ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶ᠋ᠢᠨ ᠲᠤᠭ᠎ᠠ ᠪᠦᠷᠢᠳᠭᠡᠯ᠎ᠤᠨ ᠠᠯᠪᠠᠨ ᠮᠡᠳᠡᠭᠡ
2021-07-01 10:09:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ

2021 ᠣᠨ᠎ᠤ 6 ᠰᠠᠷ᠎ᠠ᠎ᠶ᠋ᠢᠨ 5 ᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠎ᠤ ᠶᠡᠷᠦᠩᠬᠡᠶ ᠲᠤᠭ᠎ᠠ 9514.8 ᠲᠦᠮᠡ ᠪᠣᠯᠵᠣ᠂ 2019 ᠣᠨ᠎ᠤ ᠡᠴᠦᠰ᠎ᠤᠨ᠎ᠬᠢ᠎ᠠᠴᠠ 323.4 ᠲᠦᠮᠡ ᠴᠡᠪᠡᠷ ᠨᠡᠮᠡᠭ᠌ᠳᠡᠵᠦ᠍᠂ ᠨᠡᠮᠡᠭ᠌ᠳᠡᠯ᠎ᠤᠨ ᠬᠡᠮᠵᠢᠶ᠎ᠡ᠎ᠨᠢ 3.5% ᠪᠣᠯᠵᠠᠶ᠃

ᠳᠤᠮᠳᠠᠳᠤ ᠤᠯᠤᠰ᠎ᠤᠨ ᠡᠪ ᠬᠠᠮᠲᠤ ᠨᠠᠮ ᠣᠲᠣ 486.4 ᠲᠦᠮᠡᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠲᠠᠢ ᠪᠣᠯᠵᠣ᠂ 2019 ᠣᠨ᠎ᠤ ᠡᠴᠦᠰ᠎ᠤᠨ᠎ᠬᠢ᠎ᠠᠴᠠ 18.2 ᠲᠦᠮᠡ ᠴᠡᠪᠡᠷ ᠨᠡᠮᠡᠭ᠌ᠲᠡᠵᠦ᠍᠂ ᠨᠡᠮᠡᠭ᠌ᠳᠡᠯ᠎ᠤᠨ ᠬᠡᠮᠵᠢᠶ᠎ᠡ᠎ᠨᠢ 3.9 % ᠪᠣᠯᠵᠠᠶ᠃ ᠡᠭᠦᠨ᠎ᠳᠤ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ 27.3 ᠲᠦᠮᠡ᠂ ᠨᠠᠮ᠎ᠤᠨ ᠶᠡᠷᠦᠩᠬᠡᠢ ᠡᠭᠦᠷ 31.4 ᠲᠦᠮᠡ᠂ ᠨᠠᠮ᠎ᠤᠨ ᠡᠭᠦᠷ 427.7 ᠲᠦᠮᠡ ᠪᠤᠢ᠃

