ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠳᠡᠭᠡᠷ᠎ᠡ᠂ ᠠᠯᠢᠪᠠ ᠤᠷᠤᠭ᠍ᠰᠢᠯᠠᠯᠳᠠ᠎ᠨᠢ ᠴᠦᠮ ᠶᠠᠪᠤᠵᠤ ᠥᠩᠭᠡᠷᠡᠭ᠌ᠰᠡᠨ ᠵᠠᠮ᠎ᠢᠶᠠᠨ ᠮᠠᠷᠲᠠᠵᠤ ᠪᠣᠯᠬᠤ ᠦᠭᠡᠢ᠂ ᠬᠡᠳᠦᠢ ᠬᠤᠯᠠ ᠶᠠᠪᠤᠵᠤ᠂ ᠬᠡᠳᠦᠢ ᠭᠡᠷᠡᠯ ᠰᠠᠴᠤᠷᠠᠩᠭᠤᠢ ᠢᠷᠡᠭᠡᠳᠦᠢ᠎ᠳᠤ ᠬᠦᠷᠦᠭ᠌ᠰᠡᠨ ᠴᠦ᠍ ᠶᠠᠪᠤᠵᠤ ᠲᠤᠭᠤᠯᠤᠬ᠍ᠰᠠᠨ ᠥᠩᠭᠡᠷᠡᠭ᠌ᠰᠡᠨ᠎ᠢᠶᠠᠨ ᠮᠠᠷᠲᠠᠵᠤ ᠪᠣᠯᠬᠤ ᠦᠭᠡᠢ᠂ ᠶᠠᠭᠤᠨ᠎ᠤ ᠲᠥᠯᠥᠭᠡ ᠮᠣᠷᠳᠠᠭ᠍ᠰᠠᠨ ᠬᠡᠳᠡᠭ᠎ᠢᠶᠠᠨ ᠮᠠᠷᠲᠠᠵᠤ ᠪᠣᠯᠬᠤ ᠦᠭᠡᠢ ᠭᠡᠵᠦ᠍ ᠵᠢᠭᠠᠵᠤ ᠭᠠᠷᠭᠠᠪᠠ᠃
ᠵᠠᠭᠤᠨ ᠵᠢᠯ᠎ᠤᠨ ᠰᠠᠯᠬᠢ ᠪᠣᠷᠣᠭᠠᠨ᠂ ᠲᠤᠭᠠᠴᠢᠭᠠᠳ ᠪᠠᠷᠠᠰᠢ ᠦᠬᠡᠢ ᠪᠡᠷᠬᠡ ᠪᠠᠷᠲᠠᠭ᠎ᠠ᠂ ᠵᠠᠭᠤᠨ ᠵᠢᠯ᠎ᠤᠨ ᠤᠯᠠᠷᠢᠯ ᠬᠤᠪᠢᠰᠤᠯ᠂ ᠲᠣᠭᠠᠯᠠᠭᠠᠳ ᠲᠠᠭᠤᠰᠤᠰᠢ ᠦᠬᠡᠢ ᠠᠤᠭ᠎ᠠ ᠦᠢᠯᠡᠰ ᠠᠭᠤᠤ ᠠᠮᠵᠢᠯᠳᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠠᠨ᠎ᠠᠴᠠ ᠠᠪᠤᠭᠠᠳ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠲᠡᠦᠬᠡ᠎ᠳᠤ ᠴᠢᠨᠠᠷᠳᠠᠢ ᠬᠤᠪᠢᠰᠤᠯᠳᠠ ᠬᠦᠷᠳᠡᠯ᠎ᠡ᠂ ᠥᠭᠡᠷᠡᠴᠢᠯᠡᠯᠲᠡ ᠨᠡᠬᠡᠬᠡᠯᠳᠡ ᠬᠢᠭ᠌ᠰᠡᠨ ᠲᠡᠭ᠌ᠷᠢ ᠭᠠᠵᠠᠷ᠎ᠢ ᠲᠤᠩᠰᠤᠯᠭᠠᠬ᠍ᠰᠠᠨ ᠬᠤᠪᠢᠷᠠᠯᠳᠠ ᠬᠦᠷᠲᠡᠯ᠎ᠡ᠂ ᠲᠠᠬᠢᠭᠠᠳ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠡᠬᠦᠰᠥᠭ᠌ᠰᠡᠨ ᠬᠦᠷᠲᠡᠯ᠎ᠡ᠂ ᠦᠨᠳᠦᠰᠦᠨ ᠱᠢᠯᠲᠠᠭᠠᠨ᠎ᠨᠢ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠤᠯᠭᠤᠬᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠷᠢᠮᠲᠠᠯᠠᠭ᠍ᠰᠠᠨ᠎ᠳᠤ ᠪᠠᠢᠨ᠎ᠠ᠃
ᠨᠠᠮ᠎ᠤᠨ ᠠᠩᠬᠠᠳᠤᠭᠠᠷ ᠶᠡᠭᠡ ᠬᠤᠷᠠᠯ
1921 ᠣᠨ᠎ᠤ 7 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠣᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠱᠠᠩᠬᠠᠶ᠎ᠶ᠋ᠢᠨ ᠹᠷᠠᠨᠼᠢ᠎ᠶ᠋ᠢᠨ ᠲᠦᠷᠢᠶᠡᠰᠦᠨ ᠭᠠᠵᠠᠷ᠎ᠤᠨ ᠸᠠᠩ ᡁᠢ ᠯᠦ᠍ ᠵᠠᠮ᠎ᠤᠨ 106 ᠳ᠋ᠤᠭᠠᠷ ᠨᠣᠮᠧᠷᠳᠣ (ᠣᠳᠣ᠎ᠶ᠋ᠢᠨ ᠱᠢᠩ ᠶᠧ ᠵᠠᠮ᠎ᠤᠨ 76 ᠳ᠋ᠤᠭᠠᠷ ᠨᠣᠮᠧᠷᠳᠣ) ᠳᠤ ᠵᠢᠩᠬᠢᠨᠢ᠎ᠪᠠᠷ ᠡᠬᠢᠯᠡᠵᠦ᠍᠂ ᠬᠠᠮᠤᠭ᠎ᠤᠨ ᠰᠡᠭᠦᠯ᠎ᠤᠨ ᠨᠢᠭᠡ ᠡᠳᠦᠷ᠎ᠤᠨ ᠬᠤᠷᠠᠯ᠎ᠨᠢ ᠵᠢᠶᠠ ᠱᠢᠩ᠎ᠤᠨ ᠨᠠᠨ ᠬᠤ᠌ ᠨᠠᠭᠤᠷ᠎ᠤᠨ ᠵᠢᠭᠤᠯᠴᠢᠯᠠᠯ᠎ᠤᠨ ᠣᠩᠭᠤᠴᠠᠠ ᠳᠡᠭᠡᠷ᠎ᠡ ᠶᠠᠪᠤᠭ᠍ᠳᠠᠪᠠ᠃ ᠶᠠᠭ ᠡᠨᠡ ᠵᠢᠭᠤᠯᠴᠢᠯᠠᠯ᠎ᠤᠨ ᠣᠩᠭᠤᠴᠠᠨ ᠳᠡᠭᠡᠷ᠎ᠡ᠂ ᠠᠭᠤᠤ ᠶᠡᠭᠡ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠵᠡᠢ᠃ ᠨᠠᠮ᠎ᠤᠨ ᠠᠩᠬᠠᠳᠤᠭᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠵᠢᠩᠬᠢᠨᠢ᠎ᠪᠠᠷ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠬᠠᠮᠤᠭ᠎ᠤᠨ ᠲᠡᠷᠢᠭᠦᠨ᠎ᠤ ᠠᠩᠭᠢ — ᠠᠵᠢᠯᠴᠢᠨ ᠠᠩᠭᠢ᠎ᠶ᠋ᠢᠨ ᠲᠥᠷᠥ᠎ᠶ᠋ᠢᠨ ᠨᠠᠮ ᠪᠣᠯᠤᠭ᠍ᠰᠠᠨ᠎ᠤ ᠬᠤᠪᠢ᠎ᠳᠤ ᠠᠵᠢᠯᠴᠢᠨ ᠠᠩᠭᠢ᠎ᠶ᠋ᠢᠨ ᠠᠱᠢᠭ ᠲᠤᠰᠠ᠎ᠶ᠋ᠢ ᠲᠥᠯᠥᠭᠡᠯᠡᠭ᠌ᠰᠡᠨ᠎ᠢᠶᠠᠷ ᠪᠠᠷᠠᠬᠤ ᠦᠭᠡᠶ᠂ ᠪᠦᠬᠦ᠋ᠢᠯᠡ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠠᠱᠢᠭ ᠲᠤᠰᠠ᠎ᠶ᠋ᠢ ᠲᠥᠯᠥᠭᠡᠯᠡᠪᠡ᠃
ᠨᠠᠮ᠎ᠤᠨ ᠬᠤᠶᠠᠳᠤᠭᠠᠷ ᠶᠡᠭᠡ ᠬᠤᠷᠠᠯ
1922 ᠣᠨ᠎ᠤ 7 ᠰᠠᠷ᠎ᠠ᠎ᠳᠤ᠂ ᠨᠠᠮ᠎ᠤᠨ ᠬᠤᠶᠠᠳᠤᠭᠠᠷ ᠶᠡᠭᠡ ᠬᠤᠷᠠᠯ ᠱᠠᠩᠬᠠᠶ᠎ᠳᠤ ᠬᠤᠷᠠᠯᠳᠤᠪᠠ᠃ ᠬᠤᠷᠠᠯ᠎ᠠᠴᠠ ᠠᠩᠬᠠᠳᠠᠬ᠍ᠴᠢ ᠨᠠᠮ᠎ᠤᠨ ᠲᠦᠷᠢᠮ᠎ᠢ ᠪᠠᠲᠤᠯᠠᠵᠤ᠂ ᠡᠵᠡᠷᠬᠡᠭ ᠲᠦᠷᠢᠮᠡᠭᠡᠢᠳᠡᠨ ᠪᠠ ᠹᠸᠤᠳᠠᠯᠢ ᠡᠰᠡᠷᠭᠦᠴᠡᠬᠦ᠌ ᠠᠷᠠᠳᠴᠢᠯᠠᠭ᠍ᠰᠠᠨ ᠬᠤᠪᠢᠰᠭᠠᠯ᠎ᠤᠨ ᠲᠣᠳᠣᠷᠬᠠᠢ ᠬᠥᠲᠥᠯᠪᠦᠷᠢ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠵᠠᠢ᠃
ᠨᠠᠮ᠎ᠤᠨ ᠭᠤᠷᠪᠠᠳᠤᠭᠠᠷ ᠶᠡᠭᠡ ᠬᠤᠷᠠᠯ
1923 ᠣᠨ᠎ᠤ 6 ᠰᠠᠷ᠎ᠠ᠎ᠳᠤ᠂ ᠨᠠᠮ᠎ᠤᠨ ᠭᠤᠷᠪᠠᠳᠤᠭᠠᠷ ᠶᠡᠭᠡ ᠬᠤᠷᠠᠯ ᠭᠤᠸᠠᠩᠵᠧᠦ᠎ᠳᠤ ᠬᠤᠷᠠᠯᠳᠤᠪᠠ᠃ ᠬᠤᠷᠠᠯ᠎ᠠᠴᠠ ᠨᠠᠮ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠶ᠋ᠢᠨ ᠨᠠᠮ᠎ᠤᠨ ᠳᠣᠲᠣᠭᠠᠳᠤ᠎ᠶ᠋ᠢᠨ ᠭᠤᠮᠢᠨᠳᠠᠩ ᠡᠪ ᠬᠠᠮᠲᠤ ᠨᠠᠮ᠎ᠤᠨ ᠬᠠᠮᠲᠤᠷᠠᠨ ᠠᠵᠢᠯᠯᠠᠬᠤ ᠠᠰᠠᠭᠤᠳᠠᠯ ᠳᠡᠭᠡᠷ᠎ᠡ ᠣᠷᠣᠱᠢᠵᠤ ᠪᠠᠢᠭ᠍ᠰᠠᠨ ᠴᠢᠬᠤᠯᠠ ᠶᠡᠭᠡ ᠵᠥᠷᠢᠯᠳᠦᠭᠡᠨ᠎ᠢ ᠵᠥᠪ᠎ᠢᠶᠠᠷ ᠱᠢᠢᠳᠪᠦᠷᠢᠯᠡᠵᠤ᠂ ᠪᠦᠬᠦ᠌ ᠨᠠᠮ᠎ᠤᠨ ᠲᠠᠨᠢᠯᠲᠠ᠎ᠶ᠋ᠢ ᠨᠢᠭᠡᠳᠭᠡᠪᠠ᠃
ᠨᠠᠮ᠎ᠤᠨ ᠳᠥᠷᠪᠡᠳᠦᠭᠡᠷ ᠶᠡᠭᠡ ᠬᠤᠷᠠᠯ
1925 ᠣᠨ᠎ᠤ 1 ᠰᠠᠷ᠎ᠠ᠎ᠳᠤ᠂ ᠨᠠᠮ᠎ᠤᠨ ᠳᠥᠷᠪᠡᠳᠦᠭᠡᠷ ᠶᠡᠭᠡ ᠬᠤᠷᠠᠯ ᠱᠠᠩᠬᠠᠢ᠎ᠳᠤ ᠬᠤᠷᠠᠯᠳᠤᠪᠠ᠃ ᠬᠤᠷᠠᠯ᠎ᠠᠴᠠ ᠦᠭᠡᠢᠭᠦᠦ ᠠᠩᠭᠢ᠎ᠶ᠋ᠢᠨ ᠠᠷᠠᠳᠴᠢᠯᠠᠭ᠍ᠰᠠᠨ ᠬᠤᠪᠢᠰᠭᠠᠯ᠎ᠳᠠᠬᠢ ᠤᠳᠤᠷᠢᠳᠭᠤ ᠡᠷᠬᠡ ᠪᠠ ᠠᠵᠢᠯᠴᠢᠨ ᠲᠠᠷᠢᠶᠠᠴᠢᠨ᠎ᠤ ᠬᠤᠯᠪᠣᠭ᠎ᠠ᠎ᠶ᠋ᠢᠨ ᠠᠰᠠᠭᠤᠳᠠᠯ᠎ᠢ ᠠᠩᠬ᠎ᠠ ᠤᠳᠠᠭ᠎ᠠ ᠲᠣᠳᠣᠷᠬᠠᠶ ᠳᠤᠷᠠᠳᠴᠠᠶ᠃ ᠠᠷᠠᠳᠴᠢᠯᠠᠭ᠍ᠰᠠᠨ ᠬᠤᠪᠢᠰᠭᠠᠯ᠎ᠤᠨ ᠠᠭᠤᠯᠭ᠎ᠠ᠎ᠳᠤ ᠨᠡᠩ ᠪᠦᠷᠢᠨ ᠲᠡᠭᠦᠯᠳᠡᠷ ᠲᠣᠭ᠍ᠲᠠᠭᠠᠯ ᠭᠠᠷᠭᠠᠵᠠᠢ᠃
