ᠶᠡᠷᠦᠩᠬᠡᠢ ᠱᠦᠵᠢ ᠰᠢ᠎ᠶ᠋ᠢᠨ ᠫᠢᠩ᠄ ᠨᠡᠢᠭᠡᠮ ᠵᠢᠷᠤᠮ᠎ᠤᠨ ᠬᠤᠪᠢᠰᠭᠠᠯ ᠪᠣᠯᠤᠨ ᠪᠦᠳᠦᠭᠡᠨ ᠪᠠᠢᠭᠤᠯᠤᠯᠲᠠ᠎ᠶ᠋ᠢᠨ ᠠᠮᠵᠢᠯᠲᠠ᠎ᠶ᠋ᠢ ᠠᠷᠠᠳ ᠲᠦᠮᠡᠨ ᠬᠢᠵᠦ᠍ ᠪᠠᠢᠭᠠᠳ ᠤᠯᠪᠠ; ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡᠨ ᠠᠭᠤᠤ ᠵᠦᠴᠦᠭᠡ᠎ᠶ᠋ᠢ ᠲᠦᠭ ᠲᠦᠮᠡᠨ ᠠᠷᠠᠳ ᠣᠯᠠᠨ ᠭᠤᠤᠯᠯᠠᠨ ᠲᠣᠭ᠍ᠯᠠᠭ᠍ᠰᠠᠨ ᠶᠤᠮ ᠭᠡᠵᠦ᠍ ᠵᠢᠭᠠᠵᠣ ᠭᠠᠷᠭᠠᠪᠠ᠃
ᠲᠦᠷᠦ᠍ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ᠍ ᠬᠦᠷᠦᠨ ᠮᠥᠨ᠂ ᠬᠥᠮᠦᠨ᠎ᠤ ᠰᠡᠳᠭᠢᠯ᠎ᠤᠨ ᠬᠠᠨᠳᠤᠰᠢ᠎ᠨᠢ ᠨᠠᠮ᠎ᠤᠨ ᠮᠠᠨᠳᠤᠵᠤ ᠮᠥᠬᠦᠬᠦ᠌ᠲᠠᠢ ᠬᠤᠯᠪᠣᠭ᠍ᠳᠠᠵᠤ ᠪᠠᠢᠳᠠᠭ᠃ ᠠᠷᠠᠳ ᠲᠦᠮᠡᠨ᠎ᠤ ᠢᠲᠡᠭᠡᠯ᠎ᠢ ᠣᠯᠵᠤ᠂ ᠠᠷᠠᠳ ᠲᠦᠮᠡᠨ᠎ᠤ ᠳᠡᠮᠵᠢᠯᠭᠡ᠎ᠶ᠋ᠢ ᠣᠯᠪᠠᠯ᠂ ᠨᠠᠮ ᠳᠠᠷᠤᠢ ᠠᠯᠢᠪᠡ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠬᠠᠨᠳᠤᠭ᠍ᠰᠠᠨ ᠵᠦᠭ᠎ᠲᠤ ᠢᠯᠠᠯᠲᠠ ᠣᠯᠵᠤ ᠴᠢᠳᠠᠨ᠎ᠠ᠃ ᠡᠭᠦᠨ᠎ᠤ ᠡᠰᠡᠷᠭᠦ᠌ ᠪᠤᠯ᠂ ᠪᠢᠳᠡ ᠶᠠᠭᠤ ᠴᠤ᠌ ᠪᠦᠲᠦᠭᠡᠵᠦ᠍ ᠴᠢᠳᠠᠬᠤ ᠦᠭᠡᠢ᠂ ᠴᠢᠨᠠᠭ᠍ᠰᠢᠯᠠᠪᠠᠯ ᠤᠷᠤᠭᠤᠳᠠᠨ ᠲᠤᠷᠦ᠋ᠢᠳᠠᠨᠠ ᠭᠡᠳᠡᠭ᠎ᠢ ᠲᠡᠦᠬᠡ ᠭᠦᠢᠴᠡᠳ ᠭᠡᠷᠡᠴᠢᠯᠡᠵᠡᠢ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠮᠠᠭ᠍ᠴᠠᠪᠠᠨ ᠡᠪ ᠬᠠᠮᠲᠤ ᠶᠣᠰᠣ᠎ᠶ᠋ᠢ ᠪᠡᠶᠡᠯᠡᠭᠦᠯᠬᠦ᠌᠎ᠶ᠋ᠢ ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠤᠨ ᠬᠠᠷᠠᠯᠲᠠ ᠪᠣᠯᠭᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠬᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠨ ᠠᠪᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠷᠭᠠᠭᠤ ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠵᠦ᠍᠂ ᠢᠷᠠᠭᠤ ᠭᠠᠢᠬᠠᠮᠱᠢᠭ᠍ᠲᠤ ᠲᠤᠤᠯᠢᠰ᠎ᠢ ᠪᠢᠴᠢᠭ᠌ᠯᠡᠵᠠᠢ᠃ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠠᠴᠠ ᠨᠡᠢᠭᠡᠮ ᠵᠢᠷᠤᠮ᠎ᠤᠨ ᠵᠠᠮ᠎ᠢ ᠲᠣᠭ᠍ᠲᠠᠭᠠᠭ᠍ᠰᠠᠨ ᠬᠦᠷᠲᠡᠯ᠎ᠡ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠳᠤᠷᠠᠳᠤᠭ᠍ᠰᠠᠨ ᠪᠠ ᠬᠥᠭ᠌ᠵᠢᠭᠦᠯᠦᠭ᠌ᠰᠡᠨ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠤᠷᠤᠬ᠍ᠰᠠᠨ ᠬᠦᠷᠲᠡᠯ᠎ᠡ᠂ ᠨᠠᠮ᠎ᠤᠨ ᠲᠥᠪ ᠬᠤᠷᠢᠶ᠎ᠠ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢᠨ ᠲᠣᠭᠤᠷᠢᠨ᠎ᠳᠠᠭᠠᠨ ᠠᠯᠢ ᠤᠯᠠᠨ ᠴᠢᠭ᠌ᠯᠡᠯᠲᠡ ᠱᠤᠭᠤᠮ᠂ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠲᠣᠭ᠍ᠲᠠᠭᠠᠪᠠ᠃ ᠨᠡᠢᠭᠡᠮ ᠵᠢᠷᠤᠮᠳᠣ ᠥᠭᠡᠷᠡᠴᠢᠯᠡᠨ ᠪᠠᠢᠭᠤᠯᠣᠯᠳᠠ᠂ ᠥᠭᠡᠷᠡᠴᠢᠯᠡᠯᠲᠡ ᠨᠡᠬᠡᠬᠡᠯᠳᠡ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠡᠳᠡᠭᠡᠷ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌ ᠴᠢᠭ᠌ᠯᠡᠯᠲᠡ ᠱᠤᠭᠤᠮ ᠪᠣᠯᠤᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠣᠭ᠍ᠲᠠᠭᠠᠨ ᠬᠡᠷᠡᠭ᠌ᠵᠢᠭᠦᠯᠦᠭ᠌ᠰᠡᠨ᠎ᠨᠢ᠂ ᠲᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠬᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠱᠠᠳᠤᠴᠢ ᠴᠢᠨᠠᠷᠲᠠᠢ ᠢᠯᠠᠯᠲᠠ᠂ ᠨᠠᠮ᠎ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠨ ᠢᠯᠡᠷᠡᠯ ᠪᠣᠯᠣᠨ᠎ᠠ᠃

ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠄ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠠᠴᠠ ᠳᠤᠮᠳᠠᠳᠤ᠎ᠶ᠋ᠢᠨ ᠠᠷᠠᠳ ᠲᠦᠮᠡᠨ ᠬᠤᠪᠢ ᠵᠠᠶᠠᠭ᠎ᠠ᠎ᠪᠠᠨ ᠥᠪᠡᠷ᠎ᠤᠨ ᠭᠠᠷ᠎ᠲᠠᠭᠠᠨ ᠪᠠᠲᠤ ᠡᠵᠡᠮᠱᠢᠵᠦ᠍᠂ ᠤᠯᠤᠰ ᠣᠷᠣᠨ᠂ ᠨᠡᠢᠭᠡᠮ ᠪᠠ ᠥᠪᠡᠷ᠎ᠤᠨ ᠬᠤᠪᠢ ᠵᠠᠶᠠᠭᠠᠨ᠎ᠤ᠎ᠪᠠᠨ ᠡᠵᠡᠨ ᠪᠣᠯᠤᠭ᠍ᠰᠠᠨ ᠪᠠᠢᠨ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ ᠳᠠᠪᠱᠢᠯᠲᠠ ᠡᠭᠦᠨ᠎ᠠᠴᠠ ᠡᠬᠢᠯᠡᠨ ᠱᠢᠨ᠎ᠡ ᠡᠷᠢᠨ ᠵᠠᠭᠤᠨ᠎ᠢ ᠨᠡᠭᠡᠭᠡᠪᠡ᠃
ᠭᠠᠵᠠᠷ ᠱᠢᠷᠣᠶ᠎ᠶ᠋ᠢᠨ ᠥᠭᠡᠷᠡᠴᠢᠯᠡᠯᠲᠡ᠄ 1950 ᠣᠨ᠎ᠤ 6 ᠰᠠᠷ᠎ᠠ᠎ᠶ᠋ᠢᠨ 30 ᠤ ᠡᠳᠦᠷ᠂ ᠠᠷᠠᠳ᠎ᠤᠨ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠥᠭᠡᠷᠡᠴᠢᠯᠡᠯᠲᠡ᠎ᠶ᠋ᠢᠨ ᠬᠠᠤᠯᠢ》 ᠶ᠋ᠢ ᠨᠡᠢᠲᠡᠯᠡᠨ ᠬᠡᠷᠡᠭ᠌ᠵᠢᠭᠦᠯᠪᠡ᠃ ᠡᠨᠡ᠎ᠨᠢ ᠱᠢᠨ᠎ᠡ ᠴᠢᠯᠥᠭᠡᠯᠡᠭ᠌ᠳᠡᠭ᠌ᠰᠡᠨ ᠣᠷᠣᠨ᠎ᠤ ᠭᠠᠵᠠᠷ ᠲᠠᠷᠢᠶᠠᠨ᠎ᠤ ᠥᠭᠡᠷᠡᠴᠢᠯᠡᠯᠲᠡ᠎ᠶ᠋ᠢ ᠵᠢᠯᠣᠭᠤᠳᠭᠤ ᠦᠨᠳᠦᠰᠦᠨ ᠬᠠᠤᠯᠢ ᠴᠠᠭᠠᠵᠠ᠎ᠶ᠋ᠢᠨ ᠦᠨᠳᠦᠰᠦᠯᠡᠯ ᠪᠣᠯᠪᠠ᠃
ᠨᠡᠢᠭᠡᠮ ᠵᠢᠷᠤᠮᠲᠤ ᠥᠭᠡᠷᠡᠴᠢᠯᠡᠨ ᠪᠠᠢᠭᠤᠯᠤᠯᠳᠠ ᠪᠠ ᠨᠡᠢᠭᠡᠮ ᠵᠢᠷᠤᠮᠲᠤ ᠪᠠᠢᠭᠤᠯᠤᠯ᠎ᠢ ᠪᠠᠢᠭᠤᠯᠤᠭ᠍ᠰᠠᠨ᠄ 1956 ᠣᠨ᠎ᠳᠤ᠂ ᠨᠡᠢᠭᠡᠮ ᠵᠢᠷᠤᠮᠲᠤ ᠥᠭᠡᠷᠡᠴᠢᠯᠡᠨ ᠪᠠᠢᠭᠤᠯᠤᠯᠳᠠ ᠦᠨᠳᠦᠰᠦᠨ᠎ᠳᠡᠭᠡᠨ ᠳᠠᠭᠤᠰᠴᠤ᠌᠂ ᠮᠠᠨ᠎ᠤ ᠤᠯᠤᠰ᠎ᠤᠨ ᠨᠡᠢᠭᠡᠮ ᠵᠢᠷᠤᠮᠲᠤ ᠤᠯᠤᠰ ᠲᠥᠷᠥ᠎ᠶ᠋ᠢᠨ ᠪᠠᠢᠭᠤᠯᠤᠯ ᠪᠠ ᠠᠵᠤ ᠠᠬᠤᠶ᠎ᠶ᠋ᠢᠨ ᠪᠠᠢᠭᠤᠯᠤᠯ ᠲᠤᠭ᠍ᠳᠠᠭᠠᠭ᠍ᠳᠠᠵᠣ᠂ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ ᠪᠠᠢᠭᠤᠯᠤᠭ᠍ᠳᠠᠵᠠᠢ᠃
ᠱᠢᠨ᠎ᠠ ᠲᠤᠮᠲᠠᠲᠤ ᠤᠯᠤᠰ᠎ᠤᠨ ᠤᠤᠭᠠᠨ ᠥᠨᠲᠥᠰᠥᠨ ᠬᠠᠤᠯᠢ ᠄ 1954 ᠣᠨ᠎ᠤ 9 ᠰᠠᠷ᠎ᠠ᠎ᠳᠤ᠂ ᠠᠩᠬᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠳᠤ ᠬᠤᠷᠠᠯᠳᠤᠵᠦ᠍᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠶ᠋ᠢ ᠰᠠᠨᠠᠯ ᠨᠢᠭᠡᠲᠡᠢ ᠪᠠᠲᠤᠯᠠᠵᠠᠢ᠃ ᠲᠤᠰ ᠬᠠᠤᠯᠢ᠎ᠨᠢ ᠨᠡᠢᠭᠡᠮ ᠵᠢᠷᠤᠮ᠎ᠤᠨ ᠬᠡᠯᠪᠡᠷᠢ᠎ᠶ᠋ᠢᠨ ᠦᠨᠳᠦᠰᠦᠨ ᠬᠠᠤᠯᠢ ᠪᠠᠢᠵᠦ᠍᠂ ᠠᠷᠠᠳ᠎ᠤᠨ ᠠᠷᠠᠳᠴᠢᠯᠠᠯ᠎ᠤᠨ ᠵᠠᠷᠴᠢᠮ ᠪᠠ ᠨᠡᠢᠭᠡᠮ ᠵᠢᠷᠤᠮ᠎ᠤᠨ ᠵᠠᠷᠴᠢᠮ᠎ᠢ ᠢᠯᠡᠷᠡᠬᠦᠯᠪᠡ᠃

ᠱᠢᠨ᠎ᠡ ᠪᠠᠢᠳᠠᠯ ᠳᠣᠣᠷᠠᠬᠢ ᠭᠤᠣᠯ ᠡᠭᠦᠷᠭᠡ᠄ ᠨᠠᠮ᠎ᠤᠨ ᠨᠠᠢ᠍ᠮᠠᠳᠤᠭᠠᠷ ᠶᠡᠭᠡ ᠬᠤᠷᠠᠯ᠎ᠠᠴᠠ ᠨᠡᠢᠭᠡᠮ ᠵᠢᠷᠤᠮᠲᠤ ᠨᠡᠢᠭᠡᠮ᠎ᠤᠨ ᠪᠠᠢᠭᠤᠯᠤᠯ᠎ᠢ ᠮᠠᠨ᠎ᠤ ᠤᠯᠤᠰ᠎ᠲᠤ ᠨᠢᠭᠡᠨᠲᠡ ᠦᠨᠳᠦᠰᠦᠨ᠎ᠳᠡᠭᠡᠨ ᠪᠠᠢᠭᠤᠯᠵᠠᠶ ᠭᠡᠵᠦ᠍ ᠲᠤᠷᠠᠳᠴᠠᠢ᠃ ᠤᠯᠤᠰ᠎ᠤᠨ ᠳᠣᠲᠣᠭᠠᠳᠤ᠎ᠶ᠋ᠢᠨ ᠭᠤᠣᠯ ᠵᠥᠷᠢᠴᠡᠯ᠎ᠨᠢ᠂ ᠲᠡᠷᠢᠭᠦᠨ᠎ᠤ ᠠᠵᠤ ᠦᠢᠯᠡᠳᠪᠦᠷᠢ᠎ᠶ᠋ᠢᠨ ᠤᠯᠤᠰ᠎ᠢ ᠪᠠᠢᠭᠤᠯᠬᠤ ᠲᠤᠬᠠᠢ ᠠᠷᠠᠳ ᠲᠦᠮᠡᠨ᠎ᠤ ᠱᠠᠭᠠᠷᠳᠠᠯᠭ᠎ᠠ ᠬᠢᠭᠡᠳ ᠬᠤᠴᠣᠷᠤᠩᠭᠤᠢ ᠲᠠᠷᠢᠶᠠᠯᠠᠩ᠎ᠤᠨ ᠤᠯᠤᠰ᠎ᠤᠨ ᠪᠣᠳᠠᠲᠤ ᠪᠠᠢᠳᠠᠯ᠎ᠤᠨ ᠬᠤᠭᠤᠷᠣᠨᠳᠣᠬᠢ ᠵᠥᠷᠢᠴᠡᠯ᠂ ᠠᠵᠤ ᠠᠬᠤᠢ ᠰᠣᠶᠣᠯ᠎ᠢ ᠦᠳᠲᠡᠷ ᠲᠦᠷᠭᠡᠨ ᠬᠥᠭ᠌ᠵᠢᠬᠦᠯᠬᠦ᠌ ᠲᠤᠬᠠᠢ ᠠᠷᠠᠳ ᠲᠦᠮᠡᠨ᠎ᠤ ᠬᠡᠷᠡᠭ᠌ᠴᠡᠭᠡ ᠪᠣᠯᠤᠨ ᠣᠳᠣᠬᠠᠨ᠎ᠤ ᠠᠵᠤ ᠠᠬᠤᠢ ᠰᠣᠶᠣᠯ᠎ᠤᠨ ᠠᠷᠠᠳ ᠲᠦᠮᠡᠨ᠎ᠤ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠦᠭᠡᠢ ᠪᠠᠢᠭ᠎ᠠ ᠪᠠᠢᠳᠠᠯ᠎ᠤᠨ ᠬᠤᠭᠤᠷᠣᠨᠳᠣᠬᠢ ᠵᠥᠷᠢᠴᠡᠯ ᠪᠣᠯᠵᠠᠢ᠃ ᠨᠠᠮ ᠪᠠ ᠪᠦᠬᠦ᠌ ᠤᠯᠤᠰ᠎ᠤᠨ ᠠᠷᠠᠳ ᠲᠦᠮᠡᠨ᠎ᠤ ᠣᠳᠣᠬᠠᠨ᠎ᠤ ᠭᠤᠣᠯ ᠡᠭᠦᠷᠭᠡ ᠪᠣᠯ ᠡᠨᠡ ᠵᠥᠷᠢᠴᠡᠯ᠎ᠢ ᠬᠦᠴᠦ᠎ᠪᠠᠨ ᠲᠥᠪᠯᠡᠷᠡᠭᠦᠯᠦᠨ ᠱᠢᠢᠳᠪᠦᠷᠢᠯᠡᠬᠦ᠌ ᠶᠠᠪᠤᠳᠠᠯ ᠪᠣᠯᠵᠠᠢ᠃