ᠨᠢᠭᠡ᠂ ᠨᠠᠮ᠎ᠤᠨ ᠭᠡᠱᠢᠭᠦᠨ᠎ᠤ ᠡᠩᠨᠡᠭᠡ᠎ᠶ᠋ᠢᠨ ᠪᠠᠢᠳᠠᠯ

ᠨᠠᠮ᠎ᠤᠨ ᠭᠡᠱᠢᠭᠦᠨ᠎ᠤ ᠬᠦᠢᠰᠦ᠎ᠶ᠋ᠢᠨ ᠢᠯᠭᠠᠯ᠂ ᠦᠨᠳᠦᠰᠦᠲᠡᠨ ᠪᠠ ᠰᠤᠷᠤᠯᠭ᠎ᠠ᠎ᠶ᠋ᠢᠨ ᠨᠠᠮᠲᠠᠷ᠃ ᠡᠮᠡᠭ᠌ᠲᠡᠶ ᠨᠠᠮ᠎ᠤᠨ ᠭᠡᠱᠢᠭᠦᠨ 2745.0 ᠲᠦᠮᠡ ᠪᠣᠯᠵᠣ᠂ ᠨᠠᠮ᠎ᠤᠨ ᠭᠡᠱᠢᠭᠦᠨ᠎ᠤ ᠪᠦᠬᠦ᠌ ᠲᠣᠭᠠᠨ᠎ᠤ 28.8 % ᠎ᠶ᠋ᠢ ᠡᠵᠡᠯᠡᠪᠡ᠃ ᠴᠥᠭᠡᠨ ᠲᠣᠭᠠᠲᠤ ᠦᠨᠳᠦᠰᠦᠲᠡᠨ᠎ᠤ ᠨᠠᠮ᠎ᠤᠨ ᠭᠡᠱᠢᠭᠦᠨ 713.5 ᠲᠦᠮᠡ ᠪᠣᠯᠵᠣ᠂ 7.5% ᠎ᠶ᠋ᠢ ᠡᠵᠡᠯᠡᠪᠡ᠃ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠰᠤᠷᠭᠠᠭᠤᠯᠢ ᠵᠢᠴᠢ ᠲᠡᠭᠦᠨ᠎ᠠᠴᠠ ᠳᠡᠭᠡᠭ᠌ᠰᠢᠬᠢ ᠰᠤᠷᠤᠯᠭ᠎ᠠ᠎ᠶ᠋ᠢᠨ ᠨᠠᠮᠲᠠᠷ᠎ᠲᠠᠢ ᠨᠠᠮ᠎ᠤᠨ ᠭᠡᠱᠢᠭᠦᠨ 4951.3 ᠲᠦᠮᠡ ᠪᠠᠢᠵᠤ᠂ 52.0 % ᠎ᠢ ᠡᠵᠡᠯᠡᠪᠡ᠃

ᠨᠠᠮ᠎ᠤᠨ ᠭᠡᠱᠢᠭᠦᠨ᠎ᠤ ᠨᠠᠰᠤ ᠵᠢᠯ᠃ 30 ᠨᠠᠰᠤ ᠵᠢᠴᠢ ᠲᠡᠭᠦᠨ᠎ᠠᠴᠠ ᠳᠣᠷᠣᠭ᠍ᠰᠢᠬᠢ ᠨᠠᠰᠤᠨ᠎ᠤ ᠨᠠᠮ᠎ᠤᠨ ᠭᠡᠱᠢᠭᠦᠨ 1255.3 ᠲᠦᠮᠡ᠂ 31 ᠎ᠠᠴᠠ 35 ᠨᠠᠰᠤᠨ᠎ᠤ ᠨᠠᠮ᠎ᠤᠨ ᠭᠡᠱᠢᠭᠦᠨ 1112.6 ᠲᠦᠮᠡ᠂ 36 ᠎ᠠᠴᠠ 40 ᠨᠠᠰᠤᠨ᠎ᠤ ᠨᠠᠮ᠎ᠤᠨ ᠭᠡᠱᠢᠭᠦᠨ 939.0 ᠲᠦᠮᠡ᠂ 41 ᠎ᠠᠴᠠ 45 ᠨᠠᠰᠤᠨ᠎ᠤ ᠨᠠᠮ᠎ᠤᠨ ᠭᠡᠱᠢᠭᠦᠨ 876.0 ᠲᠦᠮᠡ᠂ 46 ᠎ᠠᠴᠠ 50 ᠨᠠᠰᠤᠨ᠎ᠤ ᠨᠠᠮ᠎ᠤᠨ ᠭᠡᠱᠢᠭᠦᠨ 938.2 ᠲᠦᠮᠡ᠂ 51 ᠎ᠠᠴᠠ 55 ᠨᠠᠰᠤᠨ᠎ᠤ ᠨᠠᠮ᠎ᠤᠨ ᠭᠡᠱᠢᠭᠦᠨ 867.1 ᠲᠦᠮᠡ᠂ 56 ᠎ᠠᠴᠠ 60 ᠨᠠᠰᠤᠨ᠎ᠤ ᠨᠠᠮ᠎ᠤᠨ ᠭᠡᠱᠢᠭᠦᠨ 833.7 ᠲᠦᠮᠡ᠂ 61 ᠨᠠᠰᠤ ᠵᠢᠴᠢ ᠲᠡᠭᠦᠨ᠎ᠠᠴᠠ ᠳᠡᠭᠡᠭ᠌ᠰᠢᠬᠢ ᠨᠠᠮ᠎ᠤᠨ ᠭᠡᠱᠢᠭᠦᠨ 2693.0 ᠲᠦᠮᠡ ᠪᠠᠢᠨ᠎ᠠ᠃

