ᠰᠤᠷᠪᠤᠯᠵᠢᠯᠠᠭ᠍ᠴᠢ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 2021 ᠣᠨ᠎ᠤ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠤᠭᠤᠴᠠᠭᠠᠨ᠎ᠳᠤ᠂ ᠪᠥᠬᠦ᠌ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠠᠮᠤᠷ ᠲᠦᠪᠱᠢᠨ ᠤᠷᠤᠭ᠍ᠰᠢᠲᠠᠶ ᠡᠮᠬᠢ ᠵᠢᠷᠤᠮ᠎ᠲᠠᠢ ᠶᠠᠪᠤᠭ᠍ᠳᠠᠬᠤ᠎ᠶ᠋ᠢ ᠪᠥᠬᠦ᠌ ᠬᠦᠴᠦᠨ᠎ᠢᠶᠠᠷ᠎ᠢᠶᠠᠨ ᠬᠠᠮᠠᠭᠠᠯᠠᠵᠤ ᠪᠤᠢ᠃
ᠵᠡᠭᠡᠯᠢ ᠭᠤᠳᠤᠮᠵᠢ᠎ᠶ᠋ᠢᠨ ᠴᠠᠭ᠍ᠳᠠᠨ ᠡᠵᠡᠮᠳᠡᠬᠦ᠌᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠱᠢᠯᠭᠠᠯᠲᠠ᠎ᠶ᠋ᠢᠨ ᠴᠡᠭ ᠪᠤᠯᠤᠨ ᠡᠷᠬᠢᠨ ᠲᠣᠭᠤᠷᠢᠨ᠎ᠤ ᠭᠠᠵᠠᠷ ᠣᠷᠣᠨ᠎ᠳᠤ ᠲᠣᠭᠤᠷᠢᠨ ᠴᠠᠭ᠍ᠳᠠᠵᠤ ᠰᠡᠷᠭᠡᠢᠯᠡᠨ ᠡᠵᠡᠮᠳᠡᠬᠦ᠌ ᠡᠷᠴᠢᠮ᠎ᠢᠶᠠᠨ ᠴᠢᠩᠭᠠᠷᠠᠭᠤᠯᠵᠤ᠂ ᠢᠯᠠᠩᠭᠤᠶ᠎ᠠ ᠭᠤᠤᠯᠳᠠᠯᠭ᠎ᠠ᠎ᠲᠠᠢ ᠵᠠᠮ᠂ ᠱᠢᠯᠭᠠᠯᠲᠠ᠎ᠶ᠋ᠢᠨ ᠴᠠᠭ ᠵᠢᠴᠢ ᠱᠢᠯᠭᠠᠯᠲᠠ᠎ᠶ᠋ᠢᠨ ᠴᠡᠭ᠎ᠤᠨ ᠡᠷᠬᠢᠨ ᠲᠣᠭᠤᠷᠢᠨ᠎ᠤ ᠣᠷᠣᠨ ᠪᠦᠰᠡ᠎ᠪᠠᠷ ᠲᠣᠭᠤᠷᠢᠨ ᠴᠠᠭ᠍ᠳᠠᠵᠤ ᠰᠡᠷᠭᠡᠢᠯᠡᠨ ᠡᠵᠡᠮᠳᠡᠬᠦ᠌ ᠳᠠᠪᠲᠠᠮᠵᠢ ᠪᠠ ᠨᠢᠭ᠍ᠲᠠᠴᠠ᠎ᠶ᠋ᠢ ᠴᠢᠩᠭᠠᠳᠭᠠᠵᠤ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠪᠦᠲᠦᠮᠵᠢᠲᠡᠶ ᠰᠡᠷᠭᠡᠢᠯᠡᠨ ᠰᠦᠷᠳᠡᠭᠦᠯᠵᠦ᠍᠂ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢ ᠬᠠᠷᠱᠢᠯᠠᠭ᠍ᠰᠠᠨ ᠬᠡᠷᠡᠭ ᠡᠭᠦᠰᠭᠦ᠎ᠶ᠋ᠢ ᠡᠷᠡᠰ ᠰᠡᠷᠭᠡᠢᠯᠡᠵᠦ᠍᠂ ᠰᠣᠷᠣᠭ᠍ᠴᠢ ᠪᠠ ᠬᠡᠷ᠎ᠤᠨ ᠠᠬᠠᠮᠠᠳ᠎ᠤᠨ ᠠᠮᠤᠷ ᠲᠦᠪᠱᠢᠨ ᠡᠮᠬᠢ ᠵᠢᠷᠤᠮ᠎ᠲᠠᠢ ᠶᠠᠪᠤᠵᠤ ᠰᠠᠭᠤᠬᠤ᠎ᠶ᠋ᠢ ᠦᠨᠡᠨ ᠬᠦ᠌ ᠪᠠᠳᠤᠯᠠᠵᠤ ᠪᠤᠢ᠃
ᠰᠠᠭᠠᠳ ᠦᠭᠡᠶ ᠨᠡᠪᠲᠡᠷᠡᠬᠦ᠌ ᠵᠠᠮ᠎ᠢ ᠵᠣᠬᠢᠰᠲᠠᠶ ᠨᠡᠬᠡᠬᠡᠪᠡ᠃ ᠴᠠᠭ ᠲᠤᠬᠠᠶ᠎ᠳᠤᠨᠢ ᠥᠨᠳᠥᠷ ᠪᠦᠲᠦᠮᠵᠢᠲᠡᠶ ᠵᠢᠯᠣᠭᠤᠳᠤᠨ ᠲᠣᠬᠢᠷᠠᠭᠤᠯᠵᠤ᠂ ᠭᠡᠷᠡᠴᠢ ᠦᠨᠡᠮᠯᠡᠯ᠎ᠢᠶᠠᠨ ᠮᠠᠷᠳᠠᠬ᠍ᠰᠠᠨ᠂ ᠭᠡᠷᠡᠴᠢ ᠦᠨᠡᠮᠯᠡᠯ᠎ᠢᠶᠠᠨ ᠭᠡᠭᠡᠭ᠌ᠰᠡᠨ ᠪᠤᠶᠤ ᠭᠠᠳᠠᠭ᠍ᠰᠢ ᠭᠠᠷᠬᠤ᠎ᠳᠠᠭᠠᠨ ᠬᠦᠴᠢᠷᠳᠡᠯ ᠲᠤᠯᠭᠠᠷᠠᠭ᠍ᠰᠠᠨ ᠱᠢᠯᠭᠠᠭᠤᠯᠤᠭ᠍ᠴᠢ᠎ᠳᠤ ᠴᠠᠭ ᠲᠤᠬᠠᠶ᠎ᠳᠤᠨᠢ ᠣᠢᠷ᠎ᠠ ᠬᠠᠪᠢ᠎ᠶ᠋ᠢᠨ ᠴᠠᠭ᠍ᠳᠠᠭᠠᠨ᠎ᠤ ᠬᠦᠴᠦᠨ᠎ᠢ ᠲᠣᠮᠢᠯᠠᠨ ᠬᠠᠪᠰᠤᠷᠤᠯᠭ᠎ᠠ ᠪᠠ ᠦᠢᠯᠡᠴᠢᠯᠡᠭᠡ ᠬᠦᠷᠳᠡᠭᠡᠵᠦ᠍᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠣᠨᠴᠠ ᠲᠥᠷᠥᠯ᠎ᠤᠨ ᠴᠠᠭ᠍ᠳᠠᠭ᠎ᠠ ᠪᠠ ᠲᠣᠮᠢᠯᠠᠭ᠍ᠰᠠᠨ ᠰᠠᠯᠪᠤᠷᠢ ᠵᠡᠷᠭᠡ ᠵᠡᠭᠡᠯᠢ ᠳᠡᠭᠡᠷᠡᠬᠢ ᠰᠡᠷᠭᠡᠢᠯᠡᠨ ᠡᠵᠡᠮᠳᠡᠬᠦ᠌ ᠴᠠᠭ᠍ᠳᠠᠭᠠᠨ᠎ᠤ ᠬᠦᠴᠦᠨ᠎ᠤ ᠳᠠᠪᠠᠭᠤᠯᠢᠭ᠎ᠢ ᠭᠦᠶᠴᠡᠳ ᠪᠠᠳᠠᠷᠠᠭᠤᠯᠵᠤ᠂ ᠴᠠᠭ ᠲᠤᠬᠠᠶ᠎ᠳᠤᠨᠢ ᠱᠢᠯᠭᠠᠯᠲᠠ᠎ᠶ᠋ᠢᠨ ᠳᠠᠯᠠᠪᠠᠢ᠎ᠶ᠋ᠢ ᠬᠠᠮᠠᠭᠠᠯᠠᠬᠤ᠂ ᠬᠠᠪᠰᠤᠷᠤᠯᠭ᠎ᠠ ᠳᠡᠮᠵᠢᠯᠭᠡ ᠦᠵᠡᠬᠦᠯᠬᠦ᠌ ᠵᠡᠷᠭᠡ ᠦᠢᠯᠡᠴᠢᠯᠡᠭᠡ᠎ᠶ᠋ᠢ ᠵᠣᠬᠢᠶᠠᠨ ᠪᠠᠢᠭᠤᠯᠵᠤ᠂ ᠱᠢᠯᠭᠠᠭᠤᠯᠤᠭ᠍ᠴᠢ᠎ᠳᠤ ᠬᠠᠮᠤᠭ᠎ᠤᠨ ᠶᠡᠭᠡ ᠬᠡᠮᠵᠢᠶ᠎ᠡ᠎ᠪᠠᠷ ᠲᠦᠬᠦᠮ ᠦᠵᠡᠬᠦᠯᠵᠤ ᠪᠤᠢ᠃
