ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ᠎ᠢ ᠬᠡᠷᠡᠭ᠌ᠵᠢᠬᠦᠯᠪᠡ
2021-07-01 08:30:41
ᠵᠣᠬᠢᠶᠠᠭ᠍ᠴᠢ᠄
ᠪᠣᠶᠠᠨᠲᠦ
ᠣᠩᠱᠢᠭ᠍ᠰᠠᠨ ᠣᠳᠠᠭ᠎ᠠ᠄
★★★☆☆

ᠶᠢᠰᠦᠳᠦᠭᠡᠷ ᠲᠠᠪᠤᠨ ᠵᠢᠯ᠎ᠤᠨ ᠲᠥᠯᠥᠪᠯᠡᠭᠡ᠄ 1996 — 2000 ᠣᠨ᠎ᠤ ᠤᠯᠤᠰ ᠠᠷᠠᠳ᠎ᠤᠨ ᠠᠵᠤ ᠠᠬᠤᠶ᠎ᠶ᠋ᠢ ᠬᠥᠭ᠌ᠵᠢᠭᠦᠯᠬᠦ᠌ ᠲᠥᠯᠥᠪᠯᠡᠭᠡ ᠪᠣᠯ ᠳᠤᠮᠳᠠᠳᠤ ᠤᠯᠤᠰ᠎ᠤᠨ ᠶᠢᠰᠦᠳᠦᠭᠡᠷ ᠲᠠᠪᠤᠨ ᠵᠢᠯ᠎ᠤᠨ ᠲᠥᠯᠥᠪᠯᠡᠭᠡ ᠪᠣᠯᠤᠨ᠎ᠠ᠃ 1995 ᠤᠨ᠎ᠤ 9 ᠰᠠᠷ᠎ᠠ᠎ᠳᠤ᠂ ᠨᠠᠮ᠎ᠤᠨ ᠠᠷᠪᠠᠨ ᠳᠦᠷᠪᠡᠳᠦᠭᠡᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠠᠴᠠ 《ᠨᠠᠮ᠎ᠤᠨ ᠲᠦᠪ ᠬᠤᠷᠢᠶᠠᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ 〈ᠶᠢᠰᠦᠳᠦᠭᠡᠷ ᠲᠠᠪᠤᠨ ᠵᠢᠯ〉 ᠎ᠤᠨ ᠲᠥᠯᠥᠪᠯᠡᠭᠡ ᠪᠣᠯᠤᠨ 2010 ᠣᠨ᠎ᠤ ᠠᠯᠤᠰ᠎ᠤᠨ ᠬᠠᠷᠠᠯᠲᠠ᠎ᠶ᠋ᠢ ᠲᠤᠬ᠍ᠲᠠᠭᠠᠬᠤ ᠲᠤᠬᠠᠢ ᠰᠠᠨᠠᠯ》 ᠎ᠢ ᠪᠠᠲᠤᠯᠠᠪᠠ᠂ ᠡᠨᠡ ᠪᠣᠯ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠨᠥᠬᠦᠴᠡᠯ ᠳᠣᠣᠷᠠᠬᠢ ᠠᠩᠬᠠᠳᠠᠭ᠍ᠴᠢ ᠳᠤᠮᠳᠠ ᠤᠷᠲᠤ ᠬᠤᠭᠤᠴᠠᠭᠠᠨ᠎ᠤ ᠲᠥᠯᠥᠪᠯᠡᠭᠡ ᠮᠥᠨ᠂ ᠵᠠᠭᠤᠨ ᠰᠤᠨᠳᠠᠯᠠᠭ᠍ᠰᠠᠨ ᠬᠥᠭ᠌ᠵᠢᠯᠲᠡ᠎ᠶ᠋ᠢᠨ ᠲᠥᠯᠥᠪᠵᠢᠭᠦᠯᠭᠡ ᠮᠥᠨ᠃ 《ᠶᠢᠰᠦᠳᠦᠭᠡᠷ ᠲᠠᠪᠤᠨ ᠵᠢᠯ》 ᠎ᠤᠨ ᠲᠥᠯᠥᠪᠯᠡᠭᠡ᠎ᠶ᠋ᠢᠨ ᠬᠤᠭᠤᠴᠠᠭᠠᠨ᠎ᠳᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠲᠡᠮᠡᠴᠡᠯ᠎ᠤᠨ ᠬᠠᠷᠠᠯᠲᠠ᠎ᠶ᠋ᠢ 《ᠣᠳᠣᠬᠢᠴᠢᠯᠠᠯᠳᠠ᠎ᠶ᠋ᠢᠨ ᠪᠦᠳᠦᠭᠡᠠ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠬᠤᠶᠠᠳᠤᠭᠠᠷ ᠠᠯᠬᠤᠮ᠎ᠤᠨ ᠪᠠᠢᠯᠳᠤᠬᠤ ᠪᠤᠳᠦᠯᠭ᠎ᠠ᠎ᠶ᠋ᠢᠨ ᠪᠠᠢᠷᠢᠯᠠᠭᠤᠯᠤᠯᠲᠠ》 ᠎ᠪᠠᠷ ᠲᠣᠭ᠍ᠲᠠᠭᠠᠪᠠ᠃


QQ截图20210630104411.png

 