ᠨᠠᠮ᠎ᠤᠨ ᠭᠡᠱᠢᠭᠦᠨ᠎ᠤ ᠨᠠᠮ᠎ᠳᠤ ᠤᠷᠤᠭ᠍ᠰᠠᠨ ᠴᠠᠭ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠠᠴᠠ ᠡᠮᠦᠨ᠎ᠡ 13.4 ᠲᠦᠮᠡᠨ ᠬᠥᠮᠦᠨ ᠨᠠᠮ᠎ᠳᠤ ᠣᠷᠣᠵᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠬᠤ ᠪᠣᠯᠲᠠᠯ᠎ᠠ 1455.5 ᠲᠦᠮᠡᠨ ᠬᠥᠮᠦᠨ ᠨᠠᠮ᠎ᠳᠤ ᠣᠷᠣᠵᠤ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ ᠬᠤᠷᠠᠯᠳᠤᠬᠤ ᠪᠣᠯᠲᠠᠯ᠎ᠠ 6094.3 ᠲᠦᠮᠡᠨ ᠬᠥᠮᠦᠨ ᠨᠠᠮ᠎ᠳᠤ ᠣᠷᠣᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ 1951.6 ᠲᠦᠮᠡᠨ ᠬᠥᠮᠦᠨ ᠨᠠᠮ᠎ᠳᠤ ᠣᠷᠣᠵᠠᠶ᠃

ᠨᠠᠮ᠎ᠤᠨ ᠭᠡᠱᠢᠭᠦᠨ᠎ᠤ ᠲᠤᠬᠠᠢᠯᠠᠬ᠍ᠰᠠᠨ ᠠᠵᠢᠯ᠃ ᠠᠵᠢᠯᠴᠢᠨ (  ᠦᠢᠯᠡᠴᠢᠯᠡᠭᠡᠨ᠎ᠤ ᠠᠵᠢᠯ᠎ᠤᠨ ᠮᠡᠷᠭᠡᠵᠢᠯ᠎ᠤᠨ ᠠᠵᠢᠯᠲᠠᠨ) 648.1 ᠲᠦᠮᠡ᠂ ᠲᠠᠷᠢᠶᠠᠴᠢᠨ ᠮᠠᠯᠴᠢᠨ ᠵᠢᠭᠠᠰᠤᠴᠢᠨ 2581.7 ᠲᠦᠮᠡ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠮᠡᠷᠭᠡᠵᠢᠯ᠎ᠤᠨ ᠠᠵᠢᠯᠲᠠᠨ 1507.5 ᠲᠦᠮᠡ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ 1061.2 ᠲᠦᠮᠡ᠂ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠵᠢᠯᠲᠠᠨ 777.3 ᠲᠦᠮᠡ᠂ ᠰᠣᠷᠣᠭ᠍ᠴᠢ 306.7 ᠲᠦᠮᠡ᠂ ᠪᠤᠰᠤᠳ ᠠᠵᠢᠯ ᠮᠡᠷᠭᠡᠵᠢᠯ᠎ᠤᠨ ᠠᠵᠢᠯᠲᠠᠨ 720.5 ᠲᠦᠮᠡ᠂ ᠠᠵᠢᠯ᠎ᠠᠴᠠ᠎ᠪᠠᠨ ᠲᠠᠷᠬᠠᠯᠠᠬ᠍ᠲᠠᠵᠦ᠍ ᠠᠵᠢᠯ᠎ᠠᠴᠠ᠎ᠪᠠᠨ ᠠᠮᠠᠷᠠᠬ᠍ᠰᠠᠳ 1911.8 ᠲᠦᠮᠡ ᠪᠣᠶ᠃

