ᠵᠡᠭᠦᠨᠭᠠᠷ᠎ᠤᠨ ᠨᠡᠭᠦᠷᠡᠰᠦᠨ ᠠᠭᠤᠷᠬᠠᠶ᠎ᠶ᠋ᠢ ᠪᠦᠳᠦᠭᠡᠨ ᠪᠠᠢᠭᠤᠯᠵᠤ ᠡᠬᠢᠯᠡᠪᠡ
2021-07-01 08:30:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠯᠤᠳᠤᠭᠠᠷ ᠲᠠᠪᠤᠨ ᠵᠢᠯ᠎ᠤᠨ ᠲᠦᠯᠦᠪᠯᠡᠭᠡ᠄ 1986 — 1990 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ ᠪᠤᠯ ᠲᠤᠮᠳᠠᠳᠤ ᠤᠯᠤᠰ᠎ᠤᠨ ᠲᠤᠯᠤᠳᠤᠭᠠᠷ ᠲᠠᠪᠤᠨ ᠵᠢᠯ᠎ᠤᠨ ᠲᠦᠯᠦᠪᠯᠡᠭᠡ ᠪᠤᠯᠤᠨ᠎ᠠ᠃ 1986 ᠤᠨ᠎ᠤ 4 ᠰᠠᠷ᠎ᠠ᠎ᠳᠤ᠂ 《ᠲᠤᠯᠤᠳᠤᠭᠠᠷ ᠲᠠᠪᠤᠨ ᠵᠢᠯ》 ᠎ᠤᠨ ᠲᠦᠯᠦᠪᠯᠡᠭᠡ᠎ᠶ᠋ᠢ ᠵᠢᠷᠭᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠠᠴᠠ ᠵᠦᠪᠱᠢᠶᠡᠷᠡᠵᠦ᠍ ᠬᠡᠷᠡᠭ᠌ᠵᠢᠭᠦᠯᠪᠠ᠃ ᠡᠨᠡ ᠪᠤᠯ ᠮᠠᠨ᠎ᠤ ᠤᠯᠤᠰ᠎ᠤᠨ ᠲᠦᠯᠦᠪᠯᠡᠭᠡᠳᠤ ᠠᠵᠤ ᠠᠬᠤᠢ᠎ᠶ᠋ᠢᠨ ᠲᠡᠦᠭᠡᠨ ᠲᠡᠭᠡᠷ᠎ᠠ ᠠᠩᠬ᠎ᠠ ᠤᠳᠠᠭ᠎ᠠ ᠱᠢᠨ᠎ᠠ ᠨᠢᠭᠡᠨ ᠲᠠᠪᠤᠨ ᠵᠢᠯ᠎ᠤᠨ ᠲᠦᠯᠦᠪᠯᠡᠭᠡ᠎ᠶ᠋ᠢ ᠡᠬᠢᠯᠡᠭᠦᠯᠦᠮᠡᠭ᠌ᠴᠠ᠎ᠪᠠᠨ ᠲᠤᠭ᠍ᠳᠠᠭᠠᠭ᠍ᠰᠠᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ ᠪᠤᠯᠤᠨ᠎ᠠ᠃ 1989 ᠤᠨ᠎ᠤ 11 ᠰᠠᠷ᠎ᠠ᠎ᠳᠤ᠂ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠠᠴᠠ 《ᠤᠯᠠᠮ ᠨᠢᠭᠡ ᠠᠯᠬᠤᠮ ᠵᠠᠰᠠᠵᠤ ᠴᠡᠭ᠌ᠴᠡᠯᠡᠬᠦ᠌ ᠪᠠ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠬᠦ᠌ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠲᠤᠭ᠍ᠳᠠᠭᠠᠯ》 ᠎ᠢ ᠭᠠᠷᠭᠠᠵᠠᠢ᠂ ᠲᠤᠭ᠍ᠳᠠᠭᠠᠯ᠎ᠳᠤ᠂ ᠭᠤᠷᠪᠠᠨ ᠵᠢᠯ ᠴᠢᠨᠠᠭ᠍ᠰᠢᠯᠠᠨ ᠨᠡᠩ ᠤᠷᠳᠤ ᠬᠤᠭᠤᠴᠠᠭ᠎ᠠ ᠬᠡᠷᠡᠭ᠌ᠰᠡᠵᠦ᠍᠂ ᠵᠠᠰᠠᠵᠤ ᠴᠡᠭ᠌ᠴᠡᠯᠡᠬᠦ᠌ ᠡᠭᠦᠷᠭᠡ᠎ᠶ᠋ᠢ ᠦᠨᠳᠦᠰᠦᠨ᠎ᠳᠡᠭᠡᠨ ᠪᠠᠶᠠᠯᠡᠭᠦᠯᠦᠨ᠎ᠠ ᠭᠡᠪᠠ᠃

