ᠰᠠᠷᠠᠭᠤᠯ ᠳᠠᠯ᠎ᠠ᠎ᠠᠴᠠ ᠬᠠᠩᠬᠢᠨᠠᠭ᠍ᠰᠠᠨ ᠱᠢᠨ᠎ᠡ ᠮᠠᠯᠵᠢᠯ᠎ᠤᠨ ᠳᠠᠭᠤᠯᠠᠯ
2021-06-09 17:04:35
ᠵᠣᠬᠢᠶᠠᠭ᠍ᠴᠢ᠄
ᠪᠤᠤ᠎ᠶ᠋ᠢᠨ ᠱᠠᠨ ᠪᠠᠶᠠᠰᠭᠤᠯᠠᠩ ᠱᠤᠸᠠᠢ ᠵᠸᠡᠭ ᠪᠢᠯᠢᠭ᠌ᠪᠡᠭᠠᠳᠤᠷ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠠᠮ ᠵᠠᠭᠤᠴᠢᠯᠠᠭᠤᠷ᠎ᠤᠨ ᠰᠤᠷᠪᠤᠯᠵᠢᠯᠠᠬ᠍ᠴᠢ ᠬᠦᠪᠴᠢᠨ
ᠣᠩᠱᠢᠭ᠍ᠰᠠᠨ ᠣᠳᠠᠭ᠎ᠠ᠄
★★★☆☆

ᠲᠡᠯᠭᠡᠷᠡᠬᠦ᠌ ᠵᠤᠨ᠎ᠤ ᠱᠢᠯᠢ᠎ᠶ᠋ᠢᠨ ᠭᠤᠣᠯ᠎ᠤᠨ ᠲᠠᠯ᠎ᠠ ᠨᠤᠲᠤᠭ᠎ᠲᠤ ᠲᠦᠮᠡᠨ ᠭᠠᠵᠠᠷ ᠴᠡᠯᠮᠡᠭ᠌ᠰᠢᠵᠦ᠍᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃ ᠬᠥᠪᠡᠭᠡᠲᠦ ᠱᠢᠷ᠎ᠠ ᠬᠤᠱᠢᠭᠤ᠎ᠠᠴᠠ ᠣᠮᠠᠷᠠᠰᠢ ᠠᠶᠠᠯᠠᠬᠤ᠎ᠳᠤ ᠲᠠᠷᠭᠤ ᠰᠠᠢᠲᠠᠶ ᠦᠬᠡᠷ ᠬᠤᠨᠢᠨ ᠰᠦᠷᠦᠭ᠂ ᠮᠠᠯᠴᠢᠨ ᠠᠷᠠᠳ᠎ᠤᠨ ᠵᠢᠷᠭᠠᠯᠳᠤ ᠢᠨᠢᠶᠡᠮᠰᠦᠭ᠌ᠯᠡᠯ ᠪᠠᠢᠨ ᠲᠠᠬᠢᠨ ᠬᠠᠷᠠᠬ᠍ᠳᠠᠨ᠎ᠠ᠃

20 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠤᠨ ᠪᠠᠢᠭᠠᠯᠢᠯᠢᠭ ᠲᠠᠯ᠎ᠠ ᠨᠤᠲᠤᠭ ᠪᠣᠯ ᠱᠢᠯᠢ᠎ᠶ᠋ᠢᠨ ᠭᠤᠣᠯ ᠠᠢᠮᠠᠭ᠎ᠤᠨ ᠬᠠᠮᠤᠭ᠎ᠤᠨ ᠶᠡᠭᠡ ᠡᠬᠢ ᠪᠠᠶᠠᠯᠢᠭ ᠪᠣᠯᠤᠨ᠎ᠠ᠃ ᠤᠢ᠍ᠢᠷ᠎ᠠ᠎ᠶ᠋ᠢᠨ 20 ᠵᠢᠯ᠎ᠳᠤ᠂ ᠱᠢᠯᠢ᠎ᠶ᠋ᠢᠨ ᠭᠤᠣᠯ ᠠᠢᠮᠠᠭ᠎ᠤᠨ ᠮᠠᠯ ᠠᠵᠤ ᠠᠬᠤᠢ ᠪᠦᠳᠦᠭᠦᠯᠢᠭ ᠬᠥᠭ᠌ᠵᠢᠯᠲᠡ᠎ᠠᠴᠠ ᠬᠡᠪᠴᠢᠶᠡᠵᠢᠭ᠌ᠰᠡᠨ ᠥᠨᠳᠥᠷ ᠪᠦᠲᠦᠮᠵᠢᠲᠡᠢ ᠬᠥᠭ᠌ᠵᠢᠯᠲᠡ ᠲᠡᠢᠰᠢ ᠱᠢᠯᠵᠢᠵᠦ᠍᠂ ᠳ᠋ᠠᠩ ᠴᠤᠯᠭᠤᠢ ᠪᠦᠳᠦᠴᠡ᠎ᠠᠴᠠ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠯ ᠲᠡᠢᠰᠢ ᠱᠢᠯᠵᠢᠵᠦ᠍᠂ ᠲᠦᠭᠦᠮ ᠠᠱᠢᠬ᠍ᠯᠠᠯᠲᠠ᠎ᠠᠴᠠ ᠠᠮᠢ ᠠᠬᠤᠢ᠎ᠶ᠋ᠢᠨ ᠠᠱᠢᠭ᠎ᠢ ᠬᠠᠮᠲᠤ᠎ᠪᠠᠷ ᠡᠳ᠋ᠯᠡᠬᠦ᠌ ᠲᠡᠢᠰᠢ ᠱᠢᠯᠵᠢᠵᠦ᠍᠂ ᠤᠳᠤ ᠦᠶ᠎ᠡ᠎ᠶ᠋ᠢᠨ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠮᠠᠯᠵᠢᠯ᠎ᠤᠨ ᠳᠠᠭᠤᠯᠠᠯ᠎ᠢ ᠱᠢᠯᠢ᠎ᠶ᠋ᠢᠨ ᠭᠤᠣᠯ᠎ᠤᠨ ᠲᠠᠯ᠎ᠠ ᠨᠤᠲᠤᠭ᠎ᠲᠤ ᠬᠠᠩᠭᠢᠨᠠᠭᠤᠯᠪᠠ᠃

 

QQ截图20210609163844.jpg

 