ᠬᠤᠶᠠᠷ᠂ ᠨᠠᠮ᠎ᠤᠨ ᠭᠡᠱᠢᠭᠦᠨ ᠡᠯᠰᠡᠭ᠌ᠰᠡᠨ ᠪᠠᠢᠳᠠᠯ

2020 ᠣᠨ᠎ᠤ 1 ᠰᠠᠷ᠎ᠠ᠎ᠶ᠋ᠢᠨ 1 ᠎ᠤ ᠡᠳᠦᠷ᠎ᠠᠴᠠ 2021 ᠣᠨ᠎ᠤ 6 ᠰᠠᠷ᠎ᠠ᠎ᠶ᠋ᠢᠨ 5 ᠎ᠤ ᠡᠳᠦᠷ ᠪᠣᠯᠲᠠᠯ᠎ᠠ ᠨᠡᠢᠲᠡ 473.9 ᠲᠦᠮᠡᠨ ᠨᠠᠮ᠎ᠤᠨ ᠭᠡᠱᠢᠭᠦᠨ ᠡᠯᠰᠡᠪᠡ᠂ ᠡᠭᠦᠨ᠎ᠳᠤ 2020 ᠣᠨ᠎ᠤ 1 ᠰᠠᠷ᠎ᠠ᠎ᠶ᠋ᠢᠨ 1 ᠎ᠤ ᠡᠳᠦᠷ᠎ᠠᠴᠠ 12 ᠰᠠᠷ᠎ᠠ᠎ᠶ᠋ᠢᠨ 31 ᠎ᠤ ᠡᠳᠦᠷ ᠪᠣᠯᠲᠠᠯ᠎ᠠ 242.7 ᠲᠦᠮᠡᠨ ᠨᠠᠮ᠎ᠤᠨ ᠭᠡᠱᠢᠭᠦᠨ ᠡᠯᠰᠡᠵᠦ᠍᠂ 2021 ᠣᠨ᠎ᠤ 1 ᠰᠠᠷ᠎ᠠ᠎ᠶ᠋ᠢᠨ 1 ᠎ᠤ ᠡᠳᠦᠷ᠎ᠠᠴᠠ 6 ᠰᠠᠷ᠎ᠠ᠎ᠶ᠋ᠢᠨ 5 ᠎ᠤ ᠡᠳᠦᠷ ᠪᠣᠯᠲᠠᠯ᠎ᠠ 231.2 ᠲᠦᠮᠡᠨ ᠨᠠᠮ᠎ᠤᠨ ᠭᠡᠱᠢᠭᠦᠨ ᠡᠯᠰᠡᠪᠡ᠃