《ᠳᠥᠷᠪᠡᠨ ᠣᠳᠣᠬᠢᠴᠢᠯᠠᠯᠲᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠄ 1964 ᠣᠨ᠎ᠤ ᠰᠡᠭᠦᠯᠴᠢ᠎ᠪᠠᠷ᠂ ᠵᠧᠤ ᠧᠨ ᠯᠠᠶ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠳᠡᠭᠡᠷ᠎ᠡ 《ᠳᠥᠷᠪᠡᠨ ᠣᠳᠣᠬᠢᠴᠢᠯᠠᠯᠲᠠ》 ᠶ᠋ᠢ ᠪᠡᠶᠡᠯᠡᠭᠦᠯᠬᠦ᠌ ᠲᠡᠦᠬᠡᠲᠦ ᠡᠭᠦᠷᠭᠡ᠎ᠶ᠋ᠢ ᠲᠥᠪ ᠴᠢᠩᠭ᠎ᠠ᠎ᠪᠠᠷ ᠳᠤᠷᠠᠳᠤᠨ ᠭᠠᠷᠭᠠᠪᠠ᠂ ᠲᠤᠬᠠᠢᠯᠠᠪᠠᠯ 《ᠮᠠᠨ᠎ᠤ ᠤᠯᠤᠰ᠎ᠢᠶᠠᠨ ᠣᠳᠣ ᠦᠶ᠎ᠡ᠎ᠶ᠋ᠢᠨ ᠲᠠᠷᠢᠶᠠᠯᠠᠩ᠂ ᠣᠳᠣ ᠦᠶ᠎ᠡ᠎ᠶ᠋ᠢᠨ ᠠᠵᠤ ᠦᠢᠯᠡᠳᠪᠦᠷᠢ᠂ ᠣᠳᠣ ᠦᠶ᠎ᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠣᠳᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠦᠬᠦᠢ ᠨᠡᠢᠭᠡᠮ ᠵᠢᠷᠤᠮᠲᠤ ᠬᠦᠴᠦᠷᠬᠡᠭ ᠤᠯᠤᠰ ᠪᠣᠯᠭᠠᠨ ᠪᠦᠲᠦᠭᠡᠨ ᠪᠠᠢᠭᠤᠯᠵᠤ᠂ ᠳᠡᠯᠡᠬᠡᠶ᠎ᠶ᠋ᠢᠨ ᠲᠡᠷᠢᠭᠦᠨ᠎ᠤ ᠲᠦᠪᠱᠢᠨ᠎ᠳᠤ ᠬᠦᠷᠭᠡᠬᠦ᠌ ᠪᠤᠶᠤ ᠳᠠᠪᠠᠭᠤᠯᠤᠨ᠎ᠠ》᠃
ᠦᠨᠡᠨ᠎ᠠᠴᠠ ᠵᠥᠪ᠎ᠢ ᠡᠷᠢᠬᠦ᠄ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠤᠷᠲᠤ ᠬᠤᠭᠤᠴᠠᠭᠠᠨ᠎ᠤ 《ᠵᠡᠭᠦᠨ》 ᠤ ᠠᠯᠳᠠᠭ᠎ᠠ᠎ᠶ᠋ᠢᠨ ᠬᠦᠨᠳᠦ ᠨᠣᠴᠢᠲᠠᠶ ᠬᠦᠯᠢᠶᠡᠰᠦᠯᠡᠯ᠎ᠢ ᠡᠪᠳᠡᠵᠦ᠍᠂ 《ᠬᠤᠶᠠᠷ ᠪᠦᠬᠦᠨ》 ᠤ ᠪᠤᠷᠤᠭᠤ ᠴᠢᠭ᠌ᠯᠡᠯᠲᠡ᠎ᠶ᠋ᠢ ᠲᠦᠢᠯᠪᠤᠷᠢᠲᠠᠶ ᠦᠭᠡᠢᠰᠭᠡᠵᠦ᠍᠂ ᠦᠨᠡᠨ ᠶᠣᠰᠣᠨ᠎ᠤ ᠪᠠᠷᠢᠮᠵᠢᠶ᠎ᠠ᠎ᠶ᠋ᠢᠨ ᠠᠰᠠᠭᠤᠳᠠᠯ᠎ᠤᠨ ᠲᠤᠬᠠᠶ ᠶᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠦᠨᠡᠯᠡᠵᠦ᠍᠂ ᠨᠠᠮ᠎ᠤᠨ ᠦᠨᠡᠨ᠎ᠠᠴᠠ ᠵᠥᠪ᠎ᠢ ᠡᠷᠢᠬᠦ᠌ ᠦᠵᠡᠯ ᠰᠠᠨᠠᠭᠠᠨ᠎ᠤ ᠱᠤᠭᠤᠮ᠎ᠢ ᠳᠠᠬᠢᠨ ᠲᠣᠭ᠍ᠲᠠᠭᠠᠪᠠ᠃
ᠥᠭᠡᠷᠡᠴᠢᠯᠡᠯᠲᠡ ᠨᠡᠭᠡᠭᠡᠯᠲᠡ᠄ 1978 ᠣᠨ᠎ᠤ 12 ᠰᠠᠷ᠎ᠠ᠎ᠶ᠋ᠢᠨ 18 ᠤ ᠡᠳᠦᠷ᠎ᠠᠴᠠ 22 ᠤᠨ ᠡᠳᠦᠷ ᠪᠣᠯᠲᠠᠯ᠎ᠠ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠵᠦ᠍᠂ ᠥᠭᠡᠷᠡᠴᠢᠯᠡᠯᠲᠡ ᠨᠡᠭᠡᠭᠡᠯᠲᠡ ᠬᠢᠬᠦ᠌ ᠡᠭᠦᠷᠭᠡ᠎ᠶ᠋ᠢ ᠳᠤᠷᠠᠳᠪᠠ᠃ ᠥᠭᠡᠷᠡᠴᠢᠯᠡᠯᠲᠡ ᠨᠡᠬᠡᠬᠡᠯᠳᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡ ᠤᠳᠠᠭ᠎ᠠ᠎ᠶ᠋ᠢᠨ ᠠᠭᠤᠤ ᠶᠡᠭᠡ ᠰᠡᠬᠡᠭᠡᠷᠡᠯᠲᠡ ᠪᠣᠯᠣᠨ᠎ᠠ᠂ ᠶᠠᠭ ᠡᠨᠡ ᠬᠦ᠌ ᠠᠭᠤᠤ ᠶᠡᠭᠡ ᠰᠡᠬᠡᠭᠡᠷᠡᠯᠲᠡ᠎ᠨᠢ ᠨᠠᠮ᠎ᠤᠨ ᠤᠨᠤᠯ᠎ᠠᠴᠠ ᠦᠢᠯᠡᠳᠦᠯᠭᠡ᠎ᠳᠤ ᠬᠦᠷᠬᠦ᠌ ᠠᠭᠤᠤ ᠶᠡᠭᠡ ᠡᠭᠦᠳᠦᠯᠲᠡ᠎ᠶ᠋ᠢ ᠪᠤᠢᠵᠢᠭᠤᠯᠵᠠᠢ᠃ ᠡᠨᠡ ᠤᠳᠠᠭᠠᠨ᠎ᠤ ᠪᠦᠬᠦᠳᠠ ᠬᠤᠷᠠᠯ᠎ᠠᠴᠠ ᠡᠬᠢᠯᠡᠨ᠂ ᠥᠭᠡᠷᠡᠴᠢᠯᠡᠯᠲᠡ ᠨᠡᠭᠡᠭᠡᠯᠳᠠ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠪᠠᠢᠭᠤᠯᠬᠤ ᠶᠡᠭᠡ ᠬᠥᠱᠢᠭᠡ ᠨᠡᠭᠡᠭᠡᠭ᠌ᠳᠡᠵᠦ᠍᠂ ᠳ᠋ᠧᠩ ᠱᠢᠶᠦᠦ ᠫᠢᠩ᠎ᠤᠨ ᠤᠨᠦᠯ ᠴᠤ᠌ ᠢᠳᠡᠭ ᠢᠳᠡᠭ᠎ᠢᠶᠠᠷ ᠪᠦᠷᠢᠯᠳᠦᠨ ᠬᠥᠭ᠌ᠵᠢᠪᠡ᠃

ᠨᠠᠮ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠤ ᠦᠨᠳᠦᠰᠦᠨ ᠱᠤᠭᠤᠮ᠄ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠨᠠᠮ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠤ ᠦᠨᠳᠦᠰᠦᠨ ᠱᠤᠭᠤᠮ᠎ᠢ ᠳᠣᠷᠠᠳᠪᠠ᠂ ᠲᠤᠬᠠᠢᠯᠠᠪᠠᠯ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠭᠦᠯᠵᠦ᠍᠂ ᠠᠵᠤ ᠠᠬᠤᠢ᠎ᠶ᠋ᠢᠨ ᠪᠦᠳᠦᠭᠡᠠ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠨ᠂ ᠲᠦᠷᠪᠡᠠ ᠦᠨᠳᠦᠰᠦᠨ ᠵᠠᠷᠴᠢᠮ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠠᠷᠢᠮᠲᠠᠯᠠᠨ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ᠎ᠪᠠᠷ ᠦᠢᠯᠡᠰ ᠪᠤᠰᠭᠠᠨ᠂ ᠮᠠᠨ᠎ᠤ ᠤᠯᠤᠰ᠎ᠢᠶᠠᠨ ᠪᠠᠶᠠᠨ ᠬᠦᠴᠦᠷᠬᠡᠭ᠂ ᠠᠷᠠᠳᠴᠢᠯᠠᠯ᠎ᠲᠠᠢ᠂ ᠪᠣᠯᠪᠠᠰᠤᠨ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠪᠣᠯᠭᠠᠨ ᠪᠦᠳᠦᠭᠡᠠ ᠪᠠᠢᠭᠤᠯᠬᠤ᠎ᠪᠠᠷ ᠲᠡᠮᠡᠴᠡᠬᠦ᠌ ᠶᠠᠪᠤᠳᠠᠯ ᠪᠣᠯᠤᠨ᠎ᠠ᠃