ᠨᠠᠢ᠍ᠮᠠᠳᠤᠭᠠᠷ ᠲᠠᠪᠤᠨ ᠵᠢᠯ᠎ᠤᠨ ᠲᠦᠯᠦᠪᠯᠡᠭᠡ᠄ 1991 — 1995 ᠤᠨ᠎ᠤ ᠤᠯᠤᠰ ᠠᠷᠠᠳ᠎ᠤᠨ ᠠᠵᠤ ᠠᠬᠤᠢ᠎ᠶ᠋ᠢ ᠬᠦᠭ᠌ᠵᠢᠭᠦᠯᠬᠦ᠌ ᠲᠦᠯᠦᠪᠯᠡᠭᠡ ᠪᠤᠯ ᠲᠤᠮᠳᠠᠳᠤ ᠤᠯᠤᠰ᠎ᠤᠨ ᠨᠠᠢ᠍ᠮᠠᠳᠤᠭᠠᠷ ᠲᠠᠪᠤᠨ ᠵᠢᠯ᠎ᠤᠨ ᠲᠦᠯᠦᠪᠯᠡᠭᠡ ᠪᠤᠯᠤᠨ᠎ᠠ᠃ 1991 ᠤᠨ᠎ᠤ 3 ᠰᠠᠷ᠎ᠠ᠎ᠳᠤ᠂ ᠲᠤᠯᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠠᠴᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠠᠷᠪᠠᠨ ᠵᠢᠯ᠎ᠤᠨ ᠲᠦᠯᠦᠪᠵᠢᠭᠦᠯᠭᠡ ᠬᠢᠭᠡᠳ ᠨᠡᠢᠮᠠᠳᠤᠭᠠᠷ ᠲᠠᠪᠤᠨ ᠵᠢᠯ᠎ᠤᠨ ᠲᠦᠯᠦᠪᠯᠡᠭᠡ᠎ᠶ᠋ᠢᠨ ᠲᠤᠪᠴᠢ᠎ᠶ᠋ᠢᠨ ᠲᠤᠬᠠᠢ ᠮᠡᠳᠡᠭᠦᠯᠦᠯᠳᠡ》 ᠎ᠶ᠋ᠢ ᠬᠢᠨᠠᠨ ᠵᠦᠪᠯᠡᠵᠦ᠍ ᠪᠠᠳᠤᠯᠠᠪᠠ᠃ 1992 ᠤᠨ᠎ᠳᠤ ᠳ᠋ᠧᠩ ᠱᠢᠶᠤᠤ ᠫᠢᠩ ᠨᠦᠬᠦᠷ᠎ᠤᠨ ᠴᠢᠬᠤᠯᠠ ᠶᠠᠷᠢᠶ᠎ᠠ ᠪᠠ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠᠨ ᠲᠦᠷᠪᠡᠳᠦᠭᠡᠷ ᠶᠡᠭᠡ ᠬᠤᠷᠠᠯ᠎ᠢᠶᠠᠷ ᠪᠡᠯᠭᠡ ᠲᠡᠮᠳᠡᠭ ᠪᠤᠯᠭᠠᠵᠤ᠂ 《ᠨᠠᠢ᠍ᠮᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠲᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠢᠭᠤᠯᠤᠯᠳᠠ ᠱᠢᠨ᠎ᠠ ᠱᠠᠳᠤᠨ᠎ᠳᠤ ᠤᠷᠤᠪᠠ᠃


QQ截图20210630102009.png


                         ᠵᠡᠭᠦᠨᠭᠠᠷ ᠎ᠤᠨ  ᠨᠡᠭᠦᠷᠡᠰᠦᠨ ᠠᠭᠤᠷᠬᠠᠶ ᠎ᠶ᠋ᠢᠨ

                         ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠤᠨ

                         ᠠᠵᠢᠯᠯᠠᠬᠤ  ᠲᠣᠭᠤᠷᠢᠭ᠎ᠤᠨ ᠤᠤᠯ  ᠳᠦᠷᠰᠦ

 

1990 ᠣᠨ᠎ᠢ ᠲᠤᠷᠠᠳᠭᠤ᠎ᠳᠤ ᠲᠠ ᠶᠠᠭᠤ᠎ᠶ᠋ᠢ ᠪᠤᠳᠤᠵᠤ ᠤᠯᠬᠤ ᠪᠣᠶ? ᠪᠡᠭᠡᠵᠢᠩ᠎ᠤᠨ ᠠᠽᠢᠶ᠎ᠠ ᠲᠢᠪ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠤᠶᠤ ᠡᠰᠡᠬᠦᠯ᠎ᠠ ᠮᠠᠯᠤᠷ ᠦᠳᠡᠭᠡ ᠫᠠᠨ ᠫᠠᠨ ᠪᠠᠢᠵᠤ ᠮᠠᠭᠠᠳ᠂ ᠭᠡᠪᠡᠴᠦ᠍ ᠵᠡᠭᠦᠨᠭᠠᠷ ᠬᠤᠱᠢᠭᠤᠨ᠎ᠤ ᠬᠥᠮᠦᠰ᠎ᠲᠤ ᠠᠪᠴᠤ᠌ ᠬᠡᠯᠡᠪᠡᠯ᠂ ᠵᠡᠭᠦᠨᠭᠠᠷ᠎ᠤᠨ ᠨᠡᠭᠦᠷᠡᠰᠦᠨ ᠠᠭᠤᠷᠬᠠᠶ᠎ᠶ᠋ᠢ ᠨᠡᠭᠡᠭᠡᠨ ᠬᠦᠭ᠌ᠵᠢᠭᠦᠯᠦᠭ᠌ᠰᠡᠨ᠎ᠨᠢ ᠰᠠᠶᠢ ᠵᠢᠩᠬᠢᠨᠢ ᠶᠡᠭᠡ ᠬᠡᠷᠡᠭ ᠶᠠᠪᠤᠳᠠᠯ ᠪᠤᠯᠬᠤ ᠶᠤᠮ᠃ 1990 ᠣᠨ᠎ᠤ 4 ᠰᠠᠷ᠎ᠠ᠎ᠶ᠋ᠢᠨ 21 ᠎ᠤ ᠡᠳᠦᠷ᠂ ᠮᠠᠨ᠎ᠤ ᠤᠯᠤᠰ᠎ᠤᠨ ᠬᠠᠮᠤᠭ᠎ᠤᠨ ᠲᠣᠮᠣ ᠨᠡᠭᠦᠷᠡᠰᠦᠨ᠎ᠤ ᠨᠡᠭᠡᠭᠡᠨ ᠬᠦᠭ᠌ᠵᠢᠬᠦᠯᠦᠯᠳᠡ᠎ᠶ᠋ᠢᠨ ᠲᠥᠷᠥᠯ ᠵᠦᠢᠯ ᠪᠣᠯᠬᠤ ᠵᠡᠭᠦᠨᠭᠠᠷ᠎ᠤᠨ ᠨᠡᠭᠦᠷᠡᠰᠦᠨ ᠠᠭᠤᠷᠬᠠᠢ᠎ᠶ᠋ᠢᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠵᠢᠩᠬᠢᠨᠢ᠎ᠪᠠᠷ ᠡᠬᠢᠯᠡᠪᠡ᠃ ᠡᠨᠡ ᠪᠣᠯ ᠮᠠᠨ᠎ᠤ ᠤᠯᠤᠰ᠎ᠤᠨ ᠨᠡᠭᠦᠷᠡᠰᠦᠨ᠎ᠤ ᠨᠡᠭᠡᠭᠡᠨ ᠬᠦᠭ᠌ᠵᠢᠬᠦᠯᠦᠯᠳᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠷᠠᠭᠤᠨᠰᠢ ᠱᠢᠯᠵᠢᠬᠦ᠌ ᠴᠢᠬᠤᠯᠠ ᠨᠢᠭᠡ ᠠᠯᠬᠤᠮ ᠪᠠᠢᠵᠤ᠂ ᠤᠮᠠᠷᠠᠲᠤ ᠣᠷᠣᠨ᠂ ᠵᠡᠭᠦᠨ ᠬᠤᠢᠲᠤ ᠣᠷᠣᠨ᠎ᠤ ᠡᠨᠧᠷᠭᠢ ᠳᠤᠲᠠᠭ᠍ᠳᠠᠵᠤ ᠪᠠᠢᠭ᠎ᠠ ᠪᠠᠢᠳᠠᠯ᠎ᠢ ᠨᠠᠮᠳᠠᠭᠤᠯᠬᠤ ᠪᠠ ᠥᠪᠥᠷ ᠮᠣᠩᠭᠤᠯ᠎ᠤᠨ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ᠎ᠶ᠋ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠤ ᠢᠳᠡᠪᠬᠢ ᠦᠢᠯᠡᠳᠦᠯ ᠦᠵᠡᠭᠦᠯᠪᠡ᠃ 

ᠨᠡᠭᠦᠷᠡᠰᠦᠨ᠎ᠤ ᠡᠬᠢ ᠪᠠᠶᠠᠯᠢᠭ ᠡᠯᠪᠡᠭ ᠲᠡᠯᠪᠡᠭ

ᠵᠡᠭᠦᠨᠭᠠᠷ᠎ᠤᠨ ᠨᠡᠭᠦᠷᠡᠰᠦᠨ ᠠᠭᠤᠷᠬᠠᠶ ᠣᠷᠳᠣᠰ ᠬᠤᠲᠠ (ᠤᠤᠯ᠎ᠤᠨ ᠶᠡᠭᠡ ᠵᠣᠣ ᠠᠢᠮᠠᠭ) ᠎ᠶ᠋ᠢᠨ ᠵᠡᠭᠦᠨᠭᠠᠷ ᠬᠤᠱᠢᠭᠤᠨ᠎ᠳᠤ ᠪᠠᠢᠷᠢᠯᠠᠵᠤ᠂ ᠳᠤᠮᠳᠠᠳᠤ ᠤᠯᠤᠰ᠎ᠤᠨ ᠳᠥᠷᠪᠡᠨ ᠶᠡᠭᠡ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠨᠢᠭᠡ ᠪᠣᠯᠤᠨ᠎ᠠ᠃ ᠬᠠᠢᠨ ᠬᠡᠮᠵᠢᠯᠲᠡ᠎ᠠᠴᠠ ᠦᠵᠡᠪᠡᠯ᠂ 1356 ᠲᠡᠭ᠌ᠰᠢ ᠳᠥᠷᠪᠡᠯᠵᠢᠨ ᠺᠢᠯᠣᠮᠧᠲᠷ᠎ᠤᠨ ᠱᠢᠷ᠎ᠠ ᠬᠥᠷᠥᠰᠥᠨ ᠲᠤᠤᠷ᠎ᠠ 262 ᠳ᠋ᠦᠩᠱᠢᠭᠤᠷ ᠲᠣᠨ ᠴᠢᠨᠠᠷ ᠰᠠᠢᠲᠠᠶ ᠨᠡᠭᠦᠷᠡᠰᠦ ᠪᠤᠯᠠᠭ᠍ᠳᠠᠵᠤ ᠪᠠᠢᠬᠤ ᠪᠥᠭᠡᠳ ᠵᠠᠳᠠᠭᠠᠶ᠎ᠪᠠᠷ ᠨᠡᠭᠡᠭᠡᠨ ᠮᠠᠯᠲᠠᠬᠤ᠎ᠳᠤ ᠲᠣᠬᠢᠷᠠᠵᠠᠢ᠃ ᠵᠡᠭᠦᠨᠭᠠᠷ᠎ᠤᠨ ᠨᠡᠭᠦᠷᠡᠰᠦᠨ ᠠᠭᠤᠷᠬᠠᠶ᠎ᠶ᠋ᠢᠨ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ ᠪᠣᠯ ᠨᠡᠭᠦᠷᠡᠰᠦ ᠮᠠᠯᠲᠠᠬᠤ᠂ ᠴᠠᠬᠢᠯᠭᠠᠨ ᠭᠠᠷᠭᠠᠬᠤ᠂ ᠲᠡᠮᠦᠷ ᠵᠠᠮ᠎ᠤᠨ ᠲᠡᠭᠡᠭᠡᠪᠦᠷᠢ᠎ᠶ᠋ᠢ ᠨᠢᠭᠡ ᠴᠣᠭ᠍ᠴᠠᠵᠢᠭᠤᠯᠤᠭ᠍ᠰᠠᠨ ᠣᠨᠴᠠ ᠲᠣᠮᠣ ᠬᠡᠯᠪᠡᠷᠢ᠎ᠶ᠋ᠢᠨ ᠲᠥᠷᠥᠯ ᠵᠦᠢᠯ ᠪᠠᠢᠵᠤ᠂ ᠮᠠᠨ᠎ᠤ ᠤᠯᠤᠰ ᠥᠪᠡᠰᠦᠪᠡᠨ ᠵᠢᠷᠤᠵᠤ ᠲᠥᠯᠥᠪᠯᠡᠨ᠂ ᠪᠠᠯᠠ ᠣᠷᠣᠭᠤᠯᠤᠯᠲᠠ᠎ᠨᠢ 41 ᠳ᠋ᠦᠩᠱᠢᠭᠤᠷ ᠲᠥᠭᠦᠷᠢᠭ᠎ᠢ ᠳᠠᠪᠠᠪᠠ᠃

