ᠳᠡᠯᠡᠬᠡᠢ᠎ᠶ᠋ᠢᠨ ᠬᠤᠪᠤᠷ ᠱᠢᠷᠦᠢ᠎ᠶ᠋ᠢᠨ ᠨᠤᠳᠤᠭ ᠪᠠᠶᠬᠠᠣᠪᠣᠭ᠎ᠠ
2021-07-01 08:30:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠭᠤᠷᠪᠠᠳᠤᠭᠠᠷ ᠲᠠᠪᠤᠨ ᠵᠢᠯ᠎ᠤᠨ ᠲᠥᠯᠥᠪᠯᠡᠭᠡ᠄ 1966 — 1970 ᠤᠨ᠎ᠤ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ ᠪᠣᠯ ᠳᠤᠮᠳᠠᠳᠤ ᠤᠯᠤᠰ᠎ᠤᠨ ᠭᠤᠷᠪᠠᠳᠤᠭᠠᠷ ᠲᠠᠪᠤᠨ ᠵᠢᠯ᠎ᠤᠨ ᠲᠥᠯᠥᠪᠯᠡᠭᠡ ᠪᠣᠯᠤᠨ᠎ᠠ᠃ 《ᠭᠤᠷᠪᠠᠳᠤᠭᠠᠷ ᠲᠠᠪᠤᠨ ᠵᠢᠯ》 ᠎ᠤᠨ ᠲᠥᠯᠥᠪᠯᠡᠭᠡ᠎ᠶ᠋ᠢ 1964 ᠣᠨ᠎ᠤ ᠡᠬᠢᠨ᠎ᠠᠴᠠ ᠡᠬᠢᠯᠡᠨ ᠰᠤᠳᠤᠯᠤᠨ ᠨᠠᠢᠷᠠᠭᠤᠯᠵᠤ᠂ ᠵᠢᠯᠣᠭᠤᠳᠭᠤ ᠦᠵᠡᠯ ᠰᠠᠨᠠᠭ᠎ᠠ᠎ᠨᠢ 《ᠢᠳᠡᠬᠦ᠌ ᠡᠮᠦᠰᠭᠦ ᠬᠡᠷᠡᠭ᠌ᠯᠡᠬᠦ᠌ ᠠᠰᠠᠭᠤᠳᠠᠯ᠎ᠢ ᠱᠢᠢᠳᠪᠦᠷᠢᠯᠡᠬᠦ᠌》 ᠎ᠠᠴᠠ 《ᠳᠠᠢᠨ᠎ᠤ ᠪᠡᠯᠡᠳᠭᠡᠯ᠎ᠢᠶᠠᠷ ᠭᠤᠣᠯ ᠪᠣᠯᠭᠠᠬᠤ》 ᠬᠤᠪᠢᠷᠠᠯᠲᠠ᠎ᠶ᠋ᠢ ᠥᠩᠭᠡᠷᠡᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ 《ᠭᠤᠷᠪᠠᠳᠤᠭᠠᠷ ᠹᠷᠣᠨᠲ》 ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠪᠡ᠃

ᠳᠥᠷᠪᠡᠳᠦᠭᠡᠷ ᠲᠠᠪᠤᠨ ᠵᠢᠯ᠎ᠤᠨ ᠲᠥᠯᠥᠪᠯᠡᠭᠡ᠄ 1971 — 1975 ᠤᠨ᠎ᠤ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ ᠪᠣᠯ ᠳᠤᠮᠳᠠᠳᠤ ᠤᠯᠤᠰ᠎ᠤᠨ ᠳᠥᠷᠪᠡᠳᠦᠭᠡᠷ ᠲᠠᠪᠤᠨ ᠵᠢᠯ᠎ᠤᠨ ᠲᠥᠯᠥᠪᠯᠡᠭᠡ ᠪᠣᠯᠤᠨ᠎ᠠ᠃ 1972 — 1973 ᠤᠨ ᠪᠣᠯᠲᠠᠯ᠎ᠠ᠂ ᠶᠡᠷᠦᠩᠬᠡᠢ ᠰᠠᠢᠳ ᠵᠧᠦ ᠡᠸᠨ ᠯᠠᠶ᠎ᠶ᠋ᠢᠨ ᠵᠢᠭᠠᠪᠤᠷᠢ᠎ᠪᠠᠷ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠡᠯ᠎ᠡ ᠵᠦᠢᠯ᠎ᠤᠨ ᠠᠷᠭ᠎ᠠ ᠬᠡᠮᠵᠢᠶ᠎ᠡ ᠠᠪᠴᠤ᠌ ᠤᠯᠤᠰ ᠠᠷᠠᠳ᠎ᠤᠨ ᠠᠵᠤ ᠠᠬᠤᠶ᠎ᠳᠤ ᠲᠤᠬᠢᠷᠠᠭᠤᠯᠤᠯᠳᠠ ᠬᠢᠵᠠᠢ᠃ 1973 ᠣᠨ᠎ᠤ ᠳᠣᠣᠷ᠎ᠠ ᠬᠠᠭᠠᠰ ᠵᠢᠯ᠎ᠳᠤ᠂ ᠠᠵᠤ ᠠᠬᠤᠶ᠎ᠶ᠋ᠢᠨ ᠪᠠᠢᠳᠠᠯ ᠢᠯᠡᠳᠲᠡ ᠰᠠᠢᠵᠢᠷᠠᠵᠤ᠂ ᠤᠯᠤᠰ ᠠᠷᠠᠳ᠎ᠤᠨ ᠠᠵᠤ ᠠᠬᠤᠶ᠎ᠶ᠋ᠢᠨ ᠲᠥᠯᠥᠪᠯᠡᠭᠡ᠎ᠶ᠋ᠢᠨ ᠭᠤᠣᠯ ᠭᠦᠢᠴᠡᠳᠭᠡᠬᠦ᠌ ᠲᠤᠭ᠎ᠠ᠎ᠶ᠋ᠢ ᠴᠥᠮ ᠪᠡᠶᠡᠯᠡᠭᠦᠯᠦᠭ᠌ᠰᠡᠨ ᠪᠤᠶᠤ ᠳᠠᠪᠠᠭᠤᠯᠤᠨ ᠪᠡᠶᠡᠯᠡᠭᠦᠯᠪᠡ᠃ ᠡᠨᠡ ᠬᠤᠭᠤᠴᠠᠭᠠᠨ᠎ᠳᠤ᠂ ᠮᠠᠨ᠎ᠤ ᠤᠯᠤᠰ ᠠᠩᠬ᠎ᠠ ᠤᠳᠠᠭ᠎ᠠ ᠬᠥᠮᠦᠨ ᠠᠮᠠ᠎ᠶ᠋ᠢ ᠬᠢᠵᠠᠭᠠᠷᠯᠠᠬᠤ ᠭᠦᠢᠴᠡᠳᠭᠡᠬᠦ᠌ ᠲᠤᠭ᠎ᠠ᠎ᠶ᠋ᠢ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ᠎ᠳᠤ ᠣᠷᠣᠭᠤᠯᠵᠤ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠩᠬᠠᠳᠠᠭ᠍ᠴᠢ ᠶᠡᠷᠦᠩᠬᠡᠢᠯᠡᠭ᠌ᠰᠡᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠭᠠᠳᠠᠭᠠᠳᠤ᠎ᠠᠴᠠ ᠨᠢᠭᠡ ᠪᠦᠯᠦᠭ ᠲᠡᠷᠢᠭᠦᠨ᠎ᠤ ᠮᠡᠷᠭᠡᠵᠢᠯ ᠪᠦᠬᠦᠢ ᠢᠵᠢ ᠪᠦᠷᠢᠨ ᠲᠥᠬᠦᠭᠡᠷᠦᠮᠵᠢ ᠪᠣᠯᠤᠨ ᠲᠠᠩ ᠮᠠᠱᠢᠨ᠎ᠢ ᠵᠠᠯᠭᠠᠭ᠎ᠠ ᠵᠠᠯᠭᠠᠭ᠎ᠠ᠎ᠪᠠᠷ ᠣᠷᠣᠭᠤᠯᠵᠤ᠂ ᠮᠠᠨ᠎ᠤ ᠤᠯᠤᠰ᠎ᠤᠨ ᠬᠤᠢᠱᠢᠳᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠪᠠ ᠮᠡᠷᠭᠡᠵᠢᠯ᠎ᠤᠨ ᠳᠠᠪᠱᠢᠯᠲᠠ᠎ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠪᠡ᠃


