ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠪᠠ
2021-07-01 08:30:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠠᠢᠵᠤ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠠᠩᠬᠠᠨ᠎ᠤ ᠵᠠᠮ᠎ᠢ ᠨᠡᠭᠡᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠵᠥᠪ᠎ᠢᠶᠠᠷ ᠱᠢᠢᠳᠪᠦᠷᠢᠯᠡᠬᠦ᠌᠎ᠳᠤ ᠣᠨᠣᠯ ᠪᠠ ᠦᠢᠯᠡᠳᠦᠯᠭᠡ᠎ᠶ᠋ᠢᠨ ᠲᠠᠯ᠎ᠠ᠎ᠪᠠᠷ ᠲᠦᠢᠯ᠎ᠤᠨ ᠴᠢᠬᠤᠯᠠ ᠦᠨᠳᠦᠰᠦᠯᠡᠯ ᠬᠠᠩᠭᠠᠭ᠍ᠰᠠᠨ ᠪᠠᠢᠨ᠎ᠠ᠃

1947 ᠣᠨ᠎ᠤ 5 ᠰᠠᠷ᠎ᠠ᠎ᠶ᠋ᠢᠨ 1 ᠎ᠤ ᠡᠳᠦᠷ᠂ ᠴᠢᠯᠥᠭᠡᠯᠡᠬᠦ᠌ ᠲᠠᠢᠨ᠎ᠤ ᠲᠠᠷᠢ᠎ᠶ᠋ᠢᠨ ᠤᠳᠤᠭ᠎ᠠ ᠳᠤᠮᠳᠠ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠶ᠋ᠢ ᠤᠭ᠍ᠲᠤᠬᠤ ᠥᠷ᠎ᠤᠨ ᠲᠤᠶᠠᠭᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢᠶᠠᠨ ᠲᠤᠩᠬᠠᠭ᠍ᠯᠠᠵᠤ᠂ ᠤᠯᠠᠷᠢᠯ ᠬᠤᠪᠢᠰᠤᠯᠲᠠ᠎ᠶ᠋ᠢ ᠥᠩᠭᠡᠷᠡᠭᠦᠯᠦᠭ᠌ᠰᠡᠨ ᠡᠷᠲᠡᠨ᠎ᠤ ᠲᠠᠯ᠎ᠠ ᠨᠤᠲᠤᠭ᠎ᠢ ᠱᠢᠨ᠎ᠡ ᠠᠮᠢᠯᠠᠯ᠎ᠲᠠᠢ ᠪᠣᠯᠭᠠᠪᠠ᠃ ᠪᠦᠭᠦᠳᠡ ᠨᠠᠢᠷᠠᠮᠳᠠᠬᠤ ᠤᠯᠤᠰ᠎ᠠᠴᠠ ᠬᠤᠶᠠᠷ ᠵᠢᠯ ᠡᠷᠲᠡ ᠪᠠᠢᠭᠤᠯᠤᠭ᠍ᠳᠠᠭ᠍ᠰᠠᠨ  ᠥᠪᠥᠷ  ᠮᠣᠩᠭᠤᠯ ᠎ᠤᠨ  ᠥᠪᠡᠷᠲᠡᠭᠡᠨ ᠵᠠᠰᠠᠬᠤ ᠣᠷᠣᠨ᠎ᠨᠢ ᠪᠠᠲᠤ ᠪᠠᠬᠢ ᠠᠷᠤ ᠲᠠᠯ᠎ᠠ  ᠪᠣᠯᠤᠭ᠍ᠰᠠᠨ ᠎ᠤ ᠬᠤᠪᠢ ᠎ᠳᠤ ᠱᠢᠨ᠎ᠡ ᠳᠤᠮᠳᠠᠳᠤ ᠤᠯᠤᠰ᠎ᠤᠨ ᠮᠡᠨᠳᠦᠯᠡᠬᠦ᠌ ᠎ᠳᠤ  ᠴᠢᠬᠤᠯᠠ  ᠦᠢᠯᠡᠳᠦᠯ  ᠦᠵᠡᠭᠦᠯᠪᠡ᠃