ᠲᠥᠷᠥᠯ ᠵᠦᠢᠯ ᠠᠵᠢᠯ ᠡᠬᠢᠯᠡᠭ᠌ᠰᠡᠨ᠎ᠤ ᠳᠠᠷᠠᠭ᠎ᠠ᠂ ᠥᠩᠭᠡᠷᠡᠭ᠌ᠰᠡᠨ᠎ᠳᠤ ᠡᠯᠦᠶ ᠬᠤᠯᠤᠶ ᠪᠠᠢᠭ᠍ᠰᠠᠨ ᠣᠷᠳᠣᠰ᠎ᠤᠨ ᠥᠨᠳᠦᠷᠯᠢᠭ ᠬᠥᠷ ᠬᠥᠭ᠌ᠵᠢᠶᠡᠨ᠎ᠢᠶᠠᠷ ᠪᠢᠯᠬᠠᠵᠤ᠂ ᠳᠡᠭᠡᠷ᠎ᠡ ᠵᠠᠭᠤᠨ᠎ᠤ ᠲᠠᠪᠢᠭᠠᠳ ᠣᠨ᠎ᠤ ᠦᠶ᠎ᠡ᠎ᠳᠠᠬᠢ ᠥᠪᠥᠷ ᠮᠣᠩᠭᠤᠯ᠎ᠤᠨ ᠡᠯ᠎ᠡ ᠡᠲᠡᠭᠡᠳ᠎ᠤᠨ᠎ᠬᠢᠨ ᠪᠤᠭᠤᠲᠤ᠎ᠶ᠋ᠢᠨ ᠪᠣᠯᠣᠳ ᠲᠡᠮᠦᠷ᠎ᠤᠨ ᠪᠦᠯᠦᠭ᠌ᠯᠡᠯ᠎ᠤᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠳᠡᠮᠵᠢᠵᠦ᠍ ᠪᠠᠢᠭ᠍ᠰᠠᠨ ᠵᠢᠷᠤᠭ ᠦᠵᠡᠭ᠌ᠳᠡᠯ ᠵᠡᠭᠦᠨᠭᠠᠷ᠎ᠤᠨ ᠨᠡᠭᠦᠷᠡᠰᠦᠨ ᠠᠭᠤᠷᠬᠠᠶ᠎ᠶ᠋ᠢᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ᠎ᠶ᠋ᠢᠨ ᠭᠠᠵᠠᠷ᠎ᠲᠤ ᠲᠠᠬᠢᠨᠳᠠ ᠢᠯᠡᠷᠡᠪᠠ᠃