ᠡᠯᠰᠡᠭ᠌ᠰᠡᠨ ᠨᠠᠮ᠎ᠤᠨ ᠭᠡᠱᠢᠭᠦᠨ᠎ᠤ ᠬᠦᠢᠰᠦ᠎ᠶ᠋ᠢᠨ ᠢᠯᠭᠠᠯ᠂ ᠦᠨᠳᠦᠰᠦᠲᠡᠨ᠂ ᠨᠠᠰᠤ ᠵᠢᠯ ᠪᠠ ᠰᠤᠷᠤᠯᠭ᠎ᠠ᠎ᠶ᠋ᠢᠨ ᠨᠠᠮᠲᠠᠷ᠃ 212.4 ᠲᠦᠮᠡᠨ ᠡᠮᠡᠭ᠌ᠲᠡᠶ ᠨᠠᠮ᠎ᠤᠨ ᠭᠡᠱᠢᠭᠦᠨ ᠡᠯᠰᠡᠵᠦ᠍᠂ 44.8% ᠎ᠶ᠋ᠢ ᠡᠵᠡᠯᠡᠪᠡ᠃ ᠴᠥᠭᠡᠨ ᠲᠣᠭᠠᠲᠤ ᠦᠨᠳᠦᠰᠦᠲᠡᠨ᠎ᠤ ᠨᠠᠮ᠎ᠤᠨ ᠭᠡᠱᠢᠭᠦᠨ᠎ᠢ 45.1 ᠲᠦᠮᠡ ᠡᠯᠰᠡᠵᠦ᠍᠂ 9.5% ᠎ᠶ᠋ᠢ ᠡᠵᠡᠯᠡᠪᠡ᠃ 35 ᠨᠠᠰᠤ ᠵᠢᠴᠢ ᠲᠡᠭᠦᠨ᠎ᠠᠴᠠ ᠳᠣᠷᠣᠭ᠍ᠰᠢᠬᠢ ᠨᠠᠰᠤᠨ᠎ᠤ ᠨᠠᠮ᠎ᠤᠨ ᠭᠡᠱᠢᠭᠦᠨ᠎ᠢ 382.4 ᠲᠦᠮᠡ ᠡᠯᠰᠡᠵᠦ᠍᠂ 80.7% ᠎ᠶ᠋ᠢ ᠡᠵᠡᠯᠡᠪᠡ᠃ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠰᠤᠷᠭᠠᠭᠤᠯᠢ ᠵᠢᠴᠢ ᠲᠡᠭᠦᠨ᠎ᠠᠴᠠ ᠳᠡᠭᠡᠭ᠌ᠰᠢᠬᠢ ᠰᠤᠷᠤᠯᠭ᠎ᠠ᠎ᠶ᠋ᠢᠨ ᠨᠠᠮᠲᠠᠷ᠎ᠲᠠᠢ ᠨᠠᠮ᠎ᠤᠨ ᠭᠡᠱᠢᠭᠦᠨ᠎ᠢ 222.0 ᠲᠦᠮᠡ ᠡᠯᠰᠡᠵᠦ᠍᠂ 46.8% ᠎ᠶ᠋ᠢ ᠡᠵᠡᠯᠡᠪᠡ᠃

ᠡᠯᠰᠡᠭ᠌ᠰᠡᠨ ᠨᠠᠮ᠎ᠤᠨ ᠭᠡᠱᠢᠭᠦᠨ᠎ᠤ ᠲᠤᠬᠠᠢᠯᠠᠬ᠍ᠰᠠᠨ ᠠᠵᠢᠯ᠃ ᠠᠵᠢᠯᠴᠢᠨ (ᠦᠢᠯᠡᠴᠢᠯᠡᠭᠡᠨ᠎ᠤ ᠠᠵᠢᠯ᠎ᠤᠨ ᠮᠡᠷᠭᠡᠵᠢᠯ᠎ᠤᠨ ᠠᠵᠢᠯᠲᠠᠨ) 27.3 ᠲᠦᠮᠡ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠮᠡᠷᠭᠡᠵᠢᠯ᠎ᠤᠨ ᠠᠵᠢᠯᠲᠠᠨ 68.5 ᠲᠦᠮᠡ᠂ ᠠᠵᠤ ᠠᠬᠤᠢᠯᠠᠯ ᠠᠵᠢᠯ  ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ 49.8 ᠲᠦᠮᠡ᠂ ᠲᠠᠷᠢᠶᠠᠴᠢᠨ ᠮᠠᠯᠴᠢᠨ ᠵᠢᠭᠠᠰᠤᠴᠢᠨ 79.5 ᠲᠦᠮᠡ᠂ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠵᠢᠯᠲᠠᠨ 27.4 ᠲᠦᠮᠡ᠂ ᠰᠣᠷᠣᠭ᠍ᠴᠢ 187.2 ᠲᠦᠮᠡ᠂ ᠪᠤᠰᠤᠳ ᠠᠵᠢᠯ ᠮᠡᠷᠭᠡᠵᠢᠯ᠎ᠤᠨ ᠠᠵᠢᠯᠲᠠᠨ 34.1 ᠲᠦᠮᠡ ᠪᠣᠶ᠃ ᠦᠢᠯᠡᠳᠪᠦᠷᠢᠯᠡᠯ᠂ ᠠᠵᠢᠯ᠎ᠤᠨ ᠨᠢᠭᠡᠳᠦᠭᠡᠷ ᠹᠷᠣᠨᠲ᠎ᠲᠤ 247.0 ᠲᠦᠮᠡᠨ ᠨᠠᠮ᠎ᠤᠨ ᠭᠡᠱᠢᠭᠦᠨ ᠡᠯᠰᠡᠪᠡ᠃

ᠭᠤᠷᠪᠠ᠂ ᠨᠠᠮ᠎ᠤᠨ ᠳᠣᠲᠣᠭᠠᠳᠤ᠎ᠶ᠋ᠢᠨ ᠬᠥᠬᠢᠭᠦᠯᠦᠨ ᠰᠠᠢᠱᠢᠶᠠᠭ᠍ᠰᠠᠨ ᠪᠠᠢᠳᠠᠯ

2020 ᠣᠨ᠎ᠤ 1 ᠰᠠᠷ᠎ᠠ᠎ᠶ᠋ᠢᠨ 1 ᠎ᠤ ᠡᠳᠦᠷ᠎ᠠᠴᠠ 2021 ᠣᠨ᠎ᠤ 6 ᠰᠠᠷ᠎ᠠ᠎ᠶ᠋ᠢᠨ 5 ᠎ᠤ ᠡᠳᠦᠷ ᠪᠣᠯᠲᠠᠯ᠎ᠠ ᠪᠦᠬᠦ᠌ ᠤᠯᠤᠰ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠡᠢᠳᠡ 15.3 ᠲᠦᠮᠡᠨ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠬᠥᠬᠢᠭᠦᠯᠦᠨ ᠰᠠᠢᠱᠢᠶᠠᠵᠤ᠂ 77.3 ᠲᠦᠮᠡᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠢ ᠬᠥᠬᠢᠭᠦᠯᠦᠨ ᠰᠠᠢᠱᠢᠶᠠᠵᠤ᠂ 17.1 ᠲᠦᠮᠡᠨ ᠱᠢᠯᠢᠳᠡᠭ ᠨᠠᠮ᠎ᠤᠨ ᠠᠵᠢᠯᠳᠠᠨ᠎ᠢ ᠬᠥᠬᠢᠭᠦᠯᠦᠨ ᠰᠠᠢᠱᠢᠶᠠᠪᠠ᠃

ᠲᠦᠷᠪᠡ᠂ ᠨᠠᠮ᠎ᠳᠤ ᠣᠷᠣᠬᠤ᠎ᠪᠠᠷ ᠡᠷᠡᠮᠡᠯᠵᠡᠭ᠌ᠰᠡᠨ ᠪᠠᠢᠳᠠᠯ

2021 ᠣᠨ᠎ᠤ 6 ᠰᠠᠷ᠎ᠠ᠎ᠶ᠋ᠢᠨ 5 ᠎ᠤ ᠡᠳᠦᠷ ᠪᠣᠯᠲᠠᠯ᠎ᠠ᠂ ᠪᠦᠬᠦ᠌ ᠤᠯᠤᠰ᠎ᠤᠨ ᠨᠠᠮ᠎ᠳᠤ ᠣᠷᠣᠬᠤ᠎ᠪᠠᠷ ᠡᠷᠡᠮᠡᠯᠵᠡᠭ᠌ᠰᠡᠨ ᠬᠥᠮᠦᠨ 2005.5 ᠲᠦᠮᠡ᠂ ᠨᠠᠮ᠎ᠳᠤ ᠤᠷᠤᠬᠤ ᠢᠳᠡᠪᠬᠢᠲᠡᠨ 1005.7 ᠲᠦᠮᠡ ᠪᠤᠢ᠃

ᠲᠠᠪᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠳᠠᠯ

ᠨᠠᠮ᠎ᠤᠨ ᠣᠷᠣᠨ ᠨᠤᠲᠤᠭ᠎ᠤᠨ  ᠬᠤᠷᠢᠶ᠎ᠠ᠃ ᠪᠦᠬᠦ᠌ ᠤᠯᠤᠰ᠎ᠲᠤ ᠨᠠᠮ᠎ᠤᠨ ᠡᠯ᠎ᠡ ᠱᠠᠲᠤᠨ᠎ᠤ ᠣᠷᠣᠨ ᠨᠤᠲᠤᠭ᠎ᠤᠨ ᠬᠤᠷᠢᠶ᠎ᠠ ᠨᠡᠢᠲᠡ 3199 ᠪᠤᠢ᠃ ᠡᠭᠦᠨ᠎ᠤ ᠳᠣᠲᠣᠷ᠎ᠠ ᠮᠤᠵᠢ (ᠣᠷᠣᠨ᠂ ᠬᠤᠳᠠ) ᠎ᠶ᠋ᠢᠨ ᠨᠠᠮ᠎ᠤᠨ  ᠬᠤᠷᠢᠶ᠎ᠠ  31᠂ ᠬᠤᠳᠠ (ᠵᠧᠦ) ᠎ᠶ᠋ᠢᠨ ᠨᠠᠮ᠎ᠤᠨ ᠬᠤᠷᠢᠶ᠎ᠠ 397᠂ ᠱᠢᠶᠠᠨ (ᠬᠤᠳᠠ᠂ ᠲᠣᠭᠤᠷᠢᠭ᠂ ᠬᠤᠱᠢᠭᠤ) ᠎ᠤ ᠨᠠᠮ᠎ᠤᠨ  ᠬᠤᠷᠢᠶ᠎ᠠ 2771 ᠪᠤᠢ᠃

ᠬᠤᠲᠠ᠎ᠶ᠋ᠢᠨ ᠵᠡᠭᠡᠯᠢ ᠭᠤᠳᠤᠮᠵᠢ᠂ ᠱᠢᠶᠠᠩ ᠪᠠᠯᠭᠠᠰᠤ᠂ ᠨᠡᠢᠭᠡᠮ ᠲᠣᠭᠤᠷᠢᠭ (ᠰᠠᠭᠤᠭᠠᠯᠢ ᠠᠷᠠᠳ᠎ᠤᠨ ᠵᠥᠪᠯᠡᠯ)᠂ ᠵᠠᠰᠠᠭ ᠵᠠᠬᠢᠷᠭᠠᠨ᠎ᠤ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠃ ᠪᠥᠬᠦ᠌ ᠤᠯᠤᠰ᠎ᠤᠨ 8942 ᠬᠤᠲᠠ᠎ᠶ᠋ᠢᠨ ᠵᠡᠭᠡᠯᠢ ᠭᠤᠳᠤᠮᠵᠢ᠂ 29693 ᠱᠢᠶᠠᠩ ᠪᠠᠯᠭᠠᠰᠤ᠂ 113268 ᠨᠡᠢᠭᠡᠮ ᠲᠣᠭᠤᠷᠢᠭ (ᠰᠠᠭᠤᠭᠠᠯᠢ ᠠᠷᠠᠳ᠎ᠤᠨ ᠵᠥᠪᠯᠡᠯ)᠂ 491748 ᠵᠠᠰᠠᠭ ᠵᠠᠬᠢᠷᠭᠠᠨ᠎ᠤ ᠲᠣᠰᠭᠤᠨ᠎ᠳᠤ ᠨᠢᠭᠡᠨᠲᠡ ᠨᠠᠮ᠎ᠤᠨ ᠵᠣᠬᠢᠶᠠᠨ ᠪᠠᠢᠭᠤᠯᠤᠯᠲᠠ᠎ᠲᠠᠢ ᠪᠤᠯᠵᠥ᠍᠂ ᠪᠦᠷᠬᠦᠴᠡ᠎ᠶ᠋ᠢᠨ ᠨᠣᠷᠮ᠎ᠠ᠎ᠨᠢ ᠴᠥᠮ 99.9% ᠎ᠶ᠋ᠢ ᠳᠠᠪᠠᠵᠠᠢ᠃

