ᠨᠡᠢᠳᠡᠯᠢᠭ ᠵᠢᠱ᠌ᠢᠶ᠎ᠡ᠎ᠠᠴᠠ᠎ᠲᠠᠭᠠᠨ ᠰᠤᠷᠤᠯᠴᠠᠵᠤ ᠪᠦᠬᠦ᠌ ᠰᠡᠳᠭᠢᠯ ᠪᠦᠬᠦ᠌ ᠵᠤᠷᠢᠭ᠎ᠢᠶᠠᠷ ᠠᠷᠠᠳ ᠲᠦᠮᠡᠨ᠎ᠳᠤ ᠦᠢᠯᠡᠴᠢᠯᠡᠨ᠎ᠡ
2021-07-01 10:12:36
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 29 ᠎ᠤ ᠦᠳᠡ᠎ᠶ᠋ᠢᠨ ᠡᠮᠦᠨᠡᠬᠢ 10 ᠴᠠᠭ᠎ᠲᠤ᠌᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠲᠡᠭ᠌ᠰᠢ ᠶᠡᠭᠡ᠎ᠪᠠᠷ ᠶᠠᠪᠤᠭ᠍ᠳᠠᠭ᠍ᠰᠠᠨ 《7 · 1 ᠎ᠤ ᠭᠠᠪᠢᠶᠠᠨ ᠲᠡᠮᠲᠡᠭ》 ᠤᠯᠭᠤᠬᠤ ᠶᠤᠰᠤᠯᠠᠯ᠎ᠨᠢ ᠤᠯᠠᠭᠠᠨᠬᠠᠳᠠ᠎ᠶ᠋ᠢᠨ ᠤᠯᠠᠨ ᠲᠦᠮᠡᠨ᠎ᠤ ᠳᠤᠮᠳᠠ ᠬᠠᠯᠠᠭᠤᠨ ᠳᠤᠰᠭᠠᠯ ᠭᠠᠷᠪᠠ᠃

《7 · 1 ᠎ᠤ ᠭᠠᠪᠢᠶᠠᠨ ᠳᠡᠮᠲᠡᠭ》 ᠎ᠢ ᠬᠦᠷᠲᠡᠭ᠌ᠰᠡᠨ 29 ᠬᠦᠮᠦᠨ᠎ᠤ ᠰᠡᠳᠭᠢᠯ᠎ᠢ ᠲᠤᠬ᠍ᠳᠤᠯᠤᠭᠤᠯᠤᠮ᠎ᠡ ᠦᠢᠯᠡ ᠠᠵᠢᠯᠯᠠᠭ᠎ᠠ᠎ᠨᠢ ᠱᠢᠭᠤᠳ ᠨᠡᠪᠲᠡᠷᠡᠭᠦᠯᠭᠡ᠎ᠶ᠋ᠢ ᠦᠵᠡᠭ᠌ᠰᠡᠨ ᠪᠦᠬᠦᠨ᠎ᠤ ᠰᠡᠳᠭᠢᠯ᠎ᠤᠨ ᠬᠦᠪᠴᠢ᠎ᠶ᠋ᠢ ᠬᠦᠨᠳᠡᠵᠦ᠍᠂ ᠭᠦᠨ ᠲᠦᠷᠦᠭ᠌ᠳᠡᠯ ᠦᠯᠡᠳᠡᠭᠡᠵᠦ᠍᠂ ᠲᠡᠷᠢᠭᠦᠨ᠎ᠤ ᠦᠯᠢᠭᠡᠷ ᠵᠢᠱ᠌ᠢᠶ᠎ᠡ᠎ᠠᠴᠠ᠎ᠲᠠᠭᠠᠨ ᠰᠤᠷᠤᠯᠴᠠᠵᠤ᠂ ᠪᠤᠲᠠᠲᠠᠢ ᠠᠵᠢᠯ᠎ᠤᠨ ᠪᠠᠢᠷᠢ ᠳᠡᠭᠡᠷ᠎ᠡ᠎ᠪᠠᠨ ᠭᠠᠪᠱᠢᠭᠠᠢᠯᠠᠨ ᠤᠷᠤᠭ᠍ᠰᠢᠯᠠᠬᠤ ᠤᠷᠮ᠎ᠠ ᠵᠤᠷᠢᠭ᠎ᠢ᠎ᠨᠢ ᠬᠦᠭ᠌ᠵᠢᠭᠡᠪᠡ᠃

ᠠᠷᠤ ᠬᠤᠷᠴᠢᠨ ᠬᠤᠱᠢᠭᠤᠨ᠎ᠤ ᠪᠠᠶᠠᠨᠬᠤᠸᠠ ᠪᠠᠯᠭᠠᠰᠤᠨ᠎ᠤ ᠤᠬᠠᠭᠤᠯᠬᠤ ᠭᠡᠱᠢᠭᠦᠨ ᠴᠡᠩᠭᠡᠯ᠄ 《ᠱᠢᠶᠠᠩ ᠪᠠᠯᠭᠠᠰᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠠᠷᠠᠭᠠᠴᠢ᠎ᠶ᠋ᠢᠨ ᠠᠵᠢᠯ᠎ᠤᠨ ᠳᠤᠮᠳᠠ᠂ ᠣᠨᠣᠯ᠎ᠤᠨ ᠰᠤᠷᠤᠯᠴᠠᠯᠭ᠎ᠠ᠎ᠶ᠋ᠢ ᠰᠠᠢᠲᠤᠷ ᠠᠤᠡᠬᠤᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠴᠢᠩᠭᠠᠤᠡᠬᠠᠵᠤ᠂ ᠪᠥᠬᠦ᠌ ᠪᠠᠯᠭᠠᠰᠤᠨ᠎ᠤ ᠪᠣᠯᠪᠠᠰᠤᠨ ᠬᠤᠲᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠵᠡᠯ ᠰᠠᠨᠠᠭᠠᠨ᠎ᠤ ᠰᠤᠷᠳᠠᠯ ᠤᠬᠠᠭᠤᠯᠭ᠎ᠠ᠂ ᠶᠠᠷᠢᠶ᠎ᠠ ᠬᠡᠯᠡᠯᠴᠡᠭᠡᠨ᠎ᠤ ᠵᠢᠯᠣᠭᠤᠳᠣᠯᠭ᠎ᠠ᠂ ᠱᠢᠨ᠎ᠡ ᠬᠡᠪ ᠰᠤᠷᠲᠠᠯ᠎ᠢ ᠪᠣᠶ ᠪᠣᠯᠭᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠨ᠎ᠠ》 ᠭᠡᠵᠦ᠍ ᠬᠡᠯᠡᠨ᠎ᠡ᠃

ᠤᠯᠠᠭᠠᠨᠬᠠᠳᠠ ᠬᠤᠲᠠ᠎ᠶ᠋ᠢᠨ ᠨᠢᠩᠴᠧᠩ ᠱᠢᠶᠠᠨ᠎ᠤ ᠭᠤᠤᠯ ᠡᠮᠨᠡᠯᠭᠡ᠎ᠶ᠋ᠢᠨ ᠬᠤᠷᠢᠶᠠᠨ᠎ᠤ ᠠᠵᠤ ᠠᠬᠤᠢᠯᠠᠯ᠎ᠤᠨ ᠲᠥᠯᠥᠪᠯᠡᠭᠡᠨ᠎ᠤ ᠬᠡᠯᠲᠡᠰ᠎ᠤᠨ ᠠᠵᠢᠯᠲᠠᠨ ᠼᠦᠩ ᠱᠠᠩ ᠯᠦᠩ᠄ 《ᠦᠳᠡ᠎ᠶ᠋ᠢᠨ ᠡᠮᠦᠨ᠎ᠡ᠂ ᠪᠢ ᠰᠠᠯᠠᠭ᠎ᠠ ᠲᠠᠰᠤᠭ᠎ᠤᠨ ᠬᠠᠮᠲᠤ ᠠᠵᠢᠯᠯᠠᠭ᠍ᠰᠠᠳ᠎ᠲᠠᠢ᠎ᠪᠠᠨ 〈7 · 1 ᠎ᠤ ᠭᠠᠪᠢᠶᠠᠨ ᠲᠡᠮᠳᠡᠭ〉 ᠣᠯᠭᠤᠬᠤ ᠶᠣᠰᠣᠯᠠᠯ᠎ᠤᠨ ᠱᠢᠭᠤᠳ ᠨᠡᠪᠲᠡᠷᠡᠭᠦᠯᠭᠡ᠎ᠶ᠋ᠢ ᠬᠠᠮᠲᠤ᠎ᠪᠠᠷ ᠰᠣᠨᠢᠷᠬᠠᠪᠠ᠃ ᠡᠨᠡ ᠪᠣᠯ ᠠᠩᠬ᠎ᠠ ᠤᠳᠠᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠨᠡᠷ᠎ᠡ᠎ᠪᠠᠷ 〈7 · 1 ᠎ᠤ ᠭᠠᠪᠢᠶᠠᠨ ᠲᠡᠮᠳᠡᠭ〉 ᠣᠯᠭᠤᠵᠤ ᠪᠠᠢᠭ᠎ᠠ ᠶᠠᠪᠤᠳᠠᠯ ᠮᠥᠨ᠃ ᠭᠠᠪᠢᠶᠠᠨ ᠲᠡᠮᠳᠡᠭ ᠬᠦᠷᠲᠡᠭ᠌ᠰᠡᠳ ᠤᠯᠤᠰ᠎ᠤᠨ ᠲᠤᠯᠭᠠᠭᠤᠷᠢ ᠪᠠᠭᠠᠨ᠎ᠠ᠂ ᠦᠨᠳᠦᠰᠦᠲᠡᠨ᠎ᠤ ᠬᠤᠱᠢᠭᠤᠴᠢ᠂ ᠨᠡᠢᠭᠡᠮ᠎ᠤᠨ ᠵᠢᠱ᠌ᠢᠶᠡᠴᠢ᠂ ᠠᠵᠢᠯ ᠲᠥᠷᠥᠯ᠎ᠤᠨ ᠴᠢᠳᠠᠪᠤᠷᠢᠲᠠᠨ ᠪᠤᠯᠤᠭ᠍ᠰᠠᠨ᠎ᠤ ᠬᠤᠪᠢ᠎ᠳᠤ ᠡᠨᠡ ᠬᠦ᠌ ᠢᠷᠠᠭᠤ ᠠᠯᠳᠠᠷ᠎ᠢ ᠭᠥᠷᠳᠡᠭ᠌ᠰᠡᠨ᠎ᠨᠢ ᠨᠡᠷ᠎ᠡ ᠨᠢᠳᠡᠷ᠎ᠲᠡᠭᠡᠨ ᠲᠡᠩᠴᠡᠭ᠌ᠰᠡᠨ ᠪᠠᠢᠨ᠎ᠠ᠃ 〈7 · 1 ᠎ᠤ ᠭᠠᠪᠢᠶᠠᠨ ᠲᠡᠮᠳᠡᠭ〉 ᠪᠤᠯ ᠨᠠᠮ ᠪᠣᠯᠤᠨ ᠠᠷᠠᠳ ᠲᠦᠮᠡᠨ᠎ᠤ ᠦᠶᠯᠡᠰ᠎ᠲᠤ ᠭᠠᠷᠮᠠᠭᠠᠶ ᠬᠤᠪᠢ ᠨᠡᠮᠡᠷᠢ ᠦᠵᠡᠭᠦᠯᠵᠦ᠍᠂ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ᠎ᠶ᠋ᠢ ᠡᠭᠦᠳᠦᠭ᠌ᠰᠡᠨ ᠨᠠᠮ᠎ᠤᠨ ᠭᠡᠱᠢᠭᠦᠨ᠎ᠢ ᠬᠥᠬᠢᠭᠦᠯᠦᠨ ᠰᠠᠢᠱᠢᠶᠠᠵᠤ ᠪᠠᠢᠭ᠎ᠠ ᠶᠠᠪᠤᠳᠠᠯ ᠪᠤᠯᠤᠨ᠎ᠠ᠂ ᠮᠦᠨ ᠴᠤ᠌ ᠪᠥᠬᠦ᠌ ᠨᠠᠮ᠎ᠤᠨ ᠭᠡᠱᠢᠭᠦᠨ᠎ᠤ ᠱᠢᠨ᠎ᠡ ᠴᠠᠭ ᠦᠶ᠎ᠡ᠎ᠳᠤ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠤᠡᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠬᠢᠷᠢ ᠲᠡᠩᠴᠡᠭ᠌ᠰᠡᠨ ᠡᠪ ᠬᠠᠮᠲᠤ ᠨᠠᠮ᠎ᠤᠨ ᠭᠡᠱᠢᠭᠦᠨ ᠪᠣᠯᠬᠤ᠎ᠶ᠋ᠢ ᠵᠣᠷᠢᠭ᠍ᠵᠢᠭᠤᠯᠵᠤ ᠪᠠᠢᠭ᠎ᠠ ᠶᠠᠪᠤᠳᠠᠯ ᠪᠣᠯᠤᠨ᠎ᠠ᠃ ᠪᠢ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠡᠷᠢᠭᠦᠨ᠎ᠤ ᠨᠡᠢᠲᠡᠯᠢᠭ ᠵᠢᠱ᠌ᠢᠶ᠎ᠡ᠎ᠠᠴᠠ᠎ᠲᠠᠭᠠᠨ ᠰᠤᠷᠤᠯᠴᠠᠵᠤ᠂ ᠨᠠᠮ᠎ᠤᠨ ᠵᠢᠯᠤᠭᠤᠳᠤᠯᠭ᠎ᠠ᠎ᠶ᠋ᠢ ᠡᠷᠡᠰ ᠭᠤᠢᠪᠢᠰᠢ ᠦᠭᠡᠢ ᠲᠠᠭᠠᠵᠤ᠂ ᠤᠯᠤᠰ᠎ᠢᠶᠠᠨ ᠬᠠᠢᠷᠠᠯᠠᠬᠤ ᠰᠡᠳᠭᠢᠯᠭᠡ᠂ ᠤᠯᠤᠰ᠎ᠲᠠᠭᠠᠨ ᠵᠢᠳᠬᠦᠬᠦ᠌ ᠵᠣᠷᠢᠭ᠎ᠢ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠨ᠎ᠡ》 ᠭᠡᠵᠦ᠍ ᠲᠥᠷᠥᠭ᠌ᠳᠡᠯ᠎ᠢᠶᠠᠨ ᠶᠠᠷᠢᠨ᠎ᠠ᠃ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号