ᠵᠡᠭᠦᠨᠭᠠᠷ᠎ᠤᠨ ᠨᠡᠭᠦᠷᠡᠰᠦᠨ ᠠᠭᠤᠷᠬᠠᠶ 1993 ᠣᠨ᠎ᠤ ᠡᠬᠢ᠎ᠪᠠᠷ ᠴᠠᠬᠢᠯᠭᠠᠨ ᠭᠠᠷᠭᠠᠬᠤ᠂ ᠲᠡᠷᠭᠡ ᠨᠡᠪᠲᠡᠷᠡᠬᠦᠯᠬᠦ᠂ ᠨᠡᠭᠦᠷᠡᠰᠦ ᠲᠡᠭᠡᠭᠡᠪᠦᠷᠢᠯᠡᠬᠦ᠌ ᠲᠥᠯᠥᠪᠯᠡᠭ᠌ᠰᠡᠨ ᠬᠠᠷᠠᠯᠲᠠ᠎ᠪᠠᠨ ᠪᠡᠶᠡᠯᠡᠭᠦᠯᠪᠡ᠃ ᠵᠡᠭᠦᠨᠭᠠᠷ᠎ᠤᠨ ᠨᠡᠭᠦᠷᠡᠰᠦᠨ ᠠᠭᠤᠷᠬᠠᠶ᠎ᠪᠠᠷ ᠲᠥᠯᠥᠭᠡᠯᠡᠭᠦᠯᠦᠭ᠌ᠰᠡᠨ ᠠᠵᠤ ᠦᠢᠯᠡᠳᠪᠦᠷᠢ᠎ᠶ᠋ᠢᠨ ᠠᠵᠤ ᠠᠬᠤᠶ᠎ᠶ᠋ᠢᠨ ᠠᠪᠴᠢᠷᠠᠭ᠍ᠰᠠᠨ ᠠᠱᠢᠭ ᠲᠤᠰᠠ ᠢᠯᠡᠷᠬᠡᠶ ᠪᠠᠢᠵᠤ᠂ ᠵᠡᠭᠦᠨᠭᠠᠷ ᠬᠤᠱᠢᠭᠤᠨ᠎ᠤ ᠨᠡᠭᠦᠷᠡᠰᠦᠨ᠎ᠤ ᠠᠵᠤ ᠦᠢᠯᠡᠳᠪᠦᠷᠢᠵᠢᠯᠲᠡ᠎ᠶ᠋ᠢᠨ ᠠᠩᠬᠠᠨ᠎ᠤ ᠳᠦᠷᠰᠦ᠎ᠶ᠋ᠢ ᠱᠤᠭᠤᠭ᠍ᠰᠠᠨ ᠪᠦᠭᠡᠳ ᠣᠷᠣᠨ ᠨᠤᠲᠤᠭ᠎ᠤᠨ ᠠᠵᠤ ᠠᠬᠤᠶ᠎ᠶ᠋ᠢᠨ ᠦᠳᠲᠡᠷ ᠲᠦᠷᠭᠡᠨ ᠬᠥᠭ᠌ᠵᠢᠯᠲᠡ᠎ᠶ᠋ᠢ ᠳᠠᠢᠴᠢᠯᠠᠵᠠᠢ᠃ ᠮᠠᠲ᠋ᠧᠷᠢᠶᠠᠯ᠎ᠢ ᠦᠨᠳᠦᠰᠦᠯᠡᠪᠡᠯ᠂ ᠲᠤᠬᠠᠶ᠎ᠶ᠋ᠢᠨ ᠦᠶ᠎ᠡ᠎ᠳᠤ ᠵᠡᠭᠦᠨᠭᠠᠷ ᠬᠤᠱᠢᠭᠤᠨ᠎ᠤ ᠡᠳ᠋᠎ᠤᠨ ᠵᠠᠰᠠᠭ᠎ᠤᠨ ᠣᠷᠣᠯᠭ᠎ᠠ᠎ᠶ᠋ᠢᠨ 70% ᠎ᠨᠢ ᠵᠡᠭᠦᠨᠭᠠᠷ᠎ᠤᠨ ᠠᠭᠤᠷᠬᠠᠶ᠎ᠶ᠋ᠢᠨ ᠣᠷᠣᠨ᠎ᠠᠴᠠ ᠢᠷᠡᠵᠠᠢ᠃

ᠪᠣᠬᠢᠷᠲᠤᠯ ᠥᠬᠡᠶ ᠠᠭᠤᠷᠬᠠᠶ᠎ᠶ᠋ᠢ ᠪᠦᠳᠦᠭᠡᠨ ᠪᠠᠢᠭᠤᠯᠪᠠ

ᠠᠵᠤ ᠠᠬᠤᠶ᠎ᠶ᠋ᠢᠨ ᠲᠦᠷᠭᠡᠨ ᠬᠥᠭ᠌ᠵᠢᠯᠲᠡ᠎ᠨᠢ ᠠᠷᠠᠳ᠎ᠤᠨ ᠠᠮᠢᠳᠤᠷᠠᠯ᠎ᠤᠨ ᠪᠠᠶᠠᠨ ᠲᠠᠩᠰᠤᠭ᠎ᠢ ᠠᠪᠴᠢᠷᠠᠬᠤ᠎ᠶ᠋ᠢᠨ ᠬᠠᠮᠲᠤ ᠣᠷᠴᠢᠨ ᠠᠬᠤᠶ᠎ᠶ᠋ᠢᠨ ᠪᠣᠬᠢᠷᠲᠤᠯ᠎ᠤᠨ ᠠᠰᠠᠭᠤᠳᠠᠯ ᠴᠤ᠌ ᠡᠳᠦᠷ ᠢᠷᠡᠬᠦᠶ᠎ᠡ ᠬᠦᠨᠳᠦ ᠨᠣᠴᠢᠲᠠᠶ ᠪᠤᠯᠵᠠᠢ᠃ ᠡᠬᠦᠨ᠎ᠳᠤ ᠵᠡᠭᠦᠨᠭᠠᠷᠴᠤᠳ ᠠᠵᠤ ᠠᠬᠤᠶ᠎ᠶ᠋ᠢᠨ ᠬᠥᠭ᠌ᠵᠢᠯᠲᠡ ᠡᠷᠬᠡᠪᠰᠢ ᠤᠯᠠᠮᠵᠢᠯᠠᠯᠲᠤ ᠪᠣᠬᠢᠷᠲᠤᠯ ᠶᠡᠬᠡᠲᠡᠶ ᠠᠵᠤ ᠠᠬᠤᠶ᠎ᠶ᠋ᠢᠨ ᠬᠥᠭ᠌ᠵᠢᠯᠲᠡ᠎ᠠᠴᠠ ᠪᠣᠬᠢᠷᠲᠤᠯ ᠥᠬᠡᠶ ᠠᠮᠢ ᠠᠬᠤᠶ᠎ᠶ᠋ᠢᠨ ᠬᠥᠭ᠌ᠵᠢᠯᠲᠡ ᠲᠠᠢᠰᠢ ᠱᠢᠯᠵᠢᠬᠦ᠌ ᠬᠡᠷᠡᠭ᠌ᠲᠡᠶ ᠭᠡᠳᠡᠭ᠎ᠢ ᠤᠬᠠᠮᠰᠠᠷᠯᠠᠨ ᠲᠠᠨᠢᠪᠠ᠃

