ᠭᠠᠪᠢᠶᠠᠨ ᠲᠡᠮᠳᠡᠭ ᠬᠦᠷᠳᠡᠭ᠌ᠰᠡᠳ᠎ᠤᠨ ᠵᠤᠷᠢᠭ ᠰᠠᠨᠠᠭᠠᠨ᠎ᠤ ᠬᠦᠴᠤᠨ᠎ᠢ ᠤᠯᠠᠮᠵᠢᠯᠠᠨ ᠵᠠᠯᠭᠠᠮᠵᠢᠯᠠᠵᠦ᠍ ᠨᠠᠮ ᠠᠷᠠᠳ ᠲᠦᠮᠡᠨ᠎ᠳᠡᠭᠡᠨ ᠬᠡᠷᠡᠭ᠌ᠴᠡᠭᠡᠳᠠᠢ ᠬᠦᠮᠦᠨ ᠪᠤᠯᠬᠤ᠎ᠪᠠᠷ ᠴᠢᠷᠮᠠᠢᠨ᠎ᠠ
2021-07-01 10:12:14
ᠵᠣᠬᠢᠶᠠᠭ᠍ᠴᠢ᠄
ᠸ᠊ · ᠭᠡᠷᠡᠯᠳᠤ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 29 ᠎ᠤ ᠡᠳᠦᠷ᠂ ᠪᠤᠭᠤᠲᠤ ᠬᠤᠳᠠ᠎ᠶ᠋ᠢᠨ ᠡᠯ᠎ᠠ ᠱᠠᠳᠤᠨ᠎ᠤ ᠨᠠᠮ᠎ᠤᠨ ᠬᠡᠱᠢᠭᠦᠨ ᠺᠠᠳ᠋ᠷᠴᠤᠳ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ 《7 · 1 ᠎ᠤ ᠭᠠᠪᠢᠶᠠᠨ ᠲᠡᠮᠳᠡᠭ》 ᠣᠯᠭᠤᠬᠤ ᠶᠣᠰᠣᠯᠠᠯ᠎ᠢ ᠬᠦ᠍ᠯᠢᠶᠠᠨ ᠠᠪᠴᠦ᠍ ᠦᠵᠡᠨ᠂ ᠨᠠᠮ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠤᠢ ᠲᠡᠭᠡᠷ᠎ᠠ ᠨᠠᠮ᠎ᠤᠨ ᠳᠣᠲᠣᠭᠠᠳᠤ᠎ᠶ᠋ᠢᠨ ᠬᠠᠮᠤᠭ᠎ᠤᠨ ᠳᠡᠭᠡᠳᠦ ᠢᠷᠠᠭᠤ ᠠᠯᠳᠠᠷ᠎ᠢᠶᠠᠷ ᠡᠩᠬᠡᠷ᠎ᠢᠶᠠᠨ ᠮᠢᠯᠢᠶᠠᠯᠭᠠᠬ᠍ᠰᠠᠨ 29 ᠨᠡᠮ᠎ᠤᠨ ᠬᠡᠱᠢᠭᠦᠨ᠎ᠤ᠎ᠪᠠᠨ ᠪᠡᠶ᠎ᠠ ᠲᠡᠭᠡᠷ᠎ᠠ᠎ᠠᠴᠠ ᠬᠦᠨ ᠰᠤᠷᠭᠠᠯ ᠱᠢᠮ᠎ᠠ ᠬᠦᠷᠳᠡᠵᠦ᠍᠂ ᠨᠠᠮ ᠠᠷᠠᠳ ᠲᠦᠮᠡᠨ᠎ᠤ᠎ᠪᠠᠨ ᠦᠢᠯᠡᠰ᠎ᠲᠤ ᠪᠦᠬᠦ᠌ ᠬᠦᠴᠤᠨ ᠴᠢᠳᠠᠯ᠎ᠢᠶᠠᠨ ᠡᠷᠬᠦᠬᠦ᠌ ᠡᠷᠴᠢ ᠵᠤᠷᠢᠭ᠎ᠢᠶᠠᠨ ᠬᠦᠪᠴᠢᠯᠡᠭ᠌ᠰᠡᠨ ᠪᠠᠢᠨ᠎ᠠ᠃

