ᠪᠤᠭᠤᠲᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ ᠪᠠᠢᠭᠤᠯᠤᠭ᠍ᠳᠠᠪᠠ
2021-07-01 08:30:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 1959 ᠤᠨ᠎ᠤ 10 ᠰᠠᠷ᠎ᠠ᠎ᠶ᠋ᠢᠨ 15 ᠎ᠤ ᠡᠳᠦᠷ᠂ ᠶᠡᠷᠦᠩᠬᠡᠢ ᠰᠠᠢᠳ ᠵᠧᠦ ᠧᠨ ᠯᠠᠢ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠳᠤ ᠬᠦᠷᠴᠦ᠍᠂ ᠨᠢᠭᠡᠳᠦᠭᠡᠷ ᠨᠤᠮᠧᠷᠳᠦ ᠱᠢᠷᠡᠮᠤ ᠬᠠᠢᠯᠤᠭᠤᠯᠬᠤ ᠵᠤᠤᠬ᠎ᠠ᠎ᠳᠤ ᠳᠣᠣᠵᠠ ᠬᠠᠢᠴᠢᠯᠠᠵᠦ᠍ ᠦᠭ᠌ᠪᠠ᠃


 

QQ截图20210630091323.png


1959 ᠤᠨ᠎ᠤ 10 ᠰᠠᠷ᠎ᠠ᠎ᠵᠢᠨ 15 ᠎ᠤ ᠡᠳᠦᠷ ᠂ ᠶᠡᠷᠦᠩᠬᠡᠢ ᠰᠠᠢᠳ ᠵᠧᠦ ᠧᠨ ᠯᠠᠢ ᠪᠤᠭᠤᠲᠤ᠎ᠶ᠋ᠢᠨ ᠪᠤᠯᠤᠳ ᠲᠡᠮᠤᠷ᠎ᠦᠨ ᠦᠢᠯᠡᠳᠪᠦᠷᠢ ᠎ᠳᠤ ᠬᠦᠷᠴᠦ᠍ ᠂ ᠨᠢᠭᠡᠳᠦᠭᠡᠷ ᠨᠤᠮᠸᠷᠳᠦ  ᠱᠢᠷᠡᠮᠤ ᠬᠠᠢᠯᠤᠭᠤᠯᠬᠤ ᠵᠤᠤᠬ᠎ᠠ᠎ᠳᠦ ᠳᠣᠣᠵᠠ ᠬᠠᠢᠴᠢᠯᠠᠵᠦ᠍ ᠦᠭ᠌ᠪᠠ᠃   


(ᠭᠡᠷᠡᠯ ᠵᠢᠷᠤᠬ᠎ᠢ ᠪᠤᠭᠤᠳᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ ᠬᠠᠩᠭᠠᠪᠠ)

 

ᠨᠢᠬᠡᠳᠦᠬᠡᠷ ᠲᠠᠪᠤᠨ ᠵᠢᠯ᠎ᠤᠨ ᠲᠥᠯᠥᠪᠯᠡᠭᠡ᠄ 1953 — 1957 ᠣᠨ᠎ᠤ ᠬᠤᠭᠤᠷᠤᠨᠳᠤ ᠤᠯᠤᠰ ᠠᠷᠠᠳ ᠎ᠤᠨ ᠠᠵᠤ ᠠᠬᠤᠶ ᠎ᠶ᠋ᠢ  ᠬᠥᠭ᠌ᠵᠢᠭᠦᠯᠬᠦ᠌   ᠲᠥᠯᠥᠪᠯᠡᠭᠡ ᠪᠣᠯ ᠳᠤᠮᠳᠠᠳᠤ  ᠤᠯᠤᠰ ᠎ᠤᠨ  ᠨᠢᠬᠡᠳᠦᠬᠡᠷ  ᠲᠠᠪᠤᠨ  ᠵᠢᠯ ᠎ᠤᠨ   ᠲᠥᠯᠥᠪᠯᠡᠭᠡ ᠪᠣᠯᠤᠨ᠎ᠠ᠃  《ᠨᠢᠬᠡᠳᠦᠬᠡᠷ ᠲᠠᠪᠤᠨ ᠵᠢᠯ》 ᠎ᠤᠨ ᠲᠥᠯᠥᠪᠯᠡᠭᠡ ᠎ᠶ᠋ᠢ  ᠨᠠᠮ᠎ᠤᠨ ᠲᠥᠪ ᠬᠤᠷᠢᠶᠠᠨ᠎ᠤ ᠱᠢᠭᠤᠳ ᠤᠳᠤᠷᠢᠳᠤᠯᠭ᠎ᠠ ᠳᠣᠣᠷ᠎ᠠ᠂ ᠵᠧᠦ ᠡᠸᠨ ᠯᠠᠶ᠂ ᠴᠧᠨ ᠶᠦᠨ ᠨᠥᠬᠦᠷ ᠡᠷᠬᠢᠯᠡᠨ ᠲᠣᠭ᠍ᠲᠠᠭᠠᠵᠡᠢ᠃ 《ᠨᠢᠬᠡᠳᠦᠬᠡᠷ ᠲᠠᠪᠤᠨ ᠵᠢᠯ》 ᠎ᠤᠨ ᠲᠥᠯᠥᠪᠯᠡᠭᠡ᠎ᠶ᠋ᠢ ᠨᠠᠢᠷᠠᠭᠤᠯᠤᠨ ᠳᠤᠭ᠍ᠳᠠᠭᠠᠬᠤ ᠪᠠ ᠭᠡᠷᠡᠭ᠌ᠵᠢᠬᠦᠯᠬᠦ᠌ ᠶᠠᠪᠤᠴᠠ᠎ᠳᠤ ᠭᠤᠤᠯ ᠬᠦᠴᠦᠨ᠎ᠢᠶᠠᠨ ᠳᠦᠪᠯᠡᠷᠡᠬᠦᠯᠵᠦ᠍᠂ ᠬᠦᠨᠳᠦ ᠠᠵᠦ᠍ ᠦᠢᠯᠡᠳᠪᠦᠷᠢ᠎ᠶ᠋ᠢ ᠬᠦᠭ᠌ᠵᠢᠬᠦᠯᠬᠦ᠌᠎ᠶ᠋ᠢᠨ ᠬᠠᠮᠳᠤ ᠬᠦᠳᠡᠭᠡ ᠠᠵᠦ᠍ ᠠᠬᠤᠢ᠂ ᠬᠦᠩᠬᠡᠨ ᠠᠵᠦ᠍ ᠦᠢᠯᠡᠳᠪᠦᠷᠢ᠎ᠶ᠋ᠢ ᠴᠢᠬᠤᠯᠠᠴᠢᠯᠠᠨ ᠠᠳᠭᠤᠬᠤ ᠳᠤᠬᠠᠢ ᠳᠤᠷᠠᠳᠴᠠᠢ᠃ ᠠᠵᠦ᠍ ᠦᠢᠯᠡᠳᠪᠦᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠦ᠍᠂ ᠮᠠᠨ᠎ᠤ ᠤᠯᠤᠰ᠎ᠤᠨ ᠠᠵᠦ᠍ ᠦᠢᠯᠡᠳᠪᠦᠷᠢ᠎ᠶ᠋ᠢᠨ ᠤᠯᠠᠩᠬᠢ᠎ᠨᠢ ᠳᠠᠯᠠᠢ ᠳᠠᠭᠠᠤ ᠤᠷᠤᠨ᠎ᠢᠶᠠᠷ ᠳᠦᠪᠯᠡᠷᠡᠵᠦ᠍ ᠪᠠᠢᠭ᠎ᠠ ᠵᠦᠢ ᠵᠤᠬᠢᠰ ᠦᠬᠡᠢ ᠪᠠᠢᠳᠠᠯ᠎ᠢ ᠬᠤᠪᠢᠷᠠᠭᠤᠯᠵᠠᠢ᠃