《ᠭᠤᠷᠪᠠᠨ ᠠᠯᠬᠤᠮ》 ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠄ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ ᠬᠤᠢᠰᠢ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠭᠤᠷᠪᠠᠨ ᠠᠯᠬᠤᠮ᠎ᠢᠶᠠᠷ ᠶᠠᠪᠤᠭ᠍ᠳᠠᠪᠠ᠄ ᠨᠢᠭᠡᠳᠦᠭᠡᠷ ᠠᠯᠬᠤᠮ᠎ᠳᠤ᠂ ᠤᠯᠤᠰ ᠠᠷᠠᠳ᠎ᠤᠨ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ 1980 ᠤᠨᠬᠢᠠᠴᠠ ᠬᠤᠶᠠᠷ ᠳᠠᠬᠢᠨ ᠨᠡᠮᠡᠭ᠌ᠳᠡᠭᠦᠯᠵᠦ᠍᠂ ᠠᠷᠠᠳ ᠲᠦᠮᠡᠨ᠎ᠤ ᠢᠳᠡᠵᠦ᠍ ᠡᠮᠦᠰᠭᠦ᠎ᠳᠡᠭᠡᠨ ᠵᠥᠪ ᠪᠣᠯᠬᠤ ᠠᠰᠠᠭᠤᠳᠠᠯ᠎ᠢ ᠱᠢᠢᠳᠪᠦᠷᠢᠯᠡᠨ᠎ᠡ᠃ ᠡᠨᠡ ᠡᠭᠦᠷᠭᠡ ᠦᠨᠳᠦᠰᠦᠨ᠎ᠳᠡᠭᠡᠨ ᠪᠡᠶᠡᠯᠡᠭ᠌ᠳᠡᠪᠡ᠃ ᠬᠤᠶᠠᠳᠤᠭᠠᠷ ᠠᠯᠬᠤᠮ᠎ᠳᠤ᠂ 20 ᠳ᠋ᠤᠭᠠᠷ ᠵᠠᠭᠤᠨ᠎ᠤ ᠰᠡᠭᠦᠯᠴᠢ ᠪᠣᠯᠬᠤ᠎ᠳᠤ᠂ ᠤᠯᠤᠰ ᠠᠷᠠᠳ᠎ᠤᠨ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ ᠳᠠᠬᠢᠨ ᠨᠢᠭᠡ ᠳᠠᠬᠢᠨ ᠨᠡᠮᠡᠭ᠌ᠳᠡᠭᠦᠯᠵᠦ᠍᠂ ᠠᠷᠠᠳ᠎ᠤᠨ ᠠᠮᠢᠳᠤᠷᠠᠯ᠎ᠢ ᠴᠢᠨᠡᠭᠡᠯᠢᠭ ᠬᠡᠮᠵᠢᠶᠡᠨ᠎ᠳᠤ ᠬᠦᠷᠭᠡᠨ᠎ᠡ᠃ ᠭᠤᠷᠪᠠᠳᠤᠭᠠᠷ ᠠᠯᠬᠤᠮ᠎ᠳᠤ᠂ 21 ᠳ᠋ᠤᠭᠡᠷ ᠵᠠᠭᠤᠨ᠎ᠤ ᠳᠤᠮᠳᠠᠴᠢ ᠪᠣᠯᠬᠤ᠎ᠳᠤ᠂ ᠬᠥᠮᠦᠨ ᠪᠦᠷᠢ᠎ᠶ᠋ᠢᠨ ᠳᠤᠮᠳᠠᠴᠢ ᠤᠯᠤᠰ ᠠᠷᠠᠳ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠵᠦ᠍᠂ ᠠᠷᠠᠳ᠎ᠤᠨ ᠠᠮᠢᠳᠤᠷᠠᠯ᠎ᠢ ᠨᠡᠯᠢᠶᠡᠳ ᠪᠠᠶᠠᠨ ᠴᠢᠨᠡᠭᠡᠯᠢᠭ ᠪᠣᠯᠭᠠᠵᠤ᠂ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ ᠭᠡᠵᠦ᠍ ᠵᠢᠭᠠᠵᠣ ᠭᠠᠷᠭᠠᠪᠠ᠃
ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠮᠵᠢ᠄ 1993 ᠣᠨ᠎ᠤ 11 ᠰᠠᠷ᠎ᠠ᠎ᠳᠤ᠂ ᠨᠠᠮ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ 《ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 ᠢ ᠬᠢᠨᠠᠨ ᠵᠥᠪᠯᠡᠵᠦ᠍ ᠪᠠᠲᠤᠯᠠᠪᠠ᠂ ᠠᠷᠪᠠᠨ ᠳᠥᠷᠪᠡᠳᠦᠭᠡᠷ ᠶᠡᠭᠡ ᠬᠤᠷᠠᠯ᠎ᠠᠴᠠ ᠳᠤᠷᠠᠳᠤᠭ᠍ᠰᠠᠨ ᠠᠵᠤ ᠠᠬᠤᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠬᠠᠷᠠᠯᠲᠠ ᠪᠠ ᠦᠨᠳᠦᠰᠦᠨ ᠵᠠᠷᠴᠢᠮ᠎ᠢ ᠴᠢᠨᠠᠭ᠍ᠰᠢᠳᠠ ᠪᠣᠳᠠᠲᠠᠢᠵᠢᠭᠤᠯᠵᠣ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ ᠶᠡᠷᠦᠩᠬᠡᠢ ᠲᠥᠯᠥᠪᠵᠢᠭᠦᠯᠭᠡ ᠲᠣᠭ᠍ᠲᠠᠭᠠᠪᠠ᠂ ᠲᠡᠭᠦᠨ᠎ᠤ ᠪᠣᠷᠣ ᠲᠥᠯᠥᠪ᠎ᠨᠢ᠄ ᠨᠡᠢᠲᠡ᠎ᠶ᠋ᠢᠨ ᠥᠮᠴᠢᠯᠡᠯ᠎ᠢᠶᠠᠷ ᠭᠤᠣᠯ ᠴᠣᠭ᠍ᠴᠠ ᠪᠣᠯᠭᠠᠬᠤ᠎ᠶ᠋ᠢ ᠪᠠᠷᠢᠮᠲᠠᠯᠠᠵᠤ᠂ ᠣᠯᠠᠨ ᠲᠥᠷᠥᠯ᠎ᠤᠨ ᠠᠵᠤ ᠠᠬᠤᠶ᠎ᠶ᠋ᠢ ᠬᠠᠮᠲᠤ᠎ᠪᠠᠷ ᠬᠥᠭ᠌ᠵᠢᠭᠦᠯᠦᠭ᠌ᠰᠡᠨ ᠰᠠᠭᠤᠷᠢᠨ ᠳᠡᠭᠡᠷ᠎ᠡ᠂ ᠤᠳᠤ ᠦᠶ᠎ᠡ᠎ᠶ᠋ᠢᠨ ᠠᠵᠤ ᠠᠬᠤᠢᠯᠠᠯ᠎ᠤᠨ ᠳᠦᠷᠢᠮ᠎ᠢ ᠪᠠᠢᠭᠤᠯᠤᠨ᠎ᠠ᠂ ᠪᠦᠬᠦ᠌ ᠤᠯᠤᠰ᠎ᠠᠴᠠ ᠨᠢᠭᠡᠳᠦᠯᠲᠡᠶ ᠨᠡᠭᠡᠭᠡᠯᠲᠡ᠎ᠲᠠᠢ ᠵᠠᠬ᠎ᠠ ᠳᠡᠯᠭᠡᠭᠦᠷ᠎ᠤᠨ ᠱᠢᠰᠲ᠋ᠧᠮ᠂ ᠪᠦᠷᠢᠨ ᠲᠡᠭᠦᠯᠳᠡᠷ ᠬᠤᠷᠸ᠎ᠠ ᠡᠵᠡᠮᠱᠢᠯ ᠲᠣᠬᠢᠷᠠᠭᠤᠯᠭ᠎ᠠ᠎ᠶ᠋ᠢᠨ ᠱᠢᠰᠲ᠋ᠧᠮ᠂ ᠵᠦᠢ ᠵᠣᠬᠢᠰᠲᠠᠶ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠳᠦᠷᠢᠮ ᠪᠠ ᠣᠯᠠᠨ ᠳᠡᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠳᠦᠷᠢᠮ᠎ᠢ ᠪᠠᠢᠭᠤᠯᠤᠨ᠎ᠠ᠃
ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠄ 1995 ᠣᠨ᠎ᠤ 5 ᠰᠠᠷ᠎ᠠ᠎ᠳᠤ᠂ ᠨᠠᠮ᠎ᠤᠨ ᠲᠥᠪ ᠬᠤᠷᠢᠶ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠬᠠᠨᠳᠤᠰᠢ ᠪᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠣᠨᠣᠪᠴᠢᠲᠠᠶ ᠵᠠᠳᠠᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢ ᠲᠦᠷᠭᠡᠳᠭᠡᠬᠦ᠌ ᠲᠤᠬᠠᠶ ᠲᠣᠭ᠍ᠲᠠᠭᠠᠯ ᠭᠠᠷᠭᠠᠵᠤ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ ᠬᠡᠷᠡᠭ᠌ᠵᠢᠭᠦᠯᠬᠦ᠌᠎ᠪᠠᠷ ᠲᠣᠭ᠍ᠲᠠᠪᠠ᠃

ᠦᠷᠭᠦᠯᠵᠢᠯᠡᠬᠦ᠌ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠄ 1994 ᠣᠨ᠎ᠳᠤ᠂ ᠮᠠᠨ᠎ᠤ ᠤᠯᠤᠰ 《ᠳᠤᠮᠳᠠᠳᠤ ᠤᠯᠤᠰ᠎ᠤᠨ 21 ᠳ᠋ᠤᠭᠡᠷ ᠵᠠᠭᠤᠨ᠎ᠤ ᠵᠥᠪᠯᠡᠬᠦ᠌ ᠵᠦᠢᠯ — ᠳᠤᠮᠳᠠᠳᠤ ᠤᠯᠤᠰ᠎ᠤᠨ 21 ᠳ᠋ᠤᠭᠡᠷ ᠵᠠᠭᠤᠨ᠎ᠤ ᠬᠥᠮᠦᠨ ᠠᠮᠠ᠂ ᠣᠷᠴᠢᠨ ᠲᠣᠭᠤᠷᠢᠨ ᠬᠢᠭᠡᠳ ᠬᠥᠭ᠌ᠵᠢᠯᠲᠡ᠎ᠶ᠋ᠢᠨ ᠴᠠᠭᠠᠨ ᠭᠠᠳᠠᠷᠳᠤ ᠪᠢᠴᠢᠭ》 ᠨᠡᠢᠲᠡᠯᠡᠵᠦ᠍᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠶᠡᠷᠦᠩᠬᠡᠢ ᠪᠠᠢᠯᠳᠤᠬᠤ ᠪᠤᠳᠤᠯᠭ᠎ᠠ᠂ ᠠᠷᠭᠠᠴᠡᠭᠠᠬᠤ ᠪᠤᠳᠤᠯᠭ᠎ᠠ ᠪᠠ ᠠᠵᠢᠯᠯᠠᠭᠠᠨ᠎ᠤ ᠲᠥᠰᠦᠯ᠎ᠢ ᠳᠤᠷᠠᠳᠪᠠ᠃
ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ ᠱᠢᠨ᠎ᠡ ᠠᠭᠤᠤ ᠶᠡᠭᠡ ᠢᠨᠵᠧᠨᠧᠷᠢᠩ᠄ 1994 ᠣᠨ᠎ᠤ 9 ᠰᠠᠷ᠎ᠠ᠎ᠳᠤ᠂ ᠨᠠᠮ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠠᠴᠠ 《ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠬᠡᠳᠦᠨ ᠴᠢᠬᠤᠯᠠ ᠶᠡᠭᠡ ᠠᠰᠠᠭᠤᠳᠠᠯ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 ᠭᠠᠷᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢ 《ᠱᠢᠨ᠎ᠡ ᠠᠭᠤᠤ ᠶᠡᠭᠡ ᠢᠨᠵᠧᠨᠧᠷᠢᠩ》 ᠤᠨ ᠦᠨᠳᠦᠷᠴᠡ᠎ᠳᠤ ᠬᠦᠷᠭᠡᠵᠦ᠍᠂ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠬᠠᠷᠠᠯᠲᠠ᠎ᠶ᠋ᠢ ᠲᠣᠳᠣᠷᠬᠠᠢ ᠳᠤᠷᠠᠳᠪᠠ᠃
ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ᠄ 2002 ᠣᠨ᠎ᠤ 11 ᠰᠠᠷ᠎ᠠ᠎ᠶ᠋ᠢᠨ 8 ᠤ ᠡᠳᠦᠷ᠎ᠠᠴᠠ 14 ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠵᠢᠷᠭᠤᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ᠎ᠠᠴᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠲᠡᠮᠡᠴᠡᠬᠦ᠌ ᠬᠠᠷᠠᠯᠲᠠ᠎ᠶ᠋ᠢ ᠳᠤᠷᠠᠳᠪᠠ᠃ ᠮᠠᠨ᠎ᠤ ᠤᠯᠤᠰ ᠲᠤᠰ ᠵᠠᠭᠤᠨ᠎ᠤ ᠲᠦᠷᠦᠭᠦᠦ 20 ᠵᠢᠯ᠎ᠳᠤ ᠬᠦᠴᠦᠨ᠎ᠢᠶᠠᠨ ᠲᠥᠪᠯᠡᠷᠡᠭᠦᠯᠦᠨ᠂ ᠠᠷᠪᠠᠨ ᠬᠡᠳᠦᠨ ᠳ᠋ᠦᠩᠱᠢᠭᠤᠷ ᠬᠥᠮᠦᠨ ᠠᠮᠠ᠎ᠳᠤ ᠠᠱᠢᠭ ᠲᠤᠰᠠ ᠬᠦᠷᠲᠡᠭᠡᠬᠦ᠌ ᠨᠡᠩ ᠥᠨᠳᠥᠷ ᠲᠦᠪᠱᠢᠨ ᠪᠦᠬᠦᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠵᠤ᠂ ᠠᠵᠤ ᠠᠬᠤᠢ᠎ᠪᠠᠨ ᠨᠡᠩ ᠬᠥᠭ᠌ᠵᠢᠭᠦᠯᠵᠦ᠍᠂ ᠠᠷᠠᠳᠴᠢᠯᠠᠯ᠎ᠢ ᠨᠡᠩ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢ ᠨᠡᠩ ᠳᠠᠪᠱᠢᠭᠤᠯᠵᠤ᠂ ᠰᠣᠶᠣᠯ᠎ᠢ ᠨᠡᠩ ᠴᠡᠴᠡᠭ᠌ᠯᠡᠭᠦᠯᠵᠦ᠍᠂ ᠨᠡᠢᠭᠡᠮ᠎ᠢ ᠨᠡᠩ ᠡᠶ᠎ᠡ ᠵᠣᠬᠢᠴᠠᠯ᠎ᠲᠠᠢ ᠪᠣᠯᠭᠠᠵᠤ᠂ ᠠᠷᠠᠳ᠎ᠤᠨ ᠠᠮᠢᠳᠤᠷᠠᠯ᠎ᠢ ᠨᠡᠩ ᠪᠠᠶᠠᠨ ᠴᠢᠨᠡᠭᠡᠯᠢᠭ ᠪᠣᠯᠭᠠᠨ᠎ᠠ᠃
ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠄ 2003 ᠣᠨ᠎ᠤ 10 ᠰᠠᠷ᠎ᠠ᠎ᠳᠤ᠂ ᠨᠠᠮ᠎ᠤᠨ ᠠᠷᠪᠠᠨ ᠵᠢᠷᠭᠤᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠨᠠᠮ᠎ᠤᠨ ᠵᠢᠩᠬᠢᠨᠢ ᠪᠢᠴᠢᠭ ᠮᠠᠲ᠋ᠧᠷᠢᠶᠠᠯ᠎ᠳᠤ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠠᠩᠬ᠎ᠠ ᠤᠳᠠᠭ᠎ᠠ ᠪᠦᠷᠢᠨ ᠭᠦᠢᠴᠡᠳ ᠳᠤᠷᠠᠳᠴᠤ᠌᠂ 《ᠬᠥᠮᠦᠨ᠎ᠢᠶᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ᠂ ᠵᠣᠬᠢᠴᠠᠩᠭᠤᠢ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠠᠵᠤ ᠠᠬᠤᠢ ᠨᠡᠢᠭᠡᠮ ᠪᠠ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃

ᠨᠡᠢᠭᠡᠮ ᠵᠢᠷᠤᠮᠳᠤ ᠡᠶ᠎ᠡ ᠵᠤᠬᠢᠴᠠᠯ᠎ᠲᠠᠢ ᠨᠡᠢᠭᠡᠮ᠎ᠢ ᠪᠠᠢᠭᠤᠯᠬᠤ᠄ 2006 ᠣᠨ᠎ᠤ 10 ᠰᠠᠷ᠎ᠠ᠎ᠳᠤ᠂ ᠨᠠᠮ᠎ᠤᠨ ᠠᠷᠪᠠᠨ ᠵᠢᠷᠭᠤᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠭᠦᠳᠡ ᠬᠤᠷᠠᠯ᠎ᠠᠴᠠ ᠪᠠᠲᠤᠯᠠᠭ᠍ᠰᠠᠨ 《ᠨᠡᠢᠭᠡᠮ ᠵᠢᠷᠤᠮᠳᠤ ᠡᠶ᠎ᠡ ᠵᠤᠬᠢᠴᠠᠯ᠎ᠲᠠᠢ ᠨᠡᠢᠭᠡᠮ᠎ᠢ ᠪᠠᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 ᠳᠤ᠂ ᠠᠷᠠᠳᠴᠢᠯᠠᠯ ᠪᠠ ᠬᠠᠤᠯᠢᠵᠢᠯ᠂ ᠲᠥᠪ ᠭᠤᠣᠯᠴᠢ ᠱᠢᠳᠤᠷᠭᠤ ᠶᠣᠰᠣ᠂ ᠦᠨᠡᠨᠴᠢ ᠢᠲᠡᠭᠡᠮᠵᠢᠲᠡᠢ ᠨᠥᠬᠦᠷᠰᠡᠭ᠂ ᠠᠮᠢᠵᠢᠷᠠᠯ᠎ᠤᠨ ᠬᠦᠴᠦᠨ ᠪᠢᠯᠬᠠᠮ᠎ᠠ᠂ ᠠᠮᠤᠷ ᠲᠣᠭ᠍ᠲᠠᠭᠤᠨ ᠡᠮᠬᠢ ᠵᠢᠷᠤᠮ᠎ᠲᠠᠢ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠯ᠎ᠲᠠᠢ ᠬᠠᠮᠲᠤ ᠣᠷᠣᠱᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ ᠨᠡᠢᠭᠡᠮ ᠵᠢᠷᠤᠮᠳᠤ ᠡᠶ᠎ᠡ ᠵᠤᠬᠢᠴᠠᠯ᠎ᠲᠠᠢ ᠨᠡᠢᠭᠡᠮ᠎ᠢ ᠪᠠᠢᠭᠤᠯᠤᠨ᠎ᠠ ᠭᠡᠵᠦ᠍ ᠳᠤᠷᠠᠳᠪᠠ᠃
ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠄ 2012 ᠣᠨ᠎ᠤ 11 ᠰᠠᠷ᠎ᠠ᠎ᠶ᠋ᠢᠨ 8 ᠤ ᠡᠳᠦᠷ᠎ᠠᠴᠠ 14 ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠣᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠵᠦ᠍᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠢ ᠦᠨᠳᠦᠰᠦᠯᠡᠨ᠂ ᠠᠵᠤ ᠠᠬᠤᠢ ᠦᠷᠭᠦᠯᠵᠢᠯᠡᠨ ᠡᠷᠡᠭᠦᠯ᠎ᠢᠶᠠᠷ ᠬᠥᠭ᠌ᠵᠢᠭ᠌ᠰᠡᠨ; ᠠᠷᠠᠳ᠎ᠤᠨ ᠠᠷᠠᠳᠴᠢᠯᠠᠯ ᠲᠠᠰᠤᠷᠠᠯᠲᠠ ᠦᠭᠡᠢ ᠦᠷᠭᠡᠵᠢᠭ᠌ᠰᠡᠨ; ᠰᠣᠶᠣᠯ᠎ᠤᠨ ᠵᠥᠭᠡᠯᠡᠨ ᠪᠣᠳᠠᠲᠤ ᠬᠦᠴᠦᠨ ᠢᠯᠡᠳᠲᠡ ᠴᠢᠩᠭᠠᠷᠠᠭ᠍ᠰᠠᠨ; ᠠᠷᠠᠳ ᠲᠦᠮᠡᠨ᠎ᠤ ᠠᠮᠢᠳᠤᠷᠠᠯ᠎ᠤᠨ ᠲᠦᠪᠱᠢᠨ ᠪᠦᠬᠦ᠌ ᠲᠠᠯ᠎ᠠ᠎ᠪᠠᠷ ᠳᠡᠭᠡᠭ᠌ᠰᠢᠯᠡᠭ᠌ᠰᠡᠨ; ᠡᠬᠢ ᠪᠠᠶᠠᠯᠢᠭ᠎ᠢ ᠠᠷᠪᠢᠯᠠᠬᠤ ᠬᠡᠯᠪᠡᠷᠢ᠎ᠶ᠋ᠢᠨ᠂ ᠣᠷᠴᠢᠨ ᠲᠣᠭᠤᠷᠢᠨ᠎ᠲᠠᠢ ᠨᠥᠬᠦᠷᠰᠡᠭ ᠬᠡᠯᠪᠡᠷᠢ᠎ᠶ᠋ᠢᠨ ᠨᠡᠢᠭᠡᠮ᠎ᠤᠨ ᠪᠠᠢᠭᠤᠯᠤᠯᠲᠠ ᠴᠢᠬᠤᠯᠠ ᠶᠡᠭᠡ ᠠᠬᠢᠴᠠ᠎ᠲᠠᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠬᠠᠷᠠᠯᠲᠠ᠎ᠶ᠋ᠢ ᠲᠣᠭ᠍ᠲᠠᠭᠠᠪᠠ᠃
ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠄ 2012 ᠣᠨ᠎ᠤ 11 ᠰᠠᠷ᠎ᠠ᠎ᠶ᠋ᠢᠨ 29 ᠤ ᠡᠳᠦᠷ᠂ ᠰᠢ᠎ᠶ᠋ᠢᠨ ᠫᠢᠩ 《ᠰᠡᠷᠭᠦᠨ ᠮᠠᠨᠳᠤᠯᠲᠠ᠎ᠶ᠋ᠢᠨ ᠵᠠᠮ》 ᠦᠵᠡᠰᠭᠦᠯᠡᠩ᠎ᠢ ᠲᠣᠭᠤᠷᠢᠨ ᠦᠵᠡᠬᠦ᠌᠎ᠳᠡᠭᠡᠨ ᠠᠩᠬ᠎ᠠ ᠤᠳᠠᠭ᠎ᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢ ᠳᠤᠷᠠᠳᠤᠭ᠍ᠰᠠᠨ ᠪᠥᠭᠡᠳ ᠲᠣᠳᠣᠷᠬᠠᠢᠯᠠᠨ ᠥᠭᠦᠯᠡᠪᠡ᠃ ᠠᠷᠪᠠᠨ ᠬᠤᠶᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠵᠡᠷᠭᠡ ᠴᠢᠬᠤᠯᠠ ᠲᠠᠯᠠᠪᠤᠷ᠎ᠲᠤ ᠰᠢ᠎ᠶ᠋ᠢᠨ ᠫᠢᠩ ᠳᠤᠮᠳᠠᠳᠤ᠎ᠶ᠋ᠢᠨ ᠵᠡᠭᠦᠳᠦ᠎ᠶ᠋ᠢᠨ ᠦᠨᠳᠦᠰᠦᠨ ᠠᠭᠤᠯᠤᠭ᠍ᠳᠠᠬᠤᠨ᠂ ᠦᠢᠯᠡᠳᠦᠯᠭᠡ᠎ᠶ᠋ᠢᠨ ᠠᠷᠭ᠎ᠠ ᠵᠠᠮ ᠪᠠ ᠲᠦᠱᠢᠭ᠌ᠯᠡᠬᠦ᠌ ᠬᠦᠴᠦᠨ᠎ᠢ ᠴᠢᠨᠠᠭ᠍ᠰᠢᠳᠠ ᠲᠣᠳᠣᠷᠬᠠᠢᠯᠠᠨ ᠥᠭᠦᠯᠡᠵᠦ᠍ ᠪᠠᠶᠠᠯᠢᠭ᠍ᠵᠢᠭᠤᠯᠪᠠ᠃

《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠄ 2014 ᠣᠨ᠎ᠤ 12 ᠰᠠᠷ᠎ᠠ᠎ᠳᠤ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠲᠡᠭᠦᠰᠦᠭ᠌ᠰᠡᠨ᠎ᠤ ᠳᠠᠷᠠᠭᠠᠬᠠᠨ᠂ ᠰᠢ᠎ᠶ᠋ᠢᠨ ᠫᠢᠩ ᠵᠢᠶᠠᠩᠰᠦ᠎ᠳᠤ ᠪᠠᠢᠴᠠᠭᠠᠨ ᠰᠣᠳᠣᠯᠬᠤ᠎ᠳᠠᠭᠠᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠵᠣᠬᠢᠴᠠᠩᠭᠤᠶ᠎ᠪᠠᠷ ᠠᠬᠢᠭᠤᠯᠬᠤ ᠬᠡᠷᠡᠭ᠌ᠲᠡᠶ ᠭᠡᠵᠦ᠍ ᠠᠩᠬ᠎ᠠ ᠤᠳᠠᠭ᠎ᠠ ᠳᠤᠷᠠᠳᠴᠠᠶ᠃ 2015 ᠣᠨ᠎ᠤ 2 ᠰᠠᠷ᠎ᠠ᠎ᠳᠤ᠂ ᠰᠢ᠎ᠶ᠋ᠢᠨ ᠫᠢᠩ᠎ᠤᠨ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠭᠤ ᠺᠠᠳ᠋ᠷᠴᠤᠳ᠎ᠤᠨ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠦ᠍᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ ᠲᠠᠯᠪᠢᠭ᠍ᠰᠠᠨ ᠶᠠᠷᠢᠶ᠎ᠠ᠎ᠳᠤ 《ᠳᠥᠷᠪᠡᠨ ᠪᠦᠬᠦ᠌ ᠲᠠᠯ᠎ᠠ》 ᠶ᠋ᠢ 《ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ》 ᠭᠡᠵᠦ᠍ ᠲᠣᠳᠣᠷᠬᠠᠶ ᠲᠣᠭ᠍ᠲᠠᠭᠠᠵᠠᠶ᠃
ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠄ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠳᠤ᠂ ᠬᠥᠳᠡᠭᠡ ᠲᠣᠰᠭᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠬᠤ᠎ᠶ᠋ᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠦᠨᠳᠦᠰᠦᠨ ᠪᠡᠯᠭᠡ ᠲᠡᠮᠳᠡᠭ ᠪᠣᠯᠭᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠨᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ 《ᠳᠤᠲᠠᠭᠤᠳᠠᠯ》 ᠢ ᠲᠦᠷᠭᠡᠨ ᠨᠥᠬᠦᠪᠥᠷᠢᠯᠡᠵᠦ᠍᠂ 2020 ᠤᠨ ᠪᠣᠯᠬᠤ᠎ᠳᠤ ᠮᠠᠨ᠎ᠤ ᠤᠯᠤᠰ᠎ᠤᠨ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠪᠠᠷ ᠬᠥᠳᠡᠭᠡ ᠲᠣᠰᠭᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠣᠷᠣᠨ ᠪᠦᠰᠡ᠎ᠶ᠋ᠢᠨ ᠴᠢᠨᠠᠷᠲᠠᠢ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ᠎ᠢ ᠱᠢᠢᠳᠪᠦᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠄ 2015 ᠣᠨ᠎ᠤ 10 ᠰᠠᠷ᠎ᠠ᠎ᠳᠤ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠠᠴᠠ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠵᠥᠪᠯᠡᠵᠦ᠍ ᠪᠠᠲᠤᠯᠠᠨ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯᠳᠡ᠎ᠶ᠋ᠢ ᠲᠣᠳᠣᠷᠬᠠᠢ ᠳᠤᠷᠠᠳᠴᠤ᠌᠂ ᠱᠢᠨ᠎ᠡ᠎ᠶ᠋ᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠍᠂ ᠬᠠᠮᠲᠤ᠎ᠪᠠᠷ ᠡᠳ᠋ᠯᠡᠬᠦ᠌ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠳᠤᠷᠠᠳᠴᠠᠢ᠃