6 ᠰᠠᠷ᠎ᠠ᠎ᠶ᠋ᠢᠨ 29 ᠎ᠤ ᠡᠳᠦᠷ᠎ᠤᠨ ᠦᠳᠡ᠎ᠶ᠋ᠢᠨ ᠡᠮᠦᠨ᠎ᠠ᠂ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠱᠢᠷᠡᠮᠤ ᠬᠠᠢᠯᠤᠭᠤᠯᠬᠤ ᠦᠢᠯᠡᠳᠪᠦᠷᠢ᠎ᠶ᠋ᠢᠨ ᠨᠠᠮ᠎ᠤᠨ ᠬᠡᠱᠢᠭᠦᠳ ᠦᠪᠡᠷᠰᠡᠳ᠎ᠤᠨ ᠦᠢᠯᠡᠳᠪᠦᠷᠢᠯᠡᠯ᠎ᠤᠨ ᠲᠠᠰᠤᠭ᠎ᠤᠨ᠎ᠢᠶᠠᠨ ᠬᠤᠷᠠᠯ᠎ᠤᠨ ᠬᠡᠷ᠎ᠲᠤ 《7 · 1 ᠎ᠤ ᠭᠠᠪᠢᠶᠠᠨ ᠲᠡᠮᠳᠡᠭ》 ᠣᠯᠭᠤᠬᠤ ᠶᠣᠰᠣᠯᠠᠯ᠎ᠤᠨ ᠠᠬᠤᠢ ᠨᠡᠪᠳᠡᠷᠡᠭᠦᠯᠭᠡ᠎ᠶ᠋ᠢ ᠬᠦᠯᠢᠶᠠᠨ ᠠᠪᠴᠦ᠍ ᠦᠵᠡᠭ᠌ᠰᠡᠨ ᠪᠠᠢᠨ᠎ᠠ᠃

ᠲᠤᠰ ᠦᠢᠯᠡᠳᠪᠦᠷᠢ᠎ᠶ᠋ᠢᠨ ᠱᠢᠷᠠᠮᠤ ᠬᠠᠢᠯᠤᠭᠤᠯᠬᠤ ᠬᠤᠶᠠᠳᠤᠭᠠᠷ ᠬᠡᠯᠳᠡᠰ᠎ᠤᠨ ᠵᠤᠤᠬ᠎ᠠ᠎ᠶ᠋ᠢᠨ ᠡᠮᠦᠨᠡᠬᠢ ᠶᠡᠭᠡ ᠵᠢᠵᠢᠭᠦᠷ᠎ᠤᠨ ᠲᠠᠷᠤᠭ᠎ᠠ ᠺᠦᠩ ᠳ᠋ᠧ ᠯᠢ᠄ 《〈7 · 1 ᠎ᠤ ᠭᠠᠪᠢᠶᠠᠨ ᠲᠡᠮᠳᠡᠭ〉 ᠣᠯᠭᠤᠬᠤ ᠶᠤᠰᠤᠯᠠᠯ ᠰᠡᠳᠭᠢᠯ᠎ᠢ ᠲᠦᠢᠯ᠎ᠢᠶᠠᠷ ᠲᠤᠬ᠍ᠳᠤᠯᠤᠭᠤᠯᠤᠯ᠎ᠠ᠂ ᠲᠠᠷᠢ᠎ᠶ᠋ᠢᠨ ᠤᠳᠤᠭ᠎ᠠ ᠪᠤᠷᠬᠢᠯᠤᠬ᠍ᠰᠠᠨ ᠲᠠᠢᠨ᠎ᠤ ᠹᠷᠤᠨᠲ᠎ᠤᠨ ᠲᠠᠢᠴᠢᠳ᠎ᠠᠴᠠ ᠪᠦᠬᠦ᠌ ᠤᠯᠤᠰ᠎ᠤᠨ ᠠᠷᠪᠠᠨ ᠭᠠᠷᠮᠠᠭᠠᠢ ᠠᠵᠢᠯᠴᠢᠨ᠎ᠤ ᠴᠤᠯᠡ᠎ᠶ᠋ᠢ ᠬᠦᠷᠳᠡᠵᠦ᠍ ᠦᠩᠬᠡᠷᠡᠭ᠌ᠰᠡᠨ ᠤᠷᠠᠨ ᠲᠠᠷᠬᠠᠨ ᠬᠦᠷᠳᠡᠯ᠎ᠠ᠂ 〈7 · 1 ᠎ᠤ ᠭᠠᠪᠢᠶᠠᠨ ᠲᠡᠮᠳᠡᠭ〉 