ᠳᠤᠮᠳᠠᠳᠤ ᠤᠯᠤᠰ ᠪᠣᠯ ᠤᠯᠠᠨ ᠦᠨᠳᠦᠰᠦᠲᠡᠨ᠎ᠲᠠᠢ ᠨᠢᠭᠡᠳᠦᠭ᠌ᠰᠡᠨ ᠤᠯᠤᠰ ᠮᠥᠨ᠂ ᠡᠯ᠎ᠡ ᠴᠢᠯᠥᠭᠡᠯᠡᠭ᠌ᠳᠡᠭ᠌ᠰᠡᠨ ᠣᠷᠣᠨ᠎ᠳᠤ ᠴᠥᠮ ᠴᠥᠭᠡᠨ ᠲᠣᠭᠠᠲᠤ ᠦᠨᠳᠦᠰᠦᠲᠡᠨ ᠲᠠᠷᠬᠠᠵᠤ ᠪᠠᠢᠨ᠎ᠠ᠃ ᠴᠥᠭᠡᠨ ᠲᠣᠭᠠᠲᠤ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠪᠣᠯ ᠨᠠᠮ᠎ᠤᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠴᠢᠯᠥᠭᠡᠯᠡᠭ᠌ᠳᠡᠭ᠌ᠰᠡᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠨᠢᠭᠡᠨ ᠴᠢᠬᠤᠯᠠ ᠡᠭᠦᠷᠭᠡ ᠮᠥᠨ᠃ ᠪᠦᠬᠦ᠌ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠳᠤᠷᠠᠳᠤᠨ ᠭᠠᠷᠭᠠᠪᠠ᠃ 1945 ᠣᠨ᠎ᠤ 10 ᠰᠠᠷ᠎ᠠ᠎ᠶ᠋ᠢᠨ 23 ᠎ᠤ ᠡᠳᠦᠷ᠂ ᠲᠥᠪ᠎ᠠᠴᠠ ᠥᠪᠥᠷ ᠮᠣᠩᠭᠤᠯ᠎ᠤᠨ ᠠᠵᠢᠯ᠎ᠤᠨ ᠦᠨᠳᠦᠰᠦᠨ ᠴᠢᠭ᠌ᠯᠡᠯᠲᠡ᠎ᠶ᠋ᠢᠨ ᠠᠰᠠᠭᠤᠳᠠᠯ᠎ᠤᠨ ᠲᠤᠬᠠᠶ ᠱᠠᠨ ᠰᠢ ᠴᠠᠬᠠᠷ ᠡᠾᠧᠪᠸᠢ᠎ᠶ᠋ᠢᠨ ᠲᠥᠪ᠎ᠤᠨ ᠲᠣᠪᠴᠢᠶ᠎ᠠ ᠪᠣᠯᠤᠨ ᠱᠠᠨ ᠰᠢ ᠰᠦᠢᠶᠤᠸᠠᠨ᠎ᠤ ᠬᠤᠪᠢᠶᠠᠷᠢ ᠲᠣᠪᠴᠢᠶ᠎ᠠ᠎ᠳᠤ ᠵᠢᠭᠠᠪᠤᠷᠢ ᠥᠭ᠌ᠴᠦ᠂ 《ᠥᠪᠥᠷ ᠮᠣᠩᠭᠤᠯ᠎ᠳᠤ ᠠᠪᠬᠤ ᠦᠨᠳᠦᠰᠦᠨ ᠴᠢᠭ᠌ᠯᠡᠯᠲᠡ ᠪᠣᠯ ᠣᠳᠣᠬᠠᠨ᠎ᠳᠤ ᠣᠷᠣᠨ᠎ᠤ ᠥᠪᠡᠷᠲᠡᠭᠡᠨ ᠵᠠᠰᠠᠬᠤ᠎ᠶ᠋ᠢ ᠬᠡᠷᠡᠭ᠌ᠵᠢᠭᠦᠯᠬᠦ᠌ ᠶᠠᠪᠤᠳᠠᠯ ᠪᠣᠯᠤᠨ᠎ᠠ᠃ ᠶᠠᠭᠤᠨ᠎ᠤ ᠡᠮᠦᠨ᠎ᠡ ᠡᠯ᠎ᠡ ᠬᠤᠱᠢᠭᠤᠨ᠎ᠠᠴᠠ ᠡᠬᠢᠯᠡᠨ᠂ ᠴᠠᠭ᠎ᠢ ᠵᠠᠪᠳᠤᠨ᠂ ᠮᠣᠩᠭᠤᠯ ᠬᠥᠮᠦᠨ᠎ᠤ ᠣᠷᠣᠨ ᠨᠤᠲᠤᠭ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠥᠷᠨᠢᠭᠦᠯᠬᠦ᠌ ᠪᠠ ᠵᠣᠬᠢᠶᠠᠨ ᠪᠠᠢᠭᠤᠯᠵᠤ᠂ ᠥᠪᠡᠷᠲᠡᠭᠡᠨ  ᠵᠠᠰᠠᠬᠤ  ᠵᠠᠰᠠᠭ ᠎ᠤᠨ ᠣᠷᠳᠣᠨ᠎ᠢ ᠪᠠᠢᠭᠤᠯᠤᠨ᠎ᠠ》 ᠭᠡᠪᠡ᠃