《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠳᠠ᠄ 2017 ᠣᠨ᠎ᠤ 10 ᠰᠠᠷ᠎ᠠ᠎ᠶ᠋ᠢᠨ 18 ᠤ ᠡᠳᠦᠷ᠎ᠠᠴᠠ 24 ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠤᠨ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠳᠠ ᠶᠣᠰᠣᠭᠠᠷ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠪᠠᠢᠷᠢᠯᠠᠭᠤᠯᠪᠠ᠃
ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠪᠠᠢᠷᠢᠱᠢᠭᠤᠯᠤᠯᠳᠠ᠄ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ᠂ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠪᠠᠢᠷᠢᠱᠢᠭᠤᠯᠤᠯᠳᠠ᠎ᠶ᠋ᠢ ᠲᠣᠳᠣᠷᠬᠠᠶ ᠲᠣᠭ᠍ᠲᠠᠭᠠᠪᠠ᠄ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠳᠠ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠳᠦᠷᠢᠮ᠎ᠤᠨ ᠪᠠᠢᠭᠤᠯᠤᠯᠲᠠ᠎ᠶ᠋ᠢ ᠡᠭᠦᠨ᠎ᠳᠤ ᠲᠤᠭᠤᠱᠢᠯᠠᠭᠤᠯᠵᠤ᠂ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠶ ᠠᠬᠢᠭᠤᠯᠤᠨ᠎ᠠ᠃
ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠄ 2019 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 ᠢ ᠬᠢᠨᠠᠨ ᠵᠥᠪᠯᠡᠵᠦ᠍ ᠪᠠᠲᠤᠯᠠᠭᠠᠳ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠶᠡᠷᠦᠩᠬᠡᠶ ᠬᠠᠷᠠᠯᠲᠠ᠎ᠶ᠋ᠢ ᠲᠣᠳᠣᠷᠬᠠᠶ ᠳᠤᠷᠠᠳᠪᠠ᠄ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ ᠪᠣᠯᠬᠤ ᠦᠶ᠎ᠡ᠎ᠳᠤ᠂ ᠡᠯ᠎ᠡ ᠲᠠᠯ᠎ᠠ᠎ᠶ᠋ᠢᠨ ᠪᠠᠢᠭᠤᠯᠤᠯ ᠨᠠᠩ ᠪᠣᠯᠪᠠᠰᠤᠷᠠᠩᠭᠤᠶ ᠨᠠᠩ ᠬᠡᠪᠱᠢᠭ᠌ᠰᠡᠨ ᠲᠦᠷᠢᠮ ᠪᠣᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠤᠨ᠎ᠠ; 2035 ᠤᠨ ᠪᠣᠯᠬᠤ᠎ᠳᠤ᠂ ᠡᠯ᠎ᠡ ᠲᠠᠯ᠎ᠠ᠎ᠶ᠋ᠢᠨ ᠲᠦᠷᠢᠮ᠎ᠢ ᠨᠠᠩ ᠲᠡᠭᠦᠯᠳᠡᠷᠵᠢᠭᠦᠯᠵᠦ᠍᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ; ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ ᠪᠣᠯᠬᠤ ᠦᠶ᠎ᠡ᠎ᠳᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠨᠠᠩ ᠪᠠᠬᠢᠵᠢᠭᠦᠯᠵᠦ᠍᠂ ᠳᠠᠪᠠᠭᠤᠯᠢᠭ ᠴᠢᠨᠠᠷ᠎ᠢ ᠭᠦᠢᠴᠡᠳ ᠢᠯᠡᠷᠡᠭᠦᠯᠦᠨ᠎ᠡ᠃

ᠱᠢᠨ᠎ᠡ ᠬᠥᠭ᠌ᠵᠢᠯᠲᠡ᠎ᠶ᠋ᠢᠨ ᠱᠠᠳᠤ᠎ᠶ᠋ᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠄ 2021 ᠣᠨ᠎ᠤ 1 ᠰᠠᠷ᠎ᠠ᠎ᠶ᠋ᠢᠨ 11 ᠤ ᠡᠳᠦᠷ᠂ ᠰᠢ᠎ᠶ᠋ᠢᠨ ᠫᠢᠩ ᠮᠤᠵᠢ ᠶᠠᠮᠤᠨ᠎ᠤ ᠲᠡᠰ᠎ᠤᠨ ᠭᠤᠣᠯ ᠤᠳᠤᠷᠢᠳᠭᠤ ᠺᠠᠳ᠋ᠷᠴᠣᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠶᠠᠷᠢᠶᠠᠨ᠎ᠳᠠᠭᠠᠨ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠯᠢ ᠤᠯᠠᠨ ᠴᠢᠬᠤᠯᠠ ᠶᠡᠭᠡ ᠠᠰᠠᠭᠤᠳᠠᠯ᠎ᠢ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠪᠡ᠃ ᠲᠤᠬᠠᠢᠯᠠᠪᠠᠯ᠂ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠣᠨᠣᠪᠴᠢᠲᠠᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠰᠠᠢᠨ ᠡᠬᠢᠯᠡᠯᠲᠡ᠂ ᠰᠠᠢᠨ ᠡᠬᠢᠯᠡᠯᠲᠡ᠎ᠲᠠᠢ ᠪᠣᠯᠬᠤ᠎ᠶ᠋ᠢ ᠦᠨᠡᠨ ᠬᠦ᠌ ᠪᠠᠲᠤᠯᠠᠨ᠎ᠠ᠃