《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ》 ᠶᠡᠭᠡ ᠲᠠᠩᠰᠠ᠄

ᠮᠠᠯ᠎ᠨᠢ ᠬᠠᠰᠤᠭ᠍ᠳᠠᠭ᠍ᠰᠠᠨ ᠴᠤ᠌ ᠣᠷᠣᠯᠭ᠎ᠠ᠎ᠨᠢ ᠦᠯᠦ᠍ ᠪᠠᠭᠤᠷᠠᠨ᠎ᠠ

ᠬᠥᠪᠡᠭᠡᠲᠦ ᠱᠢᠷ᠎ᠠ ᠬᠤᠱᠢᠭᠤᠨ᠎ᠤ ᠮᠠᠯᠴᠢᠨ ᠪᠠᠶᠠᠷᠲᠤ᠎ᠶ᠋ᠢᠨ ᠴᠡᠪᠡᠷ ᠴᠡᠮᠴᠡᠭᠡᠷ ᠵᠣᠴᠢᠨ᠎ᠤ ᠥᠷᠥᠭᠡ᠎ᠳᠤ ᠣᠷᠣᠬᠤ᠎ᠳᠤ 《ᠴᠠᠬᠠᠷ ᠬᠤᠨᠢᠨ᠎ᠤ ᠭᠤᠣᠯ ᠰᠦᠷᠦᠭ᠎ᠤᠨ ᠪᠠᠢᠭᠤᠯᠤᠯᠲᠠ᠎ᠶ᠋ᠢᠨ ᠡᠷᠦᠬᠡ》 ᠭᠡᠰᠡᠨ ᠱᠢᠷᠭᠠᠯ ᠦᠡᠭ᠌ᠭᠡᠳᠡᠢ ᠢᠯᠡᠷᠬᠡᠢᠯᠡᠯ ᠬᠠᠮᠤᠭ᠎ᠤᠨ ᠢᠯᠡᠬᠡᠨ ᠬᠠᠷᠠᠭ᠍ᠳᠠᠨ᠎ᠠ᠃ 《ᠤᠤᠯ᠎ᠳᠠᠭᠠᠨ ᠪᠢᠳᠡ ᠶᠡᠭᠡ ᠬᠡᠪᠴᠢᠶ᠎ᠡ᠎ᠪᠠᠷ ᠲᠠᠷᠠᠬᠠᠶ ᠮᠠᠯᠵᠢᠵᠤ᠂ ᠬᠤᠨᠢᠨ᠎ᠤ ᠶᠠᠰᠤ ᠴᠢᠨᠠᠷ᠎ᠢ ᠪᠠᠲᠤᠯᠠᠵᠤ ᠲᠡᠢᠯᠬᠦ᠌ ᠦᠭᠡᠢ ᠮᠦᠷᠳᠡᠭᠡᠨ ᠨᠤᠲᠤᠭ ᠪᠡᠯᠴᠢᠭᠡᠷ᠎ᠤᠨ ᠡᠯᠡᠰᠦᠷᠭᠡᠭ᠌ᠵᠢᠬᠦ᠌ ᠪᠠᠢᠳᠠᠯ ᠴᠤ᠌ ᠤᠯᠠᠮ ᠬᠡᠴᠡᠬᠦᠳᠡᠵᠦ᠍᠂ ᠬᠡᠳᠦᠶ ᠤᠯᠠᠨ ᠮᠠᠯᠵᠢᠪᠠᠯ ᠲᠡᠳᠦᠶ ᠶᠡᠭᠡ ᠬᠤᠬᠢᠷᠠᠯ᠎ᠲᠠᠢ ᠪᠠᠢᠭ᠍ᠰᠠᠨ》 ᠭᠡᠵᠦ᠍ ᠪᠠᠶᠠᠷᠳᠣ ᠬᠡᠯᠡᠨ᠎ᠡ᠃

ᠪᠠᠶᠠᠷᠲᠤ᠎ᠶ᠋ᠢᠨ ᠪᠠᠢᠭ᠎ᠠ ᠪᠣᠭ᠍ᠳᠠ᠎ᠶ᠋ᠢᠨ ᠭᠤᠤᠯ ᠰᠤᠮᠤᠨ᠎ᠤ ᠬᠥᠲᠥᠯ ᠤᠰᠤ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠵᠣᠷᠢᠭ᠍ᠲᠤ᠄ 《ᠬᠥᠪᠡᠭᠡᠲᠦ ᠱᠢᠷ᠎ᠠ ᠬᠤᠱᠢᠭᠤᠨ᠎ᠤ ᠬᠥᠮᠦᠨ ᠳᠤᠮᠳᠠᠴᠢ᠎ᠶ᠋ᠢᠨ ᠪᠡᠯᠴᠢᠭᠡᠷ ᠬᠠᠷᠢᠴᠠᠩᠭᠤᠶ᠎ᠪᠠᠷ ᠪᠠᠭ᠎ᠠ᠂ ᠭᠠᠩ ᠬᠠᠭ᠍ᠰᠠᠷᠭᠠᠨ ᠣᠯᠠᠨᠳᠠᠢ᠂ ᠲᠡᠭᠡᠬᠦᠯᠡᠷ ᠦᠷᠡᠵᠢᠯ᠎ᠤᠨ ᠨᠣᠷᠮ᠎ᠠ ᠥᠨᠳᠥᠷ᠂ ᠵᠣᠬᠢᠴᠠᠬᠤ ᠴᠢᠨᠠᠷ᠎ᠢᠶᠠᠷ ᠰᠠᠢᠨ ᠴᠠᠬᠠᠷ ᠬᠤᠨᠢ᠎ᠶ᠋ᠢ ᠰᠣᠩᠭᠤᠵᠤ᠂ 〈ᠦᠷ᠎ᠡ᠎ᠶ᠋ᠢᠨ ᠬᠤᠨᠢᠨ᠎ᠤ ᠲᠠᠯᠠᠪᠠᠶ + ᠲᠤᠰᠭᠠᠶ ᠬᠤᠷᠱᠢᠶ᠎ᠠ + ᠲᠤᠰᠭᠠᠶ ᠡᠷᠦᠬᠡ᠂ ᠡᠭᠦᠯᠳᠡᠷ ᠪᠤᠢᠵᠢᠭᠤᠯᠬᠤ ᠰᠦᠷᠦᠭ᠎ᠤᠨ ᠵᠠᠭ᠍ᠪᠤᠷ᠎ᠢᠶᠠᠷ ᠬᠤᠨᠢᠨ᠎ᠤ ᠡᠭᠦᠯᠳᠡᠷ᠎ᠤᠨ ᠴᠡᠪᠡᠷᠴᠡ ᠵᠢᠴᠢ ᠮᠠᠯᠴᠢᠳ᠎ᠤᠨ ᠣᠷᠣᠯᠭ᠎ᠠ᠎ᠶ᠋ᠢ ᠪᠠᠲᠤᠯᠠᠵᠣ ᠪᠠᠢᠨ᠎ᠠ》 ᠭᠡᠵᠦ᠍ ᠬᠡᠯᠡᠨ᠎ᠠ᠃ ᠪᠠᠶᠠᠷᠲᠤ᠎ᠶ᠋ᠢᠨ᠎ᠬᠢᠨ 200 ᠭᠠᠷᠤᠶ ᠴᠠᠬᠠᠷ ᠬᠤᠨᠢ ᠮᠠᠯᠵᠢᠵᠣ᠂ ᠵᠢᠯ᠎ᠤᠨ ᠣᠷᠣᠯᠭ᠎ᠠ᠎ᠨᠢ 24 ᠲᠦᠮᠡ᠎ᠳᠤ ᠬᠦᠷᠴᠦ᠍᠂ ᠨᠠᠷᠢᠯᠢᠭ ᠮᠠᠯᠵᠢᠬᠤ ᠵᠠᠭ᠍ᠪᠤᠷ᠎ᠨᠢ ᠰᠠᠨᠠᠭᠠᠨ᠎ᠳᠤ ᠦᠭᠡᠢ ᠣᠯᠤᠯᠲᠠ ᠤᠷᠤᠯᠭ᠎ᠠ᠎ᠲᠠᠢ ᠪᠣᠯᠭᠠᠵᠠᠶ᠃

1999 ᠣᠨ᠎ᠠᠴᠠ 2001 ᠣᠨ᠎ᠤ ᠬᠤᠭᠤᠷᠣᠨᠳᠣ ᠱᠢᠯᠢ᠎ᠶ᠋ᠢᠨ ᠭᠤᠣᠯ ᠠᠢᠮᠠᠭ ᠶᠡᠷᠦᠩᠬᠡᠢᠯᠡᠭ᠌ᠰᠡᠨ ᠴᠢᠨᠠᠷᠲᠠᠢ ᠪᠠᠢᠭᠠᠯᠢ᠎ᠶ᠋ᠢᠨ ᠭᠠᠮᠱᠢᠭ᠎ᠲᠤ ᠲᠠᠭᠠᠷᠢᠭ᠍ᠳᠠᠵᠣ᠂ ᠠᠮᠢ ᠠᠬᠤᠢ᠎ᠶ᠋ᠢᠨ ᠣᠷᠴᠢᠨ ᠲᠣᠭᠤᠷᠢᠨ ᠮᠠᠭᠤᠳᠠᠵᠤ᠂ ᠮᠠᠯ ᠠᠵᠤ ᠠᠬᠤᠢ᠎ᠨᠢ ᠬᠦᠨᠳᠦ ᠬᠤᠬᠢᠷᠠᠯ᠎ᠳᠤ ᠤᠴᠠᠷᠠᠪᠠ᠃ ᠱᠢᠯᠢ᠎ᠶ᠋ᠢᠨ ᠭᠤᠤᠯ ᠠᠢᠮᠠᠭ 《ᠪᠢᠲᠡᠭᠦᠮᠵᠢᠯᠡᠨ ᠱᠢᠯᠵᠢᠭᠦᠯᠬᠦ᠌》 ᠵᠡᠷᠭᠡ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠮᠠᠯ᠎ᠤᠨ ᠡᠭᠦᠯᠳᠡᠷ ᠰᠠᠢᠵᠢᠷᠠᠭᠤᠯᠬᠤ ᠢᠨᠵᠧᠨᠧᠷᠢᠩ᠎ᠢ ᠶᠡᠭᠡ᠎ᠪᠠᠷ ᠠᠬᠢᠭᠤᠯᠵᠤ᠂ 《ᠰᠡᠯᠭᠦᠨ ᠮᠠᠯᠵᠢᠬᠤ᠂ ᠡᠭᠡᠯᠵᠢᠯᠡᠨ ᠮᠠᠯᠵᠢᠬᠤ᠂ ᠪᠡᠯᠴᠢᠭᠡᠷᠯᠡᠭᠦᠯᠬᠦ᠌᠎ᠶ᠋ᠢ ᠵᠤᠬ᠍ᠰᠤᠭᠠᠬᠤ》 ᠲᠦᠷᠢᠮ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠠᠵᠤ ᠦᠢᠯᠡᠰ᠎ᠤᠨ ᠪᠦᠲᠦᠴᠡ᠎ᠪᠠᠨ ᠱᠢᠯᠢᠳᠡᠭ᠌ᠵᠢᠭᠦᠯᠵᠦ᠍᠂ ᠭᠠᠮᠱᠢᠭ᠎ᠠᠴᠠ ᠵᠠᠢᠯᠠᠬᠤ ᠬᠡᠯᠪᠡᠷᠢ᠎ᠶ᠋ᠢᠨ ᠮᠠᠯ ᠠᠵᠤ ᠠᠬᠤᠢ᠎ᠶ᠋ᠢ ᠬᠦᠭ᠌ᠵᠢᠭᠦᠯᠪᠡ᠃

2011 ᠣᠨ᠎ᠳᠤ᠂ ᠤᠯᠤᠰ᠎ᠠᠴᠠ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠨᠥᠬᠦᠪᠥᠷᠢ ᠦᠭ᠌ᠬᠦ ᠪᠠ ᠱᠠᠩᠨᠠᠬᠤ ᠲᠥᠷᠥ᠎ᠶ᠋ᠢᠨ ᠪᠣᠳᠣᠯᠭ᠎ᠠ᠎ᠶ᠋ᠢ ᠡᠬᠢᠯᠡᠭᠦᠯᠦᠭ᠌ᠰᠡᠨ᠎ᠤ ᠳᠠᠷᠠᠭ᠎ᠠ᠂ ᠱᠢᠯᠢ᠎ᠶ᠋ᠢᠨ ᠭᠤᠤᠯ ᠠᠢᠮᠠᠭ ᠪᠡᠯᠴᠢᠭᠡᠷᠯᠡᠭᠦᠯᠬᠦ᠌᠎ᠶ᠋ᠢ ᠵᠤᠬ᠍ᠰᠤᠭᠠᠬᠤ ᠪᠠ ᠮᠠᠯ ᠪᠡᠯᠴᠢᠭᠡᠷ᠎ᠢ ᠲᠡᠩᠴᠡᠭᠦᠷᠢᠱᠢᠭᠦᠯᠭᠦ᠌ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠮᠠᠯ ᠠᠵᠤ ᠠᠬᠤᠶ᠎ᠶ᠋ᠢᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ᠂ ᠠᠵᠤ ᠦᠢᠯᠡᠰᠵᠢᠭ᠌ᠰᠡᠨ ᠬᠥᠭ᠌ᠵᠢᠯᠲᠡ᠎ᠶ᠋ᠢ ᠠᠬᠢᠭᠤᠯᠪᠠ᠃ 2020 ᠣᠨ᠎ᠤ ᠮᠠᠯ ᠠᠵᠤ ᠠᠬᠤᠢ᠎ᠶ᠋ᠢᠨ ᠣᠨ᠎ᠤ ᠪᠦᠷᠢᠳᠭᠡᠯ᠎ᠳᠤ᠂ ᠪᠦᠬᠦ᠌ ᠠᠢᠮᠠᠭ᠎ᠤᠨ ᠮᠠᠯ᠎ᠤᠨ ᠲᠤᠭ᠎ᠠ ᠲᠣᠯᠣᠭᠠᠢ᠎ᠨᠢ 《ᠠᠷᠪᠠᠨ ᠬᠤᠶᠠᠳᠤᠭᠠᠷ ᠲᠠᠪᠤᠨ ᠵᠢᠯ》 ᠎ᠤᠨ ᠰᠡᠭᠦᠯᠴᠢ᠎ᠶ᠋ᠢᠨ᠎ᠬᠢ᠎ᠠᠴᠠ 236 ᠲᠦᠮᠡ ᠪᠠᠭᠠᠰᠴᠤ᠌᠂ ᠬᠠᠰᠤᠭ᠍ᠳᠠᠭ᠍ᠰᠠᠨ ᠬᠡᠮᠵᠢᠶ᠎ᠡ᠎ᠨᠢ 15% ᠎ᠳᠤ ᠬᠦᠷᠴᠦ᠍᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃


QQ截图20210609163854.jpg


ᠨᠤᠲᠤᠭ ᠪᠡᠯᠴᠢᠭᠡᠷ᠎ᠢ ᠬᠠᠮᠠᠭᠠᠯᠠᠬᠤ ᠨᠠᠷᠢᠨ ᠲᠠᠩᠰᠠ᠄ 《ᠬᠤᠨᠢ᠎ᠪᠠᠨ ᠴᠥᠭᠡᠳᠭᠡᠨ

ᠦᠬᠡᠷ᠎ᠢᠶᠠᠨ ᠨᠡᠮᠡᠭ᠌ᠳᠡᠭᠦᠯᠵᠦ᠍》 ᠠᠮᠢ ᠠᠬᠤᠶ᠎ᠶ᠋ᠢᠨ ᠠᠱᠢᠭ᠎ᠢ ᠡᠳ᠋ᠯᠡᠨ᠎ᠡ

《ᠨᠢᠭᠡ ᠦᠬᠡᠷ ᠠᠷᠪᠠᠨ ᠬᠤᠨᠢ᠎ᠲᠠᠢ ᠲᠡᠩᠴᠡᠨ᠎ᠠ᠃》 ᠠᠪᠠᠭ᠎ᠠ ᠬᠤᠱᠢᠭᠤᠨ᠎ᠤ ᠪᠡᠯᠭᠦᠳᠡᠢ ᠪᠠᠯᠭᠠᠰᠤᠨ᠎ᠤ ᠠᠯᠳᠠᠨ ᠬᠠᠩᠭᠠᠢ ᠭᠠᠴᠠᠭᠠᠨ᠎ᠤ ᠮᠠᠯᠴᠢᠨ ᠪᠦᠷᠭᠦᠳ ᠢᠡᠭ᠌ᠭᠢᠵᠦ᠍ ᠬᠡᠯᠡᠨ᠎ᠡ᠂ ᠲᠡᠳᠡ ᠠᠬ᠎ᠠ ᠳᠡᠭᠦᠦ ᠭᠤᠷᠪᠠᠭᠤᠯᠠ ᠤᠤᠯ᠎ᠨᠢ ᠴᠥᠮ ᠤᠷᠢᠶᠠᠩᠬᠠᠢ ᠬᠤᠨᠢ ᠮᠠᠯᠵᠢᠵᠣ ᠪᠠᠢᠵᠠᠢ᠂ ᠭᠡᠪᠡᠴᠦ᠍ ᠬᠠᠳᠣᠯᠠᠩ ᠪᠡᠯᠴᠢᠭᠡᠷ᠎ᠤᠨ ᠬᠢᠵᠠᠭᠠᠷᠯᠠᠯ᠎ᠠᠴᠠ ᠬᠤᠨᠢᠨ ᠰᠦᠷᠦᠭ᠎ᠤᠨ ᠬᠡᠪᠴᠢᠶ᠎ᠡ᠎ᠪᠠᠨ ᠦᠷᠭᠡᠳᠭᠡᠵᠦ᠍ ᠲᠡᠢᠯᠬᠦ᠌ ᠦᠭᠡᠢ ᠣᠷᠣᠯᠭ᠎ᠠ᠎ᠨᠢ ᠴᠦ᠍ ᠪᠠᠭᠠᠰᠪᠠ᠃ ᠰᠡᠭᠦᠯᠡᠷ᠎ᠨᠢ ᠠᠬ᠎ᠠ ᠳᠡᠭᠦᠦ ᠭᠤᠷᠪᠠᠭᠤᠯᠠ᠎ᠪᠠᠨ 200 ᠭᠠᠷᠤᠢ ᠴᠢᠨᠠᠷ ᠰᠠᠢᠲᠠᠢ ᠱᠢᠮᠧᠨ᠋ᠳᠡᠷ ᠦᠬᠡᠷ ᠬᠤᠳᠠᠯᠳᠤᠨ ᠠᠪᠴᠤ᠌᠂ 《ᠬᠤᠨᠢ᠎ᠪᠠᠨ ᠴᠥᠭᠡᠳᠭᠡᠨ ᠦᠬᠡᠷ᠎ᠢᠶᠠᠨ ᠨᠡᠮᠡᠭ᠌ᠳᠡᠭᠦᠯᠬᠦ᠌》 ᠵᠠᠮ᠎ᠢᠶᠠᠷ ᠵᠠᠮᠨᠠᠪᠠ᠃

ᠡᠨᠡ ᠵᠢᠯ᠂ ᠪᠦᠷᠭᠦᠳ᠎ᠤᠨ᠎ᠬᠢᠨ 2400 ᠲᠡᠭ᠌ᠰᠢ ᠳᠥᠷᠪᠡᠯᠵᠢᠨ ᠮᠧᠲᠷ᠎ᠤᠨ ᠣᠳᠣᠬᠢᠴᠢᠯᠠᠭ᠍ᠰᠠᠨ ᠪᠠᠷᠢᠮᠵᠢᠶᠠᠲᠤ ᠫᠧᠩ ᠰᠠᠷᠠᠪᠴᠢ ᠪᠠᠢᠭᠤᠯᠬᠤ᠎ᠪᠠᠷ ᠲᠥᠯᠥᠪᠯᠡᠵᠦ᠍᠂ ᠠᠬ᠎ᠠ ᠲᠡᠭᠦᠦ ᠭᠤᠷᠪᠠᠭᠤᠯᠠ᠎ᠪᠠᠨ ᠬᠠᠮᠳᠤ᠎ᠪᠠᠷ ᠨᠠᠷᠢᠯᠢᠭ ᠠᠷᠠᠴᠢᠯᠠᠵᠦ᠍᠂ ᠠᠮᠢ ᠠᠬᠤᠢ᠎ᠶ᠋ᠢᠨ ᠲᠠᠷᠤᠭᠠᠰᠦ᠎ᠶ᠋ᠢ ᠬᠥᠩᠭᠡᠷᠡᠭᠦᠯᠵᠦ᠍᠂ ᠦᠢᠯᠡᠳᠪᠦᠷᠢᠯᠡᠯ᠎ᠤᠨ ᠴᠢᠨᠠᠷ ᠴᠢᠨᠰᠠᠭ᠎ᠠ ᠦᠷ᠎ᠡ ᠠᠱᠢᠭ᠎ᠢᠶᠠᠨ ᠳᠡᠭᠡᠭ᠌ᠰᠢᠯᠡᠭᠦᠯᠬᠦ᠌᠎ᠪᠠᠷ ᠪᠠᠢᠨ᠎ᠠ᠃