ᠬᠤᠶᠠᠳᠤᠭᠠᠷ ᠳᠠᠪᠤᠨ ᠵᠢᠯ᠎ᠤᠨ ᠳᠦᠯᠦᠪᠯᠡᠭᠡ᠄ 1958 — 1962 ᠣᠨ᠎ᠤ ᠬᠤᠭᠤᠷᠤᠨᠳᠤ ᠤᠯᠤᠰ  ᠠᠷᠠᠳ ᠎ᠤᠨ ᠠᠵᠤ ᠠᠬᠤᠶ᠎ᠶ᠋ᠢ ᠬᠥᠭ᠌ᠵᠢᠭᠦᠯᠬᠦ᠌ ᠲᠥᠯᠥᠪᠯᠡᠭᠡ ᠪᠣᠯ  ᠳᠤᠮᠳᠠᠳᠤ ᠤᠯᠤᠰ ᠎ᠤᠨ  ᠬᠤᠶᠠᠳᠤᠭᠠᠷ  ᠲᠠᠪᠤᠨ ᠵᠢᠯ᠎ᠤᠨ ᠲᠥᠯᠥᠪᠯᠡᠭᠡ ᠪᠣᠯᠤᠨ᠎ᠠ᠃  《ᠬᠤᠶᠠᠳᠤᠭᠠᠷ ᠳᠠᠪᠤᠨ ᠵᠢᠯ》 ᠎ᠤᠨ  ᠳᠦᠯᠦᠪᠯᠡᠭᠡ ᠎ᠶ᠋ᠢ 《ᠨᠠᠮ᠎ᠤᠨ ᠨᠠᠢ᠍ᠮᠠᠳᠤᠭᠠᠷ ᠶᠡᠭᠡ ᠬᠤᠷᠠᠯ》 ᠎ᠠᠴᠠ ᠪᠠᠳᠤᠯᠠᠵᠦ᠍᠂ ᠬᠦᠨᠳᠦ ᠠᠵᠦ᠍ ᠦᠢᠯᠡᠳᠪᠦᠷᠢ᠎ᠪᠠᠷ ᠭᠤᠤᠯ ᠪᠤᠯᠭᠠᠭ᠍ᠰᠠᠨ ᠠᠵᠦ᠍ ᠦᠢᠯᠡᠳᠪᠦᠷᠢ᠎ᠶ᠋ᠢᠨ ᠪᠦᠳᠦᠬᠡᠨ ᠪᠠᠢᠭᠤᠯᠤᠯᠳᠠ᠎ᠶ᠋ᠢ ᠦᠷᠬᠦᠯᠵᠢᠯᠡᠨ ᠠᠬᠢᠭᠤᠯᠵᠦ᠍᠂ ᠮᠠᠨ᠎ᠤ ᠤᠯᠤᠰ᠎ᠤᠨ ᠨᠡᠢᠬᠡᠮ ᠵᠢᠷᠤᠮ᠎ᠤᠨ ᠠᠵᠦ᠍ ᠦᠢᠯᠡᠳᠪᠦᠷᠢᠵᠢᠯᠳᠡ᠎ᠶ᠋ᠢᠨ ᠪᠠᠳᠤ ᠪᠠᠬᠢ ᠰᠠᠭᠤᠷᠢ᠎ᠶ᠋ᠢ ᠳᠠᠯᠪᠢᠵᠠᠢ᠃ ᠨᠡᠢᠬᠡᠮ ᠵᠢᠷᠤᠮ᠎ᠤᠨ ᠦᠬᠡᠷᠡᠴᠢᠯᠡᠯᠳᠡ᠎ᠶ᠋ᠢ ᠦᠷᠬᠦᠯᠵᠢᠯᠡᠨ ᠪᠡᠶᠡᠯᠡᠬᠦᠯᠵᠦ᠍᠂ ᠪᠦᠳᠦᠬᠡᠨ ᠪᠠᠢᠭᠤᠯᠤᠯᠳᠠ᠎ᠶ᠋ᠢᠨ ᠴᠢᠳᠠᠪᠤᠷᠢᠳᠡᠨ᠎ᠢ ᠴᠢᠷᠮᠠᠢᠨ ᠬᠦᠮᠦᠵᠢᠬᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠎ᠢ ᠴᠢᠩᠭᠠᠳᠭᠠᠵᠦ᠍᠂ ᠨᠡᠢᠬᠡᠮ ᠵᠢᠷᠤᠮ᠎ᠤᠨ ᠠᠵᠦ᠍ ᠠᠬᠤᠢ ᠰᠤᠶᠤᠯ᠎ᠤᠨ ᠬᠦᠭ᠌ᠵᠢᠯᠳᠡ ᠎ᠶ᠋ᠢᠨ ᠱᠠᠭᠠᠷᠳᠠᠯᠭ᠎ᠠ᠎ᠳᠤ ᠵᠤᠬᠢᠴᠠᠭᠤᠯᠪᠠ᠃ ᠤᠯᠤᠰ᠎ᠤᠨ ᠪᠠᠳᠤᠯᠠᠨ ᠬᠠᠮᠠᠭᠠᠯᠠᠯᠳᠠ᠎ᠶ᠋ᠢᠨ ᠬᠦᠴᠦᠨ᠎ᠢᠶᠠᠨ ᠴᠢᠩᠭᠠᠳᠭᠠᠵᠦ᠍᠂ ᠠᠷᠠᠳ ᠲᠦᠮᠡᠨ᠎ᠤ ᠪᠤᠳᠠᠰ ᠎ᠤᠨ ᠠᠮᠢᠳᠤᠷᠠᠯ ᠪᠠ  ᠰᠤᠶᠤᠯ ᠎ᠤᠨ  ᠠᠮᠢᠳᠤᠷᠠᠯ᠎ᠤᠨ ᠳᠦᠪᠱᠢᠨ᠎ᠢ ᠳᠡᠭᠡᠭ᠌ᠰᠢᠯᠡᠬᠦᠯᠪᠠ᠃