ᠬᠠᠳᠤᠨ ᠭᠤᠣᠯ᠎ᠤᠨ ᠤᠮᠠᠷ᠎ᠠ᠎ᠠᠴᠠ ᠭᠠᠷᠴᠤ᠌᠂ ᠪᠡᠷᠬᠡ ᠪᠠᠷᠲᠠᠭᠠᠳᠤ ᠮᠤᠨᠠ ᠠᠭᠤᠯᠠ᠎ᠶ᠋ᠢ ᠳᠠᠪᠠᠪᠡᠯ᠂ ᠨᠢᠭᠡᠨ ᠥᠷᠭᠡᠨ ᠠᠭᠤᠳᠠᠮ ᠲᠠᠯ᠎ᠠ ᠨᠤᠲᠤᠭ᠎ᠲᠤ ᠬᠦᠷᠳᠡᠭ᠂ ᠠᠳᠡ ᠨᠠᠮ ᠵᠢᠮ ᠮᠦᠷᠳᠡᠭᠡᠨ ᠪᠠᠶᠠᠨ ᠲᠠᠩᠰᠤᠭ ᠨᠢᠭᠡᠨ ᠱᠢᠳᠢᠳᠦ ᠠᠭᠤᠯᠠ ᠪᠠᠢᠳᠠᠭ᠂ ᠲᠡᠷᠡ ᠪᠤᠯ ᠳᠠᠷᠤᠢ ᠳᠡᠯᠡᠬᠡᠢ ᠳ᠋ᠠᠬᠢᠨ᠎ᠳᠤ ᠠᠯᠳᠠᠷᠱᠢᠭ᠍ᠰᠠᠨ ᠬᠤᠪᠣᠷ ᠱᠢᠷᠣᠢ᠎ᠶ᠋ᠢᠨ ᠨᠤᠳᠤᠭ ᠪᠠᠶᠬᠠᠣᠪᠣᠭ᠎ᠠ ᠪᠣᠯᠤᠨ᠎ᠠ᠃

1927 ᠣᠨ᠎ᠳᠤ᠂ ᠠᠯᠳᠠᠷᠲᠤ ᠭᠠᠵᠠᠷ ᠱᠢᠨᠵᠢᠯᠡᠭᠡᠨ᠎ᠤ ᠤᠬᠠᠭᠠᠨᠲᠠᠨ ᠳ᠋ᠢᠩ ᠳ᠋ᠤᠤ ᠾᠧᠩ ᠪᠠᠶᠬᠠᠤᠪᠤᠭ᠎ᠠ᠎ᠳᠤ ᠱᠢᠨᠵᠢᠯᠡᠬᠦ᠌ ᠤᠬᠠᠭᠠᠨ᠎ᠤ ᠪᠠᠢᠴᠠᠭᠠᠯᠲᠠ ᠬᠢᠵᠦ᠍ ᠪᠠᠢᠬᠤ᠎ᠳᠠᠭᠠᠨ᠂ ᠠᠳᠡ ᠲᠦᠢᠯ᠎ᠤᠨ ᠡᠯᠪᠡᠭ ᠲᠡᠮᠦᠷ᠎ᠤᠨ ᠠᠭᠤᠷᠬᠠᠶ᠎ᠶ᠋ᠢᠨ ᠡᠬᠢ ᠪᠠᠶᠠᠯᠢᠭ ᠬᠠᠳᠠᠭᠠᠯᠠᠭ᠍ᠳᠠᠵᠤ ᠪᠠᠢᠬᠤ᠎ᠶ᠋ᠢ ᠣᠯᠵᠤ ᠢᠯᠡᠷᠡᠭᠦᠯᠪᠡ᠂ ᠡᠭᠦᠨ᠎ᠠᠴᠠ ᠡᠬᠢᠯᠡᠨ ᠲᠠᠯ᠎ᠠ ᠨᠤᠲᠤᠭ᠎ᠤᠨ ᠱᠢᠳᠢᠳᠦ ᠠᠭᠤᠯᠠ ᠪᠠᠶᠬᠠᠤᠪᠤᠭ᠎ᠠ᠎ᠶ᠋ᠢᠨ ᠨᠢᠭᠤᠴᠠᠭᠠᠢ ᠬᠦᠱᠢᠭᠡ᠎ᠶ᠋ᠢ ᠰᠡᠬᠦᠵᠠᠢ᠃ ᠳ᠋ᠢᠩ ᠳ᠋ᠤᠤ ᠾᠧᠩ᠄ 《ᠬᠡᠷᠪᠡ ᠪᠠᠶᠬᠠᠤᠪᠤᠭ᠎ᠠ᠎ᠶ᠋ᠢᠨ ᠲᠡᠮᠦᠷ᠎ᠤᠨ ᠠᠭᠤᠷᠬᠠᠢ᠎ᠶ᠋ᠢ ᠶᠡᠭᠡ ᠬᠡᠪᠴᠢᠶ᠎ᠡ᠎ᠪᠠᠷ ᠨᠡᠭᠡᠭᠡᠨ ᠮᠠᠯᠲᠠᠵᠤ ᠴᠢᠳᠠᠪᠠᠯ᠂ ᠯᠠᠪᠲᠠᠢ ᠠᠵᠤ ᠦᠢᠯᠡᠳᠪᠦᠷᠢ᠎ᠶ᠋ᠢ ᠬᠥᠭ᠌ᠵᠢᠭᠦᠯᠬᠦ᠌ ᠭᠤᠣᠯ ᠠᠭᠤᠷᠬᠠᠢ᠎ᠶ᠋ᠢᠨ ᠡᠬᠢ ᠰᠤᠷᠪᠤᠯᠵᠢ ᠪᠣᠯᠬᠤ ᠮᠦᠷᠳᠡᠭᠡᠨ ᠳᠤᠮᠳᠠᠳᠤ ᠤᠯᠤᠰ᠎ᠤᠨ ᠪᠠᠷᠠᠭᠤᠨ ᠬᠤᠢᠲᠤ ᠣᠷᠣᠨ᠎ᠢ ᠬᠦᠭ᠌ᠵᠢᠭᠦᠯᠭᠦ᠎ᠶ᠋ᠢ ᠬᠦᠴᠦᠳᠡᠢ ᠠᠬᠢᠭᠤᠯᠵᠤ ᠴᠢᠳᠠᠨ᠎ᠠ》 ᠬᠡᠵᠤ ᠪᠠᠳᠤᠳᠠᠢ ᠬᠡᠯᠡᠵᠤ ᠦᠩᠭᠡᠷᠡᠪᠡ᠃

