— ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠬᠠᠯᠠᠭᠤᠨ᠎ᠢᠶᠠᠷ ᠪᠠᠶᠠᠷᠯᠠᠨ ᠪᠡᠯᠭᠡᠯᠡᠶ᠎ᠡ
ᠵᠠᠭᠤᠨ ᠵᠢᠯ ᠰᠠᠯᠬᠢ ᠪᠣᠷᠣᠭᠠᠨ᠎ᠤ ᠲᠤᠮᠳᠠᠭᠤᠷ ᠪᠠᠭᠠᠳᠤᠷᠯᠠᠨ ᠤᠷᠤᠬ᠍ᠰᠢᠯᠠᠵᠤ᠂ ᠬᠤᠪᠤᠷ ᠨᠠᠨᠳᠢᠨ ᠠᠵᠠ ᠲᠤᠬᠢᠶᠠᠯ᠎ᠲᠠᠢ ᠴᠠᠭ ᠦᠶ᠎ᠡ᠎ᠶ᠋ᠢ ᠤᠬ᠍ᠳᠤᠯᠠ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠤᠷᠤᠭ᠍ᠰᠢᠲᠠᠢ ᠡᠬᠢᠯᠡᠭ᠌ᠰᠡᠨ ᠴᠢᠬᠤᠯᠠ ᠴᠠᠭ ᠮᠥᠴᠡ᠎ᠳᠤ᠂ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠤᠭ᠍ᠲᠤᠨ ᠠᠪᠤᠯ᠎ᠠ᠃ ᠡᠨᠡ ᠬᠦ᠌ ᠴᠢᠬᠤᠯᠠ ᠶᠡᠭᠡ ᠲᠡᠦᠬᠡ᠎ᠶ᠋ᠢᠨ ᠵᠠᠩᠭᠢᠯᠠᠭ᠎ᠠ᠎ᠶ᠋ᠢᠨ ᠴᠡᠭ ᠳᠡᠭᠡᠷ᠎ᠡ ᠵᠣᠭ᠍ᠰᠣᠨ᠂ ᠥᠩᠭᠡᠷᠡᠭ᠌ᠰᠡᠨ᠎ᠤ ᠲᠡᠮᠡᠴᠡᠯ᠎ᠤᠨ ᠵᠠᠮ᠎ᠢᠶᠠᠨ ᠡᠷᠭᠢᠴᠡᠭᠦᠯᠵᠦ᠍᠂ ᠤᠷᠤᠭ᠍ᠰᠢᠯᠠᠯᠲᠠ᠎ᠶ᠋ᠢᠨ ᠵᠠᠮ᠎ᠢᠶᠠᠨ ᠪᠠᠷᠠᠯᠠᠬᠤᠶ᠎ᠠ᠂ ᠪᠢᠳᠡᠨ᠎ᠤ ᠤᠮᠤᠭ ᠵᠤᠷᠢᠭ ᠪᠤᠴᠠᠯᠵᠦ᠍᠂ ᠡᠷᠴᠢ ᠵᠤᠷᠢᠭ ᠬᠦᠪᠴᠢᠯᠡᠭ᠌ᠳᠡᠨᠡᠮ!
1921 — 2021᠂ ᠵᠠᠭᠤᠨ ᠵᠢᠯ᠎ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠃ ᠨᠠᠮ ᠪᠠᠢᠭᠤᠯᠤᠭ᠍ᠳᠠᠵᠤ ᠤᠷᠢᠳ ᠡᠮᠦᠨ᠎ᠠ ᠪᠠᠢᠭ᠎ᠠ ᠦᠭᠡᠢ ᠱᠢᠨ᠎ᠠ ᠪᠠᠢᠳᠠᠯ᠎ᠢ ᠪᠤᠢ ᠪᠤᠯᠭᠠᠭ᠍ᠰᠠᠨ᠎ᠠᠴᠠ ᠠᠪᠤᠭᠠᠳ ᠱᠢᠨ᠎ᠡ ᠳᠤᠮᠳᠠᠳᠤ ᠤᠯᠤᠰ ᠪᠠᠢᠭᠤᠯᠤᠭ᠍ᠳᠠᠵᠤ ᠲᠡᠭ᠌ᠷᠢ ᠭᠠᠵᠠᠷ᠎ᠢ ᠦᠭᠡᠷᠡᠴᠢᠯᠡᠬᠦ᠌ ᠬᠦᠷᠲᠡᠯ᠎ᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠭ᠌ᠷᠢ ᠭᠠᠵᠠᠷ᠎ᠢ ᠲᠤᠩᠰᠤᠯᠭᠠᠮ᠎ᠠ ᠬᠤᠪᠢᠷᠠᠯᠳᠠ᠎ᠠᠴᠠ ᠳᠠᠬᠢᠭᠠᠳ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠶ ᠠᠮᠵᠢᠯᠲᠠ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠤᠭ᠍ᠰᠠᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠳᠡᠯᠡᠬᠡᠶ ᠳ᠋ᠠᠬᠢᠨ᠎ᠢ ᠭᠠᠢᠬᠠᠱᠢᠷᠠᠭᠤᠯᠤᠭ᠍ᠰᠠᠨ》 ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠡᠭᠦᠳᠴᠦ᠍᠂ ᠬᠥᠮᠦᠨ ᠲᠥᠷᠥᠯᠬᠢᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠠᠭᠤᠤ ᠶᠡᠭᠡ ᠭᠠᠢᠬᠠᠮᠱᠢᠭ᠎ᠢ ᠪᠢᠴᠢᠭ᠌ᠯᠡᠵᠦ᠍᠂ ᠨᠡᠢᠭᠡᠮ ᠵᠢᠷᠤᠮᠲᠤ ᠳᠤᠮᠳᠠᠳᠤ ᠤᠯᠤᠰ ᠨᠠᠩ ᠠᠤᠭ᠎ᠠ ᠰᠦᠷᠯᠢᠭ ᠳᠦᠷᠢ ᠲᠥᠷᠬᠦ᠌᠎ᠪᠠᠷ ᠳᠡᠯᠡᠬᠡᠶ᠎ᠶ᠋ᠢᠨ ᠳᠣᠷᠣᠨᠠᠳᠠᠬᠢᠨ᠎ᠳᠤ ᠰᠡᠬᠦ᠋ᠢᠨ ᠰᠦᠨᠳᠡᠷᠯᠡᠵᠦ᠍᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠪᠠ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠤᠭ᠍ᠲᠤᠨ ᠠᠪᠴᠢᠷᠠᠪᠠ᠃
1921 — 2021᠂ ᠵᠠᠭᠤᠨ ᠵᠢᠯ᠎ᠤᠨ ᠭᠠᠢᠬᠠᠮᠱᠢᠭ᠍ᠲᠤ ᠤᠨ ᠰᠠᠷ᠎ᠠ᠃ ᠱ᠌ᠢ ᠺᠦ᠋ ᠮᠧᠨ᠎ᠠᠴᠠ ᠲᠢᠶᠠᠨ ᠠᠨ ᠮᠧᠨ ᠬᠦᠷᠲᠡᠯ᠎ᠡ᠂ ᠬᠦᠭ᠌ᠵᠢᠨ ᠮᠠᠨᠳᠤᠯᠳᠠ᠎ᠶ᠋ᠢᠨ ᠵᠠᠮ᠎ᠠᠴᠠ ᠰᠡᠷᠭᠦᠨ ᠮᠠᠨᠳᠤᠯᠲᠠ᠎ᠶ᠋ᠢᠨ ᠵᠠᠮ ᠬᠦᠷᠲᠡᠯ᠎ᠡ᠂ ᠵᠢᠵᠢᠭ ᠤᠯᠠᠭᠠᠨ ᠣᠩᠭᠤᠴᠠ᠎ᠠᠴᠠ ᠥᠨᠳᠥᠷ ᠰᠦᠷᠯᠢᠭ ᠲᠤᠮᠤ ᠬᠥᠯᠭᠡ ᠣᠩᠭᠤᠴᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠭᠠᠰᠠᠯᠠᠩ ᠵᠣᠪᠠᠯᠠᠩ᠎ᠢ ᠳᠤᠭᠤᠯᠤᠭ᠍ᠰᠠᠨ ᠭᠡᠷᠡᠯ ᠰᠠᠴᠤᠷᠠᠩᠭᠤᠢ ᠶᠠᠪᠤᠴᠠ᠎ᠶ᠋ᠢ ᠦᠩᠭᠡᠷᠡᠭᠦᠯᠵᠦ᠍᠂ ᠡᠳᠦᠷ᠎ᠠᠴᠠ ᠡᠳᠦᠷ ᠱᠢᠨᠡᠳᠴᠦ᠍ ᠪᠠᠢᠭ᠎ᠠ ᠱᠢᠨ᠎ᠡ ᠴᠠᠭ ᠦᠶ᠎ᠡ᠎ᠳᠤ ᠠᠯᠬᠤᠨ ᠤᠷᠤᠵᠤ᠂ ᠭᠡᠭᠡᠨ ᠰᠠᠷᠠᠭᠤᠯ ᠠᠤᠭ᠎ᠠ ᠶᠡᠭᠡ ᠢᠷᠡᠭᠡᠳᠦᠢ ᠲᠡᠢᠰᠢ ᠤᠷᠤᠭ᠍ᠰᠢᠯᠠᠵᠤ᠂ ᠨᠢᠭᠡᠨᠲᠡ ᠬᠠᠮᠤᠭ᠎ᠤᠨ ᠲᠤᠮᠤ ᠨᠡᠢᠭᠡᠮ ᠵᠢᠷᠤᠮᠲᠤ ᠤᠯᠤᠰ᠎ᠲᠤ 70 ᠭᠠᠷᠤᠢ ᠵᠢᠯ ᠲᠦᠷᠦ᠍ ᠪᠠᠷᠢᠭ᠍ᠰᠠᠨ᠂ 9500 ᠭᠠᠷᠤᠢ ᠲᠦᠮᠡᠨ ᠨᠠᠮ᠎ᠤᠨ ᠭᠡᠱᠢᠭᠦᠨ᠎ᠲᠠᠢ ᠳᠡᠯᠡᠬᠡᠢ ᠳᠡᠭᠡᠷᠡᠬᠢ ᠬᠠᠮᠤᠭ᠎ᠤᠨ ᠲᠤᠮᠤ ᠮᠠᠷᠺᠰ᠎ᠤᠨ ᠦᠵᠡᠯ᠎ᠤᠨ ᠲᠦᠷᠦ᠍ ᠪᠠᠷᠢᠭ᠍ᠴᠢ ᠨᠠᠮ ᠪᠣᠯᠤᠨ ᠬᠥᠭ᠌ᠵᠢᠵᠦ᠍᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠮᠤᠭ᠎ᠤᠨ ᠥᠷᠭᠡᠨ ᠳᠡᠯᠭᠡᠷ ᠳᠡᠮᠵᠢᠯᠭᠡ ᠪᠠ ᠬᠦᠷᠢᠶᠡᠯᠡᠯ᠎ᠢ ᠤᠯᠪᠠ᠃
