ᠲᠥᠪ᠎ᠤᠨ ᠲᠣᠭᠤᠷᠢᠨ ᠪᠠᠢᠴᠠᠭᠠᠬᠤ ᠳᠤᠭᠤᠢᠯᠠᠩ᠎ᠤᠨ ᠬᠠᠷᠢᠭᠤ ᠲᠤᠰᠭᠠᠭ᠍ᠰᠠᠨ ᠰᠠᠨᠠᠯ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠤᠨ 《ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠤᠨ ᠪᠠᠢᠭᠤᠯᠤᠯᠲᠠ᠎ᠶ᠋ᠢ ᠠᠬᠢᠭᠤᠯᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠡᠬᠡ ᠲᠠᠩᠰᠠ》 ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠣᠯᠠᠨ ᠠᠷᠭ᠎ᠠ ᠬᠡᠮᠵᠢᠶ᠎ᠡ ᠠᠪᠴᠤ᠌᠂ ᠵᠠᠰᠠᠭ ᠵᠠᠬᠢᠷᠭᠠᠨ᠎ᠤ ᠱᠢᠢᠳᠭᠡᠯ ᠥᠭ᠌ᠬᠦ ᠲᠠᠰᠤᠯᠤᠨ ᠳᠤᠭ᠍ᠳᠠᠭᠠᠬᠤ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢᠨ ᠲᠦᠷᠢᠮ᠎ᠢ ᠦᠨᠡᠨ ᠬᠦ᠌ ᠵᠢᠷᠤᠮᠵᠢᠭᠤᠯᠪᠠ᠃
ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠵᠦᠶᠯᠡᠰ᠎ᠤᠨ ᠵᠢᠯᠣᠭᠤᠳᠭᠤ ᠭᠠᠷᠴᠠᠭ (2020 ᠣᠨ᠎ᠤ ᠬᠡᠪᠯᠡᠯ)》 ᠢ ᠨᠠᠢᠷᠠᠭᠤᠯᠤᠨ ᠵᠣᠬᠢᠶᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠣᠯᠠᠨ ᠤᠳᠠᠭ᠎ᠠ ᠵᠣᠯᠭᠠᠭᠤᠯᠬᠤ ᠬᠤᠷᠠᠯ ᠬᠤᠷᠠᠯᠳᠤᠭᠤᠯᠤᠨ ᠵᠠᠮ ᠬᠠᠷᠢᠯᠴᠠᠭᠠᠨ᠎ᠤ ᠶᠠᠮᠤᠨ᠎ᠤ 《ᠵᠢᠯᠣᠭᠤᠳᠭᠤ ᠭᠠᠷᠴᠠᠭ》 ᠢ ᠨᠥᠬᠦᠪᠥᠷᠢᠯᠡᠨ ᠲᠡᠭᠦᠯᠳᠡᠷᠵᠢᠭᠦᠯᠪᠡ; ᠳᠠᠰᠤᠯᠤᠨ ᠳᠤᠭ᠍ᠳᠠᠭᠠᠬᠤ ᠡᠷᠬᠡ᠎ᠶ᠋ᠢᠨ ᠰᠠᠭᠤᠷᠢ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠠᠵᠢᠯ᠎ᠢ ᠪᠦᠬᠦ᠌ ᠲᠠᠯ᠎ᠠ᠎ᠪᠠᠷ ᠡᠬᠢᠯᠡᠭᠦᠯᠵᠤ᠂ 2013 ᠣᠨ᠎ᠳᠤ ᠨᠡᠢᠲᠡᠯᠡᠭ᠌ᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠶ᠋ᠢᠨ ᠳᠠᠰᠤᠯᠤᠨ ᠳᠤᠭ᠍ᠳᠠᠭᠠᠬᠤ ᠡᠷᠬᠡ᠎ᠶ᠋ᠢᠨ ᠰᠠᠭᠤᠷᠢ ᠪᠠᠷᠢᠮᠵᠢᠶ᠎ᠠ ᠵᠢᠴᠢ ᠬᠡᠷᠡᠭ᠌ᠯᠡᠭᠡᠨ᠎ᠤ ᠲᠦᠷᠢᠮ》 ᠳᠤ ᠵᠠᠰᠠᠪᠤᠷᠢ ᠣᠷᠣᠭᠤᠯᠪᠠ᠃ ᠳᠠᠰᠤᠯᠤᠨ ᠳᠤᠭ᠍ᠳᠠᠭᠠᠬᠤ ᠡᠷᠬᠡ᠎ᠶ᠋ᠢᠨ ᠰᠠᠭᠤᠷᠢ ᠪᠠᠷᠢᠮᠵᠢᠶᠠᠨ᠎ᠤ ᠲᠤᠰᠭᠠᠶ ᠪᠠᠢᠴᠠᠭᠠᠯᠲᠠ᠎ᠶ᠋ᠢ ᠲᠣᠬᠢᠷᠠᠭᠤᠯᠤᠨ ᠪᠠᠢᠷᠢᠯᠠᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ 2021 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠵᠤ ᠱᠢᠯᠭᠠᠨ ᠦᠨᠡᠯᠡᠬᠦ᠌᠎ᠶ᠋ᠢ ᠵᠣᠬᠢᠶᠠᠨ ᠪᠠᠢᠭᠤᠯᠵᠤ ᠥᠷᠨᠢᠭᠦᠯᠬᠦ᠌ ᠲᠤᠬᠠᠶ ᠮᠡᠳᠡᠭ᠌ᠳᠡᠯ》 ᠢ ᠪᠠᠭᠤᠯᠭᠠᠵᠤ᠂ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠶ᠋ᠢᠨ ᠲᠠᠰᠤᠯᠤᠨ ᠳᠤᠭ᠍ᠳᠠᠭᠠᠬᠤ ᠡᠷᠬᠡ᠎ᠶ᠋ᠢ ᠵᠢᠷᠤᠮᠵᠢᠭᠤᠯᠤᠨ ᠬᠢᠨᠠᠯᠲᠠ ᠲᠠᠯᠪᠢᠵᠤ ᠱᠢᠯᠭᠠᠨ ᠦᠨᠡᠯᠡᠬᠦ᠌ ᠭᠤᠤᠯᠳᠠᠯᠭ᠎ᠠ᠎ᠲᠠᠢ ᠵᠦᠢᠯᠡᠰ᠎ᠢ ᠵᠢᠭ᠍ᠰᠠᠭᠠᠨ ᠭᠠᠷᠭᠠᠬ᠍ᠰᠠᠨ ᠪᠠᠢᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号