            ᠪᠡᠭᠡᠵᠢᠩ  ᠲᠢᠶᠠᠨᠵᠢᠨ ᠎ᠤ  ᠡᠷᠬᠢᠨ  ᠲᠤᠭᠤᠷᠢᠨ   ᠎ᠤ

           ᠰᠠᠯᠬᠢ   ᠡᠯᠡᠰᠦᠨ   ᠎ᠤ   ᠡᠬᠢ    ᠎ᠶ᠋ᠢ   ᠵᠠᠰᠠᠬᠤ

           ᠢᠨᠵᠧᠨᠧᠷᠢᠩ ᠢᠯᠡᠷᠬᠡᠢ ᠦᠷ᠎ᠠ ᠪᠦᠳᠦᠮᠵᠢ ᠤᠯᠵᠠᠢ᠃

 

2000 ᠣᠨ᠎ᠤ ᠬᠠᠪᠤᠷ᠂ ᠬᠥᠮᠦᠰ ᠱᠢᠨ᠎ᠡ ᠮᠢᠩᠭᠠᠨ ᠣᠨ᠎ᠳᠤ ᠠᠯᠬᠤᠨ ᠤᠷᠤᠭ᠍ᠰᠠᠨ ᠪᠠᠶᠠᠷ ᠪᠠᠭ᠍ᠠᠳᠤᠯ᠎ᠤᠨ ᠳᠤᠮᠳᠠ ᠰᠤᠭ᠍ᠳᠤᠭᠤᠷᠠᠵᠦ᠍ ᠪᠠᠢᠬᠤ ᠦᠶᠡᠰ ᠡᠯᠡᠰᠦᠨ ᠱᠢᠭᠤᠷᠭ᠎ᠠ ᠪᠠᠢᠨ ᠳᠠᠬᠢᠨ ᠳᠡᠭ᠌ᠳᠡᠵᠦ᠍᠂ ᠨᠡᠢᠭᠡᠮ ᠲᠠᠶᠠᠭᠠᠷ᠎ᠤᠨ ᠠᠩᠬᠠᠷᠤᠯ᠎ᠢ ᠲᠠᠲᠠᠪᠠ᠃ ᠲᠤᠰ ᠵᠢᠯ᠎ᠤᠨ 5 ᠰᠠᠷ᠎ᠠ᠎ᠶ᠋ᠢᠨ 12 ᠎ᠤᠨ ᠡᠳᠦᠷ᠂ ᠲᠤᠬᠠᠢ᠎ᠶ᠋ᠢᠨ ᠦᠶ᠎ᠡ᠎ᠳᠤ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠪᠠᠢᠭ᠍ᠰᠠᠨ ᠵᠦ᠍ ᠷᠦᠩ ᠵᠶ᠋ᠢ ᠾᠧᠪᠧᠢ ᠵᠢᠴᠢ ᠥᠪᠥᠷ ᠮᠣᠩᠭᠤᠯ᠎ᠤᠨ ᠲᠤᠯᠤᠨ ᠨᠤᠤᠷ ᠱᠢᠶᠠᠨ᠂ ᠱᠢᠯᠤᠭᠤᠨ ᠬᠦᠬᠡ ᠬᠤᠱᠢᠭᠤ᠂ ᠲᠠᠢᠪᠤᠰᠧ ᠬᠤᠱᠢᠭᠤᠨ᠎ᠳᠤ ᠬᠦᠷᠴᠦ᠍ ᠱᠢᠨᠵᠢᠯᠡᠨ ᠪᠠᠢᠴᠠᠭᠠᠬᠤ᠎ᠳᠠᠭᠠᠨ᠄ 《ᠡᠯᠡᠰᠦ᠎ᠶ᠋ᠢ ᠰᠡᠷᠭᠡᠢᠯᠡᠵᠦ᠍ ᠡᠯᠡᠰᠦ᠎ᠶ᠋ᠢ ᠬᠤᠷᠢᠬ᠍ᠯᠠᠬᠤ᠎ᠶ᠋ᠢ ᠥᠴᠦᠬᠡᠨ ᠴᠦ᠍ ᠤᠳᠠᠭᠠᠱᠢᠷᠠᠭᠤᠯᠵᠤ ᠪᠣᠯᠬᠤ ᠦᠭᠡᠢ᠂ ᠠᠮᠢ ᠠᠬᠤᠢ᠎ᠶ᠋ᠢᠨ ᠬᠠᠯᠬᠠᠪᠴᠢ᠎ᠶ᠋ᠢ ᠵᠠᠪᠠᠯ ᠪᠦᠳᠦᠬᠡᠨ ᠪᠠᠢᠭᠤᠯᠬᠤ ᠬᠡᠷᠡᠭ᠌ᠲᠡᠢ》 ᠭᠡᠰᠡᠨ ᠴᠢᠬᠤᠯᠠ ᠵᠢᠭᠠᠪᠤᠷᠢ ᠦᠭ᠌ᠭᠦᠭ᠌ᠰᠡᠨ ᠪᠠᠢᠨ᠎ᠠ᠃