ᠲᠣᠭᠤᠰᠣ ᠱᠢᠷᠣᠶ ᠳᠡᠭ᠌ᠳᠡᠵᠦ᠍᠂ ᠮᠠᠱᠢᠨ᠎ᠤ ᠲᠠᠭᠤᠨ ᠬᠦᠷᠴᠢᠬᠢᠨᠡᠨ᠂ ᠠᠭᠤᠯᠠ ᠲᠠᠯ᠎ᠠ ᠡᠵᠡᠭᠦᠢ ᠵᠡᠯᠢᠭᠦᠳ᠂ ᠡᠨᠡ ᠪᠣᠯ ᠠᠭᠤᠷᠬᠠᠶ᠎ᠶ᠋ᠢᠨ ᠲᠤᠬᠠᠢ ᠤᠯᠠᠩᠭᠢ ᠬᠦᠮᠦᠨ᠎ᠤ ᠠᠩᠬᠠᠨ᠎ᠤ ᠰᠠᠭᠤᠭ᠍ᠳᠠᠯ ᠪᠤᠯᠬᠤ ᠶᠤᠮ᠂ ᠤᠴᠢᠷ᠎ᠨᠢ ᠠᠭᠤᠷᠬᠠᠶ ᠨᠡᠭᠡᠭᠡᠬᠦ᠌᠎ᠨᠢ ᠠᠭᠤᠯᠠ ᠨᠢᠷᠤᠭᠤᠨ᠎ᠤ ᠤᠷᠭᠤᠮᠠᠯ᠎ᠤᠨ ᠬᠤᠴᠢᠯᠭ᠎ᠠ᠎ᠶ᠋ᠢ ᠡᠪᠳᠡᠵᠦ᠍᠂ ᠬᠠᠲᠠ ᠴᠢᠯᠠᠭᠤ ᠢᠯᠡ ᠭᠠᠷᠳᠠᠭ᠃ ᠬᠡᠪᠡᠴᠦ᠍ ᠥᠪᠥᠷ ᠮᠣᠩᠭᠤᠯ᠎ᠤᠨ ᠵᠡᠭᠦᠨᠭᠠᠷ ᠬᠤᠱᠢᠭᠤᠨ᠎ᠤ ᠯᠢ ᠯᠢᠶᠠᠩ ᠨᠡᠭᠦᠷᠡᠰᠦᠨ᠎ᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠳ᠋ᠠ ᠹᠠᠨ ᠫᠦ᠋ ᠨᠡᠭᠦᠷᠡᠰᠦᠨ ᠠᠭᠤᠷᠬᠠᠶ᠎ᠳᠤ ᠬᠠᠷᠢᠨ ᠤᠨᠳᠤᠤ ᠨᠢᠭᠡᠨ ᠦᠵᠡᠮᠵᠢ᠎ᠲᠠᠢ ᠪᠠᠢᠯ᠎ᠠ᠃ ᠣᠢᠷ᠎ᠠ᠎ᠶ᠋ᠢᠨ ᠵᠢᠯ᠎ᠠᠴᠠ ᠨᠠᠭᠠᠰᠢ᠂ ᠯᠢ ᠯᠢᠶᠠᠩ ᠨᠡᠭᠦᠷᠡᠰᠦᠨ᠎ᠤ ᠦᠢᠯᠡᠰ᠎ᠤᠨ ᠬᠢᠵᠠᠭᠠᠷᠲᠤ ᠺᠣᠮᠫᠠᠨᠢ ᠠᠭᠤᠷᠬᠠᠶ᠎ᠶ᠋ᠢᠨ ᠣᠷᠣᠨ᠎ᠢ ᠣᠢᠵᠢᠭᠤᠯᠤᠨ ᠨᠣᠭᠤᠭᠠᠷᠠᠭᠤᠯᠬᠤ᠎ᠶ᠋ᠢ ᠴᠥᠬᠦᠷᠡᠰᠢ ᠥᠬᠡᠶ ᠪᠠᠷᠢᠮᠲᠠᠯᠠᠵᠤ᠂ ᠴᠡᠴᠡᠷᠯᠢᠭ᠌ᠵᠢᠭ᠌ᠰᠡᠨ ᠠᠭᠤᠷᠬᠠᠶ᠎ᠶ᠋ᠢ ᠪᠦᠳᠦᠬᠡᠨ ᠪᠠᠢᠭᠤᠯᠵᠤ᠂ ᠠᠭᠤᠷᠬᠠᠶ᠎ᠶ᠋ᠢᠨ ᠣᠷᠣᠨ᠎ᠤ ᠡᠷᠬᠢᠨ ᠲᠣᠭᠤᠷᠢᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠬᠦᠭᠡᠵᠡᠢ᠃ 2020 ᠤᠨ᠎ᠤ ᠰᠡᠬᠦᠯᠴᠢ ᠪᠣᠯᠲᠠᠯ᠎ᠠ᠂ ᠠᠭᠤᠷᠬᠠᠢ᠎ᠶ᠋ᠢᠨ ᠣᠷᠣᠨ᠎ᠳᠤ ᠨᠡᠢᠲᠡ 23544 ᠰᠠᠭᠤᠷᠢ ᠲᠣᠷᠤᠭ ᠮᠣᠳᠣ᠂ 10286 ᠰᠠᠭᠤᠷᠢ ᠵᠢᠮᠢᠰ᠎ᠤᠨ ᠮᠣᠳᠣ᠂ 7974 ᠰᠠᠭᠤᠷᠢ ᠪᠣᠳᠠ ᠮᠣᠳᠣ ᠲᠠᠷᠢᠵᠤ᠂ ᠨᠣᠭᠤᠭᠠᠷᠠᠭᠤᠯᠤᠯᠲᠠ᠎ᠳᠤ ᠨᠡᠢᠲᠡ 2048 ᠲᠦᠮᠡᠨ ᠲᠥᠭᠦᠷᠢᠭ᠎ᠤᠨ ᠪᠡᠯᠡ ᠮᠥᠩᠭᠦ᠌ ᠵᠠᠷᠤᠴᠠᠭᠤᠯᠵᠠᠢ᠃ ᠲᠡᠳᠡ ᠲᠡᠨᠡᠭ ᠡᠪᠦᠭᠡᠨ ᠠᠭᠤᠯᠠ᠎ᠶ᠋ᠢ ᠨᠡᠭᠦᠯᠭᠡᠬᠦ᠌ ᠵᠣᠷᠢᠭ ᠰᠠᠨᠠᠭ᠎ᠠ᠎ᠪᠠᠷ ᠪᠣᠬᠢᠷᠲᠤᠯ ᠦᠭᠡᠶ ᠠᠭᠤᠷᠬᠠᠶ᠎ᠶ᠋ᠢ ᠪᠦᠲᠦᠭᠡᠨ ᠪᠠᠢᠭᠤᠯᠵᠤ᠂ ᠬᠤᠪᠠᠭ᠍ᠠᠢ ᠠᠭᠤᠯᠠ᠎ᠶ᠋ᠢ ᠥᠩ ᠱᠢᠮᠡᠯᠢᠭ ᠪᠣᠯᠭᠠᠨ 《ᠨᠤᠮᠢᠨ ᠨᠣᠭᠤᠭᠠᠨ》 ᠭᠠᠢᠬᠠᠮᠱᠢᠭ᠎ᠢ ᠡᠭᠦᠳᠪᠡ᠃