1945 ᠣᠨ᠎ᠤ 8 ᠰᠠᠷ᠎ᠠ᠎ᠳᠤ ᠲᠥᠪ ᠬᠤᠷᠢᠶ᠎ᠠ᠎ᠠᠴᠠ ᠲᠥᠪ ᠬᠤᠷᠢᠶᠠᠨ᠎ᠤ ᠣᠷᠣᠯᠠᠭ᠍ᠴᠢ ᠭᠡᠱᠢᠭᠦᠨ ᠤᠯᠠᠭᠠᠨᠬᠦᠦ᠎ᠪᠠᠷ ᠰᠦᠢᠶᠤᠸᠠᠨ᠎ᠤ ᠮᠣᠩᠭᠤᠯ ᠮᠤᠵᠢ᠎ᠶ᠋ᠢᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠣᠯᠭᠠᠵᠤ᠂ ᠱᠠᠨ ᠰᠢ ᠴᠠᠬᠠᠷ ᠡᠾᠧᠪᠸᠢ᠎ᠶ᠋ᠢᠨ ᠲᠥᠪ᠎ᠤᠨ ᠲᠣᠪᠴᠢᠶᠠᠨ᠎ᠤ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠣᠷᠣᠨ᠎ᠳᠤ ᠠᠵᠢᠯ ᠥᠷᠨᠢᠭᠦᠯᠬᠦ᠌᠎ᠶ᠋ᠢ ᠬᠠᠷᠢᠭᠤᠴᠠᠭᠤᠯᠬᠤ᠎ᠪᠠᠷ ᠲᠣᠭ᠍ᠲᠠᠪᠠ᠃ ᠳᠠᠷᠠᠭ᠎ᠠ᠎ᠨᠢ ᠲᠥᠪ ᠬᠤᠷᠢᠶ᠎ᠠ᠎ᠠᠴᠠ ᠱᠠᠨ ᠰᠢ ᠴᠠᠬᠠᠷ ᠡᠾᠧᠪᠸᠢ᠎ᠶ᠋ᠢᠨ ᠲᠥᠪ᠎ᠤᠨ ᠲᠣᠪᠴᠢᠶ᠎ᠠ ᠪᠣᠯᠤᠨ ᠱᠠᠨ ᠰᠢ ᠰᠦᠢᠶᠤᠸᠠᠨ᠎ᠤ ᠬᠤᠪᠢᠶᠠᠷᠢ ᠲᠣᠪᠴᠢᠶ᠎ᠠ᠎ᠳᠤ ᠵᠢᠭᠠᠪᠤᠷᠢ ᠥᠭ᠌ᠴᠦ᠄ 《ᠥᠪᠥᠷ ᠮᠣᠩᠭᠤᠯ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠲᠦᠢᠯ᠎ᠤᠨ ᠴᠢᠬᠤᠯᠠ ᠪᠠᠢᠷᠢ ᠰᠠᠭᠤᠷᠢ᠎ᠲᠠᠢ ᠶᠤᠮ᠃ ᠥᠪᠥᠷ ᠮᠣᠩᠭᠤᠯ᠎ᠤᠨ ᠦᠨᠳᠦᠰᠦᠲᠡᠨ᠎ᠤ ᠠᠰᠠᠭᠤᠳᠠᠯ᠎ᠢ ᠵᠣᠬᠢᠰᠲᠠᠶ  ᠱᠢᠢᠳᠪᠦᠷᠢᠯᠡᠬᠦ᠌᠎ᠨᠢ ᠥᠪᠥᠷ ᠮᠣᠩᠭᠤᠯ᠎ᠤᠨ ᠦᠨᠳᠦᠰᠦᠲᠡᠨ᠎ᠤ ᠲᠤᠰ ᠪᠡᠶ᠎ᠡ᠎ᠶ᠋ᠢᠨ ᠴᠢᠯᠥᠭᠡᠯᠡᠯᠲᠡ᠎ᠳᠤ ᠬᠤᠯᠪᠣᠭ᠍ᠳᠠᠬᠤ᠎ᠪᠠᠷ ᠪᠠᠷᠠᠬᠤ ᠦᠭᠡᠢ᠂ ᠮᠠᠨ᠎ᠤ ᠨᠠᠮ ᠮᠠᠨ᠎ᠤ ᠴᠡᠷᠢᠭ᠎ᠤᠨ ᠪᠠᠲᠤ ᠪᠠᠬᠢ ᠠᠷᠤ ᠲᠠᠯ᠎ᠠ᠎ᠶ᠋ᠢ ᠪᠠᠢᠭᠤᠯᠬᠤ ᠵᠢᠴᠢ ᠵᠦᠪᠯᠡᠯᠳᠦ᠂ ᠮᠣᠩᠭᠤᠯ ᠴᠡᠷᠢᠭ᠎ᠲᠠᠢ ᠱᠢᠭᠤᠳ ᠬᠠᠷᠢᠯᠴᠠᠬᠤ ᠠᠱᠢᠭ᠍ᠲᠠᠶ ᠪᠠᠢᠷᠢ ᠰᠠᠭᠤᠷᠢ᠎ᠶ᠋ᠢ ᠣᠯᠵᠤ ᠴᠢᠳᠠᠨ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠪᠡᠯᠡᠳᠭᠡᠯ ᠵᠥᠪᠯᠡᠯ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠡᠯ᠎ᠡ ᠬᠤᠱᠢᠭᠤ ᠴᠢᠭᠤᠯᠭᠠᠨ᠎ᠤ ᠥᠪᠡᠷᠲᠡᠭᠡᠨ ᠵᠠᠰᠠᠬᠤ ᠬᠥᠳᠡᠯᠭᠡᠭᠡᠨ᠎ᠤ ᠤᠳᠤᠷᠢᠳᠤᠯᠭ᠎ᠠ᠎ᠶ᠋ᠢ ᠨᠢᠭᠡᠳᠭᠡᠬᠦ᠌᠎ᠪᠠᠷ ᠪᠡᠯᠡᠳᠭᠡᠬᠦ᠌ ᠬᠡᠷᠡᠭ᠌ᠳᠡᠢ》 ᠭᠡᠪᠡ᠃