ᠪᠡᠭᠡᠵᠢᠩ ᠲᠢᠶᠠᠨᠵᠢᠨ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠪᠠᠢᠳᠠᠯ᠎ᠢ ᠰᠠᠢᠵᠢᠷᠠᠭᠤᠯᠵᠤ ᠰᠠᠯᠬᠢ ᠡᠯᠡᠰᠦᠨ᠎ᠤ ᠬᠥᠨᠥᠭᠡᠯ᠎ᠢ ᠬᠥᠩᠭᠡᠷᠡᠭᠦᠯᠬᠦ᠌᠎ᠶ᠋ᠢᠨ ᠲᠤᠰᠠᠳᠠ᠂ 2000 ᠣᠨ᠎ᠤ 5 ᠰᠠᠷ᠎ᠠ᠎ᠳᠤ ᠤᠯᠤᠰ᠎ᠠᠴᠠ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ᠎ᠢ ᠡᠬᠢᠯᠡᠨ ᠬᠡᠷᠡᠭ᠌ᠵᠢᠭᠦᠯᠵᠦ᠍᠂ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠡᠪᠴᠢᠶ᠎ᠡ᠎ᠨᠢ ᠥᠪᠥᠷ ᠮᠣᠩᠭᠤᠯ᠎ᠤᠨ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠠᠴᠠ ᠵᠡᠭᠦᠨᠰᠢ ᠥᠪᠥᠷ ᠮᠣᠩᠭᠤᠯ᠎ᠤᠨ ᠠᠷᠤ ᠬᠤᠷᠴᠢᠨ ᠬᠤᠱᠢᠭᠤ ᠬᠦᠷᠲᠡᠯ᠎ᠡ᠂ ᠱᠠᠨ ᠰᠢ᠎ᠶ᠋ᠢᠨ ᠳ᠋ᠠᠶ ᠱᠢᠶᠠᠨ᠎ᠠᠴᠠ ᠤᠮᠠᠷᠠᠰᠢ ᠥᠪᠥᠷ ᠮᠣᠩᠭᠤᠯ᠎ᠤᠨ ᠵᠡᠭᠦᠨ ᠦᠵᠦᠮᠦᠴᠢᠨ  ᠬᠤᠱᠢᠭᠤ ᠬᠦᠷᠲᠡᠯ᠎ᠡ᠂ ᠵᠡᠭᠦᠨᠰᠢ ᠪᠠᠷᠠᠭᠤᠨᠰᠢ 700 ᠺᠢᠯᠣᠮᠧᠲᠷ᠎ᠢ  ᠰᠤᠨᠳᠠᠯᠠᠨ  ᠡᠮᠦᠨᠡᠰᠢ  ᠤᠮᠠᠷᠠᠰᠢ 600 ᠺᠢᠯᠣᠮᠧᠲᠷ᠎ᠢ ᠰᠤᠨᠳᠠᠯᠠᠵᠤ᠂ ᠪᠡᠭᠡᠵᠢᠩ᠂ ᠲᠢᠶᠠᠨᠵᠢᠨ᠂ ᠾᠧᠪᠧᠢ᠂ ᠱᠠᠨ ᠰᠢ᠂ ᠥᠪᠥᠷ ᠮᠣᠩᠭᠤᠯ  ᠲᠠᠪᠤᠨ ᠮᠣᠵᠢ  (ᠣᠷᠣᠨ᠂  ᠱᠢᠭᠤᠳ  ᠬᠠᠷᠢᠶ᠎ᠠ  ᠬᠤᠲᠠ) ᠎ᠶ᠋ᠢᠨ 75 ᠱᠢᠶᠠᠨ (ᠬᠤᠱᠢᠭᠤ᠂ ᠬᠤᠲᠠ᠂ ᠲᠣᠭᠤᠷᠢᠭ) ᠎ᠢ ᠬᠠᠮᠤᠷᠴᠤ᠌᠂ ᠶᠡᠷᠦᠩᠬᠡᠢ ᠲᠠᠯᠠᠪᠠᠢ᠎ᠨᠢ 45.8 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠠᠢ᠃ ᠡᠭᠦᠨ᠎ᠳᠤ ᠥᠪᠥᠷ ᠮᠣᠩᠭᠤᠯ᠎ᠤᠨ 4 ᠠᠢᠮᠠᠭ ᠬᠤᠲᠠ᠎ᠶ᠋ᠢᠨ 31 ᠬᠤᠱᠢᠭᠤ ᠱᠢᠶᠠᠨ ᠪᠠᠭ᠍ᠳᠠᠵᠦ᠍᠂ ᠢᠨᠵᠧᠨᠧᠷᠢᠩ᠎ᠤᠨ ᠣᠷᠣᠨ᠎ᠤ ᠶᠡᠷᠦᠩᠬᠡᠶ ᠲᠠᠯᠠᠪᠠᠶ᠎ᠨᠢ 36.9 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠪᠦᠬᠦ᠌ ᠣᠷᠣᠨ᠎ᠤ ᠶᠡᠷᠦᠩᠬᠡᠶ ᠲᠠᠯᠠᠪᠠᠶ᠎ᠶ᠋ᠢᠨ 31.9% ᠎ᠶ᠋ᠢ ᠡᠵᠡᠯᠡᠵᠦ᠍᠂ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ ᠎ᠤᠨ ᠣᠷᠣᠨ᠎ᠤ ᠶᠡᠷᠦᠩᠬᠡᠶ ᠲᠠᠯᠠᠪᠠᠶ᠎ᠶ᠋ᠢᠨ 80.6 % ᠎ᠶ᠋ᠢ ᠡᠵᠡᠯᠡᠪᠠ᠃