ᠵᠡᠭᠦᠨᠭᠠᠷ ᠬᠤᠱᠢᠭᠤ ᠠᠭᠤᠷᠬᠠᠶ᠎ᠶ᠋ᠢᠨ ᠣᠷᠣᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠲᠤᠰᠭᠠᠶ ᠰᠡᠳᠦᠪᠲᠦ ᠬᠤᠷᠠᠯ᠎ᠢ ᠣᠯᠠᠨ ᠤᠳᠠᠭ᠎ᠠ ᠬᠤᠷᠠᠯᠳᠤᠭᠤᠯᠤᠭ᠍ᠰᠠᠨ ᠪᠥᠭᠡᠳ ᠲᠤᠬᠠᠶ᠎ᠶ᠋ᠢᠨ ᠲᠠᠯᠠᠪᠠᠶ᠎ᠳᠤ ᠲᠣᠭᠤᠷᠢᠨ ᠦᠵᠡᠬᠦ᠂ ᠲᠤᠷᠱᠢᠯᠭ᠎ᠠ ᠰᠣᠯᠢᠯᠴᠠᠬᠤ᠂ ᠪᠠᠷᠢᠮᠵᠢᠶ᠎ᠠ ᠡᠷᠢᠬᠦ᠌ ᠵᠡᠷᠭᠡ ᠠᠷᠭ᠎ᠠ ᠬᠡᠯᠪᠡᠷᠢ᠎ᠪᠠᠷ ᠲᠠᠮᠵᠢᠨ ᠠᠭᠤᠷᠬᠠᠶ᠎ᠶ᠋ᠢᠨ ᠣᠷᠣᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠬᠦᠴᠦᠨ᠎ᠢᠶᠠᠷ ᠠᠬᠢᠭᠤᠯᠪᠠ᠃ ᠲᠤᠰ ᠬᠤᠱᠢᠭᠤᠨ᠎ᠤ ᠭᠠᠵᠠᠷ ᠳᠤᠤᠷ᠎ᠠ᠎ᠠᠴᠠ ᠨᠡᠭᠡᠭᠡᠨ ᠮᠠᠯᠲᠠᠬᠤ ᠨᠡᠭᠦᠷᠡᠰᠦᠨ ᠠᠭᠤᠷᠬᠠᠶ᠎ᠶ᠋ᠢᠨ ᠨᠡᠭᠦᠷᠡᠰᠦ ᠮᠠᠯᠲᠠᠬᠤ᠎ᠳᠤ ᠬᠤᠲᠦᠢᠵᠤ ᠴᠦᠮᠦᠷᠡᠭ᠌ᠰᠡᠨ ᠭᠠᠵᠠᠷ ᠨᠡᠢᠲᠡ 66 ᠪᠠᠢᠵᠤ᠂ ᠪᠦᠬᠦ᠌ ᠲᠠᠯᠠᠪᠠᠶ᠎ᠨᠢ ᠪᠠᠷᠤᠭ 253.93 ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠦ᠍ ᠪᠤᠢ᠂ ᠤᠳᠤᠬᠠᠨ ᠪᠤᠯᠳᠠᠯ᠎ᠠ ᠨᠢᠭᠡᠨᠲᠡ 181.35 ᠲᠡᠭ᠌ᠰᠢ ᠳᠥᠷᠪᠡᠯᠵᠢᠨ ᠺᠢᠯᠣᠮᠧᠲᠷ᠎ᠢ᠎ᠨᠢ ᠵᠠᠰᠠᠵᠤ᠂ ᠵᠠᠰᠠᠭ᠍ᠰᠠᠨ ᠨᠣᠷᠮ᠎ᠠ 70.96% ᠎ᠳᠤ ᠬᠦᠷᠴᠦ᠍᠂ ᠦᠯᠡᠳᠡᠭ᠌ᠰᠡᠨ 72.58 ᠲᠡᠭ᠌ᠰᠢ ᠳᠥᠷᠪᠡᠯᠵᠢᠨ ᠺᠢᠯᠣᠮᠧᠲᠷ ᠬᠤᠲᠦᠢᠵᠤ ᠴᠥᠮᠥᠷᠡᠭ᠌ᠰᠡᠨ ᠭᠠᠵᠠᠷ᠎ᠢ ᠡᠯ᠎ᠡ ᠠᠭᠤᠷᠬᠠᠶ᠎ᠶ᠋ᠢᠨ ᠠᠵᠤ ᠠᠬᠤᠢᠯᠠᠯ᠎ᠤᠨ᠎ᠬᠢᠨ ᠶᠠᠭ 《ᠨᠡᠭᠡᠭᠡᠨ ᠮᠠᠯᠲᠠᠬᠤ᠎ᠶ᠋ᠢᠨ ᠳᠠᠭᠠᠤ ᠵᠠᠰᠠᠬᠤ》 ᠵᠠᠷᠴᠢᠮ᠎ᠢᠶᠠᠷ ᠵᠠᠰᠠᠵᠤ ᠪᠣᠶ᠃  