1921 — 2021᠂ ᠵᠠᠭᠤᠨ ᠵᠢᠯ᠎ᠤᠨ ᠰᠦᠷ ᠳᠠᠯᠠᠢᠴᠠᠲᠠᠢ ᠠᠶᠠᠨ᠃ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠬᠤ᠎ᠶ᠋ᠢᠨ ᠲᠥᠯᠥᠭᠡ᠂ ᠮᠦᠨ ᠴᠦ᠍ ᠬᠥᠮᠦᠨ ᠲᠥᠷᠥᠯᠬᠢᠲᠡᠨ᠎ᠤ ᠲᠠᠪᠱᠢᠯᠳᠠ᠎ᠶ᠋ᠢᠨ ᠦᠢᠯᠡᠰ᠎ᠢ ᠠᠬᠢᠭᠤᠯᠬᠤ᠎ᠶ᠋ᠢᠨ ᠲᠥᠯᠥᠭᠡ ᠲᠡᠮᠡᠴᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠳᠡᠯᠡᠬᠡᠢ ᠳ᠋ᠠᠬᠢᠨ᠎ᠤ ᠶᠡᠭᠡ ᠨᠢᠭᠡᠳᠦᠯ᠎ᠤᠨ ᠲᠥᠯᠥᠭᠡ ᠲᠡᠮᠡᠴᠡᠬᠦ᠌ ᠲᠠᠶᠠᠭᠠᠷᠴᠢ ᠬᠠᠢᠷ᠎ᠠ ᠰᠡᠳᠭᠢᠯᠭᠡ᠎ᠶ᠋ᠢ ᠪᠠᠲᠤ ᠰᠠᠬᠢᠵᠤ᠂ ᠡᠩᠬᠡ ᠲᠠᠢᠪᠤᠩ᠂ ᠬᠥᠭ᠌ᠵᠢᠯᠲᠡ᠂ ᠲᠥᠪ ᠭᠤᠣᠯᠴᠢ᠂ ᠱᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ᠎ᠲᠠᠢ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠦᠷᠳᠡᠭ᠎ᠢ ᠪᠠᠲᠤ ᠰᠠᠬᠢᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠢᠮᠠᠭ᠍ᠲᠠ ᠳᠡᠯᠡᠬᠡᠢ᠎ᠶ᠋ᠢᠨ ᠡᠩᠬᠡ ᠲᠠᠢᠪᠤᠩ᠎ᠤᠨ ᠪᠦᠳᠦᠭᠡᠨ ᠪᠠᠢᠭᠤᠯᠤᠭ᠍ᠴᠢ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠬᠤᠪᠢ ᠨᠡᠮᠡᠷᠢ ᠦᠵᠡᠭᠦᠯᠦᠭ᠌ᠴᠢ᠂ ᠤᠯᠠᠨ ᠤᠯᠤᠰ᠎ᠤᠨ ᠡᠮᠬᠢ ᠳᠢᠭ᠌ᠯᠢᠮ᠎ᠤᠨ ᠬᠠᠮᠠᠭᠠᠯᠠᠭ᠍ᠴᠢ ᠪᠤᠯᠵᠤ᠂ ᠬᠥᠮᠦᠨ ᠲᠥᠷᠥᠯᠬᠢᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠤ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠨᠡᠮᠡᠷᠢᠯᠡᠵᠦ᠍᠂ ᠬᠥᠮᠦᠨ ᠲᠥᠷᠥᠯᠬᠢᠲᠡᠨ᠎ᠤ ᠪᠣᠯᠪᠠᠰᠤᠨ ᠪᠣᠯᠤᠨ ᠲᠠᠪᠱᠢᠯᠳᠠ᠎ᠶ᠋ᠢᠨ ᠦᠢᠯᠡᠰ᠎ᠲᠤ ᠭᠠᠷᠮᠠᠭᠠᠢ ᠬᠤᠪᠢ ᠨᠡᠮᠡᠷᠢ ᠦᠵᠡᠭᠦᠯᠪᠡ᠃
ᠶᠡᠷᠦᠩᠬᠡᠢ ᠱᠦᠵᠢ ᠰᠢ᠎ᠶ᠋ᠢᠨ ᠫᠢᠩ᠄ 《ᠮᠠᠨ᠎ᠤ ᠨᠠᠮ᠎ᠤᠨ ᠲᠡᠦᠬᠡ ᠪᠣᠯ ᠳᠤᠮᠳᠠᠳᠤ ᠤᠯᠤᠰ᠎ᠤᠨ ᠤᠢ᠍ᠢᠷ᠎ᠠ ᠤᠳᠤ ᠦᠶ᠎ᠡ᠎ᠠᠴᠠ ᠨᠠᠭᠠᠱᠢᠬᠢ ᠲᠡᠦᠬᠡ᠎ᠶ᠋ᠢᠨ ᠬᠠᠮᠤᠭ᠎ᠤᠨ ᠲᠠᠭᠤᠯᠠᠯᠳᠠᠢ ᠤᠶᠠᠷᠠᠯᠳᠠᠢ ᠬᠠᠭᠤᠳᠠᠰᠤ ᠮᠥᠨ᠂ ᠲᠡᠦᠬᠡ ᠠᠷᠠᠳ ᠲᠦᠮᠡᠨ᠎ᠤ ᠰᠦᠪᠡᠭ᠌ᠴᠢᠯᠡᠯ ᠪᠠ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠮᠡᠨᠳᠦᠯᠡᠭᠦᠯᠵᠤ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠨᠢ ᠤᠳᠠᠭᠠᠨ ᠲᠡᠦᠬᠡ᠎ᠲᠠᠢ ᠳᠤᠮᠳᠠᠳᠤ᠎ᠶ᠋ᠢᠨ ᠪᠣᠯᠪᠠᠰᠤᠨ᠎ᠤ ᠱᠢᠨ᠎ᠡ ᠭᠡᠷᠡᠯ ᠰᠠᠴᠤᠷᠠᠩᠭᠤᠢ ᠲᠡᠦᠬᠡ᠎ᠶ᠋ᠢ ᠪᠦᠲᠦᠭᠡᠵᠡᠢ》 ᠭᠡᠵᠦ᠍ ᠵᠢᠭᠠᠵᠤ ᠭᠠᠷᠭᠠᠪᠠ᠃ ᠵᠠᠭᠤᠨ ᠵᠢᠯ᠎ᠤᠨ ᠦᠷᠭᠦᠯᠵᠢᠯᠡᠭ᠌ᠰᠡᠨ ᠲᠡᠮᠡᠴᠡᠯ᠎ᠤᠨ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠵᠠᠮ᠎ᠢ ᠨᠡᠭᠡᠭᠡᠵᠦ᠍᠂ ᠠᠭᠤᠤ ᠶᠡᠭᠡ ᠦᠢᠯᠡᠰ᠎ᠢ ᠴᠤᠬ᠍ᠴᠠᠯᠠᠵᠦ᠍᠂ ᠠᠭᠤᠤ ᠶᠡᠭᠡ ᠵᠣᠷᠢᠭ ᠰᠠᠨᠠᠭ᠎ᠠ᠎ᠶ᠋ᠢ ᠱᠤᠭᠤᠵᠤ᠂ ᠡᠷᠬᠢᠮ ᠨᠠᠨᠳᠢᠨ ᠲᠤᠷᠱᠢᠯᠭ᠎ᠠ᠎ᠶ᠋ᠢ ᠬᠤᠷᠠᠮᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡ᠂ ᠬᠥᠮᠦᠨ ᠲᠥᠷᠥᠯᠬᠢᠲᠡᠨ᠎ᠤ ᠨᠡᠢᠭᠡᠮ᠎ᠤᠨ ᠲᠠᠪᠱᠢᠯᠳᠠ᠎ᠶ᠋ᠢᠨ ᠲᠡᠦᠬᠡᠨ ᠳᠡᠭᠡᠷᠡᠬᠢ ᠬᠥᠮᠦᠰ᠎ᠢ ᠭᠠᠢᠬᠠᠭᠤᠯᠤᠮ᠎ᠠ ᠭᠠᠢᠬᠠᠮᠱᠢᠭ᠎ᠢ ᠡᠭᠦᠳᠴᠡᠢ᠃
