬᠤ᠎ᠪᠠᠷ ᠳᠠᠮᠵᠢᠭᠤᠯᠤᠨ᠂ ᠥᠷᠭᠡᠨ ᠣᠯᠠᠨ ᠱᠢᠯᠭᠠᠭᠤᠯᠤᠭ᠍ᠴᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠬᠤ ᠪᠣᠯᠤᠨ᠎ᠠ᠃


ᠱᠢᠯᠭᠠᠭᠤᠯᠤᠭ᠍ᠴᠢ᠎ᠶ᠋ᠢ ᠬᠦᠷᠭᠡᠬᠦ᠌ ᠲᠡᠷᠭᠡ ᠲᠡᠷᠢ ᠲᠡᠭ᠌ᠰᠢ ᠵᠢᠬ᠍ᠰᠠᠨᠠ
ᠬᠤᠯᠪᠣᠭᠠᠯᠠᠨ ᠬᠥᠳᠡᠯᠦᠯᠴᠡᠬᠦ᠌ ᠪᠠᠢᠭᠤᠯᠤᠮᠵᠢ᠄
● ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ
● ᠬᠥᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠳᠠ᠎ᠶ᠋ᠢᠨ ᠰᠠᠯᠪᠤᠷᠢ ᠠᠩᠭᠢ
● ᠬᠥᠬᠡᠬᠤᠳᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠳᠠ᠎ᠶ᠋ᠢᠨ ᠤᠷᠤᠨ᠎ᠤ ᠭᠠᠯ ᠰᠡᠷᠭᠡᠢᠯᠡᠨ ᠭᠠᠯ ᠤᠨᠲᠠᠷᠠᠭᠠᠵᠦ᠍ ᠠᠪᠤᠷᠠᠨ ᠲᠤᠰᠠᠯᠠᠬᠤ ᠶᠡᠭᠡ ᠠᠩᠭᠢ
● ᠳ᠋ᠢ ᠱᠥᠨ ᠰᠥᠯᠵᠢᠶ᠎ᠠ᠎ᠪᠠᠷ ᠪᠤᠯᠵᠤᠬᠤ ᠲᠡᠷᠭᠡ᠂ ᠳ᠋ᠢ ᠳ᠋ᠢ ᠠᠶᠠᠯᠠᠯ
● ᠬᠥᠬᠡᠬᠤᠳᠠ᠎ᠶ᠋ᠢᠨ ᠤᠯᠠᠨ ᠨᠠᠢᠳᠠ᠎ᠶ᠋ᠢᠨ ᠵᠠᠮ ᠬᠠᠷᠢᠯᠴᠠᠭᠠᠨ᠎ᠤ ᠶᠡᠷᠥᠩᠭᠡᠢ ᠺᠤᠮᠫᠠᠨᠢ
● ᠬᠥᠬᠡᠬᠤᠳᠠ᠎ᠶ᠋ᠢᠨ ᠤᠯᠠᠨ ᠨᠠᠢᠳᠠ᠎ᠶ᠋ᠢᠨ ᠵᠠᠮ ᠬᠠᠷᠢᠯᠴᠠᠭᠠᠨ᠎ᠤ ᠶᠡᠷᠥᠩᠭᠡᠢ ᠺᠤᠮᠫᠠᠨᠢ᠎ᠶ᠋ᠢᠨ ᠲᠥᠷᠢᠶᠡᠰᠤᠨ ᠮᠠᠱᠢᠨ᠎ᠤ ᠺᠤᠮᠫᠠᠨᠢ