ᠡᠨᠡ ᠬᠦ᠌ ᠴᠢᠭ᠌ᠯᠡᠯᠲᠡ᠎ᠶ᠋ᠢ ᠦᠨᠳᠦᠰᠦᠯᠡᠨ᠂ 1945 ᠣᠨ᠎ᠤ 11 ᠰᠠᠷ᠎ᠠ᠎ᠶ᠋ᠢᠨ 26 ᠎ᠤ ᠡᠳᠦᠷ᠂ ᠰᠦᠢᠶᠤᠸᠠᠨ᠎ᠤ ᠮᠣᠩᠭᠤᠯ ᠮᠤᠵᠢ᠎ᠶ᠋ᠢᠨ ᠵᠠᠰᠠᠭ᠎ᠤᠨ ᠣᠷᠳᠣᠨ ᠴᠢᠭᠤᠯᠤᠯᠲᠤ ᠬᠠᠭᠠᠯᠭ᠎ᠠ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠤᠯᠪᠣᠭᠠᠲᠤ ᠬᠤᠷᠠᠯ᠎ᠢ ᠪᠠᠢᠭᠤᠯᠵᠤ᠂ ᠤᠯᠠᠭᠠᠨᠬᠦᠦ᠎ᠶ᠋ᠢ ᠬᠤᠯᠪᠣᠭᠠᠲᠤ ᠬᠤᠷᠠᠯ᠎ᠤᠨ ᠭᠦᠢᠴᠡᠳᠭᠡᠬᠦ᠌ ᠬᠤᠷᠢᠶᠠᠨ᠎ᠤ ᠲᠡᠷᠢᠭᠦᠯᠡᠭ᠌ᠴᠢ ᠪᠥᠭᠡᠳ ᠴᠡᠷᠢᠭ᠎ᠤᠨ ᠶᠠᠪᠤᠳᠠᠯ᠎ᠤᠨ ᠬᠡᠯᠲᠡᠰ᠎ᠤᠨ ᠳᠠᠷᠤᠭ᠎ᠠ᠎ᠪᠠᠷ ᠰᠣᠩᠭᠤᠪᠠ᠃ 1946 ᠣᠨ᠎ᠤ 4 ᠰᠠᠷ᠎ᠠ᠎ᠶ᠋ᠢᠨ 3 ᠎ᠤ ᠡᠳᠦᠷ᠂ ᠥᠪᠥᠷ ᠮᠣᠩᠭᠤᠯ ᠎ᠤᠨ ᠥᠪᠡᠷᠲᠡᠭᠡᠨ ᠵᠠᠰᠠᠬᠤ ᠬᠥᠳᠡᠯᠭᠡᠭᠡᠨ ᠎ᠤ ᠬᠤᠯᠪᠣᠭᠠᠲᠤ ᠬᠤᠷᠠᠯ ᠥᠪᠥᠷ ᠮᠣᠩᠭᠤᠯ ᠎ᠤᠨ ᠥᠪᠡᠷᠲᠡᠭᠡᠨ ᠵᠠᠰᠠᠬᠤ ᠬᠥᠳᠡᠯᠭᠡᠭᠡᠨ ᠎ᠢ ᠨᠢᠭᠡᠳᠭᠡᠬᠦ᠌ ᠬᠤᠷᠠᠯ᠎ᠢ ᠬᠤᠷᠠᠯᠳᠤᠭᠤᠯᠪᠠ᠃  ᠬᠤᠷᠠᠯ ᠎ᠠᠴᠠ   《ᠥᠪᠥᠷ ᠮᠣᠩᠭᠤᠯ ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠨᠢᠭᠡᠳᠭᠡᠬᠦ᠌ ᠬᠤᠷᠠᠯ᠎ᠤᠨ ᠭᠤᠣᠯ  ᠱᠢᠢᠳᠪᠦᠷᠢ》 ᠎ᠶ᠋ᠢ ᠪᠠᠲᠤᠯᠠᠵᠤ᠂ ᠥᠪᠥᠷ ᠮᠣᠩᠭᠤᠯ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠨᠢᠭᠡᠳᠦᠯᠲᠡᠶ ᠦᠨᠳᠦᠰᠦᠲᠡᠨ᠎ᠤ ᠥᠪᠡᠷᠲᠡᠭᠡᠨ ᠵᠠᠰᠠᠬᠤ᠎ᠶ᠋ᠢ ᠪᠡᠶᠡᠯᠡᠭᠦᠯᠬᠦ᠌ ᠴᠢᠭ᠌ᠯᠡᠯᠲᠡ᠂ ᠥᠪᠡᠷᠲᠡᠭᠡᠨ ᠵᠠᠰᠠᠬᠤ ᠬᠥᠳᠡᠯᠭᠡᠭᠡᠨ ᠪᠣᠯ ᠡᠷᠬᠡ ᠲᠡᠭ᠌ᠰᠢ ᠥᠪᠡᠷᠲᠡᠭᠡᠨ ᠵᠠᠰᠠᠬᠤ᠎ᠠᠴᠠ ᠪᠢᠰᠢ᠂ 《ᠲᠤᠰᠠᠭᠠᠷ ᠲᠣᠭ᠍ᠲᠠᠨᠢᠨ ᠥᠪᠡᠷᠲᠡᠭᠡᠨ ᠵᠠᠰᠠᠬᠤ》 ᠪᠢᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠤᠯᠪᠣᠭᠠᠲᠤ ᠬᠤᠷᠠᠯ᠎ᠢ ᠥᠪᠡᠷᠲᠡᠭᠡᠨ ᠵᠠᠰᠠᠬᠤ ᠬᠥᠳᠡᠯᠭᠡᠭᠡᠨ᠎ᠢ  ᠨᠢᠭᠡᠳᠦᠯᠲᠡᠶ ᠤᠳᠤᠷᠢᠳᠭᠤ ᠪᠠᠢᠭᠤᠯᠤᠮᠵᠢ ᠪᠣᠯᠭᠠᠵᠤ᠂ ᠥᠪᠥᠷ  ᠮᠣᠩᠭᠤᠯ ᠎ᠤᠨ  ᠵᠡᠪᠰᠡᠭ᠌ᠲᠦ ᠬᠦᠴᠦᠨ᠎ᠢ ᠨᠢᠭᠡᠳᠦᠯᠲᠡᠶ ᠤᠳᠤᠷᠢᠳᠤᠨ᠎ᠠ ᠭᠡᠵᠦ᠍ ᠲᠣᠭ᠍ᠲᠠᠭᠠᠪᠠ᠃ ᠡᠨᠡ  ᠤᠳᠠᠭᠠᠨ᠎ᠤ ᠬᠤᠷᠠᠯ ᠥᠪᠥᠷ ᠮᠣᠩᠭᠤᠯ ᠣᠷᠣᠨ᠎ᠤ ᠤᠷᠲᠤ ᠬᠤᠭᠤᠴᠠᠭᠠᠨ᠎ᠤ  ᠬᠠᠭᠠᠴᠠᠭ᠍ᠰᠠᠨ ᠪᠠᠢᠳᠠᠯ ᠎ᠢ ᠡᠴᠦᠰᠯᠡᠭᠦᠯᠪᠡ᠃