1935 ᠣᠨ᠎ᠳᠤ᠂ ᠠᠯᠳᠠᠷᠲᠤ ᠡᠷᠦᠳᠡᠰᠦ᠎ᠶ᠋ᠢᠨ ᠤᠬᠠᠭᠠᠨᠲᠠᠨ ᠾᠧ ᠽᠦᠸᠧ ᠯᠢᠨ ᠪᠠᠶᠬᠠᠤᠪᠤᠭ᠎ᠠ᠎ᠶ᠋ᠢᠨ ᠲᠡᠮᠦᠷ᠎ᠤᠨ ᠬᠦᠳᠡᠷ᠎ᠤᠨ ᠳᠣᠲᠣᠷ᠎ᠠ ᠬᠤᠪᠣᠷ ᠱᠢᠷᠣᠶ᠎ᠶ᠋ᠢᠨ ᠡᠯᠧᠮᠧᠨ᠋ᠲ ᠡᠯᠪᠡᠭ ᠠᠭᠤᠯᠤᠭ᠍ᠳᠠᠵᠤ ᠪᠠᠢᠬᠤ᠎ᠶ᠋ᠢ ᠣᠯᠵᠤ ᠮᠡᠳᠡᠪᠡ᠃ ᠬᠠᠢᠨ ᠪᠠᠢᠴᠠᠭᠠᠯᠳᠠ᠎ᠪᠠᠷ ᠲᠠᠮᠵᠢᠨ᠂ ᠠᠳᠡᠬᠢ ᠬᠤᠪᠣᠷ ᠱᠢᠷᠣᠶ᠎ᠶ᠋ᠢᠨ ᠬᠠᠳᠠᠭᠠᠯᠠᠭ᠍ᠳᠠᠴᠠ᠎ᠨᠢ ᠨᠢᠭᠡᠨᠲᠡ ᠬᠠᠢᠨ ᠳᠣᠲᠣᠯᠠᠭ᠍ᠰᠠᠨ ᠳᠡᠯᠡᠬᠡᠶ᠎ᠶ᠋ᠢᠨ ᠶᠡᠷᠦᠩᠬᠡᠶ ᠬᠠᠳᠠᠭᠠᠯᠠᠭ᠍ᠳᠠᠴᠠ᠎ᠶ᠋ᠢᠨ 5/6 ᠬᠤᠪᠢ᠎ᠶ᠋ᠢ ᠡᠵᠡᠯᠡᠵᠦ᠍ ᠪᠠᠢᠬᠤ᠎ᠶ᠋ᠢ ᠮᠡᠳᠡᠵᠤ᠂ ᠡᠭᠦᠨ᠎ᠠᠴᠠ ᠡᠬᠢᠯᠡᠵᠦ᠍ ᠪᠠᠶᠬᠠᠤᠪᠤᠭ᠎ᠠ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠪᠠᠢᠨ᠎ᠠ᠃

ᠪᠥᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ ᠠᠩᠬᠠᠨ᠎ᠤ ᠵᠢᠯ᠎ᠳᠤ᠂ ᠲᠦᠮᠡᠨ ᠪᠤᠳᠠᠰ ᠠᠮᠢᠯᠠᠨ ᠰᠡᠷᠭᠦᠵᠤ᠂ ᠤᠯᠠᠨ ᠦᠢᠯᠡᠰ ᠦᠭᠡᠳᠡᠯᠡᠬᠦ᠌ ᠵᠦᠭ᠎ᠲᠡᠭᠡᠨ ᠬᠠᠨᠳᠤᠪᠠ᠃ 1949 ᠣᠨ᠎ᠤ 12 ᠰᠠᠷ᠎ᠠ᠎ᠶ᠋ᠢᠨ 16 ᠎ᠤ ᠡᠳᠦᠷ᠎ᠠᠴᠠ 25 ᠎ᠤ ᠡᠳᠦᠷ ᠪᠣᠯᠲᠠᠯ᠎ᠠ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠦᠨᠳᠦ ᠠᠵᠤ ᠦᠢᠯᠡᠳᠪᠦᠷᠢ᠎ᠶ᠋ᠢᠨ ᠶᠠᠮᠤᠨ ᠪᠡᠭᠡᠵᠢᠩ᠎ᠳᠤ  ᠪᠦᠬᠦ᠌  ᠤᠯᠤᠰ᠎ᠤᠨ ᠪᠣᠯᠣᠳ ᠲᠡᠮᠦᠷ᠎ᠤᠨ ᠠᠵᠤ ᠦᠢᠯᠡᠳᠪᠦᠷᠢ ᠎ᠶ᠋ᠢᠨ ᠬᠤᠷᠠᠯ ᠎ᠢ  ᠬᠤᠷᠠᠯᠳᠤᠭᠤᠯᠵᠤ᠂ ᠤᠯᠤᠰ᠎ᠤᠨ ᠤᠳᠤᠷᠢᠳᠤᠯᠭ᠎ᠠ ᠵᠦ᠍ ᠳ᠋ᠧ᠂ ᠵᠧᠦ ᠡᠸᠨ ᠯᠠᠶ᠂ ᠴᠧᠨ ᠶᠦᠨ ᠨᠠᠷ ᠬᠤᠷᠠᠯ ᠎ᠳᠤ   ᠣᠷᠣᠯᠴᠠᠬ᠍ᠰᠠᠨ  ᠪᠦᠭᠡᠳ  ᠶᠠᠷᠢᠶ᠎ᠠ  ᠲᠠᠯᠪᠢᠪᠠ᠃  ᠬᠤᠷᠠᠯ ᠎ᠠᠴᠠ᠂    ᠪᠤᠭᠤᠲᠤ ᠎ᠶ᠋ᠢ 《ᠪᠣᠭᠤᠮᠲᠠ᠎ᠶ᠋ᠢᠨ ᠳᠣᠲᠣᠷᠠᠬᠢ ᠱᠢᠨ᠎ᠡ᠎ᠪᠠᠷ ᠪᠠᠢᠭᠤᠯᠬᠤ ᠪᠣᠯᠣᠳ ᠲᠡᠮᠦᠷ᠎ᠤᠨ ᠲᠦᠪ》 ᠎ᠤᠨ ᠬᠠᠷᠠᠯᠲᠠ᠎ᠶ᠋ᠢᠨ ᠨᠢᠭᠡ ᠪᠤᠯᠭᠠᠵᠤ ᠪᠠᠶᠬᠠᠤᠪᠤᠭ᠎ᠠ᠎ᠶ᠋ᠢᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠲᠤ ᠨᠡᠢᠳᠡᠮ ᠪᠠᠢᠴᠠᠭᠠᠯᠲᠠ ᠬᠢᠬᠦ᠌᠎ᠪᠠᠷ ᠲᠣᠭ᠍ᠲᠠᠪᠠ᠃ ᠳᠠᠷᠠᠭ᠎ᠠ ᠵᠢᠯ᠎ᠨᠢ᠂ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠠᠶᠬᠠᠤᠪᠤᠭ᠎ᠠ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠠᠩᠬᠢ (1952 ᠣᠨ᠎ᠳᠤ 241 ᠭᠠᠵᠠᠷ ᠱᠢᠨᠵᠢᠯᠡᠭᠡᠨ᠎ᠤ ᠠᠩᠬᠢ ᠬᠡᠵᠤ ᠬᠠᠯᠠᠪᠠ) ᠵᠢᠩᠬᠢᠨᠢ᠎ᠪᠠᠷ ᠪᠠᠢᠭᠤᠯᠤᠭ᠍ᠳᠠᠵᠤ᠂ ᠪᠠᠶᠬᠠᠤᠪᠤᠭ᠎ᠠ᠎ᠳᠤ ᠣᠷᠣᠵᠤ ᠰᠠᠭᠤᠪᠠ᠃ ᠲᠡᠭᠦᠨ᠎ᠠᠴᠠ ᠬᠤᠢᠰᠢ᠂ ᠡᠨᠡ ᠬᠦ᠌ ᠨᠠᠮ ᠵᠢᠮ ᠲᠠᠯ᠎ᠠ ᠨᠤᠲᠤᠭ ᠬᠦᠷ ᠬᠦᠭ᠌ᠵᠢᠶᠡᠨ᠎ᠲᠠᠢ ᠪᠤᠯᠪᠠ᠃ 1957 ᠣᠨ᠎ᠳᠤ ᠪᠠᠶᠬᠠᠣᠪᠣᠭ᠎ᠠ ᠲᠡᠮᠦᠷ᠎ᠤᠨ ᠠᠭᠤᠷᠬᠠᠶ ᠪᠠᠢᠭᠤᠯᠤᠭ᠍ᠳᠠᠵᠦ᠍᠂ 1958 ᠣᠨ᠎ᠳᠤ ᠪᠠᠶᠬᠠᠤᠪᠤᠭ᠎ᠠ ᠠᠭᠤᠷᠬᠠᠢ᠎ᠶ᠋ᠢᠨ ᠣᠷᠣᠨ ᠪᠠᠢᠭᠤᠯᠤᠬ᠍ᠳᠠᠪᠠ ᠁