ᠣᠳᠣᠬᠢᠴᠢᠯᠠᠭ᠍ᠰᠠᠨ ᠪᠠᠷᠢᠮᠵᠢᠶᠠᠲᠤ ᠫᠧᠩ ᠰᠠᠷᠠᠪᠴᠢ ᠪᠦᠲᠦᠭᠡᠨ ᠪᠠᠢᠭᠤᠯᠬᠤ ᠪᠣᠯ ᠠᠪᠠᠭ᠎ᠠ ᠬᠤᠱᠢᠭᠤ ᠪᠦᠬᠦ᠌ ᠣᠷᠣᠨ᠎ᠤ ᠮᠠᠯᠵᠢᠬᠤ ᠣᠷᠣᠨ᠎ᠤ ᠣᠳᠣᠬᠢᠴᠢᠯᠠᠯᠳᠠ᠎ᠶ᠋ᠢᠨ ᠲᠤᠷᠱᠢᠯᠲᠠ᠎ᠶ᠋ᠢᠨ ᠴᠡᠭ᠎ᠤᠨ ᠬᠤᠱᠢᠭᠤ ᠪᠣᠯᠤᠭ᠍ᠰᠠᠨ᠎ᠤ ᠳᠠᠷᠠᠭ᠎ᠠ ᠡᠬᠢᠯᠡᠨ ᠪᠠᠢᠭᠤᠯᠤᠭ᠍ᠰᠠᠨ ᠮᠠᠯᠴᠢᠳ᠎ᠲᠤ ᠠᠱᠢᠭ ᠬᠦᠷᠲᠡᠭᠡᠬᠦ᠌ ᠲᠥᠷᠥᠯ ᠵᠦᠢᠯ ᠪᠣᠯᠤᠨ᠎ᠠ᠃ ᠡᠭᠦᠨ᠎ᠠᠴᠠ ᠭᠠᠳᠠᠨ᠎ᠠ᠂ ᠠᠪᠠᠭ᠎ᠠ ᠬᠤᠱᠢᠭᠤ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠢᠳᠡᠪᠬᠢᠲᠡᠢ ᠰᠦᠪᠡᠭ᠌ᠴᠢᠯᠡᠵᠦ᠍᠂ ᠲᠤᠰᠭᠠᠢᠯᠠᠨ ᠮᠠᠯ ᠣᠨᠤᠭ᠎ᠠ᠎ᠶ᠋ᠢᠨ ᠡᠪᠡᠳᠴᠢᠨ᠎ᠢ ᠵᠠᠰᠠᠬᠤ 《ᠮᠠᠯ ᠣᠨᠤᠭ᠎ᠠ᠎ᠶ᠋ᠢᠨ ᠡᠮᠨᠡᠯᠭᠡ᠎ᠶ᠋ᠢᠨ ᠬᠤᠷᠢᠶ᠎ᠠ》 ᠎ᠶ᠋ᠢ ᠪᠠᠢᠭᠤᠯᠪᠠ᠃ ᠰᠤᠷᠪᠤᠯᠵᠢᠯᠠᠭ᠍ᠴᠢ 《ᠮᠠᠯ ᠣᠨᠤᠭ᠎ᠠ᠎ᠶ᠋ᠢᠨ ᠡᠮᠨᠡᠯᠭᠡ᠎ᠶ᠋ᠢᠨ ᠬᠤᠷᠢᠶ᠎ᠠ》 ᠎ᠳᠤ ᠬᠦᠷᠦᠭᠡᠳ ᠲᠣᠮᠣ ᠬᠡᠯᠪᠡᠷᠢ᠎ᠶ᠋ᠢᠨ ᠮᠡᠰᠡ ᠵᠠᠰᠠᠯ᠎ᠤᠨ ᠲᠠᠰᠤᠭ᠂ X ᠰᠠᠴᠤᠷᠠᠭ᠎ᠤᠨ ᠲᠠᠰᠤᠭ᠂ ᠡᠮ᠎ᠤᠨ ᠲᠠᠰᠤᠭ᠂ ᠡᠷᠡᠭᠦᠯᠵᠢᠯ᠎ᠤᠨ ᠲᠥᠪ᠂ ᠠᠯᠤᠰ᠎ᠠᠴᠠ ᠬᠠᠮᠲᠤᠷᠠᠨ ᠣᠨᠣᠱᠢᠯᠠᠬᠤ ᠲᠠᠰᠤᠭ ᠵᠡᠷᠭᠡ ᠠᠯᠢ ᠣᠯᠠᠨ ᠣᠨᠣᠱᠢᠯᠠᠨ ᠡᠮᠨᠡᠬᠦ᠌ ᠴᠢᠳᠠᠪᠭᠢ᠎ᠶ᠋ᠢ ᠪᠦᠷᠢᠯᠳᠦᠬᠦᠯᠦᠭ᠌ᠰᠡᠨ᠎ᠢ ᠤᠯᠵᠤ ᠬᠠᠷᠠᠪᠠ᠃

《ᠬᠤᠨᠢ᠎ᠪᠠᠨ ᠴᠥᠭᠡᠳᠭᠡᠨ ᠦᠬᠡᠷ᠎ᠢᠶᠠᠨ ᠨᠡᠮᠡᠭ᠌ᠳᠡᠭᠦᠯᠬᠦ᠌》 ᠪᠠᠢᠯᠳᠤᠬᠤ ᠪᠣᠳᠣᠯᠭ᠎ᠠ᠎ᠶ᠋ᠢᠨ ᠳᠠᠭᠠᠭᠤᠯᠭ᠎ᠠ ᠳᠤᠤᠷ᠎ᠠ᠂ 2016 ᠣᠨ᠎ᠠᠴᠠ ᠨᠠᠭᠠᠰᠢ᠂ ᠱᠢᠯᠢ᠎ᠶ᠋ᠢᠨ ᠭᠤᠤᠯ ᠠᠢᠮᠠᠭ ᠨᠡᠢᠲᠡ 3.66 ᠳ᠋ᠦᠩᠱᠢᠭᠤᠷ ᠲᠥᠭᠦᠷᠢᠭ ᠪᠠᠯᠠ ᠣᠷᠣᠭᠤᠯᠵᠤ᠂ 9.92 ᠲᠦᠮᠡᠨ ᠱᠢᠯᠢᠳᠡᠭ ᠡᠭᠦᠯᠳᠡᠷ᠎ᠤᠨ ᠮᠢᠬᠠᠨ᠎ᠤ ᠦᠬᠡᠷ ᠣᠷᠣᠭᠤᠯᠤᠨ ᠠᠪᠴᠢᠷᠠᠵᠤ᠂ ᠠᠩᠭᠢᠰ ᠦᠬᠡᠷ᠎ᠤᠨ ᠲᠡᠵᠢᠭᠡᠬᠦ᠌ ᠬᠡᠪᠴᠢᠶ᠎ᠡ᠎ᠨᠢ 6 ᠲᠦᠮᠡ ᠭᠠᠷᠤᠶ᠎ᠳᠤ ᠬᠦᠷᠴᠦ᠍᠂ ᠣᠯᠠᠨ ᠵᠢᠯ ᠳᠠᠷᠠᠭᠠᠯᠠᠨ 《ᠬᠤᠨᠢ᠎ᠪᠠᠷ ᠭᠤᠤᠯᠯᠠᠭ᠍ᠰᠠᠨ》 ᠪᠠᠢᠳᠠᠯ᠎ᠢᠶᠠᠨ ᠲᠦᠢᠯᠪᠤᠷᠢᠲᠠᠶ ᠬᠤᠪᠢᠷᠠᠭᠤᠯᠪᠠ᠃ ᠱᠢᠯᠢ᠎ᠶ᠋ᠢᠨ ᠭᠤᠤᠯ ᠠᠢᠮᠠᠭ ᠤᠯᠤᠰ᠎ᠤᠨ ᠴᠢᠬᠤᠯᠠ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ᠎ᠶ᠋ᠢᠨ ᠡᠳ᠋ᠱᠢᠭᠦᠯᠤᠨ ᠪᠤᠯᠪᠠᠰᠤᠷᠠᠭᠤᠯᠬᠤ ᠰᠠᠭᠤᠷᠢᠨ ᠪᠠ ᠠᠮᠢ ᠠᠬᠤᠶ᠎ᠶ᠋ᠢᠨ ᠳᠡᠭᠡᠳᠦ ᠲᠠᠰ᠎ᠤᠨ ᠮᠠᠯ᠎ᠤᠨ ᠠᠱᠢᠭ ᠱᠢᠮ᠎ᠡ᠎ᠶ᠋ᠢᠨ ᠬᠤᠲᠠ᠎ᠶ᠋ᠢ ᠪᠥᠲᠥᠭᠡᠨ ᠪᠠᠢᠭᠤᠯᠬᠤ ᠰᠡᠳᠭᠢᠴᠡ᠎ᠪᠠᠷ᠂ ᠮᠠᠯ ᠰᠦᠷᠦᠭ᠎ᠤᠨ ᠪᠦᠲᠦᠴᠡ᠎ᠶ᠋ᠢ ᠲᠣᠬᠢᠷᠠᠭᠤᠯᠬᠤ ᠵᠠᠮ᠎ᠢ ᠢᠳᠡᠪᠬᠢᠳᠡᠢ ᠰᠦᠪᠡᠭ᠌ᠴᠢᠯᠡᠵᠦ᠍᠂ ᠡᠳ᠋ᠱᠢᠭᠦᠯᠬᠦ᠌ ᠦᠢᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠣᠷᠣᠭᠤᠯᠵᠤ᠂ ᠲᠡᠵᠢᠭᠡᠨ ᠦᠷᠡᠵᠢᠭᠦᠯᠬᠦ᠌ ᠥᠪᠡᠷ᠎ᠤᠨ ᠥᠷᠲᠡᠭ᠎ᠢ ᠪᠠᠭᠤᠷᠠᠭᠤᠯᠬᠤ ᠲᠠᠯ᠎ᠠ᠎ᠪᠠᠷ ᠱᠢᠪᠲᠤᠯᠤᠯᠲᠠ ᠭᠠᠷᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠤᠲᠠᠭᠤᠳᠠᠯ᠎ᠢ ᠨᠥᠬᠦᠪᠥᠷᠢᠯᠡᠬᠦ᠌ ᠲᠠᠯ᠎ᠠ᠎ᠪᠠᠷ ᠳᠠᠬᠢᠨ ᠬᠦᠴᠦᠯᠡᠵᠦ᠍᠂ ᠮᠠᠯ ᠠᠵᠤ ᠠᠬᠤᠶ᠎ᠶ᠋ᠢᠨ ᠤᠯᠠᠮᠵᠢᠯᠠᠯ᠎ᠠᠴᠠ ᠣᠳᠣᠬᠢᠴᠢᠯᠠᠯᠲᠠ ᠳᠠᠢᠰᠢ ᠤᠷᠤᠭ᠍ᠰᠢᠯᠠᠬᠤ᠎ᠶ᠋ᠢ ᠪᠦᠳᠦᠮᠵᠢᠳᠡᠢ ᠠᠬᠢᠭᠤᠯᠪᠠ᠃


QQ截图20210609163950.jpg


ᠴᠢᠨᠠᠷ ᠰᠠᠢᠲᠠᠶ ᠬᠥᠭ᠌ᠵᠢᠯᠲᠡ᠎ᠶ᠋ᠢᠨ ᠠᠯᠤᠰ ᠬᠡᠲᠦ᠎ᠶ᠋ᠢᠨ ᠲᠠᠩᠰᠠ᠄ ᠠᠵᠤ  ᠦᠢᠯᠡᠰ + ᠨᠠᠷᠠᠲᠤ ᠲᠦᠷᠦᠯ

ᠲᠡᠮᠳᠡᠭ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠱᠢᠨ᠎ᠡ ᠬᠥᠳᠡᠯᠭᠡᠬᠦ᠌ ᠡᠨᠧᠷᠭᠢ᠎ᠪᠠᠨ ᠬᠥᠭ᠌ᠵᠢᠭᠡᠨ᠎ᠡ

《ᠬᠤᠨᠢ᠎ᠪᠠᠨ ᠴᠥᠭᠡᠳᠭᠡᠵᠦ᠍ ᠦᠬᠡᠷ᠎ᠢᠶᠠᠨ ᠨᠡᠮᠡᠭ᠌ᠳᠡᠭᠦᠯᠬᠦ᠌》 ᠲᠥᠷᠥ᠎ᠶ᠋ᠢᠨ ᠪᠣᠳᠣᠯᠭ᠎ᠠ᠎ᠨᠢ ᠬᠤᠨᠢ᠎ᠶ᠋ᠢ ᠲᠠᠶᠠᠭ᠍ᠳᠠᠬ᠍ᠰᠠᠨ ᠶᠠᠪᠤᠳᠠᠯ ᠪᠢᠰᠢ᠂ ᠬᠠᠷᠢᠨ ᠬᠤᠨᠢ ᠪᠣᠯᠤᠨ ᠦᠬᠡᠷ᠎ᠤᠨ ᠦᠢᠯᠡᠳᠪᠦᠷᠢᠯᠡᠯ ᠡᠳ᠋ᠱᠢᠭᠦᠯᠦᠯᠲᠡ ᠪᠣᠷᠣᠯᠠᠭᠤᠯᠭ᠎ᠠ᠎ᠶ᠋ᠢ ᠠᠵᠤ ᠦᠶᠯᠡᠰᠵᠢᠬᠦ᠂ ᠲᠥᠷᠥᠯ ᠲᠡᠮᠳᠡᠭ᠌ᠵᠢᠬᠦ᠌ ᠵᠠᠮ᠎ᠳᠤ ᠣᠷᠣᠭᠤᠯᠵᠤ᠂ ᠦᠢᠯᠡᠳᠬᠦᠨ᠎ᠤ ᠨᠡᠮᠡᠯᠲᠡ ᠥᠷᠲᠡᠭ᠎ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠪᠦᠭᠡᠳ ᠦᠨ᠎ᠡ᠎ᠳᠤ ᠬᠦᠷᠬᠦ᠌᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃

ᠰᠥᠨᠢᠳ ᠬᠤᠨᠢᠨ ᠮᠢᠬ᠎ᠠ᠎ᠶ᠋ᠢ ᠳᠡᠭᠡᠳᠦ ᠳᠡᠰ᠎ᠤᠨ ᠬᠤᠨᠢᠨ ᠮᠢᠬᠠᠨ᠎ᠤ ᠨᠡᠷᠡᠲᠦ ᠲᠦᠷᠦᠯ ᠲᠡᠮᠳᠡᠭ ᠪᠣᠯᠭᠠᠬᠤ᠎ᠪᠠᠷ ᠰᠥᠨᠢᠳ ᠵᠡᠭᠦᠨ ᠬᠤᠱᠢᠭᠤᠨ᠎ᠤ ᠮᠠᠨᠳᠤᠯᠳᠣ ᠮᠢᠬᠠᠨ ᠢᠳᠡᠭᠡᠨ᠎ᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠯᠢ ᠹᠧᠩ ᠶᠠᠨ ᠢᠮᠠᠭ᠍ᠲᠠ ᠴᠢᠷᠮᠠᠢᠬ᠍ᠰᠠᠭᠠᠷ ᠢᠷᠡᠪᠡ᠃ ᠯᠢ ᠹᠧᠩ ᠶᠠᠨ᠄ 《ᠲᠤᠩᠭᠠᠯᠠᠭ ᠤᠰᠤᠨ᠎ᠳᠤ ᠴᠢᠨᠠᠬ᠍ᠰᠠᠨ ᠠᠩᠬᠢᠯᠤᠮ᠎ᠠ ᠦᠨᠦᠷ᠎ᠲᠠᠢ ᠰᠥᠨᠢᠳ ᠬᠤᠨᠢᠨ ᠮᠢᠬ᠎ᠠ ᠪᠣᠯ ᠮᠢᠨᠦ᠍ ᠮᠠᠷᠲᠠᠭ᠍ᠳᠠᠰᠢ ᠥᠬᠡᠶ ᠪᠠᠭ᠎ᠠ ᠨᠠᠰᠤᠨ᠎ᠤ ᠦᠨᠦᠷ ᠠᠮᠲᠠ ᠪᠣᠯᠣᠨ᠎ᠠ᠃ ᠮᠠᠨ᠎ᠤ ᠨᠢᠭᠡ ᠬᠡᠷ᠎ᠤᠨ᠎ᠬᠢᠨ 〈ᠳᠠᠯ᠎ᠠ᠎ᠶ᠋ᠢᠨ ᠱᠢᠮ᠎ᠡ〉 ᠨᠠᠷᠠᠲᠤ ᠲᠡᠮᠳᠡᠭ᠎ᠢ ᠡᠭᠦᠳᠴᠦ᠍᠂ 860 ᠡᠷᠦᠬᠡ ᠮᠠᠯᠴᠢᠨ᠎ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭ᠍ᠲᠠᠵᠤ᠂ ᠵᠠᠬ᠎ᠠ ᠳᠡᠯᠭᠡᠭᠦᠷ᠎ᠤᠨ ᠦᠨ᠎ᠡ᠎ᠠᠴᠠ ᠥᠨᠳᠥᠷ ᠦᠨ᠎ᠡ᠎ᠪᠠᠷ ᠬᠤᠳᠠᠯᠳᠤᠨ ᠠᠪᠴᠤ᠌᠂ ᠬᠤᠨᠢᠨ ᠮᠢᠬᠠᠨ᠎ᠤ 〈ᠴᠡᠪᠡᠷᠴᠡ〉 ᠎ᠶ᠋ᠢ ᠪᠠᠲᠤᠯᠠᠵᠣ ᠪᠠᠢᠨ᠎ᠠ》 ᠭᠡᠵᠦ᠍ ᠬᠡᠯᠡᠨ᠎ᠠ᠃

ᠣᠳᠣᠬᠠᠨ᠎ᠳᠤ᠂ ᠱᠢᠯᠢ᠎ᠶ᠋ᠢᠨ ᠭᠤᠤᠯ ᠠᠢᠮᠠᠭ 94 ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰᠵᠢᠯᠲᠡ᠎ᠶ᠋ᠢᠨ ᠲᠠᠭᠠᠭᠤᠯᠤᠬ᠍ᠴᠢ ᠠᠵᠤ ᠠᠬᠤᠢᠯᠠᠯ᠎ᠲᠠᠢ ᠪᠣᠯᠵᠣ᠂ ᠪᠥᠬᠦ᠌ ᠠᠢᠮᠠᠭ᠎ᠲᠠᠭᠠᠨ 30 ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶᠯᠡᠰᠵᠢᠭ᠌ᠰᠡᠨ ᠬᠤᠯᠪᠣᠭᠠᠲᠤ ᠴᠣᠭ᠍ᠴᠠ ᠪᠠᠢᠭᠤᠯᠪᠠ᠃ ᠡᠳᠡᠭᠡᠷ ᠳᠠᠭᠠᠭᠤᠯᠤᠭ᠍ᠴᠢ ᠠᠵᠤ ᠠᠬᠤᠢᠯᠠᠯ ᠪᠣᠯᠤᠨ ᠬᠤᠯᠪᠣᠭᠠᠲᠤ ᠴᠣᠭ᠍ᠴᠠ᠎ᠨᠢ ᠪᠦᠬᠦ᠌ ᠠᠢᠮᠠᠭ᠎ᠤᠨ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠡᠷᠴᠢᠮᠵᠢᠭᠦ᠌ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠠᠵᠤ ᠠᠬᠤᠢᠯᠠᠯ᠂ ᠬᠤᠷᠱᠢᠶ᠎ᠠ᠂ ᠮᠠᠯᠴᠢᠨ ᠭᠤᠷᠪᠠᠨ ᠲᠠᠯ᠎ᠠ᠎ᠪᠠᠷ ᠲᠦᠭ᠌ᠰᠢᠭᠦᠷᠢ᠎ᠶ᠋ᠢ ᠬᠠᠮᠲᠤ᠎ᠪᠠᠷ ᠲᠠᠭᠠᠭᠠᠵᠤ᠂ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌ ᠰᠠᠢᠨ ᠰᠠᠢᠬᠠᠨ ᠪᠠᠢᠳᠠᠯ᠎ᠢ ᠪᠤᠢ ᠪᠣᠯᠭᠠᠪᠠ᠃


QQ截图20210609163923.jpg


ᠱᠢᠯᠢ᠎ᠶ᠋ᠢᠨ ᠭᠤᠣᠯ᠎ᠤᠨ ᠲᠠᠯ᠎ᠠ ᠨᠤᠲᠤᠭ᠎ᠲᠤ ᠲᠦᠷᠦᠵᠦ᠍ ᠥᠰᠦᠭ᠌ᠰᠡᠨ ᠸᠠᠩ᠎ᠶ᠋ᠢᠨ ᠴᠢᠶᠠᠩ ᠮᠠᠯ ᠮᠠᠯᠵᠢᠭᠠᠳ ᠨᠢᠭᠡᠨᠲᠡ 18 ᠵᠢᠯ ᠪᠣᠯᠵᠣ ᠪᠣᠢ᠂ ᠤᠢ᠍ᠢᠷ᠎ᠠ᠎ᠶ᠋ᠢᠨ ᠬᠤᠶᠠᠷ ᠵᠢᠯ᠎ᠳᠤ᠂ ᠲᠡᠷᠡ 1 ᠲᠦᠮᠡ ᠭᠠᠷᠤᠢ ᠮᠦ᠍ ᠪᠡᠯᠴᠢᠭᠡᠷ ᠳᠡᠭᠡᠷ᠎ᠡ᠎ᠪᠠᠨ ᠦᠬᠡᠷ ᠬᠤᠨᠢ᠎ᠪᠠᠨ ᠳᠠᠭᠠᠵᠣ ᠬᠠᠷᠢᠭᠤᠯᠬᠤ᠎ᠪᠠᠨ ᠪᠤᠯᠢᠵᠤ᠂ ᠭᠡᠷ᠎ᠲᠡᠭᠡᠨ ᠰᠠᠭᠤᠵᠤ ᠳᠠᠭᠠᠭᠤᠯᠢ ᠤᠳᠤᠨ᠎ᠤ ᠪᠠᠢᠷᠢ ᠲᠣᠭ᠍ᠲᠠᠭᠠᠬᠤ ᠮᠡᠷᠭᠡᠵᠢᠯ᠎ᠢᠶᠠᠷ ᠠᠯᠤᠰ᠎ᠠᠴᠠ ᠮᠠᠯ᠎ᠢᠶᠠᠨ ᠬᠠᠷᠢᠭᠤᠯᠬᠤ ᠪᠣᠯᠪᠠ᠂ ᠦᠬᠡᠷ ᠬᠤᠨᠢ᠎ᠨᠢ ᠴᠦ᠍ ᠤᠤᠯ᠎ᠤᠨ᠎ᠬᠢ᠎ᠠᠴᠠ᠎ᠪᠠᠨ 2 ᠲᠠᠬᠢᠨ ᠨᠡᠮᠡᠭ᠌ᠳᠡᠪᠠ᠃

ᠸᠠᠩ᠎ᠶ᠋ᠢᠨ ᠴᠢᠶᠠᠩ᠎ᠤᠨ ᠮᠠᠯᠵᠢᠬᠤ ᠠᠮᠢᠳᠤᠷᠠᠯ᠎ᠳᠤ ᠲᠥᠬᠦᠮ ᠦᠵᠡᠭᠦᠯᠦᠭ᠌ᠰᠡᠨ᠎ᠨᠢ ᠮᠢᠬᠠᠨ᠎ᠤ ᠦᠬᠡᠷ᠎ᠤᠨ ᠠᠵᠤ ᠦᠶᠯᠡᠰ᠎ᠤᠨ ᠣᠶᠤᠨᠴᠢ ᠦᠶᠯᠡᠴᠢᠯᠡᠭᠡᠨ᠎ᠤ ᠲᠠᠪᠴᠠᠩ ᠪᠣᠯᠤᠨ᠎ᠠ᠃ ᠲᠤᠰ ᠲᠠᠪᠴᠠᠩ᠎ᠨᠢ ᠮᠠᠯᠴᠢᠳ᠎ᠲᠤ ᠴᠠᠭ ᠲᠤᠬᠠᠶ᠎ᠳᠤᠨᠢ ᠮᠠᠯ ᠪᠡᠯᠴᠢᠭᠡᠷ᠎ᠤᠨ ᠲᠡᠩᠴᠡᠭᠦᠷᠢ᠎ᠶ᠋ᠢᠨ ᠲᠣᠮᠣ ᠳ᠋ᠠᠢᠲ᠋ᠠ᠎ᠶ᠋ᠢᠨ ᠵᠢᠯᠣᠭᠤᠳᠣᠯᠭ᠎ᠠ ᠬᠠᠩᠭᠠᠵᠤ᠂ ᠮᠠᠯᠴᠢᠳ ᠵᠢᠯ᠎ᠳᠤ ᠬᠡᠳᠦᠶ ᠦᠬᠡᠷ ᠬᠡᠳᠦᠶ ᠬᠤᠨᠢ ᠮᠠᠯᠵᠢᠬᠤ᠂ ᠨᠤᠲᠤᠭ ᠪᠡᠯᠴᠢᠭᠡᠷ᠎ᠢ ᠬᠡᠷᠬᠢᠨ ᠵᠦᠶ ᠵᠣᠬᠢᠰᠲᠠᠶ ᠠᠱᠢᠬ᠍ᠯᠠᠬᠤ᠎ᠶ᠋ᠢ ᠲᠣᠳᠤᠷᠬᠠᠢ ᠮᠡᠳᠡᠭᠦᠯᠬᠦ᠌ ᠪᠤᠯᠤᠨ᠎ᠠ᠃

ᠵᠠᠮ ᠲᠤᠵᠢ ᠦᠵᠡᠰᠭᠦᠯᠡᠩᠲᠦ ᠰᠠᠢᠬᠠᠨ ᠱᠢᠯᠢ᠎ᠶ᠋ᠢᠨ ᠭᠤᠣᠯ᠎ᠤᠨ ᠠᠮᠢ ᠠᠬᠤᠢ ᠰᠠᠢᠵᠢᠷᠠᠵᠤ᠂ ᠳᠠᠯ᠎ᠠ ᠨᠣᠳᠤᠭ ᠱᠢᠨ᠎ᠡ ᠲᠦᠷᠰᠦ᠎ᠪᠠᠷ ᠰᠣᠯᠢᠭ᠍ᠳᠠᠵᠣ ᠪᠠᠢᠭ᠎ᠠ᠎ᠶ᠋ᠢ ᠨᠢᠳᠦ᠎ᠪᠠᠷ᠎ᠢᠶᠠᠨ ᠦᠵᠡᠵᠦ᠍ ᠴᠢᠬᠢ᠎ᠪᠠᠷ᠎ᠢᠶᠠᠨ ᠰᠣᠨᠣᠰᠣᠯ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠳᠠᠭ ᠯᠠ ᠶᠤᠮ ᠪᠣᠯ ᠱᠢᠯᠢ᠎ᠶ᠋ᠢᠨ ᠭᠤᠣᠯ ᠠᠢᠮᠠᠭ᠎ᠤᠨ ᠤᠳᠤᠬᠢᠴᠢᠯᠠᠬ᠍ᠰᠠᠨ ᠮᠠᠯ ᠠᠵᠤ ᠠᠬᠤᠢ ᠭᠡᠷᠡᠯ ᠰᠠᠴᠤᠷᠠᠩᠭᠤᠢ ᠢᠷᠡᠭᠡᠳᠦᠢ᠎ᠪᠠᠨ ᠤᠭ᠍ᠲᠤᠨ ᠠᠪᠴᠢᠷᠠᠬᠤ᠎ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号