2021 ᠣᠨ᠎ᠤ 3 ᠰᠠᠷ᠎ᠠ᠎ᠶ᠋ᠢᠨ 5 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ᠂ 《ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢ ᠪᠠᠢᠭᠤᠯᠤᠭ᠍ᠰᠠᠨ》 ᠲᠡᠦᠬᠡ᠎ᠶ᠋ᠢᠨ ᠰᠤᠳᠤᠨ ᠰᠠᠢᠬᠠᠨ ᠳᠠᠭᠤᠷᠢᠰᠭᠠᠯ᠎ᠢ ᠳᠤᠷᠠᠳᠴᠤ᠌᠂ ᠲᠤᠤᠷᠠᠬᠠᠨ᠎ᠢᠶᠠᠨ ᠬᠥᠮᠦᠰ᠎ᠤᠨ ᠦᠩᠭᠡᠷᠡᠭ᠌ᠰᠡᠨ᠎ᠤ ᠲᠡᠷᠡ ᠬᠦ᠌ ᠭᠡᠷᠡᠯ ᠰᠠᠴᠤᠷᠠᠩᠭᠤᠢ ᠤᠨ ᠰᠠᠷ᠎ᠠ᠎ᠶ᠋ᠢᠨ ᠲᠤᠬᠠᠢ ᠳᠤᠷᠠᠰᠤᠮᠵᠢ᠎ᠶ᠋ᠢ ᠰᠡᠷᠢᠭᠡᠭ᠌ᠰᠡᠨ ᠶᠤᠮ᠃ ᠪᠥᠬᠦ᠌ ᠤᠯᠤᠰ᠎ᠤᠨ ᠡᠯ᠎ᠡ ᠭᠠᠵᠠᠷ ᠤᠷᠤᠨ᠎ᠤ᠎ᠬᠢᠨ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠨ ᠲᠤᠰᠠᠯᠠᠵᠤ᠂ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠰᠡᠳᠭᠢᠯ ᠨᠢᠭᠡᠳᠦᠨ ᠬᠦᠴᠦᠨ᠎ᠢᠶᠠᠨ ᠬᠠᠮᠳᠤᠳᠭᠠᠵᠦ᠍ ᠬᠠᠲᠠᠭᠤ ᠪᠡᠷᠬᠡᠱᠢᠶᠡᠯ᠎ᠢ ᠬᠠᠮᠲᠤ᠎ᠪᠠᠷ ᠳᠤᠭᠤᠯᠤᠭ᠍ᠰᠠᠨ ᠎ᠨᠢ  《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ》᠂ 《ᠪᠥᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠲᠠᠷ᠎ᠠ》 ᠪᠠᠢᠳᠠᠭ᠎ᠤᠨ ᠠᠮᠢᠳᠤᠯᠢᠭ ᠭᠡᠷᠡᠴᠢᠯᠡᠯ ᠪᠣᠯᠤᠭ᠍ᠰᠠᠨ ᠠᠵᠢ᠃

ᠪᠤᠯᠤᠳ ᠲᠡᠮᠦᠷ᠎ᠢ 《ᠠᠵᠤ ᠦᠢᠯᠡᠳᠪᠦᠷᠢ᠎ᠶ᠋ᠢᠨ ᠠᠮᠤ ᠪᠤᠳᠠᠭ᠎ᠠ》 ᠭᠡᠳᠡᠭ᠂ ᠪᠤᠯᠤᠳ ᠲᠡᠮᠦᠷ᠎ᠤᠨ ᠦᠢᠯᠡᠰ ᠪᠣᠯ ᠤᠯᠤᠰ ᠠᠷᠠᠳ᠎ᠤᠨ ᠠᠵᠤ ᠠᠬᠤᠶ᠎ᠶ᠋ᠢᠨ ᠴᠢᠬᠤᠯᠠ ᠲᠤᠯᠭᠠᠭᠤᠷᠢ ᠠᠵᠤ ᠦᠢᠯᠡᠰ ᠪᠣᠯᠤᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠳᠤ ᠬᠢᠬᠦ᠌ ᠴᠢᠬᠤᠯᠠᠳᠠᠢ ᠠᠵᠢᠯ ᠮᠠᠰᠢ ᠤᠯᠠᠨ ᠪᠠᠢᠪᠠ᠃ 1949 ᠣᠨ᠎ᠳᠤ᠂ ᠮᠠᠨ᠎ᠤ ᠤᠯᠤᠰ᠎ᠤᠨ ᠪᠤᠯᠤᠳ᠎ᠤᠨ ᠭᠠᠷᠤᠯᠲᠠ ᠵᠥᠪᠬᠡᠨ 15.8 ᠲᠦᠮᠡᠨ ᠲᠣᠨ ᠪᠠᠢᠵᠤ᠂ ᠲᠤᠬᠠᠢ᠎ᠶ᠋ᠢᠨ ᠦᠶ᠎ᠡ᠎ᠶ᠋ᠢᠨ ᠳᠡᠯᠡᠬᠡᠢ᠎ᠶ᠋ᠢᠨ ᠪᠤᠯᠤᠳ᠎ᠤᠨ ᠭᠠᠷᠤᠯᠲᠠ᠎ᠶ᠋ᠢᠨ ᠮᠢᠩᠭᠠᠨ ᠬᠤᠪᠢ᠎ᠶ᠋ᠢᠨ ᠨᠢᠭᠡ ᠎ᠳᠤ ᠴᠦ᠍ ᠬᠦᠷᠬᠦ᠌ ᠦᠭᠡᠢ ᠪᠠᠢᠪᠠ᠃  ᠪᠤᠯᠤᠳ  ᠲᠡᠮᠦᠷ᠎ᠤᠨ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢ ᠲᠦᠷᠭᠡᠳᠭᠡᠬᠦ᠌᠎ᠶ᠋ᠢᠨ ᠲᠥᠯᠥᠭᠡ᠂ 《ᠨᠢᠬᠡᠳᠦᠬᠡᠷ ᠲᠠᠪᠤᠨ ᠵᠢᠯ》 ᠎ᠤᠨ ᠲᠥᠯᠥᠪᠯᠡᠭᠡ᠎ᠶ᠋ᠢᠨ ᠬᠤᠭᠤᠴᠠᠭᠠᠨ᠎ᠳᠤ᠂ ᠤᠯᠤᠰ᠎ᠠᠴᠠ ᠬᠥᠮᠦᠨ᠎ᠤ ᠬᠦᠴᠦᠨ᠂ ᠪᠣᠳᠠᠰ᠎ᠤᠨ ᠬᠦᠴᠦᠨ᠂ ᠡᠳ᠋᠎ᠤᠨ ᠬᠦᠴᠦᠨ᠎ᠢ ᠲᠥᠪᠯᠡᠷᠡᠭᠦᠯᠵᠦ᠍᠂ ᠠᠨᠱᠠᠨ᠎ᠤ ᠪᠤᠯᠤᠳ ᠲᠡᠮᠦᠷ᠎ᠤᠨ ᠦᠢᠯᠡᠳᠪᠦᠷᠢ᠂ ᠦᠬᠠᠨ᠎ᠤ ᠪᠤᠯᠤᠳ ᠲᠡᠮᠦᠷ᠎ᠤᠨ ᠦᠢᠯᠡᠳᠪᠦᠷᠢ ᠪᠣᠯᠤᠨ ᠪᠤᠭᠤᠲᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ ᠵᠡᠷᠭᠡ ᠭᠤᠷᠪᠠᠨ ᠶᠡᠭᠡ ᠪᠤᠯᠤᠳ ᠲᠡᠮᠦᠷ᠎ᠤᠨ ᠰᠠᠭᠤᠷᠢᠨ ᠭᠠᠵᠠᠷ᠎ᠢ ᠭᠤᠣᠯᠳᠠᠯᠭ᠎ᠠ᠎ᠲᠠᠢ ᠪᠦᠳᠦᠭᠡᠨ ᠪᠠᠢᠭᠤᠯᠪᠠ᠃

ᠪᠤᠭᠤᠲᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ 1954 ᠣᠨ᠎ᠳᠤ ᠪᠠᠢᠭᠤᠯᠤᠭ᠍ᠳᠠᠵᠤ᠂  ᠤᠯᠤᠰ ᠎ᠠᠴᠠ 《ᠨᠢᠬᠡᠳᠦᠬᠡᠷ ᠲᠠᠪᠤᠨ ᠵᠢᠯ》 ᠎ᠤᠨ ᠲᠦᠯᠦᠪᠯᠡᠭᠡ᠎ᠶ᠋ᠢᠨ ᠬᠤᠭᠤᠴᠠᠭᠠᠨ᠎ᠳᠤ ᠪᠠᠢᠭᠤᠯᠤᠭ᠍ᠰᠠᠨ 156 ᠭᠤᠣᠯᠳᠠᠯᠭ᠎ᠠ᠎ᠲᠠᠢ ᠲᠦᠷᠦᠯ ᠵᠦᠢᠯ᠎ᠤᠨ ᠨᠢᠭᠡ ᠪᠠᠢᠵᠦ᠍᠂ ᠱᠢᠨ᠎ᠡ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠣᠷᠣᠨ᠎ᠳᠤ ᠪᠠᠢᠭᠤᠯᠤᠭ᠍ᠰᠠᠨ ᠠᠩᠬᠠᠳᠠᠭ᠍ᠴᠢ ᠲᠤᠮᠤ ᠬᠡᠯᠪᠡᠷᠢ᠎ᠶ᠋ᠢᠨ ᠪᠤᠯᠤᠳ ᠲᠡᠮᠦᠷ᠎ᠤᠨ ᠠᠵᠤ ᠠᠬᠤᠢᠯᠠᠯ ᠪᠣᠯᠤᠨ᠎ᠠ᠃

ᠪᠦᠬᠦ᠌ ᠤᠯᠤᠰ᠎ᠤᠨ ᠠᠷᠠᠳ ᠲᠦᠮᠡᠨ᠎ᠤ ᠬᠦᠴᠦᠲᠡᠢ ᠳᠡᠮᠵᠢᠯᠭᠡ ᠪᠣᠯ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠬᠠᠮᠤᠭ᠎ᠤᠨ ᠶᠡᠭᠡ ᠣᠨᠴᠠᠯᠢᠭ ᠮᠥᠨ᠃ ᠠᠯᠢ ᠡᠷᠲᠡ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠦᠢᠯᠡᠳᠪᠦᠷᠢ ᠪᠠᠢᠭᠤᠯᠬᠤ ᠪᠡᠯᠡᠳᠭᠡᠯ ᠱᠠᠲᠤᠨ᠎ᠳᠤ᠂ ᠮᠡᠷᠭᠡᠵᠢᠯ᠂ ᠴᠢᠳᠠᠪᠤᠷᠢᠲᠠᠨ᠂ ᠠᠵᠢᠯᠴᠢᠨ ᠳᠤᠲᠠᠭ᠍ᠳᠠᠬᠤ ᠵᠡᠷᠭᠡ ᠬᠦᠴᠢᠷ ᠠᠰᠠᠭᠤᠳᠠᠯ ᠲᠤᠯᠭᠠᠷᠠᠵᠤ ᠪᠠᠢᠪᠠ᠃ ᠪᠤᠭᠤᠲᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠤᠯᠤᠰ᠎ᠤᠨ ᠲᠥᠯᠥᠪᠯᠡᠭᠡᠨ᠎ᠤ ᠵᠥᠪᠯᠡᠯ᠂ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠵᠥᠪᠯᠡᠯ᠂ ᠭᠠᠵᠠᠷ ᠱᠢᠨᠵᠢᠯᠡᠭᠡᠨ᠎ᠤ ᠶᠠᠮᠤᠨ᠂ ᠬᠦᠨᠳᠦ ᠠᠵᠤ ᠦᠢᠯᠡᠳᠪᠦᠷᠢ᠎ᠶ᠋ᠢᠨ ᠶᠠᠮᠤᠨ᠂ ᠪᠡᠭᠡᠵᠢᠩ ᠶᠡᠭᠡ ᠰᠤᠷᠭᠠᠭᠤᠯᠢ ᠵᠡᠷᠭᠡ ᠨᠢᠭᠡᠴᠢ᠎ᠠᠴᠠ ᠶᠡᠭᠡ ᠬᠡᠮᠵᠢᠶᠡᠨ᠎ᠤ ᠮᠡᠷᠭᠡᠵᠢᠯ᠎ᠤᠨ ᠲᠤᠯᠭᠠᠭᠤᠷᠢᠯᠠᠯ ᠬᠠᠩᠭᠠᠭ᠍ᠰᠠᠨ ᠪᠠᠢᠳᠠᠭ᠃ 1954 ᠣᠨ᠎ᠠᠴᠠ ᠡᠬᠢᠯᠡᠨ᠂ ᠪᠦᠬᠦ᠌ ᠤᠯᠤᠰ᠎ᠤᠨ ᠡᠯ᠎ᠡ ᠭᠠᠵᠠᠷ᠎ᠠᠴᠠ ᠢᠷᠡᠭ᠌ᠰᠡᠨ 8 ᠲᠦᠮᠡᠨ ᠪᠦᠳᠦᠭᠡᠨ ᠪᠠᠢᠭᠤᠯᠤᠭ᠍ᠴᠢᠳ ᠡᠭᠡ ᠤᠯᠤᠰ᠎ᠤᠨ ᠤᠮᠠᠷᠠᠲᠤ ᠬᠢᠯᠢ᠎ᠳᠤ ᠬᠤᠷᠠᠨ ᠴᠤᠭ᠍ᠯᠠᠷᠠᠵᠤ᠂ ᠡᠳᠡᠭᠡᠷ ᠪᠦᠳᠦᠭᠡᠨ ᠪᠠᠢᠭᠤᠯᠤᠯᠲᠠ᠎ᠶ᠋ᠢᠨ ᠶᠡᠭᠡ ᠴᠡᠷᠢᠭ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠡᠵᠡᠭᠦᠢ ᠲᠠᠯ᠎ᠠ ᠡᠯᠡᠰᠦᠨ ᠴᠦᠯ᠎ᠳᠤ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠪᠦᠯᠬᠦᠮᠳᠡᠨ ᠬᠠᠮᠵᠢᠯᠴᠠᠵᠤ᠂ ᠰᠠᠯᠬᠢ ᠱᠢᠭᠤᠷᠭᠠᠨ᠎ᠢ ᠰᠥᠷᠴᠦ᠍᠂ ᠬᠠᠬᠢᠷ ᠬᠦᠢᠳᠡᠨ᠂ ᠠᠭᠠᠭᠢᠮ᠎ᠠ ᠬᠠᠯᠠᠭᠤᠨ᠎ᠲᠠᠢ ᠲᠡᠮᠡᠴᠡᠵᠦ᠍᠂ ᠬᠡᠭᠡᠷ᠎ᠡ ᠬᠤᠨᠣᠵᠤ ᠬᠡᠲᠡ ᠳᠡᠷᠡᠯᠡᠨ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠤᠮᠠᠷᠠᠲᠤ᠎ᠶ᠋ᠢᠨ ᠲᠠᠯ᠎ᠠ ᠨᠤᠲᠤᠭ᠎ᠲᠤ 《ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢ ᠪᠦᠳᠦᠭᠡᠨ ᠪᠠᠢᠭᠤᠯᠵᠤ᠂ ᠲᠠᠯ᠎ᠠ ᠨᠤᠲᠤᠭ᠎ᠤᠨ ᠬᠥᠪᠡᠭᠦᠳ ᠥᠬᠢᠳ ᠡᠳ᠋ ᠡᠷᠳᠡᠨᠢᠰ᠎ᠢᠶᠠᠨ ᠬᠠᠨᠳᠢᠪᠯᠠᠭ᠍ᠰᠠᠨ》 ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃

1958 ᠣᠨ᠎ᠤ 7 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶᠠᠨ᠎ᠤ ᠨᠢᠭᠡᠳᠦᠭᠡᠷ ᠱᠦᠵᠢ ᠤᠯᠠᠭᠠᠨᠬᠦᠦ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠤᠨ ᠳᠤᠮᠳᠠᠬᠢ ᠠᠰᠠᠭᠤᠳᠠᠯ᠎ᠤᠨ ᠲᠤᠬᠠᠢ ᠱᠠᠨ ᠰᠢ᠂ ᠾᠧᠪᠸᠢ᠂ ᠯᠢᠶᠣᠤᠨᠢᠩ᠂ ᠬᠠᠷᠠᠮᠥ᠋ᠷᠡᠨ᠂ ᠬᠤᠨᠠᠨ᠂ ᠠᠨᠾᠦ᠋ᠢ ᠵᠡᠷᠭᠡ ᠮᠤᠵᠢ᠎ᠠᠴᠠ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢ ᠪᠦᠳᠤᠭᠡᠨ ᠪᠠᠢᠭᠤᠯᠬᠤ᠎ᠳᠤ ᠳᠡᠮᠵᠢᠯᠭᠡ ᠦᠵᠡᠭᠦᠯᠬᠦ᠌᠎ᠶ᠋ᠢ ᠵᠠᠬᠢᠳᠠᠯ᠎ᠢᠶᠠᠷ ᠭᠤᠶᠤᠴᠢᠯᠠᠪᠠ᠃ ᠲᠤᠰ ᠵᠢᠯ᠎ᠤᠨ 11 ᠰᠠᠷ᠎ᠠ᠎ᠳᠤ᠂ ᠨᠠᠮ᠎ᠤᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠬᠤᠭᠤᠴᠠᠭᠠᠨ᠎ᠳᠤ᠂ ᠤᠯᠠᠭᠠᠨᠬᠦᠦ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠳᠤᠮᠳᠠᠬᠢ ᠠᠰᠠᠭᠤᠳᠠᠯ᠎ᠤᠨ ᠲᠤᠬᠠᠢ ᠨᠠᠮ᠎ᠤᠨ ᠲᠥᠪ ᠬᠤᠷᠢᠶ᠎ᠠ ᠪᠠ ᠮᠠᠤ ᠽᠧ ᠳ᠋ᠦᠩ᠎ᠳᠤ ᠮᠡᠳᠡᠭᠦᠯᠦᠯᠲᠡ ᠪᠢᠴᠢᠵᠦ᠍᠂ ᠪᠦᠬᠦ᠌ ᠤᠯᠤᠰ᠎ᠤᠨ ᠡᠯ᠎ᠡ ᠮᠤᠵᠢ ᠬᠤᠳᠠ᠎ᠪᠠᠷ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠲᠤᠰᠠᠯᠠᠭᠤᠯᠬᠤ ᠵᠡᠷᠭᠡ 7 ᠵᠦᠢᠯ᠎ᠤᠨ ᠰᠠᠨᠠᠭᠤᠯᠭ᠎ᠠ ᠳᠤᠷᠠᠳᠤᠭ᠍ᠰᠠᠨ ᠪᠠᠢᠨ᠎ᠠ᠃ ᠮᠠᠤ ᠽᠧ ᠳ᠋ᠦᠩ᠄ 《ᠠᠷᠭ᠎ᠠ ᠰᠦᠪᠡᠭ᠌ᠴᠢᠯᠡᠨ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠬᠦᠴᠢᠷᠳᠡᠯ᠎ᠢ ᠱᠢᠢᠳᠪᠦᠷᠢᠯᠡᠬᠦ᠌ ᠬᠡᠷᠡᠭ᠌ᠲᠡᠢ》 ᠬᠡᠵᠦ᠍ ᠵᠢᠭᠠᠪᠤᠷᠢᠯᠠᠵᠦ᠍᠂ ᠨᠠᠮ᠎ᠤᠨ ᠲᠥᠪ ᠬᠤᠷᠢᠶ᠎ᠠ᠎ᠠᠴᠠ ᠪᠥᠬᠦ᠌ ᠤᠯᠤᠰ᠎ᠤᠨ ᠨᠢᠭᠡᠳᠦᠯᠲᠡᠶ ᠲᠥᠯᠥᠪᠯᠡᠭᠡ ᠳᠤᠤᠷ᠎ᠠ᠂ ᠭᠤᠤᠯᠳᠠᠯᠭ᠎ᠠ᠎ᠶ᠋ᠢ ᠪᠠᠲᠤᠯᠠᠵᠤ᠂ ᠡᠩ᠎ᠤᠨ᠎ᠬᠢ᠎ᠶ᠋ᠢ ᠬᠠᠷᠠᠭᠠᠯᠵᠠᠬᠤ᠎ᠪᠠᠷ ᠲᠣᠭ᠍ᠲᠠᠵᠤ᠂ ᠪᠤᠭᠤᠲᠤ᠎ᠶ᠋ᠢ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠭᠤᠤᠯᠳᠠᠯᠭ᠎ᠠ᠎ᠲᠠᠢ ᠭᠠᠵᠠᠷ ᠣᠷᠣᠨ ᠪᠣᠯᠭᠠᠵᠤ᠂ ᠪᠤᠭᠤᠲᠤ᠎ᠶ᠋ᠢᠨ ᠪᠣᠯᠣᠳ ᠲᠡᠮᠦᠷ᠎ᠤᠨ ᠦᠢᠯᠡᠳᠪᠦᠷᠢ᠎ᠲᠠᠢ ᠬᠠᠮᠵᠢᠯᠴᠠᠬᠤ ᠬᠠᠷᠢᠴᠠᠭ᠎ᠠ᠎ᠲᠠᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠢᠯᠠᠯ᠎ᠤᠨ ᠪᠤᠭᠤᠲᠤ᠎ᠶ᠋ᠢᠨ ᠪᠣᠯᠣᠳ ᠲᠡᠮᠦᠷ᠎ᠤᠨ ᠦᠢᠯᠡᠳᠪᠦᠷᠢ᠎ᠳᠤ ᠬᠦᠴᠦᠲᠡᠶ ᠳᠡᠮᠵᠢᠯᠭᠡ ᠦᠵᠡᠭᠦᠯᠬᠦ᠌᠎ᠶ᠋ᠢ ᠱᠠᠭᠠᠷᠳᠠᠭ᠍ᠰᠠᠨ ᠪᠠᠢᠨ᠎ᠠ᠃ ᠪᠦᠬᠦ᠌ ᠤᠯᠤᠰ᠎ᠤᠨ ᠡᠯ᠎ᠡ ᠮᠤᠵᠢ᠂ ᠣᠷᠣᠨ᠂ ᠬᠤᠳᠠ᠎ᠶ᠋ᠢᠨ ᠲᠤᠰᠠᠯᠠᠨ ᠪᠠᠢᠭᠤᠯᠬᠤ ᠬᠥᠮᠦᠰ ᠪᠣᠯᠤᠨ ᠶᠡᠭᠡ ᠬᠡᠮᠵᠢᠶᠡᠨ᠎ᠤ ᠪᠦᠳᠦᠭᠡᠨ ᠪᠠᠢᠭᠤᠯᠤᠯᠲᠠ᠎ᠶ᠋ᠢᠨ ᠡᠳ᠋ ᠪᠣᠳᠠᠰ ᠪᠤᠭᠤᠲᠤ᠎ᠶ᠋ᠢ ᠴᠢᠭ᠌ᠯᠡᠭ᠌ᠰᠡᠨ ᠪᠤᠶᠤ ᠵᠥᠭᠡᠭᠡᠪᠦᠷᠢᠯᠡᠨ ᠬᠦᠷᠭᠡᠭ᠌ᠳᠡᠵᠡᠢ᠃