ᠬᠠᠷᠢᠶᠠᠲᠤ ᠣᠷᠣᠨ᠎ᠤ ᠲᠤᠳᠤᠷ᠎ᠠ ᠪᠠᠶᠬᠠᠤᠪᠤᠭ᠎ᠠ ᠠᠭᠤᠷᠬᠠᠶ ᠪᠣᠯ ᠲᠡᠮᠦᠷ᠂ ᠬᠤᠪᠣᠷ ᠱᠢᠷᠣᠶ᠂ ᠨᠢᠶᠦᠪᠢ ᠵᠡᠷᠭᠡ ᠣᠯᠠᠨ ᠵᠦᠢᠯ᠎ᠤᠨ ᠲᠡᠮᠦᠷᠯᠢᠭ ᠬᠠᠮᠲᠤ ᠣᠷᠣᠱᠢᠬ᠍ᠰᠠᠨ ᠨᠢᠭᠡᠨ ᠲᠣᠮᠣ ᠬᠡᠯᠪᠡᠷᠢ᠎ᠶ᠋ᠢᠨ ᠬᠦᠳᠡᠷ᠎ᠤᠨ ᠬᠡᠪᠲᠡᠰᠢ ᠮᠦᠨ᠂ ᠶᠡᠷᠦᠩᠬᠡᠶ ᠲᠠᠯᠠᠪᠠᠶ᠎ᠨᠢ 48 ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠵᠡᠭᠦᠨ ᠠᠭᠤᠷᠬᠠᠶ᠂ ᠭᠤᠤᠯ ᠠᠭᠤᠷᠬᠠᠶ᠂ ᠪᠠᠷᠠᠭᠤᠨ ᠠᠭᠤᠷᠬᠠᠶ᠂ ᠵᠡᠭᠦᠨ ᠵᠡᠭᠡᠯ ᠪᠠ ᠵᠡᠭᠦᠨ ᠬᠡᠰᠡᠭ᠎ᠤᠨ ᠬᠦᠷᠦᠯᠴᠡᠬᠦ᠌ ᠪᠦᠰᠡ᠎ᠶ᠋ᠢᠨ 5 ᠬᠦᠳᠡᠷ᠎ᠤᠨ ᠴᠣᠭ᠍ᠴᠠ ᠪᠠᠭ᠍ᠲᠠᠵᠤ᠂ ᠣᠲᠣ ᠨᠢᠭᠡᠨᠲᠡ 71 ᠵᠦᠢᠯ᠎ᠤᠨ ᠡᠯᠧᠮᠧᠨ᠋ᠲ᠂ 175 ᠵᠦᠢᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠢᠯᠡᠷᠡᠭᠦᠯᠪᠡ᠃ ᠣᠯᠠᠨ ᠵᠢᠯ᠎ᠤᠨ ᠲᠤᠷᠰᠢ᠂ ᠠᠭᠤᠷᠬᠠᠶ᠎ᠶ᠋ᠢᠨ ᠣᠷᠣᠨ᠎ᠨᠢ ᠠᠭᠤᠷᠬᠠᠶ᠎ᠪᠠᠨ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠎ᠪᠠᠷ ᠨᠡᠭᠡᠭᠡᠨ ᠠᠱᠢᠭ᠍ᠯᠠᠵᠤ᠂ ᠪᠤᠭᠤᠲᠤ᠎ᠶ᠋ᠢᠨ ᠪᠣᠯᠣᠳ ᠲᠡᠮᠦᠷ᠎ᠤᠨ ᠺᠣᠮᠫᠠᠨᠢ᠎ᠳᠤ ᠴᠢᠨᠠᠷ ᠰᠠᠢᠲᠠᠶ ᠠᠭᠤᠷᠬᠠᠶ᠎ᠶ᠋ᠢᠨ ᠡᠬᠢ ᠪᠠᠶᠠᠯᠢᠭ᠎ᠢ ᠬᠠᠩᠭᠠᠵᠤ᠂ ᠪᠤᠭᠤᠲᠤ ᠬᠤᠲᠠ᠂ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠨ ᠪᠦᠬᠦ᠌ ᠤᠯᠤᠰ᠎ᠤᠨ ᠬᠥᠭ᠌ᠵᠢᠯᠲᠡ ᠪᠦᠲᠦᠭᠡᠨ ᠪᠠᠢᠭᠤᠯᠤᠯᠲᠠ᠎ᠶ᠋ᠢ ᠬᠦᠴᠦᠲᠡᠶ ᠲᠡᠮᠵᠢᠪᠡ᠃

1979 ᠣᠨ᠎ᠠᠴᠠ ᠡᠬᠢᠯᠡᠨ᠂ ᠪᠤᠭᠤᠳᠤ᠎ᠶ᠋ᠢᠨ ᠬᠤᠪᠣᠷ ᠱᠢᠷᠤᠢ᠎ᠶ᠋ᠢᠨ ᠪᠦᠲᠦᠭᠡᠭ᠌ᠳᠡᠬᠦᠨ ᠣᠯᠠᠨ ᠤᠯᠤᠰ᠎ᠤᠨ ᠵᠠᠬ᠎ᠠ ᠲᠡᠯᠭᠡᠭᠦᠷ᠎ᠲᠤ ᠭᠠᠷᠴᠤ᠌ ᠠᠭᠠᠵᠢᠮ᠎ᠢᠶᠠᠷ ᠥᠷᠭᠡᠵᠢᠵᠦ᠍᠂ ᠬᠤᠪᠣᠷ ᠱᠢᠷᠤᠢ᠎ᠶ᠋ᠢᠨ ᠨᠠᠷᠢᠯᠢᠭ ᠬᠦᠳᠡᠷ᠂ ᠬᠤᠪᠣᠷ ᠱᠢᠷᠤᠢ᠎ᠶ᠋ᠢᠨ ᠢᠰᠦᠯ᠂ ᠬᠡᠲᠡ ᠴᠢᠯᠠᠭᠤ ᠵᠡᠷᠭᠡ ᠣᠯᠠᠨ ᠲᠥᠷᠥᠯ᠎ᠤᠨ ᠪᠦᠲᠦᠭᠡᠭ᠌ᠳᠡᠬᠦᠨ᠎ᠨᠢ ᠠᠮᠧᠷᠢᠺᠠ᠂ ᠶᠠᠫᠣᠨ᠂ ᠠᠩᠭ᠌ᠯᠢ᠂ ᠹᠷᠠᠨᠼᠢ᠂ ᠭᠧᠷᠮᠠᠨ᠂ ᠢᠲ᠋ᠠᠯᠢ ᠵᠡᠷᠭᠡ ᠠᠷᠪᠠᠨ ᠬᠡᠳᠦᠨ ᠤᠯᠤᠰ ᠣᠷᠣᠨ᠎ᠳᠤ ᠪᠣᠷᠣᠯᠠᠭᠤᠯᠤᠭ᠍ᠳᠠᠪᠠ᠃ ᠪᠤᠭᠤᠲᠤ᠎ᠶ᠋ᠢᠨ ᠬᠤᠪᠣᠷ ᠱᠢᠷᠣᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ 135 ᠵᠦᠢᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠣᠯᠵᠤ ᠥᠩᠭᠡᠷᠡᠵᠡᠶ᠂ ᠡᠭᠦᠨ᠎ᠳᠤ 71 ᠵᠦᠢᠯ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠠᠩᠨᠠᠯ᠎ᠢ ᠭᠥᠷᠳᠡᠪᠡ᠃

