ᠡᠬᠡ ᠤᠷᠤᠨ᠎ᠤ᠎ᠪᠠᠨ ᠬᠦᠭ᠌ᠵᠢᠯᠲᠡ᠎ᠳᠤ ᠬᠦᠴᠦ᠎ᠪᠠᠨ ᠡᠷᠬᠦᠨ᠎ᠠ
2021-07-01 10:10:29
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 29 ᠎ᠤ ᠦᠳᠡ᠎ᠶ᠋ᠢᠨ ᠡᠮᠦᠨ᠎ᠡ᠂ 《7 · 1 ᠎ᠤ ᠭᠠᠪᠢᠶᠠᠨ ᠲᠡᠮᠳᠡᠭ》 ᠣᠯᠭᠤᠬᠤ ᠶᠣᠰᠣᠯᠠᠯ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠤᠯᠠᠭᠠᠨᠴᠠᠪ ᠬᠤᠳᠠ᠎ᠶ᠋ᠢᠨ ᠦᠷᠭᠡᠨ ᠤᠯᠠᠨ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠭᠠᠯ ᠭᠠᠷᠴᠠᠢ᠃

ᠥᠪᠥᠷ ᠮᠣᠩᠭᠤᠯ᠎ᠤᠨ ᠮᠢᠨ ᠹᠧᠩ ᠡᠭᠦᠯᠳᠡᠷ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠯᠦ᠍ ᠸᠧᠨ ᠪᠢᠩ᠄ 《ᠳᠤᠮᠳᠠᠳᠤ ᠤᠯᠤᠰ᠎ᠤᠨ ᠡᠪ  ᠬᠠᠮᠲᠤ  ᠨᠠᠮ ᠪᠠᠢᠭᠤᠯᠤᠭ᠍ᠳᠠᠭ᠍ᠰᠠᠨ 100 ᠵᠢᠯ ᠎ᠤᠨ ᠤᠢ᠎ᠶ᠋ᠢ ᠪᠡᠯᠭᠡᠯᠡᠬᠦ᠌ 〈7 · 1 ᠎ᠤ ᠭᠠᠪᠢᠶᠠᠨ ᠲᠡᠮᠳᠡᠭ〉 ᠣᠯᠭᠤᠬᠤ ᠶᠣᠰᠣᠯᠠᠯ ᠳᠡᠭᠡᠷᠡᠬᠢ ᠶᠡᠷᠦᠩᠬᠡᠢ ᠱᠦᠵᠢ᠎ᠶ᠋ᠢᠨ ᠶᠠᠷᠢᠶ᠎ᠠ᠎ᠨᠢ ᠪᠢᠳᠡᠨ᠎ᠳᠤ ᠡᠷᠡᠮᠡᠭᠡᠢᠯᠡᠨ ᠤᠷᠤᠭ᠍ᠰᠢᠯᠠᠬᠤ ᠡᠷᠴᠢ ᠬᠦᠴᠦᠨ ᠤᠯᠭᠤᠯ᠎ᠠ᠃ ᠥᠪᠥᠷ ᠮᠣᠩᠭᠤᠯ᠎ᠤᠨ ᠮᠢᠨ ᠹᠧᠩ ᠡᠭᠦᠯᠳᠡᠷ᠎ᠤᠨ ᠦᠢᠯᠡᠰ᠎ᠤᠨ ᠬᠢᠵᠠᠭᠠᠷᠲᠤ ᠺᠣᠮᠫᠠᠨᠢ 〈ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠤᠯᠤᠰ᠎ᠤᠨ ᠭᠤᠣᠯᠳᠠᠯᠭ᠎ᠠ᠎ᠲᠠᠢ ᠲᠠᠭᠠᠭᠤᠯᠤᠬ᠍ᠴᠢ ᠠᠵᠤ ᠠᠬᠤᠢᠯᠠᠯ〉 ᠪᠣᠯᠤᠭ᠍ᠰᠠᠨ᠎ᠤ ᠬᠤᠪᠢ᠎ᠳᠤ᠂ ᠶᠡᠷᠤᠩᠬᠡᠢ ᠱᠦᠵᠢ ᠰᠢ᠎ᠶ᠋ᠢᠨ ᠫᠢᠩ᠎ᠤᠨ ᠶᠠᠷᠢᠶᠠᠨ᠎ᠤ ᠴᠢᠬᠤᠯᠠ ᠴᠢᠨᠠᠷ᠎ᠢ ᠭᠦᠨᠵᠡᠭᠡᠢ ᠣᠢᠯᠠᠭᠠᠵᠤ᠂ ᠲᠠᠷᠢᠶᠠᠯᠠᠩ᠎ᠤᠨ ᠬᠥᠭ᠌ᠵᠢᠯᠲᠡ᠎ᠶ᠋ᠢᠨ ᠵᠠᠮ ᠳᠡᠭᠡᠷ᠎ᠡ ᠨᠡᠩ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠤᠶᠤᠨ ᠤᠬᠠᠭᠠᠨ᠎ᠢᠶᠠᠨ ᠱᠢᠪᠬᠠᠨ ᠵᠢᠳᠬᠦᠨ᠎ᠠ᠃ ᠲᠠᠷᠢᠶᠠᠯᠠᠩ᠎ᠤᠨ ᠬᠥᠭ᠌ᠵᠢᠯᠲᠡ᠎ᠶ᠋ᠢᠨ ᠡᠭᠦᠷᠭᠡ ᠬᠦᠨᠳᠦ ᠵᠠᠮ ᠬᠤᠯᠠ᠂ ᠮᠢᠨ ᠹᠧᠩ ᠡᠭᠦᠯᠳᠡᠷ᠎ᠤᠨ ᠦᠢᠯᠡᠰ᠎ᠤᠨ ᠪᠦᠬᠦ᠌ ᠠᠵᠢᠯᠲᠠᠳ ᠡᠷᠬᠡᠪᠰᠢ ᠢᠲᠡᠭᠡᠯ ᠪᠢᠱᠢᠷᠡᠯ᠎ᠢᠶᠠᠨ ᠪᠠᠲᠤᠳᠭᠠᠨ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠤᠯᠤᠰ᠎ᠤᠨ ᠴᠢᠭ᠌ᠯᠡᠯᠲᠡ᠎ᠶ᠋ᠢ ᠲᠠᠭᠠᠵᠤ᠂ ᠠᠷᠠᠳ ᠲᠦᠮᠡᠨ᠎ᠤ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠲᠠᠷᠢᠶᠠᠯᠠᠩ᠎ᠤᠨ ᠦᠢᠯᠡᠰ᠎ᠢ ᠯᠠᠪᠳᠠᠭᠤᠨ ᠪᠠᠲᠤᠲᠠᠢ ᠬᠥᠭ᠌ᠵᠢᠭᠦᠯᠤᠨ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠤᠨ ᠬᠦᠴᠦᠨ ᠪᠣᠯᠬᠤ᠎ᠶ᠋ᠢ ᠪᠠᠲᠤ ᠴᠡᠭᠡᠵᠢᠯᠡᠵᠦ᠍᠂ ᠲᠠᠰᠤᠷᠠᠯᠲᠠ ᠤᠢ᠍ᠭᠡᠢ ᠱᠢᠨ᠎ᠡ᠎ᠶ᠋ᠢ ᠡᠭᠦᠳᠴᠦ᠍᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ᠎ᠳᠤ ᠪᠤᠶᠠᠨ ᠦᠢᠯᠡᠳᠬᠦ᠌᠎ᠪᠠᠷ ᠵᠢᠳᠬᠦᠨ᠎ᠠ》 ᠬᠡᠵᠤ ᠶᠠᠷᠢᠵᠠᠢ᠃

ᠳᠥᠷᠪᠡᠳ ᠬᠤᠱᠢᠭᠤᠨ᠎ᠤ ᠬᠤᠨᠭ᠌ᠭᠤᠷ ᠰᠤᠮᠤᠨ᠎ᠤ ᠨᠠᠮ᠎ᠤᠨ ᠬᠤᠷᠢᠶᠠᠨ᠎ᠤ ᠭᠡᠱᠢᠭᠦᠨ᠂ ᠵᠡᠪᠰᠡᠭ᠌ᠲᠦ ᠬᠦᠴᠦᠨ᠎ᠤ ᠬᠡᠯᠲᠡᠰ᠎ᠤᠨ ᠳᠠᠷᠤᠭ᠎ᠠ ᠬᠠᠰᠪᠠᠭᠠᠲᠤᠷ᠄ 《ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ 〈7 · 1 ᠎ᠤ ᠭᠠᠪᠢᠶᠠᠨ ᠲᠡᠮᠳᠡᠭ〉 ᠣᠯᠭᠤᠬᠤ ᠶᠣᠰᠣᠯᠠᠯ᠎ᠢ ᠦᠵᠡᠭ᠌ᠰᠡᠨ᠎ᠤ ᠳᠠᠷᠠᠭ᠎ᠠ᠂ ᠪᠢ ᠮᠠᠰᠢ ᠰᠡᠳᠭᠢᠯ ᠳᠣᠭ᠍ᠳᠣᠯᠪᠠ᠃ ᠶᠣᠰᠣᠯᠠᠯ ᠳᠡᠭᠡᠷ᠎ᠡ ᠪᠦᠬᠦ᠌ ᠤᠯᠤᠰ᠎ᠤᠨ ᠤᠯᠠᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠢ ᠬᠥᠬᠢᠭᠦᠯᠦᠨ ᠰᠠᠢᠱᠢᠶᠠᠪᠠ᠂ ᠪᠢ ᠨᠢᠭᠡᠨ ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠳᠠᠷᠤᠤ ᠬᠢᠴᠢᠶᠡᠩᠭᠦᠢ᠎ᠪᠠᠷ ᠲᠡᠳᠡᠭᠡᠷ ᠱᠢᠯᠢᠳᠡᠭ ᠡᠪ ᠬᠠᠮᠲᠤ ᠨᠠᠮ᠎ᠤᠨ ᠭᠡᠱᠢᠭᠦᠳ᠎ᠠᠴᠠ ᠰᠤᠷᠤᠯᠴᠠᠵᠤ᠂ ᠲᠡᠳᠡᠨ᠎ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠ ᠡᠷᠬᠢᠮ ᠳᠡᠭᠡᠳᠦ ᠵᠠᠩ ᠴᠢᠨᠠᠷ᠎ᠢ ᠰᠤᠷᠤᠯᠴᠠᠵᠤ᠂ ᠴᠠᠭ ᠢᠮᠠᠭ᠍ᠲᠠ ᠥᠪᠡᠷ᠎ᠢ᠎ᠪᠠᠨ ᠴᠢᠩᠭ᠎ᠠ ᠱᠠᠭᠠᠷᠳᠠᠵᠤ᠂ ᠠᠵᠢᠯ᠎ᠤᠨ ᠪᠠᠢᠷᠢ ᠲᠡᠭᠡᠷ᠎ᠠ᠎ᠪᠠᠨ ᠨᠠᠮ᠎ᠤᠨ ᠱᠢᠨᠵᠢ ᠴᠢᠨᠠᠷ ᠵᠣᠷᠢᠯᠲᠠ᠎ᠶ᠋ᠢ ᠪᠠᠲᠤ ᠴᠡᠭᠡᠵᠢᠯᠡᠵᠦ᠍᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠪᠠᠲᠤ ᠴᠡᠭᠡᠵᠢᠯᠡᠵᠦ᠍᠂ ᠴᠥᠬᠦᠷᠡᠰᠢ ᠦᠭᠡᠢ ᠲᠡᠮᠡᠴᠡᠵᠦ᠍᠂ ᠡᠬᠡ ᠤᠷᠤᠨ᠎ᠤ᠎ᠪᠠᠨ ᠬᠦᠭ᠌ᠵᠢᠯᠲᠡ᠎ᠳᠤ ᠬᠦᠴᠦ᠎ᠪᠠᠨ ᠡᠷᠬᠦᠨ᠎ᠠ》 ᠬᠡᠵᠤ ᠪᠠᠢᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号