ᠤᠢ᠍ᠢᠷ᠎ᠠ᠎ᠳᠤ᠂ 《ᠥᠪᠥᠷ ᠮᠣᠩᠭᠤᠯ᠎ᠤᠨ ᠵᠠᠯᠠᠭᠤᠴᠤᠳ ᠪᠠᠭᠠᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠨᠡᠢᠭᠡᠮᠯᠢᠭ᠎ᠤᠨ ᠳᠥᠷᠪᠡᠳᠦᠭᠡᠷ ᠬᠤᠭᠤᠴᠠᠭᠠᠨ᠎ᠤ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ》 ᠬᠥᠬᠡᠬᠤᠲᠠ᠎ᠶ᠋ᠢᠨ ᠤᠷᠠᠨ ᠵᠢᠷᠤᠭ᠎ᠤᠨ ᠣᠷᠳᠣᠨ (ᠬᠥᠬᠡᠬᠤᠲᠠ᠎ᠶ᠋ᠢᠨ ᠤᠷᠠᠨ ᠪᠢᠴᠢᠯᠭᠡ ᠤᠷᠠᠨ ᠵᠢᠷᠤᠭ᠎ᠤᠨ ᠬᠦᠷᠢᠶᠡᠯᠡᠩ) ᠳᠤ ᠶᠠᠪᠤᠭ᠍ᠳᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌᠎ᠳᠤ ᠪᠡᠯᠡᠭ ᠪᠤᠯᠭᠠᠨ ᠳᠡᠪᠱᠢᠭᠦᠯᠦᠯᠡ᠃
ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠲᠣᠰ ᠬᠤᠭᠤᠴᠠᠭᠠᠨ᠎ᠤ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩᠳᠤ ᠵᠠᠯᠠᠭᠤᠴᠤᠳ ᠪᠠᠭᠠᠴᠤᠳ᠎ᠤᠨ ᠪᠦᠲᠦᠭᠡᠯ᠎ᠢᠶᠠᠷ ᠭᠤᠤᠯ ᠪᠣᠯᠭᠠᠵᠤ᠂ 90 ᠬᠤᠪᠢ ᠵᠠᠯᠠᠭᠤᠴᠤᠳ᠎ᠤᠨ ᠪᠦᠲᠦᠭᠡᠯ ᠪᠠ 65 ᠬᠤᠪᠢ ᠪᠠᠭᠠᠴᠤᠳ ᠬᠡᠦᠬᠡᠳ᠎ᠤᠨ ᠪᠦᠲᠦᠭᠡᠯ᠎ᠢ ᠡᠯᠰᠡᠭ᠌ᠰᠡᠨ ᠵᠢᠴᠢ ᠪᠠᠰᠠ ᠵᠠᠷᠢᠮ ᠪᠠᠭ᠍ᠰᠢ᠎ᠶ᠋ᠢᠨ ᠪᠦᠲᠦᠭᠡᠯ᠎ᠢ ᠤᠷᠤᠯᠴᠠᠭᠤᠯᠪᠠ᠃ ᠡᠲᠡᠭᠡᠷ ᠱᠢᠯᠢᠳᠡᠭ ᠪᠦᠲᠦᠭᠡᠯ᠎ᠤᠳ᠎ᠨᠢ ᠠᠭᠤᠤ ᠨᠠᠮ᠎ᠤᠨ ᠢᠪᠡᠭᠡᠯ ᠳᠤᠤᠷᠠᠬᠢ ᠥᠷᠭᠡᠨ ᠣᠯᠠᠨ ᠪᠠᠭᠠᠴᠤᠳ ᠬᠡᠦᠬᠡᠳ᠎ᠤᠨ ᠦᠨᠡᠨ ᠰᠡᠳᠭᠢᠯ᠎ᠤᠨ ᠬᠠᠢᠷ᠎ᠠ ᠰᠡᠳᠭᠢᠯᠭᠡ᠎ᠶ᠋ᠢ ᠢᠯᠡᠳᠭᠡᠨ᠂ ᠲᠡᠳᠡᠨ᠎ᠤ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠢᠯᠡᠷᠡᠭᠦᠯᠵᠦ᠍᠂ ᠵᠠᠯᠠᠭᠤᠴᠤᠳ ᠪᠠᠭᠠᠴᠤᠳ᠎ᠤᠨ ᠰᠡᠳᠭᠢᠯ ᠵᠢᠷᠦᠬᠡᠨ᠎ᠳᠤ ᠦᠨᠳᠦᠰᠦᠯᠡᠭ᠌ᠰᠡᠨ ᠤᠷᠠᠯᠢᠭ᠎ᠤᠨ ᠬᠥᠭᠡᠭᠡᠴᠡᠯᠳᠦᠯ ᠪᠠ ᠬᠦᠰᠡᠯᠡᠩ᠎ᠢ ᠢᠯᠡᠷᠡᠭᠦᠯᠪᠡ᠃ ᠲᠤᠰ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ᠎ᠢ ᠡᠷᠭᠢᠯᠡᠬᠦ᠌᠎ᠪᠠᠷ ᠳᠠᠮᠵᠢᠨ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠪᠠ ᠬᠡᠪ ᠴᠢᠨᠠᠷ᠎ᠤᠨ ᠰᠤᠷᠭᠠᠨ ᠬᠥᠮᠦᠵᠢᠯ᠎ᠤᠨ ᠠᠵᠢᠯ᠎ᠢ ᠨᠡᠩ ᠢᠯᠡᠭᠦᠦ ᠠᠬᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠤᠨ ᠰᠠᠢᠨ ᠰᠠᠢᠬᠠᠨ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌᠎ᠳᠤ ᠨᠥᠬᠦᠴᠡᠯ ᠪᠦᠷᠢᠯᠳᠦᠭᠦᠯᠵᠦ᠍ ᠦᠭ᠌ᠭᠦᠭ᠌ᠰᠡᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号