ᠡᠨᠡ ᠪᠣᠯ ᠲᠦᠢᠯ᠎ᠤᠨ ᠬᠠᠳᠠᠭᠤᠵᠢᠯᠳᠠᠢ ᠠᠭᠤᠯᠠ᠎ᠶ᠋ᠢ ᠳᠣᠩᠰᠣᠯᠭᠠᠵᠤ ᠮᠦᠷᠡᠨ᠎ᠢ ᠴᠠᠯᠬᠢᠯᠠᠭᠤᠯᠤᠬ᠍ᠰᠠᠨ ᠭᠠᠢᠬᠠᠮᠱᠢᠭ᠍ᠲᠤ ᠲᠤᠤᠯᠢᠰ ᠮᠦᠨ᠃ ᠳᠡᠯᠡᠬᠡᠢ ᠳᠡᠭᠡᠷ᠎ᠡ ᠮᠠᠨ ᠱᠢᠭ᠋ ᠡᠢᠮᠦ᠍ ᠤᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠲᠤ ᠤᠴᠠᠷᠠᠭ᠍ᠰᠠᠨ᠂ ᠡᠢᠮᠦ᠍ ᠤᠯᠠᠨ ᠦᠬᠦᠵᠦ᠍ ᠰᠡᠬᠡᠬᠦ᠌᠎ᠶ᠋ᠢᠨ ᠱᠢᠯᠭᠠᠯᠲᠠ᠎ᠶ᠋ᠢ ᠥᠩᠭᠡᠷᠡᠭᠦᠯᠦᠭ᠌ᠰᠡᠨ᠂ ᠡᠢᠮᠦ᠍ ᠤᠯᠠᠨ ᠬᠠᠷᠠᠰᠠᠯᠳᠤ ᠦᠷᠡᠭ᠌ᠳᠡᠯ ᠭᠠᠷᠭᠠᠭ᠍ᠰᠠᠨ ᠨᠠᠮ ᠭᠡᠵᠦ᠍ ᠦᠭᠡᠢ ᠶᠤᠮ᠃ ᠵᠠᠭᠤᠨ ᠵᠢᠯ᠎ᠤᠨ ᠲᠤᠷᠰᠢ᠂ ᠡᠯ᠎ᠡ ᠵᠦᠢᠯ᠎ᠤᠨ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠠᠷᠭᠠᠴᠠᠭᠠᠬᠤ ᠳᠤᠮᠳᠠ᠂ ᠮᠠᠨ᠎ᠤ ᠨᠠᠮ ᠬᠦᠴᠦᠷᠬᠡᠭ ᠳᠠᠢᠰᠤᠨ᠎ᠠᠴᠠ ᠰᠦᠷᠳᠡᠬᠦ᠌ ᠦᠭᠡᠢ᠂ ᠠᠶᠤᠯ ᠲᠦᠭ᠌ᠰᠢᠭᠦᠷᠢ᠎ᠠᠴᠠ ᠠᠶᠤᠬᠤ ᠦᠭᠡᠢ᠂ ᠵᠣᠷᠢᠭ᠍ᠲᠠᠢ᠎ᠪᠠᠷ ᠲᠡᠮᠡᠴᠡᠵᠦ᠍᠂ ᠵᠣᠷᠢᠭ᠍ᠲᠠᠢ᠎ᠪᠠᠷ ᠢᠯᠠᠯᠲᠠ ᠣᠯᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠠᠪᠠᠵᠤ ᠳᠡᠢᠯᠦᠰᠢ ᠦᠭᠡᠢ ᠪᠡᠷᠬᠡ ᠪᠣᠭᠤᠮᠲᠠ᠎ᠶ᠋ᠢ ᠤᠳᠠᠭ᠎ᠠ ᠳᠠᠷᠠᠭᠠᠯᠠᠨ ᠱᠢᠪᠲᠤᠯᠵᠤ᠂ ᠪᠡᠶᠡᠯᠡᠭ᠌ᠳᠡᠰᠢ ᠦᠭᠡᠢ ᠠᠭᠤᠤ ᠶᠡᠭᠡ ᠢᠯᠠᠯᠲᠠ᠎ᠶ᠋ᠢ ᠤᠳᠠᠭ᠎ᠠ ᠳᠠᠷᠠᠭᠠᠯᠠᠨ ᠲᠡᠮᠡᠴᠡᠨ ᠣᠯᠵᠠᠢ᠃ ᠵᠠᠭᠤᠨ ᠵᠢᠯ᠎ᠤᠨ ᠲᠡᠮᠡᠴᠡᠯ᠎ᠢᠶᠠᠷ ᠳᠠᠮᠵᠢᠭᠠᠳ᠂ ᠪᠢᠳᠡ ᠬᠡᠳᠦᠨ ᠮᠢᠩᠭᠠᠨ ᠵᠢᠯ᠎ᠤᠨ ᠹᠸᠤᠳᠠᠯ᠎ᠤᠨ ᠨᠡᠢᠭᠡᠮ᠎ᠤᠨ ᠲᠡᠦᠬᠡ᠎ᠲᠠᠢ ᠤᠯᠤᠰ᠎ᠲᠤ ᠬᠠᠮᠤᠭ᠎ᠤᠨ ᠥᠷᠭᠡᠨ ᠳᠡᠯᠭᠡᠷ ᠠᠷᠠᠳ᠎ᠤᠨ ᠠᠷᠠᠳᠴᠢᠯᠠᠯ᠎ᠢ ᠪᠡᠶᠡᠯᠡᠭᠦᠯᠵᠦ᠍᠂ ᠠᠷᠠᠳ ᠲᠦᠮᠡᠨ ᠦᠨᠡᠨ ᠬᠦ᠌ ᠤᠯᠤᠰ ᠣᠷᠣᠨ᠂ ᠨᠡᠢᠭᠡᠮ ᠪᠠ ᠥᠪᠡᠷ᠎ᠤᠨ ᠬᠤᠪᠢ ᠵᠠᠶᠠᠭᠠᠨ᠎ᠤ᠎ᠪᠠᠨ ᠡᠵᠡᠨ ᠪᠣᠯᠵᠠᠢ; ᠪᠢᠳᠡ ᠶᠠᠳᠠᠭᠤ ᠬᠤᠭᠤᠰᠣᠨ ᠰᠠᠭᠤᠷᠢᠨ ᠳᠡᠭᠡᠷ᠎ᠡ ᠠᠵᠤ ᠠᠬᠤᠢ ᠨᠡᠢᠭᠡᠮ᠎ᠤᠨ ᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠴᠦ᠍᠂ ᠬᠡᠳᠦᠨ ᠠᠷᠪᠠᠨ ᠵᠢᠯ᠎ᠤᠨ ᠬᠤᠭᠤᠴᠠᠭᠠᠨ᠎ᠳᠤ ᠬᠥᠭ᠌ᠵᠢᠭ᠌ᠰᠡᠨ ᠤᠯᠤᠰ᠎ᠤᠨ ᠬᠡᠳᠦᠨ ᠵᠠᠭᠤᠨ ᠵᠢᠯ ᠶᠠᠪᠤᠵᠤ ᠦᠡᠭ᠌ᠭᠡᠷᠡᠭᠦᠯᠦᠭ᠌ᠰᠡᠨ ᠠᠵᠤ ᠦᠢᠯᠡᠳᠪᠦᠷᠢᠵᠢᠯᠲᠡ᠎ᠶ᠋ᠢᠨ ᠶᠠᠪᠤᠴᠠ᠎ᠶ᠋ᠢ ᠪᠡᠶᠡᠯᠡᠭᠦᠯᠵᠦ᠍᠂ ᠳᠡᠯᠡᠬᠡᠢ᠎ᠶ᠋ᠢᠨ ᠬᠤᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠤᠯᠵᠤ᠂ ᠤᠯᠤᠰ᠎ᠤᠨ ᠶᠡᠷᠦᠩᠬᠡᠢᠯᠡᠭ᠌ᠰᠡᠨ ᠬᠦᠴᠦᠨ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠰᠣᠶᠣᠯ᠎ᠤᠨ ᠨᠥᠯᠥᠭᠡᠯᠡᠬᠦ᠌ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ᠌ ᠬᠦᠴᠦᠨ ᠢᠯᠡᠳᠲᠡ ᠳᠡᠭᠡᠭ᠌ᠰᠢᠯᠡᠪᠡ; ᠮᠠᠨ᠎ᠤ ᠤᠯᠤᠰ᠎ᠤᠨ ᠠᠷᠠᠳ ᠲᠦᠮᠡᠨ᠎ᠤ ᠠᠮᠢᠳᠤᠷᠠᠯ ᠢᠳᠡᠵᠦ᠍ ᠡᠮᠦᠰᠭᠦ᠎ᠳᠡᠭᠡᠨ ᠵᠥᠪ ᠦᠭᠡᠢ ᠪᠠᠢᠭ᠍ᠰᠠᠨ᠎ᠠᠴᠠ᠎ᠪᠠᠨ ᠪᠦᠬᠦ᠌ ᠲᠠᠯ᠎ᠠ᠎ᠪᠠᠷ ᠴᠢᠨᠡᠭᠡᠯᠢᠭ᠌ᠵᠢᠵᠦ᠍᠂ ᠪᠦᠬᠦ᠋ᠢᠯᠡ ᠴᠤᠬ᠍ᠴᠠᠪᠠᠷᠢᠶᠠᠨ ᠲᠦᠢᠯ᠎ᠤᠨ ᠶᠠᠳᠠᠭᠤ ᠬᠦᠴᠢᠷᠳᠡᠯ᠎ᠠᠴᠠ ᠲᠦᠢᠯᠪᠤᠷᠢᠲᠠᠢ ᠠᠩᠭᠢᠵᠢᠷᠠᠵᠤ᠂ ᠳᠡᠯᠡᠬᠡᠢ ᠳᠡᠭᠡᠷᠡᠬᠢ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠥᠮᠦᠨ ᠠᠮᠠ᠎ᠪᠠᠷ ᠬᠠᠮᠤᠭ᠎ᠤᠨ ᠤᠯᠠᠨ ᠤᠯᠤᠰ ᠪᠣᠯᠵᠠᠢ; ᠮᠠᠨ᠎ᠤ ᠤᠯᠤᠰ ᠨᠡᠢᠭᠡᠮ᠎ᠤᠨ ᠤᠷᠳᠤ ᠬᠤᠭᠤᠴᠠᠭᠠᠨ᠎ᠤ ᠲᠣᠭ᠍ᠲᠠᠭᠤᠨ ᠪᠠᠢᠳᠠᠯ᠎ᠤᠨ ᠭᠠᠢᠬᠠᠮᠱᠢᠭ᠎ᠢ ᠡᠭᠦᠳᠴᠦ᠍᠂ ᠨᠡᠢᠭᠡᠮ᠎ᠤᠨ ᠡᠶ᠎ᠡ ᠵᠤᠬᠢᠴᠠᠩᠭᠤᠢ ᠲᠣᠭ᠍ᠲᠠᠭᠤᠨ ᠪᠠᠢᠳᠠᠯ᠂ ᠠᠷᠠᠳ ᠲᠦᠮᠡᠨ ᠠᠮᠤᠷ ᠲᠠᠢᠪᠤᠩ ᠠᠵᠤ ᠲᠦᠷᠦᠬᠦ᠌᠎ᠶ᠋ᠢ ᠤᠷᠳᠤ ᠬᠤᠭᠤᠴᠠᠭ᠎ᠠ᠎ᠪᠠᠷ ᠪᠠᠲᠤᠯᠠᠵᠤ᠂ ᠳᠡᠯᠡᠬᠡᠢ ᠨᠡᠢᠭᠡᠮ᠎ᠤᠨ᠎ᠬᠢᠨ ᠨᠡᠢᠳᠡᠮᠢᠶᠠᠷᠢᠶᠠᠨ ᠮᠡᠳᠡᠷᠡᠭ᠌ᠰᠡᠨ ᠬᠠᠮᠤᠭ᠎ᠤᠨ ᠠᠮᠤᠷ ᠲᠦᠪᠱᠢᠨ᠎ᠤ ᠲᠦᠷᠦᠭ᠌ᠳᠡᠯ᠎ᠲᠠᠢ ᠤᠯᠤᠰ᠎ᠤᠨ ᠨᠢᠭᠡ ᠪᠣᠯᠤᠭ᠍ᠰᠠᠨ ᠪᠠᠢᠨ᠎ᠠ᠃ ᠡᠳᠦᠭᠡ᠂ ᠨᠠᠮ᠎ᠤᠨ ᠳᠦᠷᠰᠦ ᠪᠠᠢᠳᠠᠯ᠂ ᠤᠯᠤᠰ᠎ᠤᠨ ᠳᠦᠷᠰᠦ ᠪᠠᠢᠳᠠᠯ᠂ ᠠᠷᠠᠳ ᠲᠦᠮᠡᠨ᠎ᠤ ᠳᠦᠷᠰᠦ ᠪᠠᠢᠳᠠᠯ᠂ ᠴᠡᠷᠢᠭ ᠠᠩᠭᠢ᠎ᠶ᠋ᠢᠨ ᠳᠦᠷᠰᠦ ᠪᠠᠢᠳᠠᠯ᠂ ᠳᠤᠮᠳᠠᠳᠤ᠎ᠶ᠋ᠢᠨ ᠦᠨᠳᠦᠰᠦᠲᠡᠨ᠎ᠤ ᠳᠦᠷᠰᠦ ᠪᠠᠢᠳᠠᠯ᠎ᠳᠤ ᠤᠷᠢᠳ ᠡᠮᠦᠨ᠎ᠡ ᠭᠠᠷᠤᠭ᠎ᠠ ᠦᠭᠡᠢ ᠬᠤᠪᠢᠷᠠᠯᠲᠠ ᠭᠠᠷᠴᠤ᠌᠂ ᠶᠠᠮᠠᠷᠪᠠ ᠬᠦᠴᠦᠨ ᠭᠡᠳ ᠮᠠᠨ᠎ᠤ ᠠᠭᠤᠤ ᠶᠡᠭᠡ ᠡᠭᠡ ᠤᠯᠤᠰ᠎ᠤᠨ ᠪᠠᠢᠷᠢ ᠰᠠᠭᠤᠷᠢ᠎ᠶ᠋ᠢ ᠭᠤᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠦᠨ ᠭᠡᠳ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠤᠷᠤᠭ᠍ᠰᠢᠯᠠᠯᠲᠠ᠎ᠶ᠋ᠢᠨ ᠠᠯᠬᠤᠭ᠎ᠠ᠎ᠶ᠋ᠢ ᠬᠤᠷᠢᠬ᠍ᠯᠠᠵᠤ ᠴᠢᠳᠠᠬᠤ ᠦᠭᠡᠢ ᠶᠤᠮ᠃
ᠡᠨᠡ ᠪᠣᠯ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠦᠭ᠌ᠰᠡᠨ ᠭᠡᠷᠡᠯ ᠰᠠᠴᠤᠷᠠᠩᠭᠤᠢ ᠲᠡᠦᠬᠡ ᠮᠥᠨ᠃ ᠳᠤᠮᠳᠠᠳᠤ ᠤᠯᠤᠰ᠎ᠤᠨ ᠤᠯᠤᠰ ᠲᠦᠷᠦ᠎ᠶ᠋ᠢᠨ ᠲᠠᠪᠴᠠᠩ᠎ᠳᠤ ᠭᠠᠷᠤᠭ᠍ᠰᠠᠨ ᠲᠡᠷᠡ ᠮᠥᠴᠡ᠎ᠠᠴᠠ ᠡᠬᠢᠯᠡᠨ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠴᠥᠬᠦᠷᠡᠰᠢ ᠦᠭᠡᠢ ᠴᠢᠷᠮᠠᠢᠭ᠍ᠰᠠᠭᠠᠷ ᠢᠷᠡᠪᠡ᠃
ᠡᠭᠦᠨ᠎ᠠᠴᠠ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭ᠍ᠰᠠᠨ᠎ᠠᠴᠠ᠎ᠪᠠᠨ ᠰᠠᠨᠠᠭᠠᠴᠢᠯᠠᠭ᠎ᠠ᠎ᠲᠠᠢ ᠪᠤᠯᠵᠤ᠂ ᠳᠤᠮᠳᠠᠳᠤ᠎ᠶ᠋ᠢᠨ ᠦᠨᠳᠦᠰᠦᠲᠡᠨ ᠬᠦᠴᠢᠷ ᠪᠡᠷᠬᠡᠱᠢᠶᠡᠯ᠎ᠲᠠᠢ ᠪᠣᠯᠪᠠᠴᠤ᠌ ᠪᠤᠴᠠᠰᠢ ᠦᠭᠡᠢ᠎ᠪᠠᠷ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ ᠡᠬᠢᠯᠡᠪᠡ᠃ ᠵᠠᠭᠤᠨ ᠵᠢᠯ᠎ᠤᠨ ᠲᠤᠷᠰᠢ᠂ ᠪᠠᠢᠳᠠᠯ ᠪᠠ ᠡᠭᠦᠷᠭᠡ ᠬᠡᠷᠬᠢᠨ ᠬᠤᠪᠢᠷᠠᠬ᠍ᠰᠠᠨ ᠴᠤ᠌᠂ ᠶᠠᠮᠠᠷ ᠶᠠᠩᠵᠤ᠎ᠶ᠋ᠢᠨ ᠲᠤᠬ᠍ᠰᠢᠨ ᠰᠠᠯᠬᠢ ᠱᠢᠷᠦᠭᠦᠨ ᠳᠠᠪᠠᠯᠭᠠᠨ᠎ᠳᠤ ᠲᠤᠯᠭᠠᠷᠠᠭ᠍ᠰᠠᠨ ᠴᠤ᠌᠂ ᠮᠠᠨ᠎ᠤ ᠨᠠᠮ ᠴᠥᠮ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠲᠡᠮᠡᠴᠡᠯ᠎ᠤᠨ ᠬᠠᠷᠠᠯᠲᠠ᠎ᠪᠠᠨ ᠲᠣᠭ᠍ᠲᠠᠭᠠᠵᠤ᠂ ᠵᠥᠪ ᠴᠢᠭ᠌ᠯᠡᠯ᠎ᠢᠶᠠᠷ ᠡᠷᠡᠰ ᠪᠠᠲᠤ ᠤᠷᠤᠭ᠍ᠰᠢᠯᠠᠪᠠ᠃ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ᠂ ᠮᠠᠨ᠎ᠤ ᠨᠠᠮ ᠲᠦᠷᠦ᠍ ᠪᠠᠢᠭᠤᠯᠵᠤ᠂ ᠲᠦᠷᠦ᠎ᠪᠠᠨ ᠰᠠᠬᠢᠵᠤ ᠪᠠᠢᠭ᠎ᠠ᠎ᠨᠢ ᠠᠷᠠᠳ ᠲᠦᠮᠡᠨ᠎ᠤ ᠰᠡᠳᠭᠢᠯ᠎ᠢ ᠰᠠᠬᠢᠵᠤ᠂ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠃ ᠬᠡᠳᠦᠢ ᠶᠡᠭᠡ ᠥᠷᠢᠰᠥᠯᠳᠦᠭᠡᠨ ᠪᠠ ᠳᠠᠷᠤᠯᠲᠠ᠎ᠳᠤ ᠲᠤᠯᠭᠠᠷᠠᠭ᠍ᠰᠠᠨ ᠴᠤ᠌᠂ ᠬᠡᠳᠦᠢ ᠶᠡᠭᠡ ᠦᠷᠡᠭ᠌ᠳᠡᠯ ᠪᠠ ᠦᠨ᠎ᠡ ᠲᠥᠯᠥᠪᠦᠷᠢ ᠭᠠᠷᠭᠠᠭ᠍ᠰᠠᠨ ᠴᠤ᠌᠂ ᠡᠨᠡ ᠲᠠᠯ᠎ᠠ᠎ᠪᠠᠷ ᠴᠥᠮ ᠥᠴᠦᠬᠡᠨ ᠴᠦ᠍ ᠭᠤᠢᠪᠢᠯᠵᠠᠬᠤ ᠦᠭᠡᠢ ᠶᠤᠮ᠃ ᠵᠠᠭᠤᠨ ᠵᠢᠯ᠎ᠤᠨ ᠲᠡᠮᠡᠴᠡᠯ᠎ᠢᠶᠠᠷ ᠳᠠᠮᠵᠢᠵᠤ᠂ ᠮᠠᠨ᠎ᠤ ᠨᠠᠮ ᠠᠷᠠᠳ ᠲᠦᠮᠡᠨ᠎ᠳᠤ ᠲᠦᠱᠢᠭ᠌ᠯᠡᠨ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ᠎ᠶ᠋ᠢ ᠤᠭ᠍ᠲᠤᠨ ᠠᠪᠴᠤ᠌᠂ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠨᠡᠩ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠲᠠᠰᠤᠷᠠᠯᠲᠠ ᠦᠭᠡᠢ ᠴᠣᠭ᠍ᠴᠠᠯᠠᠨ ᠪᠠᠢᠭᠤᠯᠪᠠ᠃ ᠶᠠᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠭᠦᠨᠵᠡᠭᠡᠢ ᠵᠢᠭᠠᠵᠤ ᠭᠠᠷᠭᠠᠭ᠍ᠰᠠᠨᠴᠢᠯᠠᠨ᠄ 《ᠨᠠᠮ᠎ᠤᠨ ᠲᠡᠦᠬᠡ᠎ᠶ᠋ᠢ ᠡᠷᠭᠢᠴᠡᠭᠦᠯᠪᠡᠯ᠂ ᠶᠠᠭᠠᠬᠢᠭᠠᠳ ᠮᠠᠨ᠎ᠤ ᠨᠠᠮ ᠲᠡᠢᠮᠦ᠍ ᠪᠠᠭ᠎ᠠ ᠪᠠᠭᠤᠷᠠᠢ ᠪᠠᠢᠳᠠᠯ ᠳᠣᠣᠷ᠎ᠠ ᠠᠯᠬᠤᠮ ᠠᠯᠬᠤᠮ᠎ᠢᠶᠠᠷ ᠬᠥᠭ᠌ᠵᠢᠨ ᠪᠤᠵᠠᠭᠠᠢᠷᠠᠵᠤ᠂ ᠲᠤᠬ᠍ᠰᠢᠨ ᠰᠠᠯᠬᠢ ᠱᠢᠷᠤᠭᠦᠨ ᠪᠣᠷᠣᠭᠠᠨ᠎ᠤ ᠳᠤᠮᠳᠠ ᠤᠳᠠᠭ᠎ᠠ ᠳᠠᠷᠠᠭᠠᠯᠠᠨ ᠮᠤᠬᠤᠷᠳᠠᠯ᠎ᠠᠴᠠ ᠮᠤᠯᠲᠤᠷᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠳᠤᠮᠳᠠ ᠲᠠᠰᠤᠷᠠᠯᠲᠠ ᠦᠭᠡᠢ ᠢᠯᠠᠯᠲᠠ᠎ᠠᠴᠠ ᠱᠢᠨ᠎ᠠ ᠢᠯᠠᠯᠲᠠ ᠵᠦᠭ ᠤᠷᠤᠭ᠍ᠰᠢᠯᠠᠵᠤ ᠴᠢᠳᠠᠭ᠍ᠰᠠᠨ᠎ᠤ ᠦᠨᠳᠦᠰᠦᠨ ᠱᠢᠯᠲᠠᠭᠠᠨ ᠪᠣᠯ ᠳᠠᠷᠤᠢ ᠤᠷᠤᠭ᠍ᠰᠢᠲᠠᠢ ᠪᠠᠢᠭ᠍ᠰᠠᠨ ᠴᠤ᠌ ᠲᠡᠷᠡ ᠰᠠᠭᠠᠳ᠎ᠲᠠᠢ ᠪᠠᠢᠭ᠍ᠰᠠᠨ ᠴᠤ᠌ ᠲᠡᠷᠡ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠰᠠᠬᠢᠵᠤ᠂ ᠡᠨᠡ ᠬᠦ᠌ ᠬᠠᠷᠠᠯᠲᠠ ᠲᠡᠢᠰᠢ ᠡᠷᠡᠰ ᠭᠤᠢᠪᠢᠰᠢ ᠦᠭᠡᠢ ᠤᠷᠤᠭ᠍ᠰᠢᠯᠠᠬ᠍ᠰᠠᠨᠤ ᠤᠯᠠᠮ᠎ᠢᠶᠠᠷ ᠠᠷᠠᠳ ᠲᠦᠮᠡᠨ᠎ᠤ ᠴᠢᠩ ᠰᠡᠳᠭᠢᠯ᠎ᠤᠨ ᠬᠦᠷᠢᠶᠡᠯᠡᠯ ᠪᠠ ᠡᠷᠡᠰ ᠪᠠᠲᠤ ᠳᠡᠮᠵᠢᠯᠭᠡ᠎ᠶ᠋ᠢ ᠣᠯᠤᠭ᠍ᠰᠠᠨ᠎ᠳᠤ ᠪᠠᠢᠨ᠎ᠠ》᠃ ᠵᠠᠭᠤᠨ ᠵᠢᠯ᠎ᠤᠨ ᠤᠯᠠᠷᠢᠯ ᠬᠤᠪᠢᠰᠤᠯᠲᠠ᠎ᠶ᠋ᠢ ᠥᠩᠭᠡᠷᠡᠭᠡᠭᠡᠳ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠬ ᠰᠠᠨᠠᠭ᠎ᠠ ᠬᠠᠳᠠ ᠴᠢᠯᠠᠭᠤ ᠮᠡᠲᠦ ᠪᠠᠲᠤᠵᠢᠵᠤ᠂ ᠡᠭᠦᠷᠭᠡ ᠬᠠᠷᠢᠭᠤᠴᠠᠯᠭ᠎ᠠ ᠮᠥᠷᠥᠨ᠎ᠳᠤ ᠲᠠᠯᠪᠢᠭ᠍ᠳᠠᠵᠤ᠂ ᠱᠢᠨ᠎ᠡ ᠠᠭᠤᠤ ᠶᠡᠭᠡ ᠠᠶᠠᠨ᠎ᠳᠠᠭᠠᠨ ᠢᠳᠡᠷᠡᠬᠦᠨ ᠠᠯᠬᠤᠭ᠎ᠠ᠎ᠪᠠᠷ ᠡᠷᠡᠮᠡᠬᠡᠢᠯᠡᠨ ᠤᠷᠤᠭ᠍ᠰᠢᠯᠠᠬᠤ ᠪᠣᠯᠤᠯ᠎ᠠ!
ᠡᠨᠡ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠴᠠᠭ ᠦᠶᠡᠴᠢᠯᠡᠭ᠌ᠰᠡᠨ ᠤᠯᠠᠨ ᠲᠦᠮᠡᠨᠴᠢᠯᠡᠭ᠌ᠰᠡᠨ ᠠᠭᠤᠤ ᠶᠡᠭᠡ ᠠᠬᠢᠴᠠ ᠮᠥᠨ᠃ ᠤᠢ᠍ᠢᠷ᠎ᠠ ᠦᠶ᠎ᠡ᠎ᠶ᠋ᠢᠨ ᠳᠤᠮᠳᠠᠳᠤ ᠤᠯᠤᠰ᠎ᠤᠨ ᠬᠠᠮᠤᠭ᠎ᠤᠨ ᠠᠶᠤᠯ ᠲᠦᠭ᠌ᠰᠢᠭᠦᠷᠢ᠎ᠲᠠᠢ ᠴᠠᠭ ᠮᠥᠴᠡ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ ᠯᠧᠨᠢᠨ᠎ᠤ ᠦᠵᠡᠯ᠎ᠢ ᠡᠷᠢᠵᠦ᠍ ᠣᠯᠤᠭ᠍ᠰᠠᠨ ᠪᠥᠭᠡᠳ ᠮᠠᠷᠺᠰ ᠯᠧᠨᠢᠨ᠎ᠤ ᠦᠵᠡᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠦᠴᠦᠨ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠬᠡᠳᠦᠨ ᠮᠢᠩᠭᠠᠨ ᠵᠢᠯ᠎ᠳᠤ ᠡᠭᠦᠳᠦᠨ ᠪᠦᠲᠦᠭᠡᠭ᠌ᠰᠡᠨ ᠠᠭᠤᠤ ᠶᠡᠭᠡ ᠪᠣᠯᠪᠠᠰᠤᠨ᠎ᠢ ᠬᠥᠭ᠌ᠵᠢᠭᠡᠵᠦ᠍᠂ ᠳᠤᠮᠳᠠᠳᠤ᠎ᠶ᠋ᠢᠨ ᠪᠣᠯᠪᠠᠰᠤᠨ᠎ᠤ ᠬᠦᠴᠦᠷᠬᠡᠭ ᠶᠡᠭᠡ ᠤᠶᠤᠨ᠎ᠤ ᠬᠦᠴᠦᠨ᠎ᠢ ᠳᠠᠬᠢᠨᠲᠠ ᠪᠠᠳᠠᠷᠠᠭᠤᠯᠪᠠ᠃ ᠵᠠᠭᠤᠨ ᠵᠢᠯ᠎ᠤᠨ ᠲᠤᠷᠰᠢ᠂ ᠮᠠᠷᠺᠰ᠎ᠤᠨ ᠦᠵᠡᠯ ᠳᠤᠮᠳᠠᠳᠤ ᠤᠯᠤᠰ᠎ᠢ ᠭᠦᠨᠵᠡᠭᠡᠢ ᠬᠤᠪᠢᠷᠠᠭᠤᠯᠤᠭ᠍ᠰᠠᠨ ᠪᠥᠭᠡᠳ ᠳᠤᠮᠳᠠᠳᠤ ᠤᠯᠤᠰ ᠴᠤ᠌ ᠮᠠᠷᠺᠰ᠎ᠤᠨ ᠦᠵᠡᠯ᠎ᠢ ᠲᠦᠢᠯ᠎ᠤᠨ ᠶᠡᠭᠡ᠎ᠪᠠᠷ ᠪᠠᠶᠠᠯᠢᠭ᠍ᠵᠢᠭᠤᠯᠵᠠᠢ᠃ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ᠌ ᠪᠠ ᠦᠨᠡᠨ᠎ᠠᠴᠠ ᠵᠥᠪ᠎ᠢ ᠡᠷᠢᠬᠦ᠌᠎ᠶ᠋ᠢ ᠨᠢᠭᠡᠳᠭᠡᠬᠦ᠂ ᠦᠨᠳᠦᠰᠦ᠎ᠶ᠋ᠢ ᠪᠠᠬᠢᠵᠢᠭᠦᠯᠦᠨ ᠰᠠᠭᠤᠷᠢ᠎ᠶ᠋ᠢ ᠪᠠᠲᠤᠳᠭᠠᠬᠤ ᠪᠠ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠱᠢᠨ᠎ᠡ ᠠᠬᠤᠢ ᠪᠠᠢᠳᠠᠯ᠎ᠢ ᠲᠠᠰᠤᠷᠠᠯᠳᠠ ᠦᠭᠡᠢ ᠨᠡᠭᠡᠭᠡᠵᠦ᠍᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠎ᠢ ᠡᠭᠦᠳᠴᠤ᠌᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠡᠭᠦᠳᠴᠤ᠌᠂ ᠨᠠᠮ ᠪᠠ ᠠᠷᠠᠳ ᠲᠦᠮᠡᠨ᠎ᠤ ᠦᠢᠯᠡᠰ᠎ᠤᠨ ᠬᠥᠭ᠌ᠵᠢᠯᠲᠡ᠎ᠳᠤ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠬᠠᠩᠭᠠᠵᠠᠢ᠃ ᠮᠠᠨ᠎ᠤ ᠨᠠᠮ᠎ᠤᠨ ᠲᠡᠦᠬᠡ ᠪᠣᠯ ᠳᠠᠷᠤᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠲᠠᠰᠤᠷᠠᠯᠲᠠ ᠦᠭᠡᠢ ᠠᠬᠢᠭᠤᠯᠤᠭ᠍ᠰᠠᠨ ᠲᠡᠦᠬᠡ ᠮᠥᠨ᠂ ᠤᠨᠤᠯ᠎ᠤᠨ ᠱᠢᠨ᠎ᠡ ᠡᠭᠦᠳᠦᠯᠲᠡ᠎ᠶ᠋ᠢ ᠲᠠᠰᠤᠷᠠᠯᠳᠠ ᠦᠭᠡᠢ ᠠᠬᠢᠭᠤᠯᠤᠭ᠍ᠰᠠᠨ᠂ ᠤᠨᠤᠯ᠎ᠤᠨ ᠡᠭᠦᠳᠦᠨ ᠪᠦᠲᠦᠭᠡᠯᠲᠡ᠎ᠶ᠋ᠢ ᠲᠠᠰᠤᠷᠠᠯᠲᠠ ᠦᠭᠡᠢ ᠬᠢᠭ᠌ᠰᠡᠨ ᠲᠡᠦᠬᠡ ᠮᠥᠨ᠃ ᠡᠳᠦᠭᠡ᠂ ᠮᠠᠷᠺᠰ᠎ᠤᠨ ᠦᠵᠡᠯ᠎ᠨᠢ 21 ᠳ᠋ᠦ᠍ᠭᠡᠷ ᠵᠠᠭᠤᠨ᠎ᠤ ᠳᠤᠮᠳᠠᠳᠤ ᠤᠯᠤᠰ᠎ᠲᠤ ᠱᠢᠨ᠎ᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠵᠤ᠂ 21 ᠳ᠋ᠦ᠍ᠭᠡᠷ ᠵᠠᠭᠤᠨ᠎ᠤ ᠳᠤᠮᠳᠠᠳᠤ ᠤᠯᠤᠰ᠎ᠤᠨ ᠮᠠᠷᠺᠰ᠎ᠤᠨ ᠦᠵᠡᠯ ᠶᠠᠭ ᠨᠡᠩ ᠬᠦᠴᠦᠷᠬᠡᠭ ᠶᠡᠭᠡ᠂ ᠨᠡᠩ ᠢᠲᠡᠭᠡᠭᠦᠯᠬᠦ᠌ ᠬᠦᠴᠦᠨ᠎ᠲᠠᠢ ᠦᠨᠡᠨ ᠶᠣᠰᠣᠨ᠎ᠤ ᠬᠦᠴᠦᠨ᠎ᠢᠶᠠᠨ ᠢᠯᠡᠷᠡᠭᠦᠯᠵᠦ᠍ ᠪᠠᠢᠨ᠎ᠠ!