ᠵᠠᠮ ᠬᠠᠷᠢᠯᠴᠠᠭ᠎ᠠ᠎ᠶ᠋ᠢ ᠱᠢᠯᠤᠭᠤᠳᠭᠠᠬᠤ᠎ᠶ᠋ᠢ ᠪᠥᠬᠦ᠌ ᠲᠠᠯ᠎ᠠ᠎ᠪᠠᠷ ᠴᠢᠩᠭᠠᠳᠭᠠᠵᠤ ᠪᠤᠢ᠃ ᠱᠢᠯᠭᠠᠯᠲᠠ᠎ᠶ᠋ᠢᠨ ᠴᠡᠭ ᠪᠤᠯᠤᠨ ᠣᠢᠷ᠎ᠠ ᠬᠠᠪᠢ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠵᠠᠯᠠᠵᠤ ᠵᠢᠯᠣᠭᠤᠳᠤᠨ ᠰᠠᠯᠭᠠᠨ ᠭᠠᠷᠭᠠᠬᠤ ᠠᠵᠢᠯ᠎ᠢ ᠰᠠᠢᠲᠤᠷ ᠬᠢᠵᠦ᠍᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠰᠡᠷᠡᠮᠵᠢ᠎ᠶ᠋ᠢᠨ ᠲᠡᠮᠳᠡᠭ ᠪᠣᠯᠤᠨ ᠪᠡᠯᠡᠳᠭᠡᠮᠵᠢ᠎ᠶ᠋ᠢ ᠤᠷᠢᠳᠴᠢᠯᠠᠨ ᠪᠠᠢᠷᠢᠯᠠᠭᠤᠯᠵᠤ᠂ ᠵᠠᠮ᠎ᠤᠨ ᠪᠠᠢᠳᠠᠯ᠎ᠤᠨ ᠮᠡᠳᠡᠭᠡ ᠵᠠᠩᠭᠢ᠎ᠶ᠋ᠢ ᠤᠷᠢᠳᠴᠢᠯᠠᠨ ᠨᠡᠢᠲᠡᠯᠡᠵᠦ᠍᠂ ᠲᠡᠷᠭᠡ ᠤᠨᠤᠭ᠎ᠠ᠎ᠶ᠋ᠢᠨ ᠵᠦᠢ ᠵᠣᠬᠢᠰᠲᠠᠶ ᠲᠣᠭᠤᠷᠢᠵᠤ ᠭᠠᠷᠬᠤ᠎ᠶ᠋ᠢ ᠬᠥᠲᠥᠯᠥᠨ ᠵᠢᠯᠤᠭᠤᠳᠴᠤ᠌᠂ ᠭᠤᠣᠯᠳᠠᠯᠭ᠎ᠠ᠎ᠲᠠᠢ ᠴᠠᠭ ᠬᠤᠭᠤᠴᠠᠭᠠᠨ᠎ᠤ ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠳᠤᠷ᠎ᠠ᠎ᠪᠠᠷ᠎ᠢᠶᠠᠨ ᠵᠣᠭ᠍ᠰᠣᠭᠠᠬᠤ᠂ ᠳᠤᠷ᠎ᠠ᠎ᠪᠠᠷ᠎ᠢᠶᠠᠨ ᠪᠦᠷᠢᠶ᠎ᠡ ᠳᠤᠤᠭᠠᠷᠭᠠᠬᠤ ᠵᠡᠷᠭᠡ ᠵᠠᠮ ᠬᠠᠷᠢᠯᠴᠠᠭᠠᠨ᠎ᠤ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠵᠦ᠍ ᠪᠤᠢ᠃