ᠪᠠᠶᠬᠠᠤᠪᠤᠭ᠎ᠠ ᠪᠣᠯ ᠬᠤᠪᠢᠰᠭᠠᠯ᠎ᠤᠨ ᠱᠢᠮᠡᠯᠢᠭ ᠬᠥᠷᠥᠰᠥ᠍ ᠶᠤᠮ᠃ ᠠᠭᠤᠷᠬᠠᠶ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠢᠷᠤᠭ ᠲᠥᠯᠥᠪᠯᠡᠭᠡ᠎ᠶ᠋ᠢ ᠮᠠᠤ ᠽᠧ ᠳ᠋ᠦᠩ᠂ ᠯᠢᠦ ᠱᠤᠤ ᠴᠢ᠂ ᠳ᠋ᠧᠩ ᠱᠢᠶᠤᠤ ᠫᠢᠩ ᠵᠡᠷᠭᠡ ᠲᠥᠪ᠎ᠤᠨ ᠤᠳᠤᠷᠢᠳᠤᠯᠭ᠎ᠠ ᠬᠢᠨᠠᠨ ᠦᠵᠡᠭ᠌ᠰᠡᠨ ᠪᠥᠭᠡᠳ ᠵᠧᠦ ᠡᠸᠨ ᠯᠠᠶ ᠭᠠᠷ᠎ᠤᠨ ᠦᠰᠦᠭ ᠵᠢᠷᠤᠵᠤ ᠶᠠᠪᠤᠭᠤᠯᠪᠠ᠃ ᠵᠦ᠍ ᠳ᠋ᠧ᠂ ᠳ᠋ᠧᠩ ᠱᠢᠶᠤᠤ ᠫᠢᠩ᠂ ᠶᠧ ᠵᠢᠶᠠᠨ ᠶᠢᠩ᠂ ᠨᠢᠶᠧ ᠷᠦᠩ ᠵᠧᠨ᠂ ᠫᠧᠩ ᠵᠧᠨ᠂ ᠹᠠᠩ ᠢ᠂ ᠤᠯᠠᠭᠠᠨᠬᠦᠦ ᠵᠡᠷᠭᠡ ᠨᠠᠮ ᠪᠠ ᠤᠯᠤᠰ᠎ᠤᠨ ᠤᠳᠤᠷᠢᠳᠭᠤ ᠬᠥᠮᠦᠰ ᠪᠡᠶ᠎ᠡ᠎ᠪᠠᠷ᠎ᠢᠶᠠᠨ ᠪᠠᠶᠬᠠᠣᠪᠣᠭ᠎ᠠ᠎ᠳᠤ ᠬᠦᠷᠴᠦ᠍ ᠪᠠᠢᠴᠠᠭᠠᠨ ᠦᠵᠡᠵᠦ᠍ ᠵᠢᠭᠠᠨ ᠵᠢᠯᠣᠭᠤᠳᠪᠠ᠃ ᠠᠬᠠᠮᠠᠳ ᠨᠢᠭᠡ ᠦᠶ᠎ᠡ᠎ᠶ᠋ᠢᠨ ᠤᠳᠤᠷᠢᠳᠭᠤ ᠬᠥᠮᠦᠰ᠎ᠤᠨ ᠬᠠᠢᠷ᠎ᠠ ᠬᠠᠯᠠᠮᠵᠢ ᠪᠠ ᠬᠦᠰᠡᠯ ᠨᠠᠢᠳᠠᠯᠭ᠎ᠠ᠎ᠨᠢ ᠨᠢᠭᠡᠨᠲᠡ ᠠᠭᠤᠷᠬᠠᠢ᠎ᠶ᠋ᠢᠨ ᠣᠷᠣᠨ᠎ᠤ ᠬᠥᠮᠦᠰ᠎ᠤᠨ ᠴᠢᠰᠤ ᠮᠢᠬᠠᠨ᠎ᠳᠤ ᠱᠢᠩᠭᠡᠵᠤ᠂ ᠬᠠᠲᠠᠭᠤ ᠪᠡᠷᠬᠡ᠎ᠠᠴᠠ ᠡᠮᠢᠶᠡᠭᠦ᠌ ᠦᠭᠡᠢ᠂ ᠡᠭᠦᠷᠢᠳᠡ ᠰᠡᠬᠦ᠋ᠢᠨ ᠰᠦᠨᠳᠡᠷᠯᠡᠬᠦ᠌ ᠠᠭᠤᠷᠬᠠᠢ᠎ᠶ᠋ᠢᠨ ᠣᠷᠣᠨ᠎ᠤ ᠲᠡᠮᠤᠷ ᠮᠡᠲᠦ ᠵᠣᠷᠢᠭ ᠰᠠᠨᠠᠭ᠎ᠠ ᠪᠤᠯᠦᠨ ᠪᠦᠷᠢᠯᠳᠦᠵᠠᠢ᠃


QQ截图20210630094006.png


                    ᠲᠡᠭᠡᠷ᠎ᠠ ᠵᠠᠭᠤᠨ᠎ᠤ ᠲᠠᠪᠢᠭᠠᠳ ᠤᠨ᠎ᠤ ᠰᠡᠭᠦᠯᠴᠢ ᠎ᠪᠠᠷ

                    ᠬᠦᠮᠦᠨ ᠎ᠤ  ᠬᠦᠴᠦ᠎ᠪᠠᠷ ᠠᠭᠤᠷᠬᠠᠢ ᠮᠠᠯᠳᠠᠵᠤ ᠪᠠᠢᠭ᠎ᠠ ᠪᠠᠢᠳᠠᠯ


QQ截图20210630093952.png


                     ᠲᠡᠭᠡᠷ᠎ᠠ ᠵᠠᠭᠤᠨ᠎ᠤ ᠲᠠᠪᠢᠭᠠᠳ ᠤᠨ᠎ᠤ ᠦᠶ᠎ᠡ᠎ᠶ᠋ᠢᠨ

                     ᠪᠠᠶᠬᠠᠤᠪᠤᠭ᠎ᠠ ᠎ᠶ᠋ᠢᠨ ᠭᠤᠤᠯ ᠠᠭᠤᠷᠬᠠᠢ᠎ᠶ᠋ᠢᠨ ᠤᠷᠬᠢᠯ


QQ截图20210630204340.png


                   1954 ᠤᠨ᠎ᠤ ᠪᠠᠶᠬᠠᠤᠪᠤᠭ᠎ᠠ᠎ᠶ᠋ᠢᠨ ᠪᠦᠬᠦ᠌ ᠦᠵᠡᠮᠵᠢ


QQ截图20210630093911.png

                    

                     1970 ᠤᠨ ᠎ᠤ ᠦᠶ᠎ᠠ᠎ᠶ᠋ᠢᠨ ᠴᠠᠬᠢᠯᠭᠠᠨ ᠪᠤᠬ᠎ᠠ

                     ᠲᠡᠷᠭᠡ᠎ᠶ᠋ᠢᠨ ᠵᠦᠭᠡᠭᠡᠪᠦᠷᠢ᠎ᠶ᠋ᠢᠨ ᠠᠵᠢᠯ᠎ᠤᠨ ᠪᠠᠢᠳᠠᠯ


ᠬᠡᠳᠦᠨ ᠠᠷᠪᠠᠨ ᠵᠢᠯ᠎ᠤᠨ ᠪᠦᠲᠦᠭᠡᠨ ᠪᠠᠢᠭᠤᠯᠤᠯᠲᠠ ᠪᠠ ᠬᠥᠭ᠌ᠵᠢᠯᠲᠡ᠎ᠪᠠᠷ ᠳᠠᠮᠵᠢᠨ᠂ ᠪᠠᠶᠬᠠᠤᠪᠤᠭ᠎ᠠ ᠠᠭᠤᠷᠬᠠᠶ᠎ᠶ᠋ᠢᠨ ᠣᠷᠣᠨ᠎ᠤ ᠬᠤᠲᠠ᠎ᠶ᠋ᠢᠨ ᠳᠦᠷᠰᠦ ᠪᠠᠢᠳᠠᠯ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠠᠭᠤᠷᠬᠠᠶ᠎ᠶ᠋ᠢᠨ ᠣᠷᠣᠨ᠎ᠨᠢ ᠭᠠᠵᠠᠷ ᠱᠢᠨᠵᠢᠯᠡᠭᠡᠨ᠎ᠤ ᠠᠩᠭᠢ᠎ᠶ᠋ᠢᠨ ᠬᠡᠳᠦᠨ ᠮᠠᠢᠬᠠᠨ᠎ᠠᠴᠠ ᠪᠤᠰᠴᠤ᠌᠂ ᠭᠡᠷ ᠪᠠᠢᠱᠢᠩ ᠪᠠᠷᠢᠵᠤ᠂ ᠳᠡᠯᠭᠡᠭᠦᠷ ᠪᠠᠢᠭᠤᠯᠤᠨ᠂ ᠬᠤᠭᠤᠯᠠᠨ ᠭᠡᠷ ᠡᠷᠬᠢᠯᠡᠵᠦ᠍ ᠁ ᠬᠥᠮᠦᠨ ᠠᠮᠠ᠎ᠨᠢ ᠡᠳᠦᠷ᠎ᠠᠴᠠ ᠡᠳᠦᠷ ᠨᠡᠮᠡᠭ᠌ᠳᠡᠨ᠂ ᠬᠤᠲᠠ᠎ᠶ᠋ᠢᠨ ᠲᠣᠭᠤᠷᠢᠭ᠎ᠨᠢ ᠡᠳᠦᠷ᠎ᠠᠴᠠ ᠡᠳᠦᠷ ᠥᠷᠭᠡᠵᠢᠵᠦ᠍᠂ ᠣᠳᠣ ᠨᠢᠭᠡᠨᠲᠡ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠵᠢᠭᠤᠯᠴᠢᠯᠠᠬᠤ᠎ᠳᠤ ᠲᠣᠬᠢᠷᠠᠮᠵᠢᠲᠠᠶ᠂ ᠬᠤᠳᠠᠯᠳᠤᠭ᠎ᠠ ᠡᠷᠬᠢᠯᠡᠬᠦ᠌᠎ᠳᠤ ᠲᠣᠬᠢᠷᠠᠮᠵᠢᠲᠠᠶ᠂ ᠰᠤᠷᠤᠯᠴᠠᠬᠤ᠎ᠳᠤ ᠲᠣᠬᠢᠷᠠᠮᠵᠢᠲᠠᠶ ᠱᠢᠯᠢᠳᠡᠭ ᠬᠤᠲᠠ᠎ᠶ᠋ᠢᠨ ᠲᠣᠭᠤᠷᠢᠭ ᠪᠣᠯᠤᠭ᠍ᠰᠠᠨ ᠪᠠᠢᠨ᠎ᠠ᠃

ᠪᠠᠶᠬᠠᠤᠪᠤᠭ᠎ᠠ ᠠᠭᠤᠷᠬᠠᠢ᠎ᠶ᠋ᠢᠨ ᠣᠷᠣᠨ᠎ᠳᠤ ᠦᠨᠳᠦᠰᠦᠲᠡᠨ᠎ᠤ ᠪᠦᠯᠬᠦᠮᠳᠡᠯ᠎ᠤᠨ ᠱᠢᠯᠢᠳᠡᠭ ᠤᠯᠠᠮᠵᠢᠯᠠᠯ ᠪᠠ ᠤᠯᠤᠰ᠎ᠢᠶᠠᠨ ᠬᠠᠢᠷᠠᠯᠠᠬᠤ ᠦᠵᠡᠯ᠎ᠤᠨ ᠪᠠᠭᠠᠲᠤᠷᠯᠢᠭ ᠤᠳᠤᠮᠱᠢᠯ᠎ᠲᠠᠢ ᠶᠤᠮ᠃ ᠠᠳᠡ ᠪᠣᠯ ᠺᠢᠨᠣ᠋ ᠵᠦᠴᠦᠭᠡ 《ᠲᠠᠯ᠎ᠠ ᠨᠤᠲᠤᠭ᠎ᠤᠨ ᠥᠷᠯᠥᠭᠡ᠎ᠶ᠋ᠢᠨ ᠤᠶᠠᠩᠭ᠎ᠠ》 ᠎ᠶ᠋ᠢᠨ ᠮᠡᠨᠳᠦᠯᠡᠭ᠌ᠰᠡᠨ ᠭᠠᠵᠠᠷ᠂ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠎ᠶ᠋ᠢᠨ ᠦᠢᠯᠡ ᠠᠵᠢᠯᠯᠠᠭ᠎ᠠ᠎ᠶ᠋ᠢᠨ ᠡᠭᠦᠰᠦᠭ᠌ᠰᠡᠨ ᠭᠠᠵᠠᠷ ᠮᠦᠨ᠃ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠎ᠶ᠋ᠢᠨ ᠦᠢᠯᠡ ᠠᠵᠢᠯᠯᠠᠭ᠎ᠠ᠎ᠶ᠋ᠢᠨ ᠦᠵᠡᠰᠭᠦᠯᠡᠩ᠎ᠤᠨ ᠣᠷᠳᠣᠨ ᠪᠥᠬᠦ᠌ ᠲᠠᠯ᠎ᠠ᠎ᠪᠠᠷ ᠨᠡᠭᠡᠭᠡᠯᠲᠡ ᠬᠢᠵᠦ᠍᠂ ᠬᠤᠪᠢᠰᠭᠠᠯ ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠤ ᠤᠯᠠᠮᠵᠢᠯᠠᠵᠤ ᠪᠤᠢ᠃