ᠡᠨᠡ ᠪᠣᠯ ᠰᠠᠭᠤᠷᠢ ᠲᠠᠯᠪᠢᠨ ᠦᠢᠯᠡᠰ ᠪᠤᠰᠭᠠᠵᠤ᠂ ᠢᠷᠡᠭᠡᠳᠦᠢ᠎ᠪᠠᠨ ᠨᠡᠭᠡᠭᠡᠨ ᠡᠬᠦᠳᠦᠭ᠌ᠰᠡᠨ ᠰᠦᠷ ᠳᠠᠯᠠᠢᠴᠠᠲᠠᠢ ᠠᠶᠠᠨ ᠮᠦᠨ᠃ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ᠂ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ ᠪᠠ ᠠᠷᠠᠳ ᠲᠦᠮᠡᠨ᠎ᠤ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤᠴᠤᠳ ᠡᠷᠡᠭᠡᠯᠵᠡᠯ ᠦᠭᠡᠢ᠂ ᠴᠥᠬᠦᠷᠡᠰᠢ ᠦᠭᠡᠢ ᠦᠷᠭᠦᠯᠵᠢᠯᠡᠨ ᠲᠡᠮᠡᠴᠡᠪᠠ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 30 ᠱᠢᠬᠠᠮ ᠵᠢᠯ᠎ᠤᠨ ᠬᠤᠭᠤᠴᠠᠭᠠᠨ᠎ᠳᠤ ᠱᠢᠨ᠎ᠡ ᠠᠷᠠᠳᠴᠢᠯᠠᠭ᠍ᠰᠠᠨ ᠬᠤᠪᠢᠰᠭᠠᠯ᠎ᠢ ᠪᠡᠶᠡᠯᠡᠭᠦᠯᠵᠦ᠍᠂ ᠱᠢᠨ᠎ᠡ ᠳᠤᠮᠳᠠᠳᠤ ᠤᠯᠤᠰ᠎ᠢ ᠪᠠᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠡᠭᠦᠨ᠎ᠠᠴᠠ ᠡᠬᠢᠯᠡᠨ ᠪᠣᠰᠴᠤ᠌ ᠵᠣᠭ᠍ᠰᠣᠯᠠ; ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮ᠎ᠤᠨ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠰᠠᠭᠤᠷᠢᠨ ᠳᠡᠭᠡᠷ᠎ᠡ 40 ᠭᠠᠷᠤᠢ ᠵᠢᠯ᠎ᠤᠨ ᠴᠠᠭ᠎ᠢ ᠬᠡᠷᠡᠭ᠌ᠰᠡᠨ ᠥᠭᠡᠷᠡᠴᠢᠯᠡᠯᠲᠡ ᠨᠡᠭᠡᠭᠡᠯᠲᠡ ᠬᠢᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠵᠢᠯ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ ᠪᠦᠬᠦ᠌ ᠲᠠᠯ᠎ᠠ᠎ᠶ᠋ᠢᠨ ᠢᠯᠠᠯᠲᠠ ᠣᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠪᠡ᠃ ᠢᠷᠡᠭᠡᠳᠦᠢ᠎ᠪᠠᠨ ᠪᠠᠷᠠᠯᠠᠬᠤᠶ᠎ᠠ᠂ 2035 ᠤᠨ ᠪᠣᠯᠬᠤ᠎ᠳᠤ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠬᠠᠮᠲᠤ ᠡᠨᠡ ᠬᠦ᠌ ᠰᠠᠭᠤᠷᠢᠨ ᠳᠡᠭᠡᠷ᠎ᠡ ᠲᠠᠬᠢᠨ 15 ᠵᠢᠯ ᠲᠡᠮᠡᠴᠡᠵᠦ᠍᠂ ᠲᠤᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠬᠤ ᠪᠤᠯᠤᠨ᠎ᠠ᠃ ᠤᠳᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠪᠦᠷᠢᠶ᠎ᠡ ᠨᠢᠭᠡᠨᠲᠡ ᠬᠠᠩᠭᠢᠨᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠱᠢᠨ᠎ᠡ ᠴᠠᠭ ᠦᠶ᠎ᠡ᠎ᠶ᠋ᠢᠨ ᠠᠭᠤᠤ ᠶᠡᠭᠡ ᠠᠶᠠᠨ᠎ᠳᠠᠭᠠᠨ ᠰᠠᠯᠬᠢ ᠪᠣᠷᠣᠭᠠᠨ᠎ᠢ ᠰᠥᠷᠴᠦ᠍᠂ ᠡᠷᠡᠰ ᠱᠢᠭᠤᠷᠬᠠᠢ ᠤᠷᠤᠭ᠍ᠰᠢᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠡᠦᠬᠡ᠎ᠶ᠋ᠢᠨ ᠠᠤᠭ᠎ᠠ ᠬᠦᠰᠡᠯ᠎ᠤᠨ ᠲᠥᠯᠥᠭᠡ ᠲᠡᠮᠡᠴᠡᠵᠦ᠍ ᠪᠠᠢᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠵᠠᠭᠤᠨ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠲᠡᠦᠬᠡ᠎ᠶ᠋ᠢᠨ ᠬᠤᠪᠢ ᠵᠠᠶᠠᠭ᠎ᠠ᠎ᠶ᠋ᠢ ᠦᠨᠳᠦᠰᠦᠨ᠎ᠠᠴᠠ᠎ᠨᠢ ᠬᠤᠪᠢᠷᠠᠭᠤᠯᠤᠭ᠍ᠰᠠᠨ ᠵᠠᠭᠤᠨ ᠵᠢᠯ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠵᠠᠭᠤᠨ ᠵᠢᠯ ᠮᠥᠨ᠂ ᠳᠤᠮᠳᠠᠳᠤ ᠤᠯᠤᠰ ᠪᠦᠬᠦ᠌ ᠬᠥᠮᠦᠨ ᠲᠥᠷᠥᠯᠬᠢᠲᠡᠨ᠎ᠤ ᠬᠥᠭ᠌ᠵᠢᠯᠲᠡ᠎ᠳᠤ ᠭᠠᠷᠮᠠᠭᠠᠢ ᠬᠤᠪᠢ ᠨᠡᠮᠡᠷᠢ ᠦᠵᠡᠭᠦᠯᠦᠭ᠌ᠰᠡᠨ ᠵᠠᠭᠤᠨ ᠵᠢᠯ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠠᠪᠤᠵᠤ ᠢᠷᠡᠭ᠌ᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠬᠠᠯᠠᠭᠤᠨ ᠴᠢᠰᠤ᠂ ᠠᠷᠢᠭᠤᠨ ᠬᠥᠯᠥᠰᠥ᠍᠂ ᠨᠢᠯᠪᠤᠰᠤ᠎ᠪᠠᠷ᠎ᠢᠶᠠᠨ ᠪᠢᠴᠢᠭ᠌ᠯᠡᠭ᠌ᠰᠡᠨ ᠶᠤᠮ᠂ ᠭᠠᠰᠠᠯᠠᠩ ᠵᠣᠪᠠᠯᠠᠩ ᠪᠠ ᠬᠡᠷᠡᠯ ᠰᠠᠴᠤᠷᠠᠩᠭᠤᠢ᠂ ᠨᠤᠭᠤᠷᠠᠯ ᠪᠦᠳᠦᠷᠢᠯ ᠪᠠ ᠢᠯᠠᠯᠲᠠ᠂ ᠦᠷᠡᠭ᠌ᠳᠡᠯ ᠪᠠ ᠣᠯᠤᠯᠲᠠ᠎ᠪᠠᠷ ᠪᠢᠯᠬᠠᠬ᠍ᠰᠠᠨ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠢᠷᠠᠭᠤ ᠭᠠᠢᠬᠠᠮᠱᠢᠭ᠍ᠲᠤ ᠬᠠᠭᠤᠳᠠᠰᠤ ᠪᠣᠯᠬᠤ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠣᠯᠤᠭ᠍ᠰᠠᠨ ᠠᠭᠤᠤ ᠶᠡᠭᠡ ᠢᠯᠠᠯᠲᠠ᠎ᠨᠢ ᠳᠤᠮᠳᠠᠳᠤ᠎ᠶ᠋ᠢᠨ ᠪᠣᠯᠪᠠᠰᠤᠨ᠎ᠢ ᠣᠳᠣᠬᠢᠴᠢᠯᠠᠯᠲᠠ᠎ᠶ᠋ᠢᠨ ᠠᠬᠢᠴᠠ ᠳᠤᠮᠳᠠ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠵᠤ᠂ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠢ 21 ᠳ᠋ᠤᠭᠡᠷ ᠵᠠᠭᠤᠨ᠎ᠳᠤ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠢ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠡᠷᠡᠯᠬᠡᠭ᠌ᠯᠡᠨ ᠤᠷᠤᠭ᠍ᠰᠢᠯᠠᠬᠤ᠎ᠶ᠋ᠢᠨ ᠪᠤᠳᠠᠳᠤ ᠠᠬᠤᠢ᠎ᠶ᠋ᠢᠨ ᠰᠠᠭᠤᠷᠢ ᠪᠣᠯᠤᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠲᠦᠱᠢᠭ ᠲᠤᠯᠭᠠᠭᠤᠷᠢ ᠮᠥᠨ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ ᠤᠯᠤᠰ᠎ᠢ ᠤᠳᠤᠷᠢᠳᠴᠤ᠌ ᠴᠢᠳᠠᠨ᠎ᠠ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠥᠭᠡᠷᠡᠴᠢᠯᠡᠯᠲᠡ ᠨᠡᠭᠡᠭᠡᠯᠲᠡ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍᠂ ᠨᠡᠢᠭᠡᠮ ᠵᠢᠷᠤᠮ᠎ᠢ ᠬᠥᠭ᠌ᠵᠢᠭᠦᠯᠵᠦ᠍᠂ ᠮᠠᠷᠺᠰ᠎ᠤᠨ ᠦᠵᠡᠯ᠎ᠢ ᠬᠥᠭ᠌ᠵᠢᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ ᠰᠠᠶᠢ ᠳᠤᠮᠳᠠᠳᠤ ᠤᠯᠤᠰ᠎ᠢ ᠲᠠᠭᠠᠭᠤᠯᠤᠨ ᠴᠡᠴᠡᠭ᠌ᠯᠡᠭᠦᠯᠦᠨ ᠬᠦᠴᠦᠷᠬᠡᠭ᠌ᠵᠢᠭᠦᠯᠬᠦ᠌ ᠵᠠᠮ᠎ᠢᠶᠠᠷ ᠬᠦᠳᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃
ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ᠂ ᠮᠠᠨ᠎ᠤ ᠨᠠᠮ ᠶᠠᠭ ᠠᠷᠠᠳ ᠲᠦᠮᠡᠨ᠎ᠢ ᠳᠠᠭᠠᠭᠤᠯᠤᠨ ᠮᠠᠰᠢ ᠤᠯᠠᠨ ᠱᠢᠨ᠎ᠡ ᠲᠡᠦᠬᠡ᠎ᠶ᠋ᠢᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠵᠦ᠍ ᠪᠤᠢ᠂ ᠪᠠᠢᠳᠠᠯ ᠣᠷᠴᠢᠨ ᠲᠣᠭᠤᠷᠢᠨ᠎ᠤ ᠬᠤᠪᠢᠷᠠᠯᠲᠠ᠎ᠶ᠋ᠢᠨ ᠲᠦᠷᠭᠡᠨ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠬᠦᠨᠳᠦ᠂ ᠵᠥᠷᠢᠴᠡᠯ ᠠᠶᠤᠯ ᠲᠦᠭ᠌ᠰᠢᠭᠦᠷᠢ ᠥᠷᠢᠰᠥᠯᠳᠦᠭᠡᠨ᠎ᠤ ᠤᠯᠠᠨ᠂ ᠮᠠᠨ᠎ᠤ ᠨᠠᠮ᠎ᠤᠨ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠳᠤ ᠠᠪᠴᠢᠷᠠᠬ᠍ᠰᠠᠨ ᠱᠢᠯᠭᠠᠯᠲᠠ᠎ᠶ᠋ᠢᠨ ᠬᠠᠳᠠᠭᠤ ᠪᠡᠷᠬᠡ᠎ᠨᠢ ᠤᠷᠢᠳ ᠡᠮᠦᠨ᠎ᠡ ᠪᠠᠢᠭ᠎ᠠ ᠦᠭᠡᠢ᠃ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠥᠷ᠎ᠤᠨ ᠲᠤᠶᠠᠭ᠎ᠠ ᠪᠢᠳᠡᠨ᠎ᠤ ᠡᠮᠦᠨ᠎ᠡ ᠪᠠᠢᠨ᠎ᠠ᠂ ᠢᠷᠡᠭᠡᠳᠦᠢ ᠭᠡᠭᠡᠨ ᠰᠠᠷᠠᠭᠤᠯ ᠪᠤᠯᠪᠠᠴᠤ᠌ ᠲᠡᠢᠮᠦ᠍ ᠬᠢᠯᠪᠠᠷᠬᠠᠨ᠎ᠢᠶᠠᠷ᠂ ᠬᠡᠩᠭᠡᠷᠭᠡ ᠴᠠᠩ ᠳᠡᠯᠡᠳᠴᠦ᠍ ᠪᠠᠢᠭᠠᠳ ᠪᠡᠶᠡᠯᠡᠭᠦᠯᠴᠢᠭᠡᠬᠦ᠌ ᠶᠠᠪᠤᠲᠠᠯ ᠪᠢᠰᠢ᠂ ᠪᠢᠳᠡᠨ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠲᠤᠬᠢᠶᠠᠵᠤ ᠪᠠᠢᠬᠤ ᠪᠥᠭᠡᠳ ᠪᠠᠰᠠ ᠬᠠᠲᠠᠭᠤ ᠴᠢᠩᠭ᠎ᠠ ᠥᠷᠢᠰᠥᠯᠳᠦᠭᠡᠨ ᠲᠤᠯᠭᠠᠷᠠᠵᠤ ᠪᠠᠢᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠬᠤ ᠬᠡᠷᠡᠭ᠌ᠳᠡᠢ᠃ 《ᠬᠤᠣᠰ ᠵᠠᠭᠤᠨ ᠵᠢᠯ》 ᠤᠨ ᠲᠡᠦᠬᠡ᠎ᠶ᠋ᠢᠨ ᠠᠭᠤᠯᠵᠠᠷ ᠴᠡᠭ ᠳᠡᠭᠡᠷ᠎ᠡ ᠵᠣᠭ᠍ᠰᠣᠵᠤ᠂ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ᠎ᠪᠠᠨ ᠡᠷᠭᠢᠴᠡᠭᠦᠯᠵᠦ᠍᠂ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠢᠷᠡᠭᠡᠳᠦᠢ᠎ᠪᠠᠨ ᠪᠠᠷᠠᠯᠠᠬᠤ᠎ᠳᠤ᠂ ᠠᠵᠠ ᠲᠤᠬᠢᠶᠠᠯ ᠪᠠ ᠴᠠᠭ᠎ᠤᠨ ᠪᠠᠢᠳᠠᠯ ᠪᠢᠳᠡᠨ᠎ᠤ ᠲᠠᠯ᠎ᠠ᠎ᠳᠤ ᠪᠤᠢ᠂ ᠡᠨᠡ ᠪᠣᠯ ᠪᠢᠳᠡᠨ᠎ᠤ ᠲᠣᠭ᠍ᠲᠠᠯ ᠬᠦᠴᠦᠨ ᠪᠠ ᠬᠦᠴᠦᠨ ᠴᠢᠳᠠᠯ᠎ᠤᠨ ᠱᠢᠯᠳᠠᠭᠠᠨ᠂ ᠮᠥᠨ ᠴᠦ᠍ ᠪᠢᠳᠡᠨ᠎ᠤ ᠰᠦᠰᠦ ᠵᠣᠷᠢᠭ ᠪᠠ ᠢᠳᠡᠬᠡᠯ᠎ᠤᠨ ᠱᠢᠯᠳᠠᠭᠠᠨ ᠪᠣᠯᠤᠨ᠎ᠠ᠃
ᠶᠡᠷᠦᠩᠬᠡᠢ ᠱᠦᠵᠢ ᠰᠢ᠎ᠶ᠋ᠢᠨ ᠫᠢᠩ᠄ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠮᠡᠴᠡᠯ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠤ ᠪᠣᠯᠪᠠᠰᠤᠨ᠎ᠤ ᠲᠡᠦᠬᠡᠨ᠎ᠳᠤ ᠴᠥᠮ ᠬᠦᠱᠢᠶ᠎ᠡ ᠳᠤᠷᠠᠰᠭᠠᠯ᠎ᠤᠨ ᠠᠴᠢ ᠬᠤᠯᠪᠣᠭ᠍ᠳᠠᠯ᠎ᠲᠠᠢ ᠶᠤᠮ᠃ ᠡᠭᠦᠨ᠎ᠤ ᠵᠡᠷᠭᠡ᠎ᠪᠠᠷ᠂ ᠡᠨᠡ ᠪᠤᠯ ᠪᠢᠳᠡᠨ᠎ᠤ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠵᠠᠩᠭᠢᠯᠠᠭ᠎ᠠ᠎ᠶ᠋ᠢᠨ ᠨᠢᠭᠡ ᠠᠯᠬᠤᠮ ᠮᠥᠨ ᠭᠡᠳᠡᠭ᠎ᠢ ᠡᠷᠭᠡᠪᠰᠢ ᠲᠠᠨᠢᠬᠤ ᠬᠡᠷᠡᠭ᠌ᠳᠡᠢ᠂ ᠪᠢᠳᠡ ᠶᠠᠭᠠᠬᠢᠭ᠍ᠰᠠᠨ ᠴᠤ᠌ ᠤᠮᠤᠷᠬᠠᠭ ᠪᠠᠷᠳᠠᠮ᠂ ᠤᠷᠤᠭ᠍ᠰᠢᠯᠠᠬᠤ ᠦᠭᠡᠢ ᠪᠠᠢᠵᠤ ᠪᠣᠯᠬᠤ ᠦᠭᠡᠢ᠂ ᠦᠷᠭᠦᠯᠵᠢᠯᠡᠨ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠎ᠪᠠᠷ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠡᠰ ᠱᠢᠭᠤᠷᠬᠠᠢ ᠤᠷᠤᠭ᠍ᠰᠢᠯᠠᠨ ᠲᠠᠪᠱᠢᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠡᠷᠡᠯᠬᠡᠭ᠌ᠯᠡᠨ ᠲᠡᠮᠡᠴᠡᠵᠦ᠍᠂ ᠬᠥᠮᠦᠨ ᠲᠥᠷᠥᠯᠬᠢᠲᠡᠨ᠎ᠤ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ᠎ᠲᠤ ᠲᠠᠰᠤᠷᠠᠯᠳᠠ ᠦᠭᠡᠢ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠳᠡᠭ᠎ᠢ ᠪᠢᠳᠡ ᠡᠷᠬᠡᠪᠰᠢ ᠲᠠᠨᠢᠵᠤ ᠤᠯᠬᠤ ᠬᠡᠷᠡᠭ᠌ᠳᠠᠢ!》 