1947 ᠣᠨ᠎ᠤ 3 ᠰᠠᠷ᠎ᠠ᠎ᠶ᠋ᠢᠨ ᠰᠡᠭᠦᠯᠴᠢ᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ  ᠪᠠᠢᠭᠤᠯᠬᠤ ᠎ᠶ᠋ᠢ ᠵᠥᠪᠱᠢᠶᠡᠷᠡᠪᠡ᠃  ᠤᠯᠠᠨ ᠲᠠᠯ᠎ᠠ᠎ᠶ᠋ᠢᠨ ᠪᠡᠯᠡᠳᠭᠡᠯ ᠎ᠢᠶᠠᠷ 4 ᠰᠠᠷ᠎ᠠ᠎ᠶ᠋ᠢᠨ 23 ᠎ᠤ ᠡᠳᠦᠷ᠂  ᠥᠪᠥᠷ  ᠮᠣᠩᠭᠤᠯ ᠎ᠤᠨ ᠠᠷᠠᠳ᠎ᠤᠨ ᠲᠥᠯᠥᠭᠡᠯᠡᠭ᠌ᠴᠢᠳ᠎ᠤᠨ  ᠬᠤᠷᠠᠯ ᠡᠴᠦᠰ ᠎ᠲᠡᠭᠡᠨ ᠸᠠᠩ᠎ᠤᠨ ᠰᠦᠮ᠎ᠡ ᠵᠡᠭᠡᠯᠢ (ᠤᠳᠤ ᠎ᠶ᠋ᠢᠨ ᠤᠯᠠᠭᠠᠨᠬᠤᠲᠠ) ᠎ᠳᠤ ᠦᠪᠡᠳᠡᠭ᠌ᠰᠢ ᠶᠡᠭᠡ᠎ᠪᠠᠷ ᠬᠤᠷᠠᠯᠳᠤᠪᠠ᠃ ᠬᠤᠷᠠᠯ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠰᠣᠩᠭᠤᠨ ᠭᠠᠷᠭᠠᠵᠤ᠂ ᠤᠯᠠᠭᠠᠨᠬᠦᠦ᠎ᠶ᠋ᠢ ᠲᠡᠷᠢᠭᠦᠯᠡᠭ᠌ᠴᠢ᠎ᠪᠠᠷ ᠰᠣᠩᠭᠤᠵᠤ᠂ ᠥᠪᠥᠷ ᠮᠣᠩᠭᠤᠯ ᠣᠷᠣᠨ᠎ᠤ ᠮᠣᠩᠭᠤᠯ ᠦᠨᠳᠦᠰᠦᠲᠡᠨ 300 ᠭᠠᠷᠤᠢ ᠵᠢᠯ᠎ᠤᠨ ᠲᠤᠷᠰᠢ ᠬᠡᠰᠡᠭ᠌ᠯᠡᠭ᠌ᠳᠡᠨ ᠨᠣᠶᠠᠷᠬᠠᠭ᠍ᠳᠠᠭ᠍ᠰᠠᠨ ᠲᠡᠦᠬᠡ᠎ᠶ᠋ᠢ ᠲᠦᠢᠯᠪᠤᠷᠢᠲᠠᠢ ᠡᠴᠦᠰᠯᠡᠭᠦᠯᠵᠦ᠍᠂ ᠮᠣᠩᠭᠤᠯ ᠦᠨᠳᠦᠰᠦᠲᠡᠨ᠎ᠤ ᠡᠯ᠎ᠡ ᠳᠠᠪᠬᠤᠷᠭ᠎ᠠ᠎ᠶ᠋ᠢᠨ ᠠᠷᠠᠳ ᠲᠦᠮᠡᠨ᠎ᠤ ᠤᠯᠠᠨ ᠵᠢᠯ᠎ᠤᠨ ᠲᠤᠷᠱᠢᠬᠢ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠬᠦᠰᠡᠭ᠌ᠰᠡᠨ ᠬᠦᠰᠡᠯ ᠡᠷᠡᠮᠡᠯᠵᠡᠯ᠎ᠢ ᠠᠩᠬ᠎ᠠ ᠠᠯᠬᠤᠮ ᠪᠡᠶᠡᠯᠡᠭᠦᠯᠪᠡ᠃

5 ᠰᠠᠷ᠎ᠠ᠎ᠶ᠋ᠢᠨ 1 ᠎ᠤ ᠡᠳᠦᠷ᠂ ᠤᠯᠠᠭᠠᠨᠬᠦᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃

5 ᠰᠠᠷ᠎ᠠ᠎ᠶ᠋ᠢᠨ 2 ᠎ᠤᠨ ᠡᠳᠦᠷ᠂ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠬᠤᠷᠠᠯ᠎ᠤᠨ ᠬᠤᠷᠠᠯ ᠲᠡᠭᠦᠰᠭᠦ ᠵᠢᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ  ᠵᠠᠰᠠᠭ ᠎ᠤᠨ  ᠣᠷᠳᠣᠨ  ᠪᠠᠢᠭᠤᠯᠤᠭ᠍ᠳᠠᠬᠤ  ᠶᠣᠰᠣᠯᠠᠯ ᠶᠠᠪᠤᠭ᠍ᠳᠠᠵᠤ᠂ ᠴᠡᠷᠢᠭ ᠎ᠤᠨ ᠵᠢᠭ᠍ᠰᠠᠭᠠᠯ  ᠱᠢᠯᠭᠠᠨ ᠦᠵᠡᠪᠡ᠃

5 ᠰᠠᠷ᠎ᠠ᠎ᠶ᠋ᠢᠨ 3 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠠᠩᠬᠠᠳᠤᠭᠠᠷ ᠤᠳᠠᠭᠠᠨ᠎ᠤ ᠭᠡᠱᠢᠭᠦᠳ᠎ᠤᠨ ᠬᠤᠷᠠᠯ᠎ᠠᠴᠠ ᠱᠢᠢᠳᠪᠦᠷᠢ ᠭᠠᠷᠭᠠᠵᠤ᠄ 5 ᠰᠠᠷ᠎ᠠ᠎ᠶ᠋ᠢᠨ 1 ᠎ᠤ ᠡᠳᠦᠷ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ ᠳᠤᠷᠠᠰᠭᠠᠯ᠎ᠤᠨ ᠡᠳᠦᠷ ᠪᠣᠯᠭᠠᠵᠤ᠂ ᠤᠤᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠤᠯᠪᠣᠭᠠᠲᠤ ᠬᠤᠷᠠᠯ᠎ᠤᠨ ᠲᠤᠭ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠤᠭ ᠪᠣᠯᠭᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠎ᠢ ᠲᠦᠷ ᠬᠢᠩᠭᠠᠨ ᠠᠢᠮᠠᠭ᠎ᠤᠨ ᠸᠠᠩ᠎ᠤᠨ ᠰᠦᠮ᠎ᠡ ᠵᠡᠭᠡᠯᠢ᠎ᠪᠠᠷ ᠲᠣᠭ᠍ᠲᠠᠭᠠᠪᠠ᠃