ᠲᠤᠬᠠᠶ᠎ᠶ᠋ᠢᠨ ᠦᠶ᠎ᠡ᠎ᠶ᠋ᠢᠨ ᠥᠪᠥᠷ ᠮᠣᠩᠭᠤᠯ ᠪᠣᠯ ᠪᠦᠬᠦ᠌ ᠤᠯᠤᠰ᠎ᠤᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠬᠠᠮᠤᠭ᠎ᠤᠨ ᠲᠥᠪᠯᠡᠷᠡᠭ᠌ᠰᠡᠨ ᠮᠤᠵᠢ ᠣᠷᠣᠨ᠎ᠤ ᠨᠢᠭᠡ ᠪᠠᠢᠵᠤ᠂ ᠴᠦᠯᠯᠡᠷᠭᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ 9.14 ᠳ᠋ᠦᠩᠱᠢᠭᠤᠷ ᠮᠦ᠍᠎ᠳᠤ ᠬᠦᠷᠴᠦ᠍᠂ ᠪᠦᠬᠦ᠌ ᠤᠯᠤᠰ᠎ᠤᠨ ᠴᠦᠯᠯᠡᠷᠭᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ᠎ᠶ᠋ᠢᠨ 23.3% ᠎ᠶ᠋ᠢ ᠡᠵᠡᠯᠡᠵᠦ᠍ ᠪᠠᠢᠪᠠ; ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ 6.12 ᠳ᠋ᠦᠩᠱᠢᠭᠤᠷ ᠮᠥ᠎ᠳᠤ ᠬᠦᠷᠴᠦ᠍᠂ ᠪᠥᠬᠦ᠌ ᠤᠯᠤᠰ᠎ᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ᠎ᠶ᠋ᠢᠨ 23.7% ᠎ᠶ᠋ᠢ ᠡᠵᠡᠯᠡᠵᠤ ᠪᠠᠢᠵᠠᠢ᠃ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠬᠠᠯᠬᠠᠪᠴᠢ᠎ᠶ᠋ᠢ ᠪᠦᠲᠦᠭᠡᠨ ᠪᠠᠢᠭᠤᠯᠬᠤ᠎ᠶ᠋ᠢᠨ ᠲᠥᠯᠥᠭᠡ᠂ ᠥᠪᠥᠷ ᠮᠣᠩᠭᠤᠯ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠠᠮᠤᠭ᠎ᠤᠨ ᠶᠡᠭᠡ ᠰᠠᠭᠤᠷᠢ ᠪᠥᠲᠥᠭᠡᠨ ᠪᠠᠢᠭᠤᠯᠤᠯᠲᠠ ᠪᠤᠯᠭᠠᠨ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠶ᠋ᠢ ᠵᠠᠰᠠᠬᠤ ᠠᠵᠢᠯ᠎ᠢ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠴᠢᠬᠤᠯᠠ᠎ᠠᠴᠠ ᠴᠢᠬᠤᠯᠠ ᠵᠦᠢᠯ ᠪᠤᠯᠭᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠶ᠋ᠢ ᠵᠠᠰᠠᠬᠤ ᠴᠢᠬᠤᠯᠠ ᠶᠡᠭᠡ ᠢᠨᠵᠧᠨᠧᠷᠢᠩ᠎ᠢᠶᠠᠷ ᠠᠴᠢᠶᠠᠯᠠᠪᠤᠷᠢ ᠪᠣᠯᠭᠠᠬᠤ᠂ ᠪᠠᠢᠭᠠᠯᠢ ᠪᠠ ᠠᠵᠤ ᠠᠬᠤᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠶ᠋ᠢ ᠵᠠᠰᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠬᠤ᠂ ᠦᠢᠯᠡᠳᠦᠯᠭᠡ᠎ᠶ᠋ᠢᠨ ᠳᠤᠮᠳᠠ ᠤᠷᠢᠳ᠎ᠢᠶᠠᠷ ᠣᠢᠵᠢᠭᠤᠯᠵᠤ ᠳᠠᠷᠠᠭ᠎ᠠ᠎ᠨᠢ ᠨᠥᠬᠦᠪᠥᠷᠢ ᠥᠭ᠌ᠬᠦ᠂ ᠲᠤᠰᠭᠠᠶ ᠠᠩᠭᠢ᠎ᠠᠴᠠ ᠤᠢ᠍ᠢᠵᠢᠭᠤᠯᠬᠤ ᠵᠡᠷᠭᠡ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠬᠤ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠬᠦᠯᠵᠤ᠂ ᠪᠦᠲᠦᠭᠡᠨ ᠪᠠᠢᠭᠤᠯᠤᠯᠲᠠ ᠎ᠶ᠋ᠢᠨ ᠭᠤᠣᠯ ᠴᠣᠭ᠍ᠴᠠ᠂ ᠡᠵᠡᠩᠨᠡᠯᠲᠡ᠎ᠶ᠋ᠢᠨ ᠭᠤᠤᠯ ᠴᠣᠭ᠍ᠴᠠ᠂ ᠠᠱᠢᠭ ᠲᠤᠰᠠ ᠎ᠶ᠋ᠢᠨ ᠭᠤᠣᠯ ᠴᠣᠭ᠍ᠴᠠ᠂ ᠬᠠᠷᠢᠭᠤᠴᠠᠯᠭ᠎ᠠ ᠎ᠶ᠋ᠢᠨ  ᠭᠤᠤᠯ  ᠴᠣᠭ᠍ᠴᠠ  《ᠳᠥᠷᠪᠡ᠎ᠶ᠋ᠢ ᠨᠢᠭᠡᠳᠭᠡᠬᠦ᠌》 ᠪᠠ ᠡᠭᠦᠷᠭᠡ᠎ᠶ᠋ᠢ ᠡᠷᠦᠬᠡ᠎ᠳᠤ ᠨᠠᠢᠳᠠᠪᠤᠷᠢᠵᠢᠭᠤᠯᠬᠤ᠂ ᠥᠮᠴᠢᠯᠡᠬᠦ᠌ ᠡᠷᠬᠡ᠎ᠶ᠋ᠢ ᠡᠷᠦᠬᠡ᠎ᠳᠤ ᠨᠠᠢᠳᠠᠪᠤᠷᠢᠵᠢᠭᠤᠯᠬᠤ᠂  ᠬᠠᠷᠢᠭᠤᠴᠠᠯᠭ᠎ᠠ᠎ᠶ᠋ᠢ ᠡᠷᠦᠬᠡ᠎ᠳᠤ ᠨᠠᠢᠳᠠᠪᠤᠷᠢᠵᠢᠭᠤᠯᠬᠤ᠂ ᠨᠦᠬᠦᠪᠤᠷᠢ᠎ᠶ᠋ᠢ ᠡᠷᠦᠬᠡ᠎ᠳᠤ ᠨᠠᠢᠳᠠᠪᠤᠷᠢᠵᠢᠭᠤᠯᠬᠤ᠂ ᠦᠢᠯᠡᠴᠢᠯᠡᠭᠡ᠎ᠶ᠋ᠢ ᠡᠷᠦᠬᠡ᠎ᠳᠤ ᠨᠠᠢᠳᠠᠪᠤᠷᠢᠵᠢᠭᠤᠯᠬᠤ 《ᠲᠠᠪᠤ᠎ᠶ᠋ᠢ ᠡᠷᠦᠬᠡ᠎ᠳᠤ ᠨᠠᠢᠳᠠᠪᠤᠷᠢᠵᠢᠭᠤᠯᠬᠤ》 ᠬᠠᠮᠢᠶᠠᠷᠤᠯᠲᠠ᠎ᠶ᠋ᠢᠨ ᠵᠠᠭ᠍ᠪᠤᠷ᠎ᠢ ᠳᠡᠬᠦᠯᠳᠡᠷᠵᠢᠬᠦᠯᠵᠠᠢ᠃