1959 ᠣᠨ᠎ᠤ 9 ᠰᠠᠷ᠎ᠠ᠎ᠶ᠋ᠢᠨ 26 ᠎ᠤ ᠡᠳᠦᠷ᠎ᠤᠨ 5 ᠴᠠᠭ 55 ᠮᠢᠨᠦ᠋ᠲ᠎ᠲᠤ᠌᠂ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠨᠢᠭᠡᠳᠦᠭᠡᠷ ᠨᠤᠮᠧᠷᠳᠦ ᠱᠢᠷᠡᠮᠦ᠍ ᠬᠠᠢᠯᠤᠭᠤᠯᠬᠤ ᠵᠤᠤᠬ᠎ᠠ᠎ᠠᠴᠠ ᠠᠩᠬᠠᠨ᠎ᠤ ᠲᠡᠮᠦᠷ᠎ᠤᠨ ᠬᠠᠢᠯᠤᠰᠢ ᠤᠷᠤᠰᠤᠨ ᠭᠠᠷᠴᠤ᠌᠂ ᠤᠭ ᠲᠥᠯᠥᠪᠯᠡᠭᠡ᠎ᠠᠴᠠ ᠨᠢᠭᠡ ᠵᠢᠯ ᠤᠷᠢᠳᠴᠢᠯᠠᠭ᠍ᠰᠠᠨ ᠪᠠᠢᠨ᠎ᠠ᠃ ᠡᠭᠦᠨ᠎ᠠᠴᠠ ᠡᠬᠢᠯᠡᠨ᠂ ᠥᠪᠥᠷ ᠮᠣᠩᠭᠤᠯ᠎ᠤᠨ ᠲᠠᠯ᠎ᠠ ᠨᠤᠲᠤᠭ᠎ᠠᠴᠠ ᠭᠡᠰᠡᠭ ᠲᠡᠮᠦᠷ ᠴᠦ᠍ ᠭᠠᠷᠬᠤ ᠥᠬᠡᠶ ᠪᠠᠢᠭ᠍ᠰᠠᠨ ᠲᠡᠦᠬᠡ ᠡᠴᠦᠰᠯᠡᠵᠡᠶ᠃ 20 ᠡᠳᠦᠷ᠎ᠤᠨ ᠲᠠᠷᠠᠭ᠎ᠠ᠂ ᠶᠡᠷᠦᠩᠬᠡᠢ ᠰᠠᠢᠳ ᠵᠧᠦ ᠧᠨ ᠯᠠᠢ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠳᠤ ᠬᠦᠷᠴᠦ᠍᠂ ᠥᠪᠡᠷ ᠎ᠢᠶᠠᠨ   ᠨᠢᠭᠡᠳᠦᠭᠡᠷ  ᠨᠤᠮᠧᠷᠳᠦ  ᠱᠢᠷᠡᠮᠤ  ᠬᠠᠢᠯᠤᠭᠤᠯᠬᠤ ᠵᠤᠤᠬ᠎ᠠ ᠎ᠳᠤ ᠳᠣᠣᠵᠠ ᠬᠠᠢᠴᠢᠯᠠᠵᠦ᠍ ᠦᠭ᠌ᠬᠦᠭ᠌ᠰᠡᠨ ᠪᠢᠯᠡ᠃

ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠦᠶ᠎ᠡ ᠦᠶ᠎ᠡ᠎ᠶ᠋ᠢᠨ ᠬᠥᠮᠦᠰ ᠲᠤᠬᠠᠢ᠎ᠶ᠋ᠢᠨ ᠵᠢᠯ᠎ᠤᠨ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠪᠦᠯᠦᠭ ᠪᠦᠯᠦᠭ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠠᠴᠠ ᠦᠢᠯᠡᠳᠦᠭ᠌ᠰᠡᠨ ᠪᠦᠳᠦᠬᠡᠭ᠌ᠳᠡᠬᠦᠨ》 ᠎ᠨᠢ  ᠠᠳᠡ ᠎ᠠᠴᠠ  ᠪᠦᠬᠦ᠌  ᠤᠯᠤᠰ᠎ᠤᠨ ᠭᠤᠣᠯᠳᠠᠯᠭ᠎ᠠ᠎ᠲᠠᠢ ᠲᠦᠷᠤᠯ ᠵᠦᠢᠯ ᠎ᠤᠨ ᠪᠦᠳᠤᠬᠡᠨ ᠪᠠᠢᠭᠤᠯᠤᠯᠲᠠ ᠎ᠳᠤ ᠬᠦᠷᠴᠦ᠍᠂ ᠮᠠᠰᠢ  ᠤᠯᠠᠨ 《ᠠᠩᠬᠠᠳᠤᠭᠠᠷ》 ᠎ᠢ ᠡᠭᠦᠳᠴᠡᠢ᠄ 1971 ᠣᠨ᠎ᠤ 7 ᠰᠠᠷ᠎ᠠ᠎ᠳᠤ᠂ ᠨᠢᠭᠡᠳᠦᠭᠡᠷ ᠪᠦᠯᠦᠭ᠎ᠤᠨ 245 × 10 ᠮᠢᠯᠢᠮᠧᠲᠷ᠎ᠤᠨ ᠵᠠᠭᠠᠳᠠᠰᠤ ᠦᠭᠡᠢ ᠪᠤᠯᠤᠳ ᠬᠤᠭᠤᠯᠠᠢ᠎ᠶ᠋ᠢ ᠲᠤᠷᠱᠢᠨ ᠬᠡᠪᠱᠢᠭᠦᠯᠵᠦ᠍᠂ ᠮᠠᠨ᠎ᠤ ᠤᠯᠤᠰ᠎ᠤᠨ ᠲᠤᠮᠤ ᠳ᠋ᠢᠶᠠᠮᠧᠲᠷ᠎ᠲᠠᠢ ᠵᠠᠭᠠᠳᠠᠰᠤ ᠦᠭᠡᠢ ᠪᠤᠯᠤᠳ ᠬᠤᠭᠤᠯᠠᠢ᠎ᠶ᠋ᠢ ᠦᠢᠯᠡᠳᠪᠦᠷᠢᠯᠡᠵᠦ᠍ ᠳᠡᠢᠯᠬᠦ᠌ ᠦᠬᠡᠢ ᠪᠠᠢᠭ᠍ᠰᠠᠨ ᠲᠡᠦᠬᠡ᠎ᠶ᠋ᠢ ᠡᠴᠦᠰᠯᠡᠭᠦᠯᠵᠡᠢ; 1976 ᠤᠨ᠂ 1984 ᠣᠨ᠎ᠳᠤ᠂ ᠮᠧᠲᠷ ᠪᠦᠷᠢ 60 ᠺᠢᠯᠣᠭ᠌ᠷᠠᠮ᠎ᠤᠨ ᠠᠩᠬᠠᠳᠠᠭ᠍ᠴᠢ ᠵᠠᠮ ᠲᠡᠮᠦᠷ ᠪᠣᠯᠤᠨ ᠮᠧᠲᠷ ᠪᠦᠷᠢ 75 ᠺᠢᠯᠣᠭ᠌ᠷᠠᠮ᠎ᠤᠨ ᠵᠠᠮ ᠲᠡᠮᠦᠷ᠎ᠢ ᠤᠷᠢᠳ ᠬᠤᠵᠢᠳ ᠲᠤᠷᠱᠢᠨ ᠬᠡᠪᠱᠢᠭᠦᠯᠦᠭᠡᠳ ᠠᠮᠵᠢᠯᠲᠠ ᠣᠯᠵᠤ᠂ ᠮᠠᠨ᠎ᠤ ᠤᠯᠤᠰ᠎ᠤᠨ ᠡᠢᠮᠦᠷᠬᠦᠦ ᠵᠠᠮ ᠲᠡᠮᠦᠷ᠎ᠢ ᠦᠢᠯᠡᠳᠪᠦᠷᠢᠯᠡᠬᠦ᠌ ᠠᠩᠬᠠᠨ᠎ᠤ ᠵᠠᠮ᠎ᠢ ᠨᠡᠭᠡᠭᠡᠭ᠌ᠰᠡᠨ ᠪᠠᠢᠨ᠎ᠠ᠃ 1998 ᠣᠨ᠎ᠤ 6 ᠰᠠᠷ᠎ᠠ᠎ᠳᠤ᠂ ᠮᠧᠲᠷ ᠪᠦᠷᠢ 75 ᠺᠢᠯᠣᠭ᠌ᠷᠠᠮ ᠨᠢᠶᠦᠪᠢ ᠬᠤᠪᠣᠷ ᠱᠢᠷᠣᠢ᠎ᠶ᠋ᠢᠨ ᠵᠠᠮ ᠲᠡᠮᠦᠷ᠎ᠢ ᠠᠮᠵᠢᠯᠲᠠᠲᠠᠢ ᠰᠤᠳᠤᠯᠤᠨ ᠦᠢᠯᠡᠳᠪᠡ ᠁