ᠵᠡᠭᠦᠨᠭᠠᠷ ᠬᠤᠱᠢᠭᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠤᠷᠤᠨ ᠨᠤᠳᠤᠭ᠎ᠤᠨ᠎ᠢᠶᠠᠨ ᠡᠬᠢ ᠪᠠᠶᠠᠯᠢᠭ᠎ᠤᠨ ᠣᠨᠴᠠᠯᠢᠭ᠎ᠲᠤ ᠨᠡᠢᠴᠡᠭ᠌ᠰᠡᠨ᠂ ᠤᠷᠤᠨ ᠨᠤᠳᠤᠭ᠎ᠤᠨ᠎ᠢᠶᠠᠨ ᠳᠠᠪᠠᠭᠤᠯᠢᠭ ᠪᠠ ᠣᠨᠴᠠᠯᠢᠭ᠎ᠢ ᠬᠠᠷᠠᠭᠤᠯᠤᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠨ᠎ᠠ᠃


 

QQ截图20210630102404.png

                                

                                 ᠬᠠᠮᠤᠭ  ᠡᠷᠲᠡᠨ ᠎ᠤ  ᠠᠭᠤᠷᠬᠠᠶ᠎ᠳᠤ

                                ᠬᠡᠷᠡᠭ᠌ᠯᠡᠬᠦ᠌ ᠠᠴᠢᠶᠠᠨ᠎ᠤ ᠮᠠᠱᠢᠨ ᠲᠡᠷᠭᠡ

 

 QQ截图20210630102023.png

                  

                  ᠲᠥᠷᠥᠯ    ᠵᠦᠢᠯ  ᠎ᠢ    ᠲᠦᠯᠦᠪᠯᠡᠨ   ᠪᠠᠢᠭᠤᠯᠬᠤ

                  ᠬᠤᠭᠤᠴᠠᠭᠠᠨ᠎ᠳᠠᠬᠢ ᠠᠵᠢᠯᠲᠠᠳ᠎ᠤᠨ ᠠᠵᠢᠯ᠎ᠤᠨ ᠵᠢᠷᠤᠭ


QQ截图20210630101952.png

             

              ᠤᠯᠠᠨ ᠲᠦᠮᠡᠨ ᠨᠢᠭᠡᠲᠦᠭᠡᠷ ᠬᠤᠭᠤᠴᠠᠭᠠᠨ᠎ᠤ ᠲᠦᠷᠦᠯ  ᠵᠦᠢᠯ

              ᠎ᠤᠨ ᠪᠦᠳᠦᠭᠡᠨ ᠪᠠᠢᠭᠤᠯᠤᠯᠲᠠ᠎ᠶ᠋ᠢ ᠲᠤᠭᠤᠷᠢᠨ ᠦᠵᠡᠵᠦ᠍ ᠪᠤᠢ


QQ截图20210630102433.png

                          

                           ᠹᠧᠩᠵᠧᠨ — ᠵᠡᠭᠦᠨᠭᠠᠷ ᠲᠡᠮᠦᠷ  ᠵᠠᠮ

                           ᠎ᠤᠨ  ᠪᠠᠷᠢᠯᠭ᠎ᠠ   ᠡᠬᠢᠯᠡᠬᠦ᠌   ᠶᠣᠰᠣᠯᠠᠯ


QQ截图20210630102054.png

 

          ᠲᠦᠷᠦᠭᠦᠦ   ᠪᠦᠯᠦᠭ  ᠎ᠤᠨ  154  ᠲᠣᠨ ᠎ᠤ  ᠥᠪᠡᠰᠤᠪᠠᠨ

          ᠪᠠᠷᠠᠭ᠎ᠠ ᠪᠠᠭᠤᠯᠭᠠᠬᠤ ᠠᠴᠢᠶᠠᠨ᠎ᠤ ᠮᠠᠱᠢᠨ ᠠᠭᠤᠷᠬᠠᠢ᠎ᠳᠤ ᠤᠷᠤᠪᠠ

         (ᠭᠡᠷᠡᠯ ᠵᠢᠷᠤᠭ᠎ᠤᠳ᠎ᠢ ᠵᠡᠭᠦᠨᠭᠠᠷ ᠬᠤᠱᠢᠭᠤᠨ᠎ᠤ ᠰᠤᠨᠢᠨ ᠮᠡᠳᠡᠭᠡᠨ᠎ᠤ ᠲᠦᠪ᠎ᠠᠴᠠ ᠬᠠᠨᠭ᠌ᠭᠠᠪᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号