ᠨᠠᠮ᠎ᠤᠨ ᠲᠠᠪᠤᠳᠤᠭᠠᠷ ᠶᠡᠭᠡ ᠬᠤᠷᠠᠯ
1927 ᠣᠨ᠎ᠤ 4 ᠰᠠᠷ᠎ᠠ᠎ᠠᠴᠠ 5 ᠰᠠᠷ᠎ᠠ ᠪᠣᠯᠲᠠᠯ᠎ᠠ᠂ ᠨᠠᠮ᠎ᠤᠨ ᠲᠠᠪᠤᠳᠤᠭᠠᠷ ᠶᠡᠭᠡ ᠬᠤᠷᠠᠯ ᠦᠬᠠᠨ᠎ᠳᠤ ᠬᠤᠷᠠᠯᠳᠤᠪᠠ᠃ ᠬᠤᠷᠠᠯ᠎ᠠᠴᠠ᠂ ᠦᠭᠡᠢᠭᠦᠦ ᠠᠩᠭᠢ᠎ᠶ᠋ᠢᠨ ᠬᠤᠪᠢᠰᠭᠠᠯ᠎ᠢ ᠤᠳᠤᠷᠢᠳᠭᠤ ᠡᠷᠬᠡ᠎ᠶ᠋ᠢ ᠲᠡᠮᠡᠴᠡᠨ ᠤᠯᠬᠤ᠂ ᠬᠤᠪᠢᠰᠭᠠᠯᠲᠤ ᠠᠷᠠᠳᠴᠢᠯᠠᠭ᠍ᠰᠠᠨ ᠵᠠᠰᠠᠭ᠎ᠢ ᠪᠠᠢᠭᠤᠯᠬᠤ ᠪᠠ ᠭᠠᠵᠠᠷ ᠲᠠᠷᠢᠶᠠᠨ᠎ᠤ ᠬᠤᠪᠢᠰᠭᠠᠯ᠎ᠢ ᠬᠡᠷᠡᠭ᠌ᠵᠢᠬᠦᠯᠬᠦ᠌ ᠵᠡᠷᠭᠡ ᠵᠥᠪ ᠵᠠᠷᠴᠢᠮ᠎ᠤᠳ᠎ᠢ ᠳᠤᠷᠠᠳᠤᠨ ᠭᠠᠷᠭᠠᠪᠠ᠃ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ — ᠲᠦᠪ᠎ᠤᠨ ᠬᠢᠨᠠᠨ ᠪᠠᠢᠴᠠᠭᠠᠬᠤ ᠵᠦᠪᠯᠡᠯ᠎ᠢ ᠰᠣᠩᠭᠤᠨ ᠭᠠᠷᠭᠠᠪᠠ᠃
ᠨᠠᠮ᠎ᠤᠨ ᠵᠢᠷᠭᠤᠳᠤᠭᠠᠷ ᠶᠡᠭᠡ ᠬᠤᠷᠠᠯ
1928 ᠣᠨ᠎ᠤ 6 ᠰᠠᠷ᠎ᠠ᠎ᠠᠴᠠ 7 ᠰᠠᠷ᠎ᠠ ᠪᠣᠯᠲᠠᠯ᠎ᠠ᠂ ᠨᠠᠮ᠎ᠤᠨ ᠵᠢᠷᠭᠤᠳᠤᠭᠠᠷ ᠶᠡᠭᠡ ᠬᠤᠷᠠᠯ ᠮᠣᠰᠺᠸᠠ᠎ᠶ᠋ᠢᠨ ᠤᠢ᠍ᠢᠷ᠎ᠠ ᠲᠡᠭᠦᠷᠭᠡ᠎ᠳᠤ ᠬᠤᠷᠠᠯᠳᠤᠪᠠ᠃ ᠬᠤᠷᠠᠯ᠎ᠠᠴᠠ ᠠᠵᠢᠯ᠎ᠤᠨ ᠭᠤᠣᠯᠳᠠᠯᠭ᠎ᠠ᠎ᠪᠠᠨ ᠠᠷᠭ᠎ᠠ ᠪᠦᠬᠦᠨ᠎ᠢ ᠰᠦᠪᠡᠭ᠌ᠴᠢᠯᠡᠨ ᠵᠡᠪᠰᠡᠭ᠌᠎ᠳᠤ ᠪᠣᠰᠣᠯᠭ᠎ᠠ ᠵᠣᠬᠢᠶᠠᠨ ᠪᠠᠢᠭᠤᠯᠵᠤ ᠪᠠᠢᠭ᠍ᠰᠠᠨ᠎ᠢ ᠤᠷᠳᠤ ᠬᠤᠭᠤᠴᠠᠭᠠᠨ᠎ᠤ ᠬᠠᠲᠠᠭᠤᠵᠢᠯᠲᠠᠶ ᠤᠯᠠᠨ ᠲᠦᠮᠡᠨ᠎ᠤ ᠠᠵᠢᠯ᠎ᠢ ᠬᠢᠬᠦ᠌ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠢ ᠲᠡᠮᠡᠴᠡᠨ ᠤᠯᠬᠤ᠎ᠶ᠋ᠢ ᠨᠠᠮ᠎ᠤᠨ ᠲᠡᠷᠢᠭᠦᠨ ᠴᠢᠬᠤᠯᠠ ᠡᠭᠦᠷᠭᠡ ᠪᠣᠯᠭᠠᠬᠤ᠎ᠪᠠᠷ ᠲᠣᠭ᠍ᠲᠠᠪᠠ᠃
ᠨᠠᠮ᠎ᠤᠨ ᠳᠣᠯᠣᠳᠤᠭᠠᠷ ᠶᠡᠭᠡ ᠬᠤᠷᠠᠯ
1945 ᠣᠨ᠎ᠤ 4 ᠰᠠᠷ᠎ᠠ᠎ᠠᠴᠠ 6 ᠰᠠᠷ᠎ᠠ ᠪᠣᠯᠲᠠᠯ᠎ᠠ᠂ ᠨᠠᠮ᠎ᠤᠨ ᠳᠣᠯᠣᠳᠤᠭᠠᠷ ᠶᠡᠭᠡ ᠬᠤᠷᠠᠯ ᠶᠠᠨ ᠠᠨ᠎ᠳᠤ ᠬᠤᠷᠠᠯᠳᠤᠪᠠ᠃ ᠬᠤᠷᠠᠯ᠎ᠠᠴᠠ ᠨᠠᠮ᠎ᠤᠨ ᠤᠷᠳᠤ ᠬᠤᠭᠤᠴᠠᠭᠠᠨ᠎ᠤ ᠲᠡᠮᠡᠴᠡᠯ᠎ᠤᠨ ᠳᠤᠮᠳᠠ ᠪᠦᠷᠢᠯᠳᠦᠭ᠌ᠰᠡᠨ ᠱᠢᠯᠢᠳᠡᠭ ᠰᠤᠷᠲᠠᠯ᠎ᠢ ᠭᠤᠷᠪᠠᠨ ᠶᠡᠭᠡ ᠰᠤᠷᠲᠠᠯ ᠪᠣᠯᠭᠠᠨ ᠬᠤᠷᠢᠶᠠᠩᠭᠤᠢᠯᠠᠪᠠ᠃ ᠡᠨᠡ᠎ᠨᠢ ᠡᠪ ᠬᠠᠮᠲᠤ ᠨᠠᠮ᠎ᠤᠨ ᠪᠤᠰᠤᠳ ᠲᠦᠷᠦ᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠢ ᠱᠢᠨᠵᠢ ᠲᠡᠮᠳᠡᠭ ᠮᠥᠨ᠃
ᠨᠠᠮ᠎ᠤᠨ ᠨᠠᠢ᠍ᠮᠠᠳᠤᠭᠠᠷ ᠶᠡᠭᠡ ᠬᠤᠷᠠᠯ
1956 ᠣᠨ᠎ᠤ 9 ᠰᠠᠷ᠎ᠠ᠎ᠶ᠋ᠢᠨ 15 ᠠᠴᠠ 27 ᠤ ᠡᠳᠦᠷ ᠪᠣᠯᠲᠠᠯ᠎ᠠ᠂ ᠨᠠᠮ᠎ᠤᠨ ᠨᠠᠢ᠍ᠮᠠᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠡᠨᠡ ᠪᠣᠯ ᠨᠠᠮ᠎ᠤᠨ ᠪᠦᠬᠦ᠌ ᠤᠯᠤᠰ᠎ᠲᠤ ᠲᠦᠷᠦ᠍ ᠪᠠᠷᠢᠭ᠍ᠰᠠᠨᠤ ᠳᠠᠷᠠᠭ᠎ᠠ ᠬᠤᠷᠠᠯᠳᠤᠭᠤᠯᠤᠭ᠍ᠰᠠᠨ ᠠᠩᠬᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ᠎ᠠ᠃ ᠬᠤᠷᠠᠯ᠎ᠠᠴᠠ᠄ ᠤᠯᠤᠰ᠎ᠤᠨ ᠳᠣᠲᠣᠭᠠᠳᠤ᠎ᠶ᠋ᠢᠨ ᠭᠤᠣᠯ ᠵᠥᠷᠢᠴᠡᠯ ᠪᠣᠯ ᠠᠵᠤ ᠠᠬᠤᠢ ᠰᠣᠶᠣᠯ᠎ᠤᠨ ᠲᠦᠷᠭᠡᠨ ᠬᠥᠭ᠌ᠵᠢᠯᠲᠡ᠎ᠶ᠋ᠢᠨ ᠲᠤᠬᠠᠢ ᠠᠷᠠᠳ ᠲᠦᠮᠡᠨ᠎ᠤ ᠬᠡᠷᠡᠭ᠌ᠴᠡᠭᠡ ᠬᠢᠭᠡᠳ ᠣᠳᠣᠬᠠᠨ᠎ᠤ ᠠᠵᠤ ᠠᠬᠤᠢ ᠰᠣᠶᠣᠯ᠎ᠤᠨ ᠠᠷᠠᠳ ᠲᠦᠮᠡᠨ᠎ᠤ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠦᠭᠡᠢ ᠪᠠᠢᠭ᠎ᠠ ᠪᠠᠢᠳᠠᠯ᠎ᠤᠨ ᠬᠤᠭᠤᠷᠣᠨᠳᠣᠬᠢ ᠵᠥᠷᠢᠴᠡᠯ ᠮᠥᠨ᠃ ᠨᠠᠮ ᠪᠠ ᠪᠦᠬᠦ᠌ ᠤᠯᠤᠰ᠎ᠤᠨ ᠠᠷᠠᠳ ᠲᠦᠮᠡᠨ᠎ᠤ ᠣᠳᠣᠬᠠᠨ᠎ᠤ ᠭᠤᠣᠯ ᠡᠭᠦᠷᠭᠡ ᠪᠣᠯ ᠬᠦᠴᠦ᠎ᠪᠠᠨ ᠲᠥᠪᠯᠡᠷᠡᠭᠦᠯᠦᠨ ᠡᠨᠡ ᠵᠥᠷᠢᠴᠡᠯ᠎ᠢ ᠱᠢᠢᠳᠪᠦᠷᠢᠯᠡᠵᠦ᠍᠂ ᠮᠠᠨ᠎ᠤ ᠤᠯᠤᠰ᠎ᠢᠶᠠᠨ ᠠᠯᠢ ᠲᠦᠷᠭᠡᠨ᠎ᠢᠶᠠᠷ ᠬᠤᠴᠣᠷᠤᠩᠭᠤᠢ ᠲᠠᠷᠢᠶᠠᠯᠠᠩ᠎ᠤᠨ ᠤᠯᠤᠰ᠎ᠠᠴᠠ ᠲᠡᠷᠢᠭᠦᠨ᠎ᠤ ᠠᠵᠤ ᠦᠢᠯᠡᠳᠪᠦᠷᠢ᠎ᠶ᠋ᠢᠨ ᠤᠯᠤᠰ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ ᠬᠡᠵᠤ ᠵᠡᠷᠯᠡᠪᠡ᠃
ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ
ᠳᠤᠮᠳᠠᠳᠤ ᠤᠯᠤᠰ ᠴᠤᠬᠤᠮ ᠬᠠᠮᠢᠭᠠᠰᠢ᠎ᠪᠠᠨ ᠶᠠᠪᠣᠬᠤ ᠴᠢᠬᠤᠯᠠ ᠶᠡᠭᠡ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠤ᠂ 1978 ᠣᠨ᠎ᠤ 12 ᠰᠠᠷ᠎ᠠ᠎ᠳᠤ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ᠎ᠳᠤ ᠬᠤᠷᠠᠯᠳᠤᠪᠠ᠃ ᠡᠨᠡ ᠣᠳᠠᠭ᠎ᠠ᠎ᠶ᠋ᠢᠨ ᠪᠦᠬᠦᠳᠠ ᠬᠤᠷᠠᠯ᠎ᠠᠴᠠ ᠡᠬᠢᠯᠡᠨ᠂ ᠥᠭᠡᠷᠡᠴᠢᠯᠡᠯᠲᠡ ᠨᠡᠭᠡᠭᠡᠯᠳᠠ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠪᠠᠢᠭᠤᠯᠬᠤ ᠶᠡᠭᠡ ᠬᠥᠱᠢᠭᠡ ᠨᠡᠭᠡᠭᠡᠭ᠌ᠳᠡᠵᠦ᠍᠂ ᠳ᠋ᠧᠩ ᠱᠢᠶᠦᠦ ᠫᠢᠩ᠎ᠤᠨ ᠤᠨᠦᠯ ᠴᠤ᠌ ᠠᠭᠠᠵᠢᠮ᠎ᠢᠶᠠᠷ ᠪᠦᠷᠢᠯᠳᠦᠨ ᠬᠥᠭ᠌ᠵᠢᠪᠡ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠨᠢ ᠨᠢᠭᠡᠨ ᠠᠭᠤᠤ ᠶᠡᠭᠡ ᠡᠷᠭᠢᠯᠲᠡ᠎ᠶ᠋ᠢᠨ ᠴᠡᠭ᠎ᠤᠨ ᠬᠤᠪᠢ᠎ᠪᠠᠷ ᠲᠡᠦᠬᠡᠨ ᠬᠠᠭᠤᠳᠠᠰᠤᠨ᠎ᠠ ᠲᠡᠮᠳᠡᠭ᠌ᠯᠡᠭ᠌ᠳᠡᠪᠡ᠃ ᠬᠤᠷᠠᠯ᠎ᠠᠴᠠ ᠮᠠᠷᠺᠰ᠎ᠤᠨ ᠦᠵᠡᠯ᠎ᠤᠨ ᠦᠵᠡᠯ ᠰᠠᠨᠠᠭᠠᠨ᠎ᠤ ᠱᠤᠭᠤᠮ᠂ ᠤᠯᠤᠰ ᠲᠦᠷᠦ᠎ᠶ᠋ᠢᠨ ᠱᠤᠭᠤᠮ᠂ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠲᠡᠬᠢᠠ ᠲᠣᠭ᠍ᠲᠠᠭᠠᠵᠤ᠂ ᠪᠦᠬᠦ᠌ ᠨᠠᠮ᠎ᠤᠨ ᠠᠵᠢᠯ᠎ᠤᠨ ᠭᠤᠣᠯᠳᠠᠯᠭ᠎ᠠ᠎ᠶ᠋ᠢ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠠ ᠪᠠᠢᠭᠤᠯᠤᠯᠲᠠ ᠳᠡᠭᠡᠷ᠎ᠡ ᠱᠢᠯᠵᠢᠭᠦᠯᠬᠦ᠂ ᠥᠭᠡᠷᠡᠴᠢᠯᠡᠯᠲᠡ ᠨᠡᠭᠡᠭᠡᠯᠳᠠ ᠬᠢᠬᠦ᠌ ᠲᠡᠦᠬᠡᠨ ᠱᠢᠢᠳᠪᠦᠷᠢᠲᠦ ᠪᠤᠳᠦᠯᠭ᠎ᠠ᠎ᠶ᠋ᠢ ᠲᠣᠭ᠍ᠲᠠᠭᠠᠭᠠᠳ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠳᠡᠭᠡᠷᠡᠬᠢ ᠠᠯᠤᠰ ᠭᠡᠳᠦ᠎ᠶ᠋ᠢᠨ ᠠᠴᠢ ᠬᠤᠯᠪᠣᠭ᠍ᠳᠠᠯ᠎ᠲᠠᠢ ᠠᠭᠤᠤ ᠶᠡᠭᠡ ᠡᠷᠭᠢᠯᠲᠡ᠎ᠶ᠋ᠢ ᠪᠡᠶᠡᠯᠡᠭᠦᠯᠵᠦ᠍᠂ ᠥᠭᠡᠷᠡᠴᠢᠯᠡᠯᠲᠡ ᠨᠡᠭᠡᠭᠡᠯᠳᠠ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠠ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠶ᠋ᠢ ᠨᠡᠭᠡᠭᠡᠵᠠᠢ᠃
ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ
1982 ᠣᠨ᠎ᠤ 9 ᠰᠠᠷ᠎ᠠ᠎ᠶ᠋ᠢᠨ 1 ᠠᠴᠠ 11 ᠤ ᠡᠳᠦᠷ ᠪᠣᠯᠲᠠᠯ᠎ᠠ᠂ ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠥᠭᠡᠷᠡᠴᠢᠯᠡᠯᠲᠡ ᠨᠡᠭᠡᠭᠡᠯᠲᠡ᠎ᠶ᠋ᠢᠨ ᠱᠢᠨ᠎ᠡ ᠴᠠᠭ ᠦᠶ᠎ᠡ᠎ᠳᠤ ᠤᠷᠤᠭ᠍ᠰᠠᠨ᠎ᠤ ᠳᠠᠷᠠᠭ᠎ᠠ ᠨᠠᠮ᠎ᠤᠨ ᠬᠤᠷᠠᠯᠳᠤᠭᠤᠯᠤᠭ᠍ᠰᠠᠨ ᠠᠩᠬᠠᠳᠤᠭᠠᠷ ᠣᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ᠎ᠠ᠃ ᠶᠡᠭᠡ ᠬᠤᠷᠠᠯ᠎ᠤᠨ ᠠᠮᠵᠢᠯᠳᠠ᠎ᠲᠠᠢ ᠬᠤᠷᠠᠯᠳᠤᠬ᠍ᠰᠠᠨᠨᠢ ᠨᠠᠮ᠎ᠤᠨ ᠴᠢᠬᠤᠯᠡ ᠶᠡᠭᠡ ᠲᠡᠦᠬᠡ᠎ᠳᠤ ᠴᠢᠨᠠᠷᠳᠠᠢ ᠠᠤᠭ᠎ᠠ ᠡᠷᠬᠢᠯᠳᠡ᠎ᠶ᠋ᠢ ᠪᠡᠶᠡᠯᠡᠬᠦᠯᠦᠭ᠌ᠰᠡᠨᠢ ᠬᠠᠷᠠᠭᠤᠯᠵᠤ ᠪᠤᠢ᠃ ᠶᠡᠭᠡ ᠬᠤᠷᠠᠯ᠎ᠨᠢ ᠲᠤᠮᠳᠠᠳᠤ ᠤᠯᠤᠰ᠎ᠢ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠱᠢᠨ᠎ᠠ ᠤᠯᠤᠰ ᠲᠦᠷᠦ᠎ᠶ᠋ᠢᠨ ᠵᠠᠮ᠎ᠳᠤ ᠬᠦᠳᠦᠯᠦᠨ ᠤᠷᠤᠭᠤᠯᠬᠤ᠎ᠶ᠋ᠢᠨ ᠬᠠᠮᠳᠤ ᠨᠡᠢᠬᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠠ ᠪᠠᠢᠳᠠᠯ᠎ᠢ ᠪᠥᠬᠦ᠌ ᠲᠠᠯ᠎ᠠ᠎ᠪᠠᠷ ᠨᠡᠬᠡᠭᠡᠭ᠌ᠰᠡᠨᠢᠶᠠᠷᠢᠶᠠᠨ ᠲᠡᠦᠬᠡ᠎ᠶ᠋ᠢᠨ ᠬᠠᠭᠤᠳᠠᠰᠤᠨ᠎ᠠ ᠲᠡᠮᠳᠡᠭ᠌ᠯᠡᠭ᠌ᠳᠡᠵᠡᠢ᠃
ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ
1987 ᠣᠨ᠎ᠤ 10 ᠰᠠᠷ᠎ᠠ᠎ᠶ᠋ᠢᠨ 25 ᠠᠴᠠ 11 ᠰᠠᠷ᠎ᠠ᠎ᠶ᠋ᠢᠨ 1 ᠤ ᠡᠳᠦᠷ ᠪᠣᠯᠲᠠᠯ᠎ᠠ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠵᠤ᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠤ ᠤᠨᠤᠯ᠎ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠦ᠍᠂ ᠨᠠᠮ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠦᠨᠳᠦᠰᠦᠨ ᠱᠤᠭᠤᠮ᠎ᠢ ᠲᠣᠳᠣᠷᠬᠠᠢ ᠬᠤᠷᠢᠶᠠᠩᠭᠤᠢᠯᠠᠵᠤ᠂ 《ᠭᠤᠷᠪᠠᠨ ᠠᠯᠬᠤᠮ᠎ᠢᠶᠠᠷ ᠶᠠᠪᠤᠬᠤ》 ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠪᠠ᠃
ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ
1992 ᠣᠨ᠎ᠤ 10 ᠰᠠᠷ᠎ᠠ᠎ᠶ᠋ᠢᠨ 12 ᠠᠴᠠ 18 ᠤ ᠡᠳᠦᠷ ᠪᠣᠯᠲᠠᠯ᠎ᠠ᠂ ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠵᠢᠶᠠᠩ ᠽᠧ ᠮᠢᠨ 《ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠤᠨ ᠨᠡᠩ ᠶᠡᠭᠡ ᠢᠯᠠᠯᠲᠠ᠎ᠶ᠋ᠢ ᠲᠡᠮᠡᠴᠡᠨ ᠣᠯᠰᠤᠭᠠᠢ》 ᠬᠡᠬᠦ᠌ ᠰᠡᠳᠦᠪ᠎ᠢᠶᠠᠷ ᠮᠡᠳᠡᠭᠦᠯᠦᠯᠳᠡ ᠬᠢᠪᠡ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ ᠪᠣᠯ ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ᠎ᠠᠴᠠ ᠭᠠᠷᠭᠠᠭ᠍ᠰᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠮᠥᠨ᠃
ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ
1997 ᠣᠨ᠎ᠤ 9 ᠰᠠᠷ᠎ᠠ᠎ᠶ᠋ᠢᠨ 12 ᠠᠴᠠ 18 ᠤ ᠡᠳᠦᠷ ᠪᠣᠯᠲᠠᠯ᠎ᠠ᠂ ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠠ ᠪᠠᠢᠭᠤᠯᠬᠤ ᠦᠢᠯᠡᠰ᠎ᠤᠨ ᠡᠷᠢᠨ ᠵᠠᠭᠤᠨ ᠰᠤᠨᠳᠠᠯᠠᠭ᠍ᠰᠠᠨ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠪᠠᠢᠷᠢᠯᠠᠭᠤᠯᠵᠤ᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠬᠥᠲᠥᠯᠪᠦᠷᠢ᠎ᠶ᠋ᠢ ᠳᠤᠷᠠᠳᠤᠨ ᠭᠠᠷᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠬᠡᠨ ᠪᠠᠢᠭᠤᠯᠬᠤ ᠠᠵᠤ ᠠᠬᠤᠢ᠂ ᠤᠯᠤᠰ ᠲᠦᠷᠦ᠍᠂ ᠰᠣᠶᠣᠯ᠎ᠤᠨ ᠦᠨᠳᠦᠰᠦᠨ ᠣᠨᠴᠠᠯᠢᠭ ᠪᠠ ᠦᠨᠳᠦᠰᠦᠨ ᠱᠠᠭᠠᠷᠳᠠᠯᠭ᠎ᠠ᠎ᠶ᠋ᠢ ᠲᠣᠳᠣᠷᠬᠠᠢᠯᠠᠵᠠᠢ᠃
ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ
2002 ᠣᠨ᠎ᠤ 11 ᠰᠠᠷ᠎ᠠ᠎ᠶ᠋ᠢᠨ 8 ᠠᠴᠠ 14 ᠤ ᠡᠳᠦᠷ ᠪᠣᠯᠲᠠᠯ᠎ᠠ᠂ ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠱᠢᠨ᠎ᠡ ᠵᠠᠭᠤᠨ᠎ᠳᠤ ᠬᠤᠷᠠᠯᠳᠤᠭᠤᠯᠤᠭ᠍ᠰᠠᠨ ᠨᠠᠮ᠎ᠤᠨ ᠠᠩᠬᠠᠳᠤᠭᠠᠷ ᠣᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠮᠥᠨ᠃ ᠬᠤᠷᠠᠯ᠎ᠠᠴᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠲᠡᠮᠡᠴᠡᠬᠦ᠌ ᠬᠠᠷᠠᠯᠲᠠ᠎ᠶ᠋ᠢ ᠳᠤᠷᠠᠳᠤᠨ ᠭᠠᠷᠭᠠᠵᠤ᠂ ᠱᠢᠨ᠎ᠠ ᠵᠠᠭᠤᠨ ᠱᠢᠨ᠎ᠠ ᠱᠠᠳᠤᠨ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ᠂ ᠶᠠᠮᠠᠷ ᠬᠦᠭ᠌ᠵᠢᠯᠳᠠ᠎ᠶ᠋ᠢᠨ ᠬᠠᠷᠠᠯᠳᠠ᠎ᠶ᠋ᠢ ᠪᠡᠶᠡᠯᠡᠬᠦᠯᠬᠦ᠌ ᠵᠡᠷᠬᠡ ᠴᠢᠬᠤᠯᠠ ᠶᠡᠭᠡ ᠠᠰᠠᠭᠤᠳᠠᠯ᠎ᠤᠳ᠎ᠲᠤ ᠲᠤᠳᠤᠷᠬᠠᠢ ᠬᠠᠷᠢᠭᠤᠯᠳᠠ ᠦᠭ᠌ᠴᠡᠢ᠃
ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ
2007 ᠣᠨ᠎ᠤ 10 ᠰᠠᠷ᠎ᠠ᠎ᠶ᠋ᠢᠨ 15 ᠠᠴᠠ 21 ᠤ ᠡᠳᠦᠷ ᠪᠣᠯᠲᠠᠯ᠎ᠠ᠂ ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ᠎ᠠᠴᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠤᠶᠠᠳᠤᠭᠠᠷ ᠣᠳᠠᠭ᠎ᠠ᠎ᠶ᠋ᠢᠨ ᠦᠰᠦᠷᠦᠯᠲᠡ᠎ᠶ᠋ᠢᠨ ᠴᠢᠨᠠᠷᠳᠠᠢ ᠤᠨᠤᠯ᠎ᠤᠨ ᠦᠷ᠎ᠡ ᠪᠦᠲᠦᠭᠡᠯ — ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠢ ᠪᠦᠲᠦᠭᠡᠯᠴᠢ᠎ᠪᠠᠷ ᠳᠤᠷᠠᠳᠤᠨ ᠭᠠᠷᠭᠠᠭ᠍ᠰᠠᠨ ᠪᠥᠭᠡᠳ ᠭᠦᠨᠵᠡᠭᠡᠢ ᠲᠣᠳᠣᠷᠬᠠᠢᠯᠠᠨ ᠥᠭᠦᠯᠡᠵᠡᠢ᠃ ᠬᠤᠷᠠᠯ᠎ᠠᠴᠠ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠤᠨ ᠴᠢᠬᠤᠯᠠ ᠶᠡᠭᠡ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠪᠣᠯᠣᠨ᠎ᠠ ᠬᠡᠵᠤ ᠦᠵᠡᠵᠤ᠂ ᠡᠨᠡ ᠬᠦ᠌ ᠦᠷ᠎ᠡ ᠪᠦᠲᠦᠭᠡᠯ᠎ᠢ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠬᠤ᠎ᠪᠠᠷ ᠲᠣᠭ᠍ᠲᠠᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ
2012 ᠣᠨ᠎ᠤ 11 ᠰᠠᠷ᠎ᠠ᠎ᠶ᠋ᠢᠨ 8 ᠠᠴᠠ 14 ᠤ ᠡᠳᠦᠷ ᠪᠣᠯᠲᠠᠯ᠎ᠠ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠱᠢᠢᠳᠪᠦᠷᠢᠯᠡᠬᠦ᠌ ᠴᠢᠨᠠᠷᠲᠠᠢ ᠱᠠᠲᠤᠨ᠎ᠳᠤ ᠤᠷᠤᠬ᠍ᠰᠠᠨ ᠦᠶ᠎ᠡ᠎ᠳᠤ ᠬᠤᠷᠠᠯᠳᠤᠭᠤᠯᠤᠭ᠍ᠰᠠᠨ ᠨᠢᠭᠡᠨ ᠣᠳᠠᠭ᠎ᠠ᠎ᠶ᠋ᠢᠨ ᠮᠠᠰᠢ ᠴᠢᠬᠤᠯᠠ ᠶᠡᠭᠡ ᠬᠤᠷᠠᠯ ᠮᠥᠨ᠃ 《ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ᠌ ᠬᠠᠷᠠᠯᠲᠠ ᠮᠥᠨ》᠂ 《ᠪᠢᠳᠡ ᠵᠠᠪᠠᠯ ᠢᠮᠠᠭ᠍ᠲᠠ ᠠᠷᠠᠳ ᠲᠦᠮᠡᠨ᠎ᠲᠠᠢ ᠰᠡᠳᠭᠢᠯ ᠵᠢᠷᠦᠬᠡ᠎ᠪᠠᠨ ᠬᠤᠯᠪᠣᠵᠤ᠂ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠠᠷᠠᠳ ᠲᠦᠮᠡᠨ᠎ᠲᠠᠢ ᠪᠦᠯᠬᠦᠮᠳᠡᠨ ᠲᠡᠮᠡᠴᠡᠵᠦ᠍᠂ ᠥᠷᠯᠥᠭᠡ ᠦᠳᠡᠰᠢ᠎ᠶ᠋ᠢ ᠲᠡᠮᠡᠴᠡᠨ᠂ ᠱᠢᠷᠭᠠᠭᠤ ᠠᠵᠢᠯᠯᠠᠵᠤ᠂ ᠲᠡᠦᠬᠡ᠂ ᠠᠷᠠᠳ ᠲᠦᠮᠡᠨ᠎ᠳᠤ ᠬᠢᠷᠢ ᠲᠡᠩᠴᠡᠭ᠌ᠰᠡᠨ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤ᠎ᠪᠠᠷ ᠴᠢᠷᠮᠠᠢᠨ᠎ᠠ》᠃ 2012 ᠣᠨ᠎ᠤ 11 ᠰᠠᠷ᠎ᠠ᠎ᠶ᠋ᠢᠨ 15 ᠤ ᠡᠳᠦᠷ᠂ ᠣᠯᠣᠰ᠎ᠤᠨ ᠳᠣᠳᠣᠭᠠᠳᠣ ᠭᠠᠳᠠᠭᠠᠳᠤ᠎ᠶ᠋ᠢᠨ ᠰᠣᠷᠪᠣᠯᠵᠢᠯᠠᠭ᠍ᠴᠢᠳ᠎ᠲᠠᠢ ᠠᠭᠤᠯᠵᠠᠬᠤ ᠬᠤᠷᠠᠯ ᠳᠡᠭᠡᠷ᠎ᠡ᠂ ᠰᠢ᠎ᠶ᠋ᠢᠨ ᠫᠢᠩ ᠱᠢᠨ᠎ᠡ ᠨᠢᠭᠡ ᠬᠤᠭᠤᠴᠠᠭᠠᠨ᠎ᠤ ᠲᠥᠪ᠎ᠤᠨ ᠤᠳᠤᠷᠢᠳᠭᠤ ᠬᠠᠮᠲᠤ᠎ᠶ᠋ᠢᠨ ᠡᠮᠦᠨ᠎ᠡ᠎ᠠᠴᠠ ᠲᠥᠪ ᠬᠢᠴᠢᠶᠡᠩᠬᠦᠢ ᠠᠮᠠᠯᠳᠠᠪᠠ᠃
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ
2017 ᠣᠨ᠎ᠤ 10 ᠰᠠᠷ᠎ᠠ᠎ᠶ᠋ᠢᠨ 18 ᠠᠴᠠ 24 ᠤ ᠡᠳᠦᠷ ᠪᠣᠯᠲᠠᠯ᠎ᠠ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠮᠡᠳᠡᠭᠦᠯᠦᠯᠳᠡ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠵᠦ᠍ ᠲᠣᠳᠣᠷᠬᠠᠢ ᠵᠢᠭᠠᠵᠤ ᠭᠠᠷᠭᠠᠪᠠ᠃ ᠡᠨᠡ ᠬᠦ᠌ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠢ ᠤᠷᠮᠠᠱᠢᠭᠤᠯᠤᠨ ᠵᠣᠷᠢᠭ᠍ᠵᠢᠭᠤᠯᠵᠤ ᠲᠠᠰᠤᠷᠠᠯᠲᠠ ᠦᠭᠡᠢ ᠤᠷᠤᠭ᠍ᠰᠢᠯᠠᠭᠤᠯᠬᠤ ᠦᠨᠳᠦᠰᠦᠨ ᠬᠥᠳᠡᠯᠭᠡᠬᠦ᠌ ᠬᠦᠴᠦᠨ ᠮᠥᠨ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠤᠨ ᠠᠯᠤᠰ ᠬᠡᠳᠥ᠎ᠶ᠋ᠢᠨ ᠬᠥᠭ᠌ᠵᠢᠯᠲᠡ᠎ᠶ᠋ᠢ ᠪᠣᠳᠣᠯᠬᠢᠯᠠᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠥᠪ ᠴᠢᠩᠭ᠎ᠠ᠎ᠪᠠᠷ ᠳᠤᠷᠠᠳᠤᠨ ᠭᠠᠷᠭᠠᠭ᠍ᠰᠠᠨ ᠪᠥᠭᠡᠳ ᠡᠨᠡ ᠬᠦ᠌ ᠦᠵᠡᠯ ᠰᠠᠨᠠᠭ᠎ᠠ᠎ᠶ᠋ᠢ ᠨᠠᠮ᠎ᠤᠨ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠤᠳᠭᠤ ᠦᠵᠡᠯ ᠰᠠᠨᠠᠭ᠎ᠠ᠎ᠪᠠᠷ ᠲᠣᠭ᠍ᠲᠠᠭᠠᠵᠤ᠂ ᠨᠠᠮ᠎ᠤᠨ ᠲᠥᠷᠢᠮ᠎ᠳᠤ ᠪᠢᠴᠢᠨ ᠣᠷᠣᠭᠤᠯᠵᠤ᠂ ᠨᠠᠮ᠎ᠤᠨ ᠵᠢᠯᠣᠭᠤᠳᠭᠤ ᠦᠵᠡᠯ ᠰᠠᠨᠠᠭᠠᠨ᠎ᠤ ᠪᠠᠰᠠ ᠨᠢᠭᠡ ᠣᠳᠠᠭ᠎ᠠ᠎ᠶ᠋ᠢᠨ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠬᠤ᠎ᠶ᠋ᠢ ᠪᠡᠶᠡᠯᠡᠭᠦᠯᠪᠡ᠃