ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠠᠶᠠᠷᠯᠠᠨ ᠪᠡᠯᠭᠡᠯᠡᠵᠤ᠂ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠦᠷ᠎ᠡ ᠪᠦᠲᠦᠮᠵᠢ᠎ᠶ᠋ᠢ ᠪᠠᠬᠢᠵᠢᠭᠦᠯᠦᠨ᠂ ᠡᠩᠨᠡᠭᠡ᠎ᠶ᠋ᠢᠨ ᠨᠢᠭ᠍ᠳᠠᠷᠠᠯ ᠬᠦᠴᠦᠨ᠎ᠢ ᠠᠬᠢᠭᠤᠯᠬᠤ᠎ᠶ᠋ᠢᠨ ᠲᠤᠯᠠᠳᠠ 6 ᠰᠠᠷ᠎ᠠ᠎ᠶ᠋ᠢᠨ 29 ᠤ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠬᠢᠯᠢ᠎ᠶ᠋ᠢᠨ ᠬᠠᠮᠠᠭᠠᠯᠠᠯᠳᠡ᠎ᠶ᠋ᠢᠨ ᠰᠠᠯᠪᠤᠷᠢ ᠠᠩᠭᠢ᠎ᠶ᠋ᠢᠨ᠎ᠬᠢᠨ ᠺᠠᠳ᠋ᠷ ᠴᠠᠭ᠍ᠳᠠᠭ᠎ᠠ ᠨᠠᠷ᠎ᠢᠶᠠᠨ ᠵᠤᠬᠢᠶᠠᠨ ᠪᠠᠢᠭᠤᠯᠵᠤ᠂ 《7 · 1 ᠤ ᠭᠠᠪᠢᠶᠠᠨ ᠲᠡᠮᠳᠡᠭ》 ᠤᠯᠭᠤᠬᠤ ᠶᠤᠰᠤᠯᠠᠯ᠎ᠤᠨ ᠱᠢᠭᠤᠳ ᠨᠡᠪᠲᠡᠷᠡᠭᠦᠯᠭᠡ᠎ᠶ᠋ᠢ ᠬᠦᠯᠢᠶᠡᠨ ᠠᠪᠴᠤ᠌ ᠦᠵᠡᠭ᠌ᠰᠡᠨ ᠪᠠᠢᠨ᠎ᠠ᠃
ᠬᠢᠯᠢ᠎ᠶ᠋ᠢᠨ ᠬᠠᠮᠠᠭᠠᠯᠠᠯᠳᠡ᠎ᠶ᠋ᠢᠨ ᠲᠤᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ ᠨᠠᠷ ᠵᠠᠷᠢᠮ᠎ᠨᠢ ᠲᠤᠭᠤᠷᠢᠨ ᠴᠠᠭ᠍ᠳᠠᠬᠤ ᠠᠵᠢᠯ᠎ᠤᠨ ᠪᠠᠢᠷᠢᠨ᠎ᠳᠠᠭᠠᠨ ᠭᠠᠷᠤᠭ᠍ᠰᠠᠨ ᠴᠤ᠌ ᠪᠤᠯᠤᠮᠵᠢ᠎ᠪᠠᠨ ᠠᠱᠢᠬ᠍ᠯᠠᠨ ᠭᠠᠷ ᠤᠳᠠᠰᠤ᠎ᠪᠠᠷ ᠱᠢᠭᠤᠳ ᠨᠡᠪᠲᠡᠷᠡᠭᠦᠯᠭᠡ᠎ᠶ᠋ᠢ ᠰᠤᠨᠢᠷᠬᠠᠭ᠍ᠰᠠᠨ ᠪᠤᠶᠤ ᠠᠵᠢᠯ ᠪᠠᠭᠤᠭ᠍ᠰᠠᠨ᠎ᠤ ᠲᠠᠷᠠᠭ᠎ᠠ᠎ᠪᠠᠷ ᠱᠢᠩᠭᠡᠭᠡᠯᠳᠡ ᠨᠡᠪᠲᠡᠷᠡᠭᠦᠯᠭᠡ᠎ᠶ᠋ᠢ ᠦᠵᠡᠭ᠌ᠰᠡᠨ ᠪᠠᠢᠨ᠎ᠠ᠃
ᠲᠠᠭᠤᠷᠢᠶᠠᠯ᠎ᠤᠨ ᠬᠦᠴᠦᠨ ᠬᠢᠵᠠᠭᠠᠯᠠᠰᠢ ᠦᠭᠡᠢ᠃ ᠨᠡᠩ ᠴᠤ᠌ ᠲᠤᠰ ᠤᠳᠠᠭ᠎ᠠ᠎ᠶ᠋ᠢᠨ ᠭᠠᠪᠢᠶᠠᠨ ᠲᠡᠮᠳᠡᠭ ᠬᠦᠷᠳᠡᠭ᠌ᠴᠢ ᠨᠠᠷ ᠪᠤᠯ ᠴᠦᠮ ᠲᠤᠬᠠᠢᠯᠠᠭ᠍ᠰᠠᠨ ᠠᠵᠢᠯ᠎ᠤᠨ ᠪᠠᠢᠷᠢᠠ ᠲᠡᠭᠡᠷ᠎ᠡ᠎ᠪᠠᠷ ᠱᠢᠯᠢᠳᠡᠭ ᠠᠮᠵᠢᠯᠳᠡ ᠪᠦᠲᠦᠮᠵᠢ ᠭᠠᠷᠭᠠᠵᠤ᠂ ᠨᠠᠮ ᠠᠷᠠᠳ ᠲᠦᠮᠡᠨ᠎ᠳᠡᠭᠡᠨ ᠲᠤᠪᠤᠢᠮᠡ ᠬᠤᠪᠢ ᠨᠡᠮᠡᠷᠢ ᠦᠵᠡᠭᠦᠯᠦᠭ᠌ᠰᠡᠨ ᠱᠢᠯᠢᠳᠡᠭ ᠨᠠᠮ᠎ᠤᠨ ᠭᠡᠱᠢᠭᠦᠨ᠎ᠤ ᠭᠠᠷᠮᠠᠭᠠᠢ ᠲᠦᠯᠦᠭᠡᠯᠡᠭ᠌ᠴᠢ ᠪᠤᠯᠬᠤ ᠤᠴᠢᠷ᠎ᠠᠴᠠ ᠪᠦᠬᠦ᠌ ᠨᠠᠮ᠎ᠤᠨ ᠭᠡᠱᠢᠭᠦᠨ ᠨᠢᠭᠡᠪᠦᠷᠢ᠎ᠶ᠋ᠢᠨ ᠰᠤᠷᠤᠯᠴᠠᠭᠤᠱᠢᠳᠠᠢ ᠦᠯᠢᠭᠡᠷ ᠲᠠᠭᠤᠷᠢᠶᠠᠯ ᠪᠤᠯᠬᠤ ᠶᠤᠮ᠃ ᠢᠡᠭ᠌ᠭᠢᠭᠡᠳ ᠱᠢᠯᠢ᠎ᠶ᠋ᠢᠨ ᠭᠤᠤᠯ ᠠᠢᠮᠠᠭ᠎ᠤᠨ ᠬᠢᠯᠢ᠎ᠶ᠋ᠢᠨ ᠬᠠᠮᠠᠭᠠᠯᠠᠯᠳᠡ᠎ᠶ᠋ᠢᠨ ᠰᠠᠯᠪᠤᠷᠢ ᠠᠩᠭᠢ᠎ᠶ᠋ᠢᠨ᠎ᠬᠢᠨ ᠡᠨᠡ ᠤᠳᠠᠭ᠎ᠠ᠎ᠶ᠋ᠢᠨ 《7 · 1 ᠤ ᠭᠠᠪᠢᠶᠠᠨ ᠲᠡᠮᠳᠡᠭ》 ᠤᠯᠭᠤᠬᠤ ᠶᠤᠰᠤᠯᠠᠯ᠎ᠢ ᠨᠢᠭᠡ ᠤᠳᠠᠭ᠎ᠠ᠎ᠶ᠋ᠢᠨ ᠰᠤᠷᠤᠯᠴᠠᠯᠭ᠎ᠠ ᠬᠦᠮᠦᠵᠢᠯ ᠪᠤᠯᠭᠠᠨ ᠴᠢᠬᠤᠯᠠᠴᠢᠯᠠᠨ ᠦᠵᠡᠵᠦ᠍᠂ ᠺᠠᠳ᠋ᠷ ᠴᠠᠭ᠍ᠳᠠᠭ᠎ᠠ ᠨᠠᠷ᠎ᠲᠠᠭᠠᠨ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠪᠤᠳᠠᠳᠠᠢ ᠬᠢᠴᠢᠶᠡᠯ ᠪᠤᠯᠭᠠᠵᠤ᠂ ᠲᠡᠳᠡ ᠨᠠᠷ᠎ᠤᠨ ᠤᠷᠮ᠎ᠠ ᠵᠤᠷᠢᠭ᠎ᠢ ᠲᠠᠢᠴᠢᠯᠠᠭ᠍ᠰᠠᠨ ᠪᠠᠢᠨ᠎ᠠ᠃
《〈7 · 1 ᠤ ᠭᠠᠪᠢᠶᠠᠨ ᠲᠠᠮᠳᠡᠭ〉 ᠬᠦᠷᠳᠡᠭ᠌ᠴᠢ ᠪᠤᠯᠭᠠᠨ ᠴᠦᠮ ᠴᠠᠭ ᠦᠶ᠎ᠡ᠎ᠶ᠋ᠢᠨ ᠱᠢᠯᠭᠠᠯᠳᠠ᠎ᠶ᠋ᠢ ᠲᠤᠭᠤᠯᠵᠤ᠂ ᠨᠠᠮ ᠠᠷᠠᠳ ᠲᠦᠮᠡᠨ᠎ᠤ ᠠᠵᠢᠯ ᠦᠢᠯᠡᠰ᠎ᠲᠤ ᠠᠯᠢᠪᠠ᠎ᠪᠠᠨ ᠬᠠᠷᠠᠮ ᠦᠭᠡᠢ ᠵᠤᠷᠢᠭᠤᠯᠤᠭ᠍ᠰᠠᠨ ᠵᠢᠱ᠌ᠢᠶᠡᠴᠢ ᠰᠠᠢᠴᠤᠤᠯ ᠪᠤᠯᠬᠤᠷ ᠪᠢᠳᠡ ᠪᠦᠬᠦᠳᠡ ᠲᠡᠳᠡ ᠨᠡᠷ᠎ᠠᠴᠠ᠎ᠲᠠᠭᠠᠨ ᠰᠤᠷᠤᠯᠴᠠᠪᠠᠯ ᠵᠤᠬᠢᠨ᠎ᠠ》 ᠭᠡᠵᠦ᠍ ᠭᠠᠪᠢᠶᠠᠨ ᠲᠡᠮᠳᠡᠭ ᠤᠯᠭᠤᠬᠤ ᠶᠤᠰᠤᠯᠠᠯ᠎ᠤᠨ ᠱᠢᠭᠤᠳ ᠨᠡᠪᠲᠡᠷᠡᠭᠦᠯᠭᠡ᠎ᠶ᠋ᠢ ᠬᠦᠯᠢᠶᠡᠨ ᠠᠪᠴᠤ᠌ ᠦᠵᠡᠭ᠌ᠰᠡᠨ ᠬᠠᠳᠠᠪᠴᠢ ᠬᠢᠯᠢ᠎ᠶ᠋ᠢᠨ ᠬᠠᠮᠠᠭᠠᠯᠠᠯᠳᠡ᠎ᠶ᠋ᠢᠨ ᠲᠤᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ ᠤᠦ ᠽᠧ ᠬᠡᠯᠡᠨ᠎ᠡ᠃