ᠪᠠᠢᠭᠤᠯᠭ᠎ᠠ᠂ ᠠᠵᠢᠯ ᠦᠢᠯᠡᠰ᠎ᠤᠨ ᠨᠢᠭᠡᠴᠢ᠂ ᠠᠵᠤ ᠠᠬᠤᠢᠯᠠᠯ ᠪᠠ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠃ ᠪᠦᠬᠦ᠌ ᠤᠯᠤᠰ᠎ᠲᠤ ᠪᠠᠢᠭᠤᠯᠭ᠎ᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠡᠢᠲᠡ 74.2 ᠲᠦᠮᠡ᠂ ᠠᠵᠢᠯ ᠦᠢᠯᠡᠰ᠎ᠤᠨ ᠨᠢᠭᠡᠴᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 93.3 ᠲᠦᠮᠡ᠂ ᠠᠵᠤ ᠠᠬᠤᠢᠯᠠᠯ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 151.3 ᠲᠦᠮᠡ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 16.2 ᠲᠦᠮᠡ ᠪᠠᠢᠵᠤ᠂ ᠪᠠᠢᠭᠤᠯᠬᠤ ᠶᠣᠰᠣᠲᠠᠢ᠎ᠶ᠋ᠢ᠎ᠨᠢ ᠪᠦᠬᠦᠨ᠎ᠢ ᠪᠠᠢᠭᠤᠯᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃

(ᠲᠠᠢᠯᠪᠤᠷᠢ᠄ ᠲᠤᠰ ᠠᠯᠪᠠᠨ ᠮᠡᠳᠡᠭᠡ᠎ᠶ᠋ᠢᠨ ᠬᠡᠰᠡᠭ ᠨᠡᠢᠯᠡᠪᠦᠷᠢ ᠲᠤᠭ᠎ᠠ ᠪᠤᠶᠤ ᠬᠠᠷᠢᠴᠠᠩᠭᠤᠶ ᠲᠤᠭ᠎ᠠ᠎ᠶ᠋ᠢᠨ ᠨᠢᠭᠡᠴᠢ᠎ᠶ᠋ᠢ ᠳᠡᠪᠱᠢᠬᠦᠯᠵᠦ᠍ ᠪᠤᠳᠤᠬ᠍ᠰᠠᠨ᠎ᠨᠢ ᠠᠳᠠᠯᠢ ᠦᠬᠡᠢ᠎ᠠᠴᠠ ᠡᠬᠦᠰᠦᠭ᠌ᠰᠠᠨ ᠪᠣᠳᠣᠯᠭ᠎ᠠ᠎ᠶ᠋ᠢᠨ ᠠᠯᠳᠠᠪᠤᠷᠢ᠎ᠳᠤ ᠴᠥᠮ ᠮᠧᠬᠠᠨᠢᠭ ᠲᠣᠬᠢᠷᠠᠭᠤᠯᠤᠯᠲᠠ ᠬᠢᠭ᠌ᠰᠡᠨ ᠦᠭᠡᠶ᠃)

(ᠱᠢᠨᠬᠤᠸᠠ ᠬᠤᠷᠢᠶᠠᠨ᠎ᠤ ᠪᠡᠬᠡᠵᠢᠩ᠎ᠤᠨ 6 ᠰᠠᠷ᠎ᠠ᠎ᠶ᠋ᠢᠨ 30 ᠎ᠤ ᠴᠠᠬᠢᠯᠭᠠᠨ ᠮᠡᠲᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号