ᠰᠤᠷᠪᠤᠯᠵᠢᠯᠠᠭ᠍ᠴᠢ ᠲᠥᠷᠥᠬᠦᠬᠡᠨ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶᠠᠨ᠎ᠤ ᠬᠥᠯ ᠪᠥᠮᠪᠦᠭᠡ᠎ᠶ᠋ᠢᠨ ᠠᠯᠪᠠᠨ ᠬᠡᠷ᠂ ᠬᠥᠬᠡᠬᠤᠲᠠ᠎ᠶ᠋ᠢᠨ ᠬᠥᠯ ᠪᠥᠮᠪᠦᠭᠡ᠎ᠶ᠋ᠢᠨ ᠬᠥᠳᠡᠯᠭᠡᠭᠡᠨ᠎ᠤ ᠲᠥᠪ᠎ᠠᠴᠠ ᠣᠢᠯᠠᠭᠠᠭ᠍ᠰᠠᠨ᠎ᠢᠶᠠᠷ᠂ ᠬᠥᠬᠡᠬᠤᠲᠠ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠲᠦᠭᠡᠮᠡᠯᠵᠢᠭᠦᠯᠦᠯᠲᠡ ᠪᠠ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠥᠯᠥᠭᠡ᠂ 《ᠰᠤᠷᠭᠠᠭᠤᠯᠢ᠎ᠶ᠋ᠢᠨ ᠬᠥᠯ ᠪᠥᠮᠪᠦᠭᠡ᠎ᠶ᠋ᠢᠨ ᠱᠢᠯᠢᠳᠡᠭ ᠲᠠᠮᠢᠷᠴᠢᠨ᠎ᠤ ᠰᠤᠷᠭᠠᠭᠤᠯᠢ ᠳᠡᠪᠱᠢᠬᠤ 〈ᠱᠢᠭᠤᠳ ᠨᠡᠪᠲᠡᠷᠡᠬᠦ᠌ ᠵᠠᠮ〉 ᠤᠨ ᠠᠵᠢᠯ᠎ᠢ ᠰᠠᠢᠲᠤᠷ ᠬᠢᠬᠦ᠌ ᠲᠤᠬᠠᠶ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶᠠᠨ᠎ᠤ ᠬᠡᠷᠡᠭ᠌ᠵᠢᠭᠦᠯᠬᠦ᠌ ᠲᠥᠰᠦᠯ》 ᠢ ᠳᠠᠷᠤᠮᠠᠯᠯᠠᠨ ᠲᠠᠷᠬᠠᠭᠠᠪᠠ᠃
《ᠭᠡᠷᠡᠭ᠌ᠵᠢᠬᠦᠯᠬᠦ᠌ ᠲᠥᠰᠥᠯ》 ᠳᠤ ᠲᠤᠳᠤᠷᠬᠠᠢᠯᠠᠬ᠍ᠰᠠᠨᠢ ᠥᠨᠳᠤᠰᠤᠯᠠᠪᠠᠯ᠂ 《ᠱᠢᠭᠤᠳ ᠨᠡᠪᠲᠡᠷᠡᠬᠦ᠌ ᠵᠠᠮ》 ᠤᠨ ᠠᠵᠢᠯ᠎ᠤᠨ ᠪᠣᠳᠠᠲᠠᠶ ᠠᠷᠭ᠎ᠠ ᠬᠡᠮᠵᠢᠶ᠎ᠡ᠎ᠳᠤ᠄ ᠡᠩ ᠲᠡᠷᠢᠬᠦᠨ᠎ᠳᠤ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠱᠢᠯᠢᠳᠡᠭ ᠲᠠᠮᠢᠷᠴᠢᠨ᠎ᠢ ᠬᠥᠮᠦᠵᠢᠭᠦᠯᠬᠦ᠌ ᠦᠷᠭᠦᠯᠵᠢᠯᠡᠬᠦ᠌ ᠴᠢᠨᠠᠷ᠎ᠢ ᠪᠠᠲᠤᠯᠠᠵᠤ᠂ ᠱᠢᠰᠲ᠋ᠧᠮ᠎ᠲᠠᠢ ᠱᠠᠲᠤᠯᠵᠢᠨ ᠡᠩᠨᠡᠭᠡ᠎ᠶ᠋ᠢᠨ ᠬᠥᠮᠦᠵᠢᠭᠦᠯᠬᠦ᠌ ᠱᠢᠰᠲ᠋ᠧᠮ᠎ᠢ ᠪᠠᠢᠭᠤᠯᠬᠤ᠎ᠶ᠋ᠢᠨ ᠲᠥᠯᠥᠭᠡ᠂ ᠡᠯ᠎ᠡ ᠬᠤᠱᠢᠭᠤ ᠱᠢᠶᠠᠨ ᠲᠣᠭᠤᠷᠢᠭ᠎ᠤᠨ ᠰᠤᠷᠭᠠᠨ ᠬᠥᠮᠦᠵᠢᠯ᠎ᠤᠨ ᠲᠣᠪᠴᠢᠶ᠎ᠠ ᠡᠷᠬᠡᠪᠰᠢ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠎ᠶ᠋ᠢᠨ ᠱᠠᠲᠤ ᠦᠶ᠎ᠡ᠎ᠳᠤ 1᠄ 3᠄ 6 ᠶ᠋ᠢᠨ ᠬᠠᠷᠢᠴᠠᠯ᠎ᠢᠶᠠᠷ 《ᠱᠢᠭᠤᠳ ᠨᠡᠪᠲᠡᠷᠡᠬᠦ᠌ ᠵᠠᠮ》 ᠢᠶᠠᠷ ᠰᠤᠷᠭᠠᠭᠤᠯᠢ ᠳᠡᠪᠱᠢᠬᠤ ᠠᠷᠭ᠎ᠠ ᠵᠠᠮ᠎ᠤᠨ ᠲᠥᠰᠦᠯ᠎ᠢ ᠲᠣᠭ᠍ᠲᠠᠭᠠᠬᠤ᠎ᠶ᠋ᠢᠨ ᠬᠠᠮᠲᠤ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ᠎ᠶ᠋ᠢᠨ ᠪᠡᠶ᠎ᠡ᠎ᠶ᠋ᠢᠨ ᠲᠠᠮᠢᠷ ᠡᠷᠡᠭᠦᠯ ᠬᠠᠮᠠᠭᠠᠯᠠᠯ ᠰᠤᠶᠤᠯ ᠤᠷᠠᠯᠢᠭ᠎ᠤᠨ ᠰᠠᠯᠠᠭ᠎ᠠ᠎ᠳᠤ ᠳᠠᠩᠰᠠᠯᠠᠭᠤᠯᠤᠨ᠎ᠠ᠃ ᠬᠤᠶᠠᠷ᠎ᠲᠤ᠌᠂ ᠬᠡᠦᠬᠡᠳ᠎ᠤᠨ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠳᠡᠪᠱᠢᠬᠤ ᠱᠠᠲᠤᠨ᠎ᠳᠤ ᠬᠡᠦᠬᠡᠳ᠎ᠤᠨ ᠴᠡᠴᠡᠷᠯᠢᠭ᠎ᠲᠤ ᠲᠤᠰᠠᠭᠠᠷ ᠬᠥᠯ ᠪᠥᠮᠪᠦᠭᠡ᠎ᠶ᠋ᠢᠨ ᠣᠨᠴᠠᠯᠢᠭ᠍ᠲᠤ ᠠᠩᠭᠢ ᠪᠠᠢᠭᠤᠯᠵᠤ ᠪᠣᠯᠬᠤ ᠥᠬᠡᠶ᠂ ᠳᠤᠷ᠎ᠠ ᠰᠣᠨᠢᠷᠬᠠᠯ᠎ᠤᠨ ᠠᠵᠢᠯᠯᠠᠭ᠎ᠠ᠎ᠪᠠᠷ ᠭᠤᠤᠯ ᠪᠣᠯᠭᠠᠵᠤ᠂ ᠬᠡᠦᠬᠡᠳ᠎ᠤᠨ ᠴᠡᠴᠡᠷᠯᠢᠭ᠎ᠤᠨ ᠶᠡᠷᠦᠩᠬᠡᠶ ᠠᠵᠢᠯᠯᠠᠭᠠᠨ᠎ᠤ ᠬᠢᠴᠢᠶᠡᠯ᠎ᠳᠤ ᠣᠷᠣᠭᠤᠯᠤᠨ ᠠᠵᠢᠯᠯᠠᠭ᠎ᠠ ᠥᠷᠨᠢᠭᠦᠯᠦᠨ᠎ᠡ᠃ ᠰᠣᠷᠣᠭ᠍ᠴᠢ ᠪᠠ ᠰᠤᠷᠭᠠᠭᠤᠯᠢ᠎ᠶ᠋ᠢᠨ ᠬᠤᠤᠰ ᠴᠢᠭ᠌ᠯᠡᠯ᠎ᠢᠶᠠᠷ ᠰᠣᠩᠭᠤᠭ᠍ᠰᠠᠨ ᠤᠷᠢᠲᠠᠯ ᠳᠤᠤᠷ᠎ᠠ᠂ ᠬᠥᠯ ᠪᠥᠮᠪᠦᠭᠡ᠎ᠶ᠋ᠢᠨ ᠤᠷ᠎ᠠ ᠴᠢᠳᠠᠪᠤᠷᠢ᠎ᠶ᠋ᠢᠨ ᠱᠢᠯᠭᠠᠯᠲᠠ᠎ᠪᠠᠷ ᠳᠡᠮᠵᠢᠨ ᠲᠣᠭ᠍ᠲᠠᠭ᠍ᠰᠠᠨ ᠰᠤᠷᠭᠠᠭᠤᠯᠢ᠎ᠳᠤ ᠳᠡᠪᠱᠢᠨᠡ᠃ ᠭᠤᠷᠪᠠ᠎ᠳᠤ᠂ ᠪᠠᠭ᠎ᠠ ᠰᠤᠷᠭᠠᠭᠤᠯᠢ᠎ᠠᠴᠠ ᠠᠩᠬ᠎ᠠ ᠳᠤᠮᠳᠠᠳᠤ᠎ᠳᠤ ᠳᠡᠪᠱᠢᠬᠤ ᠱᠠᠲᠤᠨ᠎ᠳᠤ ᠱᠢᠭᠤᠳ ᠬᠠᠷᠢᠶ᠎ᠠ ᠲᠤᠭᠤᠷᠢᠬᠲᠠᠬᠢ ᠠᠩᠬ᠎ᠠ ᠳᠤᠮᠳᠠᠳᠤ᠎ᠶ᠋ᠢᠨ ᠰᠤᠷᠭᠠᠭᠤᠯᠢ ᠲᠣᠰ ᠵᠢᠯ᠎ᠤᠨ ᠰᠣᠷᠣᠭ᠍ᠴᠢ ᠡᠯᠰᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠶᠣᠰᠣᠭᠠᠷ ᠥᠪᠡᠰᠦᠪᠡᠨ ᠵᠣᠬᠢᠶᠠᠨ ᠪᠠᠢᠭᠤᠯᠵᠤ ᠨᠡᠷ᠎ᠡ ᠮᠡᠳᠡᠭᠦᠯᠦᠨ ᠤᠷ᠎ᠠ ᠴᠢᠳᠠᠪᠤᠷᠢ᠎ᠶ᠋ᠢᠨ ᠱᠢᠯᠭᠠᠯᠲᠠ ᠬᠢᠵᠥ᠍᠂ ᠬᠥᠬᠡᠬᠤᠳᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠠᠵᠢᠯᠲᠠᠨ᠎ᠢᠶᠠᠨ ᠵᠣᠬᠢᠶᠠᠨ ᠪᠠᠢᠭᠤᠯᠵᠤ ᠱᠢᠯᠭᠠᠯᠲᠠ᠎ᠳᠤ ᠬᠢᠨᠠᠯᠲᠠ ᠲᠠᠯᠪᠢᠬᠤ᠎ᠶ᠋ᠢᠨ ᠬᠠᠮᠲᠤ ᠵᠠᠷᠯᠠᠨ ᠨᠡᠢᠲᠡᠯᠡᠨ᠎ᠡ᠃ ᠳᠥᠷᠪᠡ᠎ᠳᠤ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠠᠴᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠳᠡᠪᠱᠢᠬᠤ ᠱᠠᠲᠤᠨ᠎ᠳᠤ᠂ ᠱᠢᠭᠤᠳ ᠬᠠᠷᠢᠶ᠎ᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠱᠢᠯᠭᠠᠯᠲᠠ᠎ᠶ᠋ᠢᠨ ᠪᠠᠷᠢᠮᠵᠢᠶ᠎ᠠ ᠶᠣᠰᠣᠭᠠᠷ ᠥᠪᠡᠰᠦᠪᠡᠨ ᠵᠣᠬᠢᠶᠠᠨ ᠪᠠᠢᠭᠤᠯᠵᠤ ᠨᠡᠷ᠎ᠡ ᠮᠡᠳᠡᠭᠦᠯᠦᠨ ᠤᠷ᠎ᠠ ᠴᠢᠳᠠᠪᠤᠷᠢ᠎ᠶ᠋ᠢᠨ ᠱᠢᠯᠭᠠᠯᠲᠠ ᠬᠢᠵᠦ᠍᠂ ᠬᠥᠬᠡᠬᠤᠳᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠱᠢᠯᠭᠠᠯᠲᠠ᠎ᠶ᠋ᠢ ᠬᠢᠨᠠᠬᠤ᠎ᠶ᠋ᠢᠨ ᠬᠠᠮᠲᠤ ᠵᠠᠷᠯᠠᠨ ᠨᠡᠢᠲᠡᠯᠡᠨ᠎ᠡ᠃
ᠮᠡᠷᠭᠡᠵᠢᠯ᠎ᠤᠨ ᠴᠢᠳᠠᠪᠤᠷᠢ᠎ᠶ᠋ᠢᠨ ᠱᠢᠯᠭᠠᠯᠲᠠ᠎ᠳᠤ ᠬᠢᠷᠢ ᠲᠡᠩᠴᠡᠭ᠌ᠰᠡᠨ ᠱᠢᠯᠭᠠᠭᠤᠯᠤᠭ᠍ᠴᠢ᠎ᠶ᠋ᠢ ᠰᠣᠷᠣᠭ᠍ᠴᠢ ᠡᠯᠰᠡᠬᠦ᠌ ᠬᠡᠪᠴᠢᠶ᠎ᠡ᠂ ᠲᠥᠯᠥᠪᠯᠡᠭᠡ ᠪᠠ ᠱᠢᠯᠭᠠᠭᠤᠯᠤᠭ᠍ᠴᠢ᠎ᠶ᠋ᠢᠨ ᠬᠦᠰᠡᠯ ᠡᠷᠡᠮᠡᠯᠵᠡᠯ ᠶᠣᠰᠣᠭᠠᠷ᠂ ᠰᠣᠶᠣᠯ᠎ᠤᠨ ᠬᠢᠴᠢᠶᠡᠯ᠎ᠤᠨ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢ ᠦᠨᠳᠦᠰᠦᠯᠡᠨ ᠥᠨᠳᠥᠷ ᠬᠤᠪᠢ᠎ᠠᠴᠠ ᠳᠤᠤᠷ᠎ᠠ ᠬᠤᠪᠢ ᠲᠡᠢᠰᠢ ᠤᠷᠢᠳᠴᠢᠯᠠᠨ ᠡᠯᠰᠡᠨ᠎ᠡ᠃ ᠡᠭᠦᠨ᠎ᠳᠤ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠱᠢᠯᠢᠳᠡᠭ ᠲᠠᠮᠢᠷᠴᠢᠨ᠎ᠤ ᠳᠤᠮᠳᠠ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠱᠢᠯᠭᠠᠯᠲᠠ᠎ᠶ᠋ᠢᠨ ᠬᠢᠷᠢ ᠪᠦᠲᠦᠮᠵᠢ ᠨᠢ ᠡᠷᠬᠡᠪᠰᠢ ᠲᠤᠬᠠᠶ᠎ᠶ᠋ᠢᠨ ᠵᠢᠯ ᠤᠨ ᠡᠩ ᠤᠨ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ᠎ᠶ᠋ᠢᠨ ᠬᠠᠮᠤᠭ ᠤᠨ ᠳᠤᠤᠷ᠎ᠠ ᠬᠢᠵᠠᠭᠠᠷ ᠱᠤᠭᠤᠮ᠎ᠤᠨ 70% ᠳᠤ ᠬᠦᠷᠴᠦ᠍᠂ ᠳᠡᠭᠡᠷ᠎ᠡ ᠳᠤᠷᠠᠳᠤᠭ᠍ᠰᠠᠨ ᠬᠠᠮᠤᠭ᠎ᠤᠨ ᠳᠤᠤᠷ᠎ᠠ ᠬᠢᠵᠠᠭᠠᠷ ᠱᠤᠭᠤᠮ ᠠᠴᠠ ᠳᠤᠤᠷ᠎ᠠ ᠱᠢᠯᠭᠠᠭᠤᠯᠤᠭ᠍ᠴᠢ᠎ᠶ᠋ᠢ ᠡᠩ ᠤᠨ ᠪᠠᠢᠳᠠᠯ ᠳᠤ ᠡᠯᠰᠡᠵᠦ᠍ ᠪᠣᠯᠬᠤ ᠥᠬᠡᠶ᠃ 《ᠲᠡᠷᠢᠭᠦᠯᠡᠭ᠌ᠴᠢ ᠬᠤᠨᠳᠠᠭᠠᠲᠤ》᠂ 《ᠬᠤᠲᠠ᠎ᠶ᠋ᠢᠨ ᠳᠠᠷᠤᠭ᠎ᠠ ᠬᠤᠨᠳᠠᠭᠠᠲᠤ》᠂ 《ᠲᠣᠭᠤᠷᠢᠭ᠎ᠤᠨ ᠳᠠᠷᠤᠭ᠎ᠠ ᠬᠤᠨᠳᠠᠭᠠᠲᠤ》 ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠬᠤᠯᠪᠣᠭᠠᠲᠤ ᠤᠷᠤᠯᠳᠤᠭᠠᠨ᠎ᠳᠤ ᠣᠷᠣᠯᠴᠠᠭᠠᠳ ᠲᠣᠪᠤᠢᠮ᠎ᠠ ᠬᠢᠷᠢ ᠪᠦᠲᠦᠮᠵᠢ ᠣᠯᠤᠭ᠍ᠰᠠᠨ ᠲᠠᠮᠢᠷᠴᠢᠨ ᠪᠤᠶᠤ ᠤᠯᠤᠰ᠎ᠤᠨ ᠬᠤᠶᠠᠳᠤᠭᠠᠷ ᠳᠡᠰ᠎ᠠᠴᠠ ᠳᠡᠭᠡᠭ᠌ᠰᠢᠬᠢ ᠲᠠᠮᠢᠷᠴᠢᠨ᠎ᠤ ᠬᠢᠷᠢ ᠭᠡᠮ᠎ᠢ ᠣᠯᠤᠭ᠍ᠰᠠᠨ ᠰᠣᠷᠣᠭ᠍ᠴᠢᠳ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠳᠡᠪᠱᠢᠬᠤ ᠱᠢᠯᠭᠠᠯᠲᠠ᠎ᠶ᠋ᠢᠨ ᠬᠢᠷᠢ ᠪᠦᠲᠦᠮᠵᠢ᠎ᠨᠢ ᠬᠠᠮᠤᠭ᠎ᠤᠨ ᠳᠤᠤᠷ᠎ᠠ ᠬᠢᠵᠠᠭᠠᠷ ᠱᠤᠭᠤᠮ᠎ᠳᠤ ᠭᠦᠷᠦᠭ᠌ᠰᠡᠨ ᠥᠬᠡᠶ ᠪᠠᠢᠪᠠᠯ᠂ ᠰᠤᠷᠭᠠᠭᠤᠯᠢ᠎ᠶ᠋ᠢᠨ ᠲᠠᠨᠢᠯᠴᠠᠭᠤᠯᠭ᠎ᠠ᠎ᠪᠠᠷ ᠳᠡᠮᠵᠢᠨ ᠰᠣᠷᠣᠭ᠍ᠴᠢ ᠡᠯᠰᠡᠬᠦ᠌ ᠰᠤᠷᠭᠠᠭᠤᠯᠢ᠎ᠶ᠋ᠢ ᠰᠣᠩᠭᠤᠨ ᠲᠣᠭ᠍ᠲᠠᠭᠠᠨ᠎ᠠ ᠭᠡᠵᠡᠢ᠃