ᠬᠦᠬᠡᠬᠤᠳᠠ ᠡᠯ᠎ᠡ ᠱᠢᠯᠭᠠᠯᠲᠠ᠎ᠶ᠋ᠢᠨ ᠴᠡᠭ᠎ᠲᠤ ᠡᠷᠡᠭᠦᠯ ᠬᠠᠮᠠᠭᠠᠯᠠᠯ᠎ᠤᠨ ᠲᠤᠰᠭᠠᠶ ᠲᠦᠷᠦᠯ᠎ᠤᠨ ᠪᠠᠢᠴᠠᠭᠠᠯᠲᠠ ᠬᠢᠪᠠ
2021-06-08 18:31:53
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

2021 ᠤᠨ᠎ᠤ ᠶᠡᠭᠡ ᠳᠡᠭᠡᠳᠤ ᠰᠤᠷᠭᠠᠭᠤᠯᠢ᠎ᠳᠤ ᠰᠤᠷᠤᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠤᠭᠤᠴᠠᠭᠠᠨ᠎ᠳᠠᠬᠢ ᠥᠷᠭᠡᠨ ᠣᠯᠠᠨ ᠱᠢᠯᠭᠠᠭᠤᠯᠤᠭ᠍ᠴᠢ ᠪᠠ ᠨᠢᠭᠡᠳᠦᠯᠲᠡᠶ ᠱᠢᠯᠭᠠᠯᠲᠠ᠎ᠶ᠋ᠢᠨ ᠬᠠᠮᠢᠶ᠎ᠠ ᠪᠦᠬᠦᠢ ᠠᠵᠢᠯᠲᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠬᠥᠬᠡᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ 6 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍᠂ ᠡᠯ᠎ᠡ ᠱᠢᠯᠭᠠᠯᠲᠠ᠎ᠶ᠋ᠢᠨ ᠴᠡᠭ᠎ᠤᠨ ᠰᠤᠷᠭᠠᠭᠤᠯᠢ᠎ᠳᠤ ᠲᠤᠰᠭᠠᠶ ᠲᠦᠷᠦᠯ᠎ᠤᠨ ᠪᠠᠢᠴᠠᠭᠠᠯᠲᠠ ᠬᠢᠪᠡ᠃

ᠤᠢ᠍ᠢᠯᠠᠭᠠᠭ᠍ᠰᠠᠨ᠎ᠢᠶᠠᠷ᠂ ᠬᠠᠤᠯᠢ ᠬᠡᠷᠡᠭ᠌ᠵᠢᠭᠦᠯᠬᠦ᠌ ᠠᠵᠢᠯᠲᠠᠨ ᠮᠠᠲ᠋ᠧᠷᠢᠶᠠᠯ᠎ᠢ ᠪᠠᠢᠴᠠᠭᠠᠨ ᠦᠵᠡᠬᠦ᠂ ᠯᠠᠪᠯᠠᠨ ᠠᠰᠠᠭᠤᠬᠤ᠂ ᠲᠤᠬᠠᠶ᠎ᠶ᠋ᠢᠨ ᠲᠠᠯᠠᠪᠤᠷ᠎ᠲᠤ ᠪᠠᠢᠴᠠᠭᠠᠨ ᠦᠵᠡᠬᠦ᠌ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠡᠯ᠎ᠡ ᠱᠢᠯᠭᠠᠯᠲᠠ᠎ᠶ᠋ᠢᠨ ᠴᠡᠭ᠎ᠤᠨ ᠰᠤᠷᠭᠠᠭᠤᠯᠢ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠥᠰᠦᠯ ᠪᠠ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠣᠭ᠍ᠲᠠᠭᠠᠭ᠍ᠰᠠᠨ ᠪᠠᠢᠳᠠᠯ᠂ ᠪᠠᠭ᠍ᠰᠢ ᠰᠤᠷᠤᠭ᠍ᠴᠢᠳ᠎ᠤᠨ ᠡᠷᠡᠭᠦᠯ ᠮᠡᠨᠳᠦ᠎ᠶ᠋ᠢ ᠵᠢᠭ᠍ᠰᠠᠭᠠᠨ ᠪᠠᠢᠴᠠᠭᠠᠬᠤ᠂ ᠬᠢᠴᠢᠶᠡᠯ᠎ᠤᠨ ᠬᠡᠷ᠎ᠲᠤ ᠰᠠᠯᠬᠢ ᠨᠡᠪᠲᠡᠷᠡᠭᠦᠯᠬᠦ᠌ ᠵᠢᠴᠢ ᠠᠷᠢᠭᠤᠳᠭᠠᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠳ᠋ ᠪᠣᠳᠠᠰ᠎ᠤᠨ ᠨᠥᠭᠡᠴᠡ᠂ ᠤᠤᠭᠤᠬᠤ ᠤᠰᠤᠨ᠎ᠤ ᠡᠷᠡᠭᠦᠯ ᠬᠠᠮᠠᠭᠠᠯᠠᠯ᠎ᠤᠨ ᠠᠮᠤᠷ ᠲᠦᠪᠱᠢᠨ ᠵᠢᠴᠢ ᠬᠠᠮᠢᠶ᠎ᠠ ᠪᠥᠬᠦᠶ ᠬᠥᠮᠦᠰ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢᠨ ᠪᠣᠯᠪᠠᠰᠤᠷᠠᠯ ᠵᠡᠷᠭᠡ ᠪᠠᠢᠳᠠᠯ᠎ᠢ ᠪᠠᠢᠴᠠᠭᠠᠪᠠ᠃ ᠪᠠᠢᠴᠠᠭᠠᠯᠳᠠ᠎ᠶ᠋ᠢᠨ ᠶᠠᠪᠤᠴᠠ᠎ᠳᠤ᠂ ᠣᠨᠴᠠ ᠵᠠᠷᠢᠮ ᠱᠢᠯᠭᠠᠯᠲᠠ᠎ᠶ᠋ᠢᠨ ᠴᠡᠭ᠎ᠤᠨ ᠰᠤᠷᠭᠠᠭᠤᠯᠢ᠎ᠳᠤ ᠠᠷᠢᠭᠤᠳᠭᠠᠭ᠍ᠰᠠᠨ ᠲᠡᠮᠳᠡᠭ᠌ᠯᠡᠯ᠂ ᠠᠷᠢᠭᠤᠳᠭᠠᠭ᠍ᠰᠠᠨ ᠡᠮ᠎ᠤᠨ ᠱᠢᠩᠭᠡᠨ᠎ᠤ ᠲᠣᠬᠢᠷᠠᠭᠤᠯᠤᠯᠲᠠ᠎ᠶ᠋ᠢᠨ ᠬᠠᠷᠢᠴᠠᠯ᠎ᠨᠢ ᠵᠢᠷᠤᠮᠵᠢᠯ ᠥᠬᠡᠶ ᠪᠠᠢᠬᠤ ᠵᠢᠴᠢ ᠠᠷᠢᠭᠤᠳᠭᠠᠯ᠎ᠤᠨ ᠬᠡᠷᠡᠭ᠌ᠰᠡᠯ᠎ᠤᠨ ᠬᠥᠮᠥᠷᠭᠡ᠎ᠳᠤ ᠣᠷᠣᠵᠤ ᠭᠠᠷᠬᠤ ᠲᠠᠩᠰᠠ ᠪᠠ ᠭᠡᠷᠡᠴᠢ ᠠᠪᠬᠤ ᠮᠠᠲ᠋ᠧᠷᠢᠶᠠᠯ᠎ᠨᠢ ᠲᠡᠭᠦᠯᠳᠡᠷ ᠪᠤᠰᠤ ᠪᠠᠢᠬᠤ ᠵᠡᠷᠭᠡ ᠠᠰᠠᠭᠤᠳᠠᠯ ᠣᠷᠣᠱᠢᠵᠤ ᠪᠠᠢᠬᠤ᠎ᠶ᠋ᠢ ᠢᠯᠡᠷᠡᠬᠦᠯᠪᠡ᠂ ᠡᠲᠡᠭᠡᠷ ᠠᠰᠠᠭᠤᠳᠠᠯ᠎ᠳᠤ ᠴᠢᠭ᠌ᠯᠡᠭᠦᠯᠦᠨ᠂ ᠬᠠᠤᠯᠢ ᠬᠡᠷᠡᠭ᠌ᠵᠢᠭᠦᠯᠬᠦ᠌ ᠠᠵᠢᠯᠲᠠᠳ ᠱᠢᠯᠭᠠᠯᠲᠠ᠎ᠶ᠋ᠢᠨ ᠴᠡᠭ᠎ᠤᠨ ᠰᠤᠷᠭᠠᠭᠤᠯᠢ᠎ᠶ᠋ᠢ ᠳᠠᠷᠡ ᠳᠡᠷᠤᠢ᠎ᠳᠤᠨᠢ ᠬᠡᠷᠡᠭ᠌ᠵᠢᠭᠦᠯᠵᠦ᠍ ᠳᠡᠷᠨ ᠳᠠᠷᠤᠢ᠎ᠳᠤᠨᠢ ᠥᠭᠡᠷᠡᠴᠢᠯᠡᠬᠦ᠌᠎ᠶ᠋ᠢ ᠱᠠᠭᠠᠷᠳᠠᠵᠦ᠍᠂ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠮᠥᠷᠳᠡᠨ ᠪᠠᠢᠴᠠᠭᠠᠵᠤ᠂ ᠨᠠᠢᠳᠠᠪᠤᠷᠢᠵᠢᠭᠤᠯᠤᠨ ᠪᠣᠳᠠᠲᠠᠢᠵᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号