ᠡᠳᠦᠭᠡ᠂ ᠥᠩᠭᠡᠷᠡᠭ᠌ᠰᠡᠨ᠎ᠤ ᠡᠯᠡᠰᠦᠨ ᠴᠦᠯ ᠰᠦᠷᠯᠢᠭ ᠦᠵᠡᠰᠭᠦᠯᠡᠩᠳᠦ ᠠᠭᠤᠷᠬᠠᠢ᠎ᠶ᠋ᠢᠨ ᠣᠷᠣᠨ ᠪᠤᠯᠵᠤ᠂ ᠠᠳᠡ᠎ᠠᠴᠠ ᠮᠠᠯᠳᠠᠵᠤ ᠭᠠᠷᠭᠠᠬ᠍ᠰᠠᠨ ᠬᠦᠳᠡᠷ᠎ᠢ ᠲᠠᠰᠤᠷᠠᠯᠳᠠ ᠦᠭᠡᠢ ᠪᠤᠭᠤᠳᠤ᠎ᠶ᠋ᠢᠨ ᠪᠤᠯᠤᠳ ᠲᠡᠮᠦᠷ᠎ᠤᠨ ᠺᠤᠮᠫᠠᠨᠢ ᠤᠷᠤᠭᠤ ᠵᠦᠭᠡᠭᠡᠪᠦᠷᠢᠯᠡᠵᠤ ᠪᠠᠢᠳᠠᠭ᠃ ᠪᠠᠶᠬᠠᠤᠪᠤᠭ᠎ᠠ ᠡᠨᠡ ᠬᠦ᠌ ᠡᠷᠳᠡᠨᠢᠳᠦ ᠠᠭᠤᠯᠠ ᠪᠠᠢᠬ᠍ᠰᠠᠨ ᠪᠤᠯᠬᠤᠷ ᠰᠠᠶᠢ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ ᠭᠡᠬᠦ᠌ ᠡᠨᠡ ᠬᠦ᠌ ᠲᠤᠮᠤ ᠬᠡᠯᠪᠡᠷᠢ᠎ᠶ᠋ᠢᠨ ᠣᠳᠣ ᠦᠶ᠎ᠡ᠎ᠶ᠋ᠢᠨ ᠪᠤᠯᠤᠳ ᠲᠡᠮᠤᠷ᠎ᠤᠨ ᠠᠵᠤ ᠠᠬᠤᠢᠯᠠᠯ ᠪᠤᠢ ᠪᠤᠯᠵᠤ᠂ ᠪᠤᠭᠤᠲᠤ ᠭᠡᠬᠦ᠌ ᠡᠨᠡ ᠬᠦ᠌ ᠮᠠᠨ᠎ᠤ ᠤᠯᠤᠰ᠎ᠤᠨ ᠪᠠᠷᠠᠭᠤᠨ ᠬᠤᠢᠲᠤ ᠣᠷᠣᠨ᠎ᠤ ᠬᠦᠨᠳᠦ ᠠᠵᠤ ᠦᠢᠯᠡᠳᠪᠦᠷᠢ᠎ᠶ᠋ᠢᠨ ᠨᠡᠷᠡᠳᠦ ᠰᠠᠭᠤᠷᠢᠨ ᠪᠠᠢᠭᠤᠯᠤᠬ᠍ᠳᠠᠬ᠍ᠰᠠᠨ ᠶᠤᠮ᠃

ᠰᠤᠳᠤᠯᠭᠠᠨ᠎ᠳᠤ ᠪᠠᠰᠠ ᠢᠯᠡᠷᠡᠭᠦᠯᠦᠭ᠌ᠰᠡᠨ᠎ᠢᠶᠠᠷ᠂ ᠪᠠᠶᠬᠠᠤᠪᠤᠭ᠎ᠠ ᠠᠭᠤᠷᠬᠠᠶ᠎ᠶ᠋ᠢᠨ ᠳᠣᠲᠣᠷ᠎ᠠ ᠠᠭᠤᠯᠤᠬ᠍ᠳᠠᠵᠤ ᠪᠦᠬᠦᠢ ᠴᠥᠮ᠎ᠡ᠎ᠶ᠋ᠢᠨ ᠠᠵᠤ ᠦᠢᠯᠡᠳᠪᠦᠷᠢ᠎ᠶ᠋ᠢᠨ ᠴᠢᠬᠤᠯᠠ ᠲᠦᠭᠦᠬᠡᠶ ᠮᠠᠲ᠋ᠧᠷᠢᠶᠠᠯ ᠪᠣᠯᠬᠤ ᠨᠢᠶᠦᠪᠢ ᠪᠤᠯᠤᠨ ᠲᠤᠷᠢ᠎ᠶ᠋ᠢᠨ ᠠᠭᠤᠯᠤᠭ᠍ᠳᠠᠴᠠ᠎ᠨᠢ ᠴᠥᠮ ᠳᠡᠯᠡᠬᠡᠶ᠎ᠶ᠋ᠢᠨ ᠬᠤᠶᠠᠳᠤᠭᠠᠷ᠎ᠲᠤ ᠵᠢᠬ᠍ᠰᠠᠭᠠᠬ᠍ᠳᠠᠵᠤ ᠪᠤᠢ᠃ ᠪᠠᠶᠬᠠᠤᠪᠤᠭ᠎ᠠ ᠭᠡᠬᠦ᠌ ᠡᠨᠡ ᠬᠦ᠌ ᠳᠡᠯᠡᠬᠡᠶ᠎ᠶ᠋ᠢᠨ ᠲᠠᠰ᠎ᠤᠨ ᠡᠷᠳᠡᠨᠢᠳᠦ ᠠᠭᠤᠯᠠ ᠡᠯᠪᠡᠭ ᠪᠠᠶᠠᠯᠢᠭ ᠬᠤᠪᠣᠷ ᠱᠢᠷᠣᠶ᠎ᠶ᠋ᠢᠨ ᠡᠷᠳᠡᠨᠢᠰ᠎ᠤᠨ ᠰᠠᠩ᠎ᠳᠠᠭᠠᠨ ᠲᠦᠱᠢᠭ᠌ᠯᠡᠨ᠂ ᠱᠢᠨ᠎ᠡ ᠠᠶᠠᠨ ᠵᠠᠮ᠎ᠳᠤ ᠨᠠᠩ ᠶᠡᠭᠡ ᠬᠡᠷᠡᠯ ᠭᠢᠯᠪᠠᠭ᠎ᠠ ᠰᠠᠴᠤᠷᠠᠭᠤᠯᠬᠤ᠎ᠨᠢ ᠯᠠᠪᠳᠠᠢ᠃


QQ截图20210630094028.png

               

                ᠪᠠᠶᠬᠠᠤᠪᠤᠭ᠎ᠠ ᠠᠭᠤᠷᠬᠠᠢ᠎ᠶ᠋ᠢᠨ ᠤᠷᠤᠨ᠎ᠤ ᠪᠦᠬᠦ᠌ ᠦᠵᠡᠮᠵᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号