5 ᠰᠠᠷ᠎ᠠ᠎ᠶ᠋ᠢᠨ 19 ᠎ᠤ ᠡᠳᠦᠷ᠂ ᠲᠡᠷᠢᠭᠦᠯᠡᠭ᠌ᠴᠢ ᠮᠠᠤ ᠽᠧ ᠳ᠋ᠦᠩ ᠪᠣᠯᠤᠨ ᠶᠡᠷᠦᠩᠬᠡᠢ ᠰᠧᠯᠢᠩ ᠵᠦ᠍ ᠳ᠋ᠧ ᠬᠠᠮᠲᠤᠷᠠᠨ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠬᠤᠷᠠᠯ᠎ᠳᠤ ᠬᠠᠷᠢᠭᠤ ᠴᠠᠬᠢᠯᠭᠠᠨ ᠮᠡᠳᠡᠭᠡ ᠶᠠᠪᠤᠭᠤᠯᠵᠤ᠂ ᠮᠠᠨ᠎ᠤ ᠤᠯᠤᠰ᠎ᠤᠨ ᠬᠡᠪᠴᠢᠶ᠎ᠡ᠎ᠪᠠᠷ ᠨᠡᠯᠢᠶᠡᠳ ᠶᠡᠭᠡ ᠠᠩᠬᠠᠳᠠᠭ᠍ᠴᠢ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ᠎ᠳᠤ ᠪᠠᠶᠠᠷ ᠬᠦᠷᠭᠡᠪᠡ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠠᠢᠵᠤ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠠᠩᠬᠠᠨ᠎ᠤ ᠵᠠᠮ᠎ᠢ ᠨᠡᠭᠡᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠵᠥᠪ᠎ᠢᠶᠠᠷ ᠱᠢᠢᠳᠪᠦᠷᠢᠯᠡᠬᠦ᠌᠎ᠳᠤ ᠣᠨᠣᠯ ᠪᠠ ᠦᠢᠯᠡᠳᠦᠯᠭᠡ᠎ᠶ᠋ᠢᠨ ᠲᠠᠯ᠎ᠠ᠎ᠪᠠᠷ ᠲᠦᠢᠯ᠎ᠤᠨ ᠴᠢᠬᠤᠯᠠ ᠦᠨᠳᠦᠰᠦᠯᠡᠯ ᠬᠠᠩᠭᠠᠭ᠍ᠰᠠᠨ ᠪᠠᠢᠨ᠎ᠠ᠃ ᠲᠡᠷᠡ᠎ᠨᠢ ᠨᠠᠮ᠎ᠤᠨ ᠲᠣᠭ᠍ᠲᠠᠭᠠᠭ᠍ᠰᠠᠨ 《ᠭᠠᠵᠠᠷ ᠣᠷᠣᠨ᠎ᠤ ᠥᠪᠡᠷᠲᠡᠭᠡᠨ ᠵᠠᠰᠠᠬᠤ》 ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢᠨ ᠪᠦᠷᠢᠮᠦᠰᠦᠨ ᠵᠥᠪ ᠪᠣᠯᠬᠤ᠎ᠶ᠋ᠢ ᠭᠡᠷᠡᠴᠢᠯᠡᠭ᠌ᠰᠡᠨ ᠪᠥᠭᠡᠳ ᠳᠤᠮᠳᠠᠳᠤ ᠤᠯᠤᠰ᠎ᠤᠨ ᠪᠤᠰᠤᠳ ᠴᠥᠭᠡᠨ ᠲᠣᠭᠠᠲᠤ ᠦᠨᠳᠦᠰᠦᠲᠡᠨ᠎ᠤ ᠴᠢᠯᠥᠭᠡᠯᠡᠯᠲᠡ᠎ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠪᠡ᠃

ᠴᠢᠯᠥᠭᠡᠯᠡᠬᠦ᠌ ᠲᠠᠢᠨ᠎ᠠᠴᠠ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠤ ᠦᠶ᠎ᠡ ᠬᠦᠷᠲᠡᠯ᠎ᠡ᠂ ᠭᠤᠷᠪᠠᠨ ᠵᠢᠯ᠎ᠤᠨ ᠬᠦᠴᠢᠷᠳᠡᠯᠲᠡᠢ ᠴᠠᠭ ᠦᠶ᠎ᠡ᠎ᠠᠴᠠ ᠥᠭᠡᠷᠡᠴᠢᠯᠡᠯᠲᠡ ᠨᠡᠭᠡᠭᠡᠯᠳᠠ ᠬᠦᠷᠲᠡᠯ᠎ᠡ᠂ ᠥᠪᠥᠷ ᠮᠣᠩᠭᠤᠯ ᠢᠮᠠᠭ᠍ᠲᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠤᠤᠷ ᠴᠢᠨᠠᠷ᠎ᠢᠶᠠᠨ ᠪᠠᠲᠤᠯᠠᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ ᠪᠣᠯᠤᠨ ᠤᠯᠤᠰ᠎ᠤᠨ ᠲᠤᠬᠠᠢ ᠬᠠᠮᠳᠤ᠎ᠶ᠋ᠢᠨ ᠲᠠᠨᠢᠯᠳᠠ᠎ᠶ᠋ᠢᠨ ᠤᠬᠠᠮᠰᠠᠷ᠎ᠢ ᠢᠯᠡᠷᠡᠭᠦᠯᠪᠡ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠥᠪᠥᠷ ᠮᠣᠩᠭᠤᠯ ᠶᠠᠭ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢ ᠬᠠᠢᠨ ᠰᠦᠪᠡᠭ᠌ᠴᠢᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠷᠭᠦᠯᠵᠢᠯᠡᠨ ᠪᠠᠲᠤ ᠴᠣᠭ᠍ᠴᠠᠯᠠᠵᠤ ᠪᠠᠢᠨ᠎ᠠ᠃

 

QQ截图20210629164851.png 

ᠤᠯᠠᠭᠠᠨᠬᠦᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠪᠦᠬᠦ᠌ ᠭᠡᠱᠢᠭᠦᠳ᠎ᠢ ᠳᠠᠭᠠᠭᠤᠯᠤᠨ ᠲᠠᠩᠭᠠᠷᠢᠭ᠍ᠯᠠᠵᠤ ᠲᠤᠱᠢᠶᠠᠯ᠎ᠳᠤ ᠭᠠᠷᠪᠠ᠃


QQ截图20210629165153.png


1947 ᠣᠨ᠎ᠤ 4 ᠰᠠᠷ᠎ᠠ᠎ᠶ᠋ᠢᠨ 23 ᠎ᠤ ᠡᠳᠦᠷ᠂ ᠤᠯᠠᠭᠠᠨᠬᠦᠦ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠬᠤᠷᠠᠯ ᠳᠡᠭᠡᠷ᠎ᠡ ᠬᠤᠷᠠᠯ ᠡᠬᠢᠯᠡᠬᠦ᠌ ᠦᠭᠡ ᠬᠡᠯᠡᠵᠡᠢ᠃


QQ截图20210629165002.png


ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠤᠯᠠᠭᠠᠨᠬᠦᠦ᠃


QQ截图20210629165022.png


ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠬᠡᠰᠡᠭ ᠭᠡᠱᠢᠭᠦᠳ᠎ᠤᠨ ᠬᠠᠮᠲᠤ᠎ᠶ᠋ᠢᠨ ᠰᠡᠭᠦᠳᠡᠷ᠃


QQ截图20210629164820.png


ᠲᠠᠪᠤᠨ ᠰᠠᠷ᠎ᠠ᠎ᠶ᠋ᠢᠨ ᠨᠢᠭᠡᠨ᠎ᠤ ᠶᠡᠭᠡ ᠬᠤᠷᠠᠯ᠎ᠤᠨ ᠬᠡᠰᠡᠭ ᠲᠥᠯᠥᠭᠡᠯᠡᠭ᠌ᠴᠢᠳ᠎ᠤᠨ ᠬᠠᠮᠲᠤ᠎ᠶ᠋ᠢᠨ ᠰᠡᠭᠦᠳᠡᠷ᠃


QQ截图20210629165137.png


ᠤᠯᠠᠭᠠᠨᠬᠦᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠤᠯᠪᠣᠭᠠᠲᠤ ᠬᠤᠷᠠᠯ᠎ᠤᠨ ᠶᠡᠷᠦᠩᠬᠡᠢ ᠬᠤᠷᠠᠯ᠎ᠤᠨ ᠪᠠᠢᠭᠤᠯᠭ᠎ᠠ᠎ᠶ᠋ᠢᠨ ᠬᠦᠮᠦᠰ᠎ᠢ ᠳᠠᠭᠠᠭᠤᠯᠤᠨ ᠸᠠᠩ᠎ᠤᠨ ᠰᠦᠮ᠎ᠡ᠎ᠳᠤ ᠣᠴᠢᠬᠤ ᠵᠠᠮ᠎ᠳᠠᠭᠠᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠯᠠᠭᠤᠨ ᠬᠦᠷᠢᠶᠡᠯᠡᠯ᠎ᠢ ᠤᠯᠪᠠ᠃


QQ截图20210629165102.png


1947 ᠣᠨ᠎ᠤ 4 ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠤᠯᠪᠣᠭᠠᠲᠤ ᠬᠤᠷᠠᠯ᠎ᠤᠨ ᠭᠦᠢᠴᠡᠳᠭᠡᠬᠦ᠌ ᠬᠤᠷᠢᠶᠠᠨ᠎ᠤ ᠥᠷᠭᠡᠳᠭᠡᠭ᠌ᠰᠡᠨ ᠬᠤᠷᠠᠯ᠎ᠤᠨ ᠪᠦᠬᠦ᠌ ᠭᠡᠱᠢᠭᠦᠳ᠎ᠤᠨ ᠬᠠᠮᠲᠤ᠎ᠶ᠋ᠢᠨ ᠰᠡᠭᠦᠳᠡᠷ᠃

  (ᠬᠡᠷᠡᠯ ᠵᠢᠷᠤᠭ᠎ᠢ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠳᠡᠰ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号