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ ᠮᠡᠷᠭᠡᠵᠢᠯ᠂ ᠦᠢᠯᠡᠳᠬᠦᠨ᠎ᠤ ᠲᠡᠰ ᠳᠡᠪᠱᠢᠬᠦ᠌᠎ᠶ᠋ᠢ ᠲᠦᠷᠭᠡᠳᠭᠡᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢᠶᠠᠨ ᠬᠤᠪᠢᠷᠠᠭᠤᠯᠵᠤ᠂ ᠱᠢᠨ᠎ᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠤᠯ᠎ᠠ᠄ ᠲᠠᠯᠠᠢ᠎ᠶ᠋ᠢᠨ ᠲᠦᠪᠱᠢᠨ᠎ᠠᠴᠠ ᠬᠠᠮᠤᠭ᠎ᠤᠨ ᠥᠨᠳᠥᠷ ᠡᠷᠭᠦᠭ᠌ᠳᠡᠭ᠌ᠰᠡᠨ ᠬᠥᠬᠡᠨᠠᠭᠤᠷ ᠲᠥᠪᠡᠳ᠎ᠤᠨ ᠲᠡᠮᠤᠷ ᠵᠠᠮ᠎ᠤᠨ ᠭᠤᠷᠪᠠᠨ᠎ᠤ ᠬᠤᠶᠠᠷ ᠬᠤᠪᠢ᠎ᠶ᠋ᠢᠨ ᠵᠠᠮ ᠲᠠᠮᠤᠷ᠎ᠨᠢ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠠᠴᠠ ᠦᠢᠯᠡᠳᠪᠦᠷᠢᠯᠡᠭ᠌ᠰᠡᠨ ᠶᠤᠮ᠃ ᠤᠯᠤᠰ᠎ᠤᠨ 《ᠪᠠᠷᠠᠭᠤᠨ ᠣᠷᠣᠨ᠎ᠤ ᠱᠢᠲᠠᠮᠠᠬᠠᠢ ᠬᠡᠢ᠎ᠶ᠋ᠢ ᠵᠡᠭᠦᠨᠰᠢ ᠳᠠᠮᠵᠢᠭᠤᠯᠬᠤ》 ᠢᠨᠵᠧᠨᠧᠷᠢᠩ᠂ ᠡᠯ᠎ᠡ ᠶᠡᠭᠡ ᠴᠢᠯᠠᠭᠤᠨ ᠲᠤᠰᠤᠨ᠎ᠤ ᠠᠭᠤᠷᠬᠠᠢ ᠵᠢᠴᠢ ᠪᠤᠯᠤᠳ ᠪᠦᠲᠦᠴᠡ᠎ᠶ᠋ᠢᠨ ᠬᠦᠷᠢᠶ᠎ᠠ ᠴᠠᠷᠠᠭ᠎ᠠ᠎ᠳᠤ᠂ ᠪᠤᠭᠤᠲᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ᠎ᠶ᠋ᠢᠨ ᠵᠠᠭᠠᠳᠠᠰᠤ ᠦᠭᠡᠢ ᠪᠤᠯᠤᠳ ᠬᠤᠭᠤᠯᠠᠢ ᠴᠥᠮ ᠴᠢᠬᠤᠯᠠ ᠪᠠᠢᠷᠢ ᠰᠠᠭᠤᠷᠢ᠎ᠶ᠋ᠢ ᠡᠵᠡᠯᠡᠵᠦ᠍ ᠪᠠᠢᠨ᠎ᠠ᠃ 《ᠴᠠᠩ ᠵᠧᠩ》 ᠱᠢᠷᠢᠰ ᠬᠥᠯᠭᠡ ᠲᠡᠢᠷᠦᠯᠳᠦ ᠰᠤᠮᠤ᠂ 《ᠬᠤᠪᠢᠯᠭᠠᠨ ᠣᠩᠭᠤᠴᠠ》 ᠱᠢᠷᠢᠰ ᠨᠢᠰᠭᠦ ᠣᠩᠭᠤᠴᠠ᠂ 《ᠳᠤᠮᠳᠠᠳᠤ ᠤᠯᠤᠰ᠎ᠤᠨ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠢᠨᠵᠧᠨᠧᠷᠢᠩ》 ᠵᠡᠷᠭᠡ ᠤᠯᠤᠰ᠎ᠤᠨ ᠭᠤᠣᠯᠳᠠᠯᠭ᠎ᠠ᠎ᠲᠠᠢ ᠢᠨᠵᠧᠨᠧᠷᠢᠩ᠎ᠳᠤ ᠴᠦ᠍ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢᠨ ᠦᠢᠯᠡᠳᠬᠦᠨ ᠬᠠᠷᠠᠭ᠍ᠳᠠᠵᠤ ᠪᠠᠢᠭ᠍ᠰᠠᠨ ᠶᠤᠮ᠃