ᠬᠦᠷᠳᠡᠭ᠌ᠰᠡᠨ 29 ᠨᠠᠮ᠎ᠤᠨ ᠭᠡᠱᠢᠬᠦᠨ ᠨᠠᠮ᠎ᠳᠠᠭᠠᠨ ᠬᠠᠮᠤᠭ᠎ᠤᠨ ᠦᠨᠡᠨᠴᠢ ᠱᠢᠳᠤᠷᠭᠤ᠂ ᠨᠠᠮ᠎ᠤᠨ ᠦᠢᠯᠡᠰ᠎ᠲᠤ ᠬᠠᠮᠤᠭ᠎ᠤᠨ ᠪᠠᠳᠤ ᠴᠢᠩᠭ᠎ᠠ ᠢᠳᠡᠭᠡᠯ᠎ᠢᠶᠠᠷ ᠨᠢᠭᠡᠨ ᠡᠪ ᠬᠠᠮᠳᠤ ᠨᠠᠮ᠎ᠤᠨ ᠬᠡᠱᠢᠭᠦᠨ᠎ᠤ ᠪᠠᠢᠪᠠᠰᠤ ᠵᠤᠬᠢᠬᠤ ᠵᠤᠷᠢᠭ ᠰᠠᠨᠠᠭ᠎ᠠ ᠪᠤᠯᠤᠨ ᠬᠡᠪ ᠴᠢᠨᠡᠷ᠎ᠢ ᠦᠨᠡᠨ ᠬᠦ᠌ ᠪᠠᠳᠠᠷᠠᠭᠤᠯᠵᠦ᠍ ᠶᠠᠪᠤᠬ᠍ᠰᠠᠨ ᠪᠠᠢᠨ᠎ᠠ᠃ ᠲᠡᠳᠡ ᠨᠠᠮ᠎ᠤᠨ ᠬᠡᠱᠢᠭᠦᠨ ᠬᠡᠬᠦ᠌ ᠲᠠᠷᠬᠠᠨ ᠠᠯᠳᠠᠷ᠎ᠢᠶᠠᠨ ᠡᠭᠡᠯ ᠵᠢᠷ᠎ᠤᠨ ᠠᠵᠢᠯ᠎ᠤᠨ ᠪᠠᠢᠷᠢ ᠲᠡᠭᠡᠷ᠎ᠠ᠎ᠪᠠᠨ ᠱᠤᠭᠤᠵᠦ᠍᠂ ᠡᠭᠡᠯ ᠪᠤᠷᠤᠬ᠍ᠵᠢᠭᠤᠨ ᠬᠠᠢᠷ᠎ᠠ ᠰᠡᠳᠭᠢᠯᠭᠡ᠎ᠪᠠᠷ᠎ᠢᠶᠠᠨ ᠨᠠᠮ ᠠᠷᠠᠳ ᠲᠦᠮᠡᠨ᠎ᠳᠡᠭᠡᠨ ᠡᠭᠡᠯ ᠪᠤᠰᠤ ᠭᠠᠪᠢᠶ᠎ᠠ ᠵᠢᠳᠬᠦᠯ ᠦᠵᠡᠬᠦᠯᠵᠦ᠍ ᠶᠠᠪᠤᠬ᠍ᠰᠠᠨ ᠪᠠᠢᠨ᠎ᠠ᠃ ᠪᠢ ᠬᠤᠵᠢᠮ 〈7 · 1 ᠎ᠤ ᠭᠠᠪᠢᠶᠠᠨ ᠲᠡᠮᠳᠡᠭ〉 ᠬᠦᠷᠳᠡᠭ᠌ᠰᠡᠳ᠎ᠤᠨ ᠡᠷᠬᠢᠮ ᠨᠠᠨᠳᠢᠨ ᠬᠡᠪ ᠰᠤᠷᠳᠠᠯ᠎ᠢ ᠰᠠᠢᠳᠤᠷ ᠰᠤᠷᠤᠯᠴᠠᠵᠦ᠍᠂ ᠰᠡᠳᠭᠢᠯ ᠨᠢᠭᠡᠳᠤᠨ ᠬᠦᠴᠦ᠎ᠪᠠᠨ ᠬᠠᠮᠳᠤᠤᠡᠬᠠᠵᠦ᠍ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠢ ᠪᠠᠢᠭᠤᠯᠤᠬ᠍ᠰᠠᠨ ᠲᠡᠤᠬᠡᠨ ᠵᠤᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠦ᠍᠂ ᠦᠢᠯᠡᠳᠪᠦᠷᠢᠯᠡᠯ᠎ᠤᠨ ᠡᠯ᠎ᠠ ᠲᠠᠯ᠎ᠠ᠎ᠶ᠋ᠢᠨ ᠠᠵᠢᠯ᠎ᠢᠶᠠᠨ ᠰᠠᠢᠳᠤᠷ ᠬᠢᠵᠦ᠍᠂ ᠡᠬᠡ ᠤᠯᠤᠰ᠎ᠲᠠᠭᠠᠨ ᠨᠡᠩ ᠤᠯᠠᠨ ᠱᠢᠷᠠᠮᠤ ᠦᠢᠯᠡᠳᠪᠦᠷᠢᠯᠡᠨ ᠦᠭ᠌ᠴᠦ᠂ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠂ ᠪᠤᠭᠤᠲᠤ ᠬᠤᠳᠠ ᠪᠤᠯᠤᠨ ᠦᠪᠡᠷᠳᠡᠭᠡᠨ ᠵᠠᠰᠠᠬᠤ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠳᠤ ᠭᠠᠪᠢᠶ᠎ᠠ ᠵᠢᠳᠬᠦᠯ ᠦᠵᠡᠬᠦᠯᠬᠦ᠌᠎ᠪᠠᠷ ᠴᠢᠷᠮᠡᠢᠨ᠎ᠠ》 ᠭᠡᠪᠡ᠃

ᠪᠤᠭᠤᠲᠤ ᠬᠤᠳᠠ᠎ᠶ᠋ᠢᠨ ᠨᠠᠮ᠎ᠤᠨ ᠬᠤᠷᠢᠶ᠎ᠠ᠎ᠶ᠋ᠢᠨ ᠨᠠᠮ᠎ᠤᠨ ᠲᠡᠤᠬᠡ᠎ᠶ᠋ᠢᠨ ᠰᠤᠳᠤᠯᠭᠠᠨ᠎ᠤ ᠲᠠᠰᠤᠭ᠎ᠤᠨ ᠲᠡᠳ᠋ ᠡᠷᠬᠢᠯᠡᠭ᠌ᠴᠢ ᠢᠤᠢ᠎ᠶ᠋ᠢᠨ ᠱᠢᠤ᠄ 《ᠨᠠᠮ᠎ᠤᠨ ᠲᠡᠤᠬᠡ᠎ᠶ᠋ᠢ ᠰᠤᠳᠤᠯᠬᠤ ᠲᠤᠳᠤᠮ᠂ ᠠᠭᠤᠤ ᠨᠠᠮ᠎ᠤᠨ ᠵᠠᠭᠤᠨ ᠵᠢᠯ᠎ᠤᠨ ᠶᠠᠪᠤᠵᠦ᠍ ᠢᠷᠡᠭ᠌ᠰᠡᠨ ᠤᠯᠠ ᠮᠦᠷ᠎ᠲᠤ ᠬᠦᠭ᠌ᠰᠡᠨ ᠵᠤᠷᠢᠬ᠍ᠵᠢᠵᠦ᠍᠂ ᠨᠠᠮ᠎ᠤᠨ᠎ᠢᠶᠠᠨ ᠦᠢᠯᠡᠰ᠎ᠤᠨ ᠲᠦᠯᠦᠭᠡ ᠬᠤᠪᠢ ᠬᠤᠪᠢᠨ᠎ᠤ ᠠᠵᠢᠯ᠎ᠤᠨ ᠪᠠᠢᠷᠢ ᠲᠡᠭᠡᠷ᠎ᠠ᠎ᠪᠠᠨ ᠡᠪ ᠬᠠᠮᠳᠤ ᠨᠠᠮ᠎ᠤᠨ ᠬᠡᠱᠢᠭᠦᠨ᠎ᠤ ᠡᠷᠬᠢᠮ ᠨᠡᠨᠳᠢᠨ ᠬᠡᠪ ᠰᠤᠷᠳᠠᠯ᠂ ᠦᠨᠡᠨᠴᠢ ᠪᠤᠷᠤᠬ᠍ᠵᠢᠭᠤᠨ ᠵᠢᠳᠬᠦᠯ ᠭᠠᠪᠢᠶ᠎ᠠ᠎ᠪᠠᠨ ᠡᠷᠭᠦᠭ᠌ᠰᠡᠨ ᠱᠢᠯᠢᠳᠡᠭ ᠨᠠᠮ᠎ᠤᠨ ᠬᠡᠱᠢᠭᠦᠳ᠎ᠢᠶᠠᠨ ᠦᠵᠡᠭᠡᠳ ᠤᠮᠤᠬ᠍ᠰᠢᠨ ᠵᠤᠷᠢᠬ᠍ᠵᠢᠳᠠᠭ ᠰᠠᠨ᠃ ᠨᠠᠮ ᠮᠠᠨᠢ ᠵᠠᠭᠤᠨ ᠵᠢᠯ᠎ᠤᠨ ᠤᠢ ᠲᠡᠭᠡᠷ᠎ᠠ᠎ᠪᠠᠨ 29 ᠱᠢᠯᠢᠳᠡᠭ ᠨᠠᠮ᠎ᠤᠨ ᠬᠡᠱᠢᠭᠦᠨ᠎ᠢᠶᠠᠨ ᠬᠠᠮᠤᠭ᠎ᠤᠨ ᠲᠡᠭᠡᠳᠤ ᠢᠷᠠᠭᠤ ᠠᠯᠳᠠᠷ᠎ᠢᠶᠠᠷ ᠱᠠᠩᠨᠠᠯ᠎ᠠ᠂ ᠮᠦᠨ ᠪᠦᠬᠦ᠌ ᠨᠠᠮ᠎ᠤᠨ ᠬᠡᠱᠢᠭᠦᠨ ᠪᠤᠯᠥᠨ ᠪᠦᠬᠦ᠌ ᠤᠯᠤᠰ᠎ᠤᠨ ᠡᠯ᠎ᠠ ᠦᠨᠳᠤᠰᠤᠳᠠᠨ᠎ᠤ ᠠᠷᠠᠳ ᠲᠦᠮᠡᠨ᠎ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠨ ᠨᠢᠭᠡ ᠭᠡᠭᠡᠨ ᠲᠤᠯᠢ᠎ᠶ᠋ᠢ ᠤᠯᠭᠤᠯ᠎ᠠ᠃ ᠬᠤᠢᠱᠢᠳᠡ 〈7 · 1 ᠎ᠤ ᠭᠠᠪᠢᠶᠠᠨ ᠲᠡᠮᠳᠡᠭ〉 ᠬᠦᠷᠳᠡᠭ᠌ᠰᠡᠳ᠎ᠢᠶᠠᠷ ᠲᠠᠭᠤᠷᠢᠶᠠᠯ ᠪᠤᠯᠭᠠᠵᠦ᠍᠂ ᠵᠠᠭᠤᠨ ᠵᠢᠯ᠎ᠤᠨ ᠨᠠᠮ᠎ᠤᠨ ᠲᠡᠤᠬᠡ᠎ᠪᠠᠨ ᠰᠠᠢᠳᠤᠷ ᠰᠤᠷᠤᠯᠴᠠᠵᠦ᠍᠂ ᠠᠷᠠᠳ ᠲᠦᠮᠡᠨ᠎ᠳᠤ ᠦᠢᠯᠡᠴᠢᠯᠡᠬᠦ᠌ ᠴᠢᠳᠠᠪᠤᠷᠢ᠎ᠪᠠᠨ ᠲᠡᠭᠡᠭ᠌ᠰᠢᠯᠡᠬᠦᠯᠦᠨ᠂ ᠦᠨᠤᠳᠤᠷ᠎ᠤᠨ ᠡᠭᠦᠷᠭᠡ ᠬᠠᠷᠢᠭᠤᠴᠠᠯᠭ᠎ᠠ᠎ᠳᠠᠭᠠᠨ ᠤᠰᠤᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠭᠡ ᠬᠦᠰᠡᠯ ᠵᠤᠷᠢᠯᠳᠠ᠎ᠪᠠᠨ ᠭᠤᠮᠤᠳᠠᠭᠠᠬᠤ ᠦᠭᠡᠢ ᠵᠢᠳᠬᠦᠯ ᠬᠦᠴᠦᠨ᠎ᠢᠶᠠᠨ ᠦᠵᠡᠬᠦᠯᠬᠦ᠌᠎ᠪᠠᠷ ᠴᠢᠷᠮᠠᠢᠨ᠎ᠠ》 ᠭᠡᠵᠤ ᠪᠠᠢᠯ᠎ᠠ᠃