ᠮᠠᠨ᠎ᠤ ᠤᠷᠤᠨ ᠪᠡᠭᠡᠵᠢᠩ ᠲᠢᠶᠠᠨᠵᠢᠨ᠎ᠤ ᠡᠷᠭᠢᠨ ᠲᠣᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠳᠠᠯᠭ᠎ᠠ᠎ᠲᠠᠢ ᠢᠨᠵᠧᠨᠧᠷᠢᠩ᠎ᠳᠤ ᠲᠦᠱᠢᠭ᠌ᠯᠡᠨ ᠨᠢᠭᠡ ᠪᠦᠯᠦᠭ ᠠᠳᠠᠯᠢ ᠪᠤᠰᠤ ᠲᠥᠷᠥᠯ ᠬᠡᠯᠪᠡᠷᠢ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠶ᠋ᠢ ᠵᠠᠰᠠᠬᠤ ᠵᠢᠱ᠌ᠢᠶ᠎ᠡ ᠦᠵᠡᠭᠦᠯᠬᠦ᠌ ᠰᠠᠭᠤᠷᠢᠨ᠎ᠢ ᠲᠥᠯᠥᠪᠵᠢᠭᠦᠯᠦᠨ ᠪᠦᠲᠦᠭᠡᠨ ᠪᠠᠢᠭᠤᠯᠬᠤ᠎ᠶ᠋ᠢᠨ ᠬᠠᠮᠳᠤ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠵᠤ ᠪᠦᠳᠦᠬᠡᠨ ᠪᠠᠢᠭᠤᠯᠬᠤ ᠨᠦᠬᠦᠪᠤᠷᠢ ᠪᠠ ᠱᠠᠩᠨᠠᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠳᠤᠷ᠎ᠠ᠎ᠪᠠᠷ᠎ᠢᠶᠠᠨ ᠮᠣᠳᠣ ᠣᠭ᠍ᠲᠣᠯᠬᠤ᠂ ᠳᠤᠷ᠎ᠠ᠎ᠪᠠᠷ᠎ᠢᠶᠠᠨ ᠤᠬᠤᠵᠤ ᠮᠠᠯᠲᠠᠬᠤ᠂ ᠪᠡᠯᠴᠢᠬᠡᠷ᠎ᠤᠨ ᠳᠠᠭᠠᠭᠠᠴᠠ᠎ᠠᠴᠠ ᠬᠡᠲᠦᠷᠡᠳᠡᠯ᠎ᠠ ᠮᠠᠯ ᠮᠠᠯᠵᠢᠬᠤ ᠵᠡᠷᠭᠡ ᠤᠷᠭᠤᠮᠠᠯ᠎ᠤᠨ ᠪᠦᠷᠬᠦᠴᠡ᠎ᠶ᠋ᠢ ᠡᠪᠳᠡᠬᠦ᠌ ᠠᠵᠢᠯᠯᠠᠭ᠎ᠠ᠎ᠶ᠋ᠢ ᠡᠷᠡᠰ ᠬᠤᠷᠢᠬ᠍ᠯᠠᠨ᠂ ᠭᠠᠵᠠᠷ ᠱᠢᠷᠣᠶ᠎ᠶ᠋ᠢᠨ ᠡᠯᠡᠰᠦᠷᠬᠡᠭ᠌ᠵᠢᠯ᠎ᠢ ᠪᠦᠳᠦᠮᠵᠢᠳᠠᠢ ᠰᠡᠷᠬᠡᠢᠯᠡᠨ ᠡᠯᠡᠰᠦᠷᠬᠡᠭ ᠣᠷᠣᠨ᠎ᠤ ᠠᠮᠢ ᠠᠬᠤᠶ᠎ᠶ᠋ᠢᠨ ᠱᠢᠰᠲ᠋ᠧᠮ᠎ᠢ ᠪᠦᠲᠦᠮᠵᠢᠲᠡᠶ ᠬᠠᠮᠠᠭᠠᠯᠠᠨ ᠰᠡᠷᠭᠦᠭᠡᠪᠠ᠃ ᠵᠠᠰᠠᠵᠤ ᠬᠠᠮᠠᠭᠠᠯᠠᠬᠤ᠎ᠶ᠋ᠢᠨ ᠬᠠᠮᠲᠤ ᠪᠠᠰᠠ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠠᠵᠢᠯ᠎ᠢ ᠣᠷᠣᠨ ᠨᠤᠲᠤᠭ᠎ᠤᠨ ᠠᠵᠤ ᠠᠬᠤᠶ᠎ᠶ᠋ᠢ ᠬᠥᠭ᠌ᠵᠢᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠯᠦᠭᠡ ᠨᠢᠭ᠍ᠲᠠ ᠤᠶᠠᠯᠳᠤᠭᠤᠯᠵᠤ᠂ ᠣᠯᠠᠨ ᠲᠥᠷᠥᠯ ᠬᠡᠯᠪᠡᠷᠢ᠎ᠶ᠋ᠢᠨ ᠠᠵᠤ ᠦᠢᠯᠡᠰᠵᠢᠬᠦᠯᠤᠨ ᠰᠡᠷᠭᠡᠢᠯᠡᠨ ᠵᠠᠰᠠᠬᠤ ᠵᠠᠭ᠍ᠪᠤᠷ᠎ᠢ ᠰᠦᠪᠡᠭ᠌ᠴᠢᠯᠡᠨ ᠭᠠᠷᠭᠠᠵᠤ᠂ ᠡᠯᠡᠰᠦᠨ᠎ᠳᠤ ᠤᠷᠭᠤᠬᠤ ᠤᠷᠭᠤᠮᠠᠯ ᠳᠠᠷᠢᠬᠤ ᠪᠠ ᠨᠡᠭᠡᠭᠡᠨ ᠠᠱᠢᠬ᠍ᠯᠠᠬᠤ᠂ ᠣᠨᠴᠠ ᠲᠥᠷᠥᠯ᠎ᠤᠨ ᠡᠮ᠎ᠳᠤ ᠣᠷᠣᠬᠤ ᠤᠷᠭᠤᠮᠠᠯ ᠳᠠᠷᠢᠬᠤ ᠪᠠ ᠡᠳ᠋ᠱᠢᠭᠦᠯᠦᠨ ᠡᠵᠡᠩᠨᠡᠬᠦ᠂ ᠡᠯᠡᠰᠦ ᠮᠠᠩᠬᠠᠨ᠎ᠤ ᠦᠵᠡᠮᠵᠢ᠎ᠶ᠋ᠢᠨ ᠤᠷᠤᠨ᠎ᠤ ᠵᠢᠭᠤᠯᠴᠢᠯᠠᠯ ᠵᠡᠷᠭᠡ ᠠᠵᠤ ᠦᠢᠯᠡᠰ᠎ᠢ ᠭᠤᠤᠯᠳᠠᠯᠭ᠎ᠠ᠎ᠲᠠᠢ ᠪᠤᠢᠵᠢᠭᠤᠯᠤᠨ ᠬᠥᠭ᠌ᠵᠢᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠎ᠶ᠋ᠢ ᠳᠠᠢᠴᠢᠯᠠᠭ᠍ᠰᠠᠨ᠎ᠢᠶᠠᠷ ᠪᠠᠷᠠᠬᠤ ᠥᠬᠡᠶ᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠲᠠᠭᠠᠭᠠᠮᠠᠭᠠᠢ ᠴᠢᠳᠠᠪᠤᠷᠢ᠎ᠶ᠋ᠢ ᠨᠡᠮᠡᠭ᠌ᠳᠡᠭᠦᠯᠵᠦ᠍᠂ 《ᠵᠠᠰᠠᠭ ᠵᠠᠬᠢᠷᠭᠠᠨ᠎ᠢᠶᠠᠷ ᠠᠬᠢᠭᠤᠯᠬᠤ᠂ ᠲᠥᠷᠥ᠎ᠶ᠋ᠢᠨ ᠪᠣᠳᠣᠯᠭ᠎ᠠ᠎ᠪᠠᠷ ᠠᠬᠢᠭᠤᠯᠬᠤ᠂ ᠠᠵᠤ ᠦᠢᠯᠡᠰ᠎ᠢᠶᠠᠷ ᠳᠠᠢᠴᠢᠯᠠᠬᠤ᠂ ᠨᠡᠢᠲᠡᠯᠢᠭ ᠵᠢᠱ᠌ᠢᠶ᠎ᠡ᠎ᠪᠠᠷ ᠳᠠᠢᠴᠢᠯᠠᠬᠤ》 ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠱᠢᠨ᠎ᠡ ᠵᠠᠮ᠎ᠢ ᠨᠡᠭᠡᠭᠡᠭ᠌ᠰᠡᠨ ᠪᠠᠢᠨ᠎ᠠ᠃