ᠬᠡᠳᠦᠨ ᠦᠶ᠎ᠡ᠎ᠶ᠋ᠢᠨ ᠬᠥᠮᠦᠰ᠎ᠤᠨ ᠴᠢᠷᠮᠠᠢᠯᠭ᠎ᠠ᠎ᠪᠠᠷ᠂ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ ᠨᠢᠭᠡᠨᠲᠡ ᠣᠨᠴᠠ ᠲᠤᠮᠤ ᠬᠡᠯᠪᠡᠷᠢ᠎ᠶ᠋ᠢᠨ ᠣᠳᠣᠬᠢᠴᠢᠯᠠᠭ᠍ᠰᠠᠨ ᠠᠵᠤ ᠠᠬᠤᠢᠯᠠᠯ᠎ᠤᠨ ᠪᠦᠯᠦᠭ᠌ᠯᠡᠯ᠂ ᠮᠠᠨ᠎ᠤ ᠤᠯᠤᠰ᠎ᠤᠨ ᠭᠤᠣᠯ ᠪᠣᠯᠬᠤ ᠮᠢᠩᠭᠠᠨ ᠲᠦᠮᠡᠨ ᠲᠣᠨ᠎ᠤ ᠲᠡᠰ᠎ᠤᠨ   ᠪᠤᠯᠤᠳ ᠲᠡᠮᠤᠷ ᠎ᠤᠨ ᠠᠵᠤ  ᠦᠢᠯᠡᠳᠪᠦᠷᠢ᠎ᠶ᠋ᠢᠨ ᠰᠠᠭᠤᠷᠢᠨ᠂ ᠳᠡᠯᠡᠬᠡᠢ᠎ᠶ᠋ᠢᠨ ᠬᠠᠮᠤᠭ᠎ᠤᠨ ᠲᠤᠮᠤ ᠬᠤᠪᠣᠷ ᠱᠢᠷᠣᠢ᠎ᠶ᠋ᠢᠨ ᠠᠵᠤ ᠦᠢᠯᠡᠳᠪᠦᠷᠢ᠎ᠶ᠋ᠢᠨ ᠰᠠᠭᠤᠷᠢᠨ ᠪᠤᠯᠵᠤ᠂ ᠤᠯᠤᠰ᠎ᠤᠨ ᠪᠤᠯᠤᠳ ᠲᠡᠮᠤᠷ᠂ ᠬᠤᠪᠣᠷ ᠱᠢᠷᠣᠢ᠎ᠶ᠋ᠢᠨ ᠠᠵᠤ  ᠦᠢᠯᠡᠳᠪᠦᠷᠢ ᠎ᠶ᠋ᠢᠨ  ᠬᠥᠭ᠌ᠵᠢᠨ ᠮᠠᠨᠳᠤᠬᠤ᠎ᠶ᠋ᠢ ᠠᠬᠢᠭᠤᠯᠬᠤ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠂ ᠭᠠᠵᠠᠷ ᠣᠷᠣᠨ ᠎ᠤ ᠡᠶ᠎ᠡ  ᠵᠣᠬᠢᠴᠠᠩᠭᠤᠢ  ᠲᠣᠭ᠍ᠲᠠᠭᠤᠨ ᠎ᠢ ᠪᠡᠶᠡᠯᠡᠭᠦᠯᠬᠦ᠌   ᠲᠡᠦᠬᠡᠨ ᠠᠬᠢᠴᠠ ᠳᠤᠮᠳᠠ ᠪᠠᠯᠠᠷᠠᠰᠢ ᠦᠭᠡᠢ  ᠭᠡᠷᠡᠯ  ᠰᠠᠴᠤᠷᠠᠩᠭᠤᠢ   ᠨᠢᠬᠡᠨ ᠬᠠᠭᠤᠳᠠᠰᠤ ᠎ᠶ᠋ᠢ  ᠪᠢᠴᠢᠭ᠌ᠯᠡᠭ᠌ᠰᠡᠨ ᠪᠠᠢᠨ᠎ᠠ᠃ 

 QQ截图20210630091441.png

 

ᠪᠤᠭᠤᠲᠤ᠎ᠶ᠋ᠢᠨ  ᠪᠤᠯᠤᠳ ᠲᠡᠮᠤᠷ᠎ᠤᠨ ᠺᠣᠮᠫᠠᠨᠢ᠎ᠶ᠋ᠢᠨ ᠨᠢᠭᠡᠳᠦᠭᠡᠷ ᠨᠤᠮᠧᠷᠳᠦ ᠱᠢᠷᠡᠮᠦ᠍ ᠬᠠᠢᠯᠤᠭᠤᠯᠬᠤ ᠵᠤᠤᠬ᠎ᠠ᠎ᠠᠴᠠ ᠠᠩᠬᠠᠨ᠎ᠤ ᠲᠡᠮᠦᠷ᠎ᠤᠨ ᠬᠠᠢᠯᠤᠰᠢ ᠤᠷᠤᠰᠤᠨ ᠭᠠᠷᠤᠯ᠎ᠠ᠃

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠶᠤᠸᠠᠨ ᠷᠦ᠍ ᠱᠢᠶᠦ᠋ᠨ ᠰᠡᠬᠦᠳᠡᠷᠯᠡᠪᠡ

 

 QQ截图20210630091414.png

 

1960 ᠤᠨ᠎ᠳᠤ᠂ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢᠨ ᠨᠢᠭᠡᠳᠦᠭᠡᠷ ᠨᠤᠮᠧᠷᠳᠦ ᠱᠢᠷᠡᠮᠦ᠍ ᠬᠠᠢᠯᠤᠭᠤᠯᠬᠤ ᠵᠤᠤᠬ᠎ᠠ᠎ᠶ᠋ᠢᠨ ᠠᠵᠢᠯᠴᠢᠳ ᠳᠤᠯᠠᠭᠠᠨ᠎ᠤ ᠬᠡᠮᠵᠢᠶ᠎ᠠ ᠳᠡᠭᠡᠭ᠌ᠰᠢᠯᠡᠭ᠌ᠰᠡᠨ ᠡᠰᠡᠬᠦ᠌᠎ᠶ᠋ᠢ ᠪᠠᠢᠴᠠᠭᠠᠵᠦ᠍ ᠪᠠᠢᠨ᠎ᠠ᠃

ᠼᠦᠢ ᠱᠢᠶᠤᠤ ᠬᠤᠸᠠ ᠰᠡᠬᠦᠳᠡᠷᠯᠡᠪᠡ

 

QQ截图20210630091501.png

 

2019 ᠤᠨ᠎ᠤ 6 ᠰᠠᠷ᠎ᠠ᠎ᠶ᠋ᠢᠨ 4 ᠎ᠤ ᠡᠳᠦᠷ᠂ ᠪᠤᠭᠤᠳᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠡᠷᠬᠢᠯᠳᠦᠬᠡ ᠵᠤᠤᠬ᠎ᠠ᠎ᠶ᠋ᠢᠨ ᠠᠵᠢᠯᠴᠢᠨ᠎ᠤ ᠶᠡᠷᠦᠩᠬᠡᠢ ᠳᠠᠷᠤᠭ᠎ᠠ ᠯᠢᠦ ᠮᠢᠩ  ᠪᠤᠯᠤᠳ  ᠬᠠᠢᠯᠤᠭᠤᠯᠬᠤ  ᠠᠬᠤᠢ ᠳᠠᠯᠠᠪᠠᠢ ᠎ᠳᠤ ᠠᠵᠢᠯ ᠵᠢᠯᠤᠭᠤᠳᠴᠤ᠌ ᠪᠠᠢᠨ᠎ᠠ᠃

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠯᠢᠦ ᠯᠸᠢ ᠰᠡᠬᠦᠳᠡᠷᠯᠡᠪᠡ

 

QQ截图20210630091356.png


2014 ᠤᠨ᠎ᠤ 1 ᠰᠠᠷ᠎ᠠ᠎ᠶ᠋ᠢᠨ 30 ᠎ᠤ ᠡᠳᠦᠷ᠂ ᠪᠤᠭᠤᠳᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠠᠵᠢᠯᠴᠢᠨ᠂ ᠵᠤᠵᠠᠭᠠᠨ ᠪᠤᠯᠤᠳ ᠬᠠᠪᠳᠠᠰᠤ ᠦᠢᠯᠡᠳᠪᠦᠷᠢᠯᠡᠬᠦ᠌ ᠱᠤᠭᠤᠮ ᠳᠡᠭᠡᠷ᠎ᠠ ᠠᠵᠢᠯᠯᠠᠵᠦ᠍ ᠪᠠᠢᠨ᠎ᠠ᠃

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠵᠠᠩ ᠯᠢᠩ ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号