ᠭᠡᠵᠦ᠍ ᠵᠢᠭᠠᠵᠤ ᠭᠠᠷᠭᠠᠪᠠ᠃ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠵᠠᠮ ᠨᠡᠭᠡᠭᠡᠨ ᠤᠷᠤᠭ᠍ᠰᠢᠯᠠᠬᠤ᠎ᠳᠤ᠂ ᠡᠷᠬᠡᠪᠰᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠮᠠᠷᠺᠰ᠎ᠤᠨ ᠦᠵᠡᠯ᠂ ᠡᠪ ᠬᠠᠮᠲᠤ ᠶᠣᠰᠣᠨ᠎ᠤ ᠢᠲᠡᠭᠡᠯ ᠪᠢᠱᠢᠷᠡᠯ᠎ᠢᠶᠠᠨ ᠪᠠᠳᠤᠳᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠢᠲᠡᠭᠡᠯ ᠵᠣᠷᠢᠭ᠎ᠢᠶᠠᠨ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠢᠲᠡᠭᠡᠯ ᠵᠣᠷᠢᠭ᠎ᠢᠶᠠᠨ ᠬᠦᠪᠴᠢᠯᠡᠵᠦ᠍᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ 《ᠬᠤᠶᠠᠷ ᠡᠷᠬᠡᠪᠰᠢ》 ᠶ᠋ᠢ ᠪᠠᠷᠢᠮᠲᠠᠯᠠᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠳᠠᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠵᠤ᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠤ᠂ ᠬᠢᠮᠤᠷᠠᠯ᠎ᠤᠨ ᠳᠤᠮᠳᠠ ᠠᠵᠠ ᠲᠣᠬᠢᠶᠠᠯ᠎ᠢ ᠡᠷᠢᠵᠦ᠍᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠬᠦᠳᠴᠤ᠌᠂ ᠦᠪᠡᠷ᠎ᠤᠨ ᠶᠠᠪᠤᠳᠠᠯ᠎ᠢᠶᠠᠨ ᠪᠦᠬᠦ᠌ ᠬᠦᠴᠦᠨ᠎ᠢᠶᠠᠷ᠎ᠢᠶᠠᠨ ᠰᠠᠢᠳᠤᠷ ᠬᠢᠵᠦ᠍᠂ ᠳᠡᠤᠬᠡ᠎ᠶ᠋ᠢᠨ ᠵᠦᠪ ᠳᠠᠯᠠᠳᠤ ᠵᠤᠭ᠍ᠰᠤᠵᠦ᠍᠂ ᠬᠤᠶᠠᠳᠤᠭᠠᠷ ᠵᠠᠭᠤᠨ ᠵᠢᠯ᠎ᠤᠨ ᠳᠡᠮᠡᠴᠡᠬᠦ᠌ ᠬᠠᠷᠠᠯᠳᠠ ᠳᠡᠢᠰᠢ ᠴᠤᠴᠠᠯᠳᠠ ᠦᠭᠡᠢ ᠤᠷᠤᠭ᠍ᠰᠢᠯᠠᠵᠦ᠍᠂ 《ᠱᠢᠯᠭᠠᠯᠳᠠ᠎ᠶ᠋ᠢ ᠳᠠᠭᠠᠭᠠᠬᠤ》 ᠰᠡᠷᠭᠡᠭ ᠴᠢᠨᠠᠷ ᠪᠠ ᠡᠷᠡᠰ ᠵᠤᠷᠢᠭ᠎ᠢᠶᠠᠷ ᠱᠢᠨ᠎ᠠ ᠴᠠᠭ ᠦᠶ᠎ᠠ᠎ᠶ᠋ᠢᠨ ᠱᠢᠯᠭᠠᠯᠳᠠ᠎ᠶ᠋ᠢᠨ ᠬᠠᠭᠤᠳᠠᠰᠤ᠎ᠶ᠋ᠢ ᠰᠠᠢᠳᠤᠷ ᠬᠠᠷᠢᠭᠤᠯᠵᠦ᠍᠂ ᠳᠡᠯᠡᠬᠡᠢ᠎ᠶ᠋ᠢᠨ ᠶᠡᠭᠡ ᠪᠠᠢᠳᠠᠯ᠎ᠳᠤ ᠵᠤᠬᠢᠴᠠᠬᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠦᠨᠢ ᠡᠭᠦᠷᠢᠳᠡ᠎ᠶ᠋ᠢᠨ ᠠᠭᠤᠤ ᠦᠢᠯᠡᠰ᠎ᠢ ᠰᠠᠢᠳᠤᠷ ᠪᠢᠴᠢᠭ᠌ᠯᠡᠬᠦ᠌ ᠭᠡᠷᠡᠭ᠌ᠳᠠᠢ᠃
ᠤᠷᠲᠤ ᠤᠳᠠᠭᠠᠨ ᠠᠶᠠᠨ ᠵᠠᠮ᠎ᠳᠤ ᠲᠡᠮᠡᠴᠡᠮᠡᠨᠵᠢᠨ ᠰᠠᠶᠢ ᠢᠯᠠᠯᠲᠠ ᠤᠯᠵᠤ ᠴᠢᠳᠠᠨ᠎ᠠ᠃ ᠪᠢᠳᠡ ᠲᠡᠮᠡᠴᠡᠯ᠎ᠢᠶᠠᠷ ᠳᠠᠮᠵᠢᠨ᠂ ᠬᠠᠷᠰᠢ ᠰᠠᠭᠠᠳ᠎ᠢ ᠢᠯᠠᠨ ᠳᠠᠪᠠᠵᠤ᠂ ᠪᠡᠷᠬᠡ ᠪᠠᠷᠳᠠᠭ᠎ᠠ᠎ᠶ᠋ᠢ ᠲᠤᠭᠤᠯᠪᠠ᠃ ᠪᠢᠳᠡ ᠪᠠᠰᠠ ᠦᠷᠭᠦᠯᠵᠢᠯᠡᠨ ᠲᠡᠮᠡᠴᠡᠵᠦ᠍᠂ ᠡᠷᠡᠯᠬᠡᠭ᠌ᠯᠡᠨ ᠤᠷᠤᠭ᠍ᠰᠢᠯᠠᠵᠤ᠂ ᠨᠡᠩ ᠭᠡᠷᠡᠯ ᠰᠠᠴᠤᠷᠠᠩᠭᠤᠢ ᠠᠮᠵᠢᠯᠲᠠ ᠪᠦᠳᠤᠮᠵᠢ᠎ᠶ᠋ᠢ ᠡᠭᠦᠳᠬᠦ᠌ ᠬᠡᠷᠡᠭ᠌ᠲᠡᠢ᠃ ᠬᠡᠭᠦᠳᠡᠭ ᠴᠡᠭᠡᠵᠢᠨ᠎ᠳᠡᠭᠡᠨ ᠦᠨᠢ ᠡᠭᠦᠷᠢᠳᠡ᠎ᠶ᠋ᠢᠨ ᠠᠭᠤᠤ ᠦᠢᠯᠡᠰ᠎ᠢ ᠡᠪᠦᠷᠯᠡᠬᠦ᠌ᠨᠢ ᠴᠢᠪ ᠬᠡᠮᠡᠨ ᠵᠠᠭᠤᠨ ᠵᠢᠯ᠎ᠤᠨ ᠭᠡᠷᠡᠯ ᠬᠢᠯᠪᠠᠭ᠎ᠠ ᠪᠤᠯᠠᠢ᠃ ᠮᠠᠨ᠎ᠤ ᠨᠠᠮ ᠢᠮᠠᠭ᠍ᠲᠠ ᠴᠠᠭ ᠦᠶ᠎ᠡ᠎ᠶ᠋ᠢᠨ ᠤᠷᠤᠰᠭᠠᠯ᠎ᠤᠨ ᠬᠠᠮᠤᠭ᠎ᠤᠨ ᠡᠮᠦᠨ᠎ᠡ ᠶᠠᠪᠤᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠬᠠᠮᠤᠭ᠎ᠤᠨ ᠡᠮᠦᠨ᠎ᠡ ᠡᠩᠨᠡᠭᠡᠨ᠎ᠳᠤ ᠵᠣᠭ᠍ᠰᠣᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠳᠤᠮᠳᠠ ᠵᠣᠭ᠍ᠰᠣᠳᠠᠭ ᠯᠠ ᠶᠤᠮ ᠪᠣᠯ ᠯᠠᠪᠲᠠᠢ ᠡᠭᠦᠷᠢᠳᠡ ᠢᠯᠠᠭ᠍ᠳᠠᠰᠢ ᠦᠭᠡᠢ ᠪᠠᠢᠷᠢᠨ᠎ᠳᠤ ᠤᠷᠤᠱᠢᠵᠦ᠍ ᠴᠢᠳᠠᠬᠤ ᠶᠤᠮ᠃ ᠱᠢᠨ᠎ᠡ ᠠᠭᠤᠤ ᠶᠡᠭᠡ ᠠᠶᠠᠨ᠎ᠳᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠲᠦᠷᠪᠡᠨ ᠤᠬᠠᠮᠰᠠᠷ》 ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠵᠠᠮ ᠨᠡᠭᠡᠭᠡᠨ ᠤᠷᠤᠭ᠍ᠰᠢᠯᠠᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌ ᠬᠡᠷᠡᠭ᠌ᠲᠡᠢ!
(ᠱᠢᠨᠬᠤᠸᠠ ᠬᠤᠷᠢᠶᠠᠨ᠎ᠤ ᠪᠡᠬᠡᠵᠢᠩ᠎ᠤᠨ 6 ᠰᠠᠷ᠎ᠠ᠎ᠶ᠋ᠢᠨ 30 ᠤ ᠴᠠᠬᠢᠯᠭᠠᠨ ᠮᠡᠳᠡᠭᠡ)