ᠤᠮᠠᠷᠠᠳᠤ᠎ᠶ᠋ᠢᠨ ᠬᠦᠨᠳᠤ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠤᠨ ᠬᠠᠮᠠᠭᠠᠯᠠᠯᠳᠠ᠎ᠶ᠋ᠢᠨ ᠶᠠᠪᠤᠳᠠᠯ᠎ᠤᠨ ᠬᠡᠯᠳᠡᠰ᠎ᠤᠨ 502 ᠦᠢᠯᠡᠳᠪᠦᠷᠢᠯᠡᠯ᠎ᠤᠨ ᠲᠠᠰᠤᠭ᠎ᠤᠨ ᠨᠠᠮ᠎ᠤᠨ ᠬᠡᠱᠢᠭᠦᠨ ᠮᠠᠨ ᠸᠧᠨ ᠱᠢᠤᠢ᠄ 《〈7 · 1 ᠎ᠤ ᠭᠠᠪᠢᠶᠠᠨ ᠲᠡᠮᠳᠡᠭ〉 ᠬᠦᠷᠳᠡᠭ᠌ᠰᠡᠨ 29 ᠨᠠᠮ᠎ᠤᠨ ᠭᠡᠱᠢᠬᠦᠨ᠎ᠤ ᠦᠢᠯᠡ ᠠᠵᠢᠯᠯᠠᠭ᠎ᠠ ᠮᠠᠨᠤᠰ᠎ᠲᠤ ᠨᠢᠭᠡᠨ ᠨᠠᠮ᠎ᠤᠨ ᠬᠡᠱᠢᠭᠦᠨ ᠶᠠᠭᠠᠬᠢᠪᠠᠯ ᠰᠠᠢ ᠨᠠᠮ ᠠᠷᠠᠳ ᠲᠦᠮᠡᠨ᠎ᠤ᠎ᠪᠠᠨ ᠬᠠᠮᠤᠭ᠎ᠤᠨ ᠶᠡᠭᠡ ᠬᠦᠨᠳᠤᠳᠭᠡᠯ᠎ᠢ ᠤᠯᠳᠠᠭ ᠬᠡᠰᠡᠨ᠎ᠢ ᠬᠦᠨᠵᠡᠭᠡᠢ ᠬᠠᠷᠠᠭᠤᠯᠤᠯ᠎ᠠ᠃ ᠨᠢᠭᠡᠨ ᠵᠠᠯᠠᠭᠤ ᠨᠠᠮ᠎ᠤᠨ ᠬᠡᠱᠢᠭᠦᠨ ᠪᠤᠯᠤᠬ᠍ᠰᠠᠨ᠎ᠤ ᠬᠤᠪᠢ᠎ᠳᠤ᠂ ᠬᠤᠢᠱᠢᠳᠠ ᠡᠳᠡᠭᠡᠷ ᠭᠠᠪᠢᠶᠠᠨ ᠲᠡᠮᠳᠡᠭ ᠬᠦᠷᠳᠡᠭ᠌ᠰᠡᠳ᠎ᠤᠨ ᠪᠡᠶ᠎ᠠ ᠲᠡᠭᠡᠷᠡᠬᠢ ᠵᠤᠷᠢᠭ ᠰᠠᠨᠠᠭᠠᠨ᠎ᠤ ᠬᠦᠴᠦᠨ᠎ᠢ ᠤᠯᠠᠮᠵᠢᠯᠠᠨ ᠵᠠᠯᠭᠠᠮᠵᠢᠯᠠᠵᠦ᠍᠂ ᠪᠤᠳᠠᠳᠤ ᠦᠢᠯᠡᠳᠤᠯᠭᠡ᠎ᠪᠠᠷ᠎ᠢᠶᠠᠨ ᠲᠡᠳᠡ ᠨᠡᠷ᠎ᠠᠴᠠ᠎ᠲᠠᠭᠠᠨ ᠰᠤᠷᠤᠯᠴᠠᠵᠦ᠍᠂ ᠨᠠᠮ ᠠᠷᠠᠳ ᠲᠦᠮᠡᠨ᠎ᠳᠡᠭᠡᠨ ᠬᠡᠷᠡᠭ᠌ᠴᠡᠭᠡᠳᠠᠢ ᠬᠦᠮᠦᠨ ᠪᠤᠯᠤᠨ᠎ᠡ》 ᠭᠡᠵᠦ᠍ ᠰᠡᠳᠭᠢᠯ ᠳᠤᠭ᠍ᠳᠤᠯᠤᠨ ᠶᠠᠷᠢᠵᠦ᠍ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号