ᠮᠠᠨ᠎ᠤ ᠤᠷᠤᠨ ᠣᠢᠷ᠎ᠠ᠎ᠶ᠋ᠢᠨ ᠬᠡᠳᠦᠨ ᠵᠢᠯ᠎ᠳᠤ ᠨᠡᠢᠲᠡ 7197.5 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠵᠤ᠂ ᠪᠥᠬᠦ᠌ ᠤᠯᠤᠰ᠎ᠤᠨ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠭ᠍ᠰᠠᠨ ᠶᠠᠷᠦᠩᠬᠡᠢ ᠲᠠᠯᠠᠪᠠᠶ᠎ᠶ᠋ᠢᠨ 40% ᠎ᠠᠴᠠ ᠳᠡᠭᠡᠭ᠌ᠰᠢᠬᠢ᠎ᠶ᠋ᠢ ᠡᠵᠡᠯᠡᠨ᠂ 《ᠡᠯᠡᠰᠦ ᠤᠷᠤᠭ᠍ᠰᠢᠯᠠᠵᠤ ᠬᠥᠮᠦᠨ ᠤᠬᠤᠷᠢᠵᠤ》 ᠪᠠᠢᠭ᠍ᠰᠠᠨ᠎ᠠᠴᠠ᠎ᠪᠠᠨ 《ᠨᠣᠭᠤᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠭ᠍ᠰᠠᠨ》 ᠬᠤᠪᠢᠷᠠᠯᠲᠠ᠎ᠶ᠋ᠢ ᠪᠡᠶᠡᠯᠡᠭᠦᠯᠪᠡ᠃ ᠥᠪᠥᠷ ᠮᠣᠩᠭᠤᠯ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠭᠤᠢᠪᠢᠰᠢ ᠥᠬᠡᠶ ᠰᠤᠯᠠᠷᠠᠰᠢ ᠥᠬᠡᠶ ᠠᠳᠭᠤᠨ᠂ ᠨᠤᠲᠤᠭ ᠪᠡᠯᠴᠢᠭᠡᠷ ᠪᠠ ᠣᠶ ᠱᠢᠭᠤᠶ᠎ᠶ᠋ᠢᠨ ᠬᠠᠮᠠᠭᠠᠯᠠᠯᠲᠠ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠮᠠᠷᠠᠳᠤ᠎ᠶ᠋ᠢᠨ ᠭᠤᠷᠪᠠᠨ ᠤᠷᠤᠨ᠎ᠤ ᠬᠠᠯᠬᠠᠪᠴᠢ ᠣᠶ᠎ᠶ᠋ᠢ ᠪᠦᠳᠦᠬᠡᠨ ᠪᠠᠢᠭᠤᠯᠬᠤ᠂ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ᠂ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ ᠵᠡᠷᠭᠡ ᠠᠮᠢ ᠠᠬᠤᠶ᠎ᠶ᠋ᠢᠨ ᠪᠦᠳᠦᠬᠡᠨ ᠪᠠᠢᠭᠤᠯᠤᠯᠳᠠ᠎ᠶ᠋ᠢᠨ ᠭᠤᠤᠯᠳᠠᠯᠭ᠎ᠠ᠎ᠲᠠᠢ ᠢᠨᠵᠧᠨᠧᠷᠢᠩ᠎ᠢ ᠶᠡᠭᠡ᠎ᠪᠠᠷ ᠠᠬᠢᠭᠤᠯᠪᠠ᠃ ᠡᠬᠦᠨ᠎ᠳᠤ ᠬᠥᠪᠴᠢ᠎ᠶ᠋ᠢᠨ ᠡᠯᠡᠰᠦ᠎ᠶ᠋ᠢᠨ ᠵᠠᠰᠠᠯᠲᠠ᠎ᠶ᠋ᠢᠨ ᠵᠠᠭ᠍ᠪᠤᠷ ᠨᠡᠢᠳᠡᠮ᠎ᠤᠨ ᠥᠯᠢᠭᠡᠷ ᠵᠢᠱ᠌ᠢᠶ᠎ᠡ ᠪᠣᠯᠤᠭ᠍ᠰᠠᠨ ᠪᠠᠢᠨ᠎ᠠ᠃ ᠮᠠᠨ᠎ᠤ ᠤᠷᠤᠨ᠎ᠤ ᠤᠢ ᠱᠢᠭᠤᠢ᠎ᠶ᠋ᠢᠨ ᠪᠦᠳᠦᠭᠡᠠ ᠪᠠᠢᠭᠤᠯᠤᠯᠲᠠ᠂ ᠨᠤᠲᠤᠭ ᠪᠡᠯᠴᠢᠭᠡᠷ᠎ᠤᠨ ᠪᠦᠳᠦᠭᠡᠠ ᠪᠠᠢᠭᠤᠯᠤᠯᠲᠠ ᠪᠠ ᠡᠯᠡᠰᠦᠷᠬᠡᠭ᠌ᠵᠢᠭ᠌ᠰᠡᠨ ᠭᠠᠵᠠᠷ᠎ᠤᠨ ᠵᠠᠰᠠᠯᠲᠠ᠎ᠶ᠋ᠢᠨ ᠲᠡᠯᠡᠪᠡᠢ ᠴᠥᠮ ᠪᠦᠬᠦ᠌ ᠤᠯᠤᠰ᠎ᠲᠤ ᠲᠦᠷᠦᠬᠦᠯᠡᠵᠤ᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ ᠪᠠ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ ᠲᠤᠰ ᠪᠦᠷᠢ 23% ᠪᠠ 45% ᠎ᠳᠤ ᠬᠦᠷᠴᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠭᠡᠭ᠌ᠵᠢᠭ᠌ᠰᠡᠨ ᠭᠠᠵᠠᠷ ᠱᠢᠷᠣᠢ᠎ᠶ᠋ᠢᠨ ᠲᠡᠯᠡᠪᠡᠢ᠎ᠶ᠋ᠢᠨ 《ᠬᠤᠣᠰ ᠬᠠᠰᠤᠭ᠍ᠳᠠᠯ》 ᠎ᠢ ᠪᠡᠶᠡᠯᠡᠭᠦᠯᠪᠡ᠃

ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠦᠭ᠌ᠰᠡᠨ 20 ᠭᠠᠷᠤᠢ ᠵᠢᠯ᠎ᠤᠨ ᠲᠤᠷᠰᠢ᠂ ᠮᠠᠨ᠎ᠤ ᠤᠷᠤᠨ᠎ᠤ ᠠᠮᠢ ᠠᠬᠤᠢ ᠣᠷᠴᠢᠨ ᠲᠣᠭᠤᠷᠢᠨ ᠤᠯᠠᠮ ᠎ᠠᠴᠠ ᠤᠯᠠᠮ ᠰᠠᠢᠵᠢᠷᠠᠪᠠ᠃ ᠬᠥᠬᠡᠮᠳᠦᠭ ᠠᠭᠤᠯᠠ  ᠰᠦᠭ᠌ᠯᠡᠢᠨ ᠬᠥᠬᠡ  ᠤᠰᠤᠨ ᠳᠤᠯᠬᠢᠶᠠᠯᠠᠵᠦ᠍᠂  ᠲᠦᠮᠡᠨ ᠭᠠᠵᠠᠷ᠎ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠦᠪᠤᠷ ᠮᠤᠩᠭᠤᠯ᠎ᠳᠤ ᠴᠤᠭ᠍ᠴᠠᠯᠠᠭ᠍ᠳᠠᠵᠤ ᠪᠠᠢᠨ᠎ᠠ᠃

 

QQ截图20210630104550.png 

                  ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ

                  ᠎ᠢ ᠭᠡᠷᠡᠭ᠌ᠵᠢᠬᠦᠯᠬᠦ᠌᠎ᠠᠴᠠ ᠡᠮᠦᠨᠡᠬᠢ ᠰᠢ ᠳ᠋ᠠ ᠾᠧ᠃


QQ截图20210630104345.png

                

                 ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ

                  ᠎ᠢ ᠭᠡᠷᠡᠭ᠌ᠵᠢᠬᠦᠯᠦᠭ᠌ᠰᠡᠨ᠎ᠤ ᠳᠠᠷᠠᠭᠠᠬᠢ ᠰᠢ ᠳ᠋ᠠ ᠾᠧ᠃


QQ截图20210630104316.png

 

               ᠰᠠᠯᠬᠢ  ᠡᠯᠡᠰᠦᠨ᠎ᠤ ᠡᠬᠢ ᠎ᠶ᠋ᠢ ᠵᠠᠰᠠᠬᠤ ᠢᠨᠵᠧᠨᠧᠷᠢᠩ ᠎ᠢ

              ᠭᠡᠷᠡᠭ᠌ᠵᠢᠬᠦᠯᠦᠭ᠌ᠰᠡᠨ᠎ᠤ ᠳᠠᠷᠠᠭᠠᠬᠢ ᠲᠢᠶᠧ ᠱᠢᠶᠠᠩ ᠯᠦ᠍ ᠽᠢ᠃


QQ截图20210630104331.png

              

               ᠰᠠᠯᠬᠢ  ᠡᠯᠡᠰᠦᠨ ᠎ᠤ ᠡᠬᠢ ᠎ᠶ᠋ᠢ ᠵᠠᠰᠠᠬᠤ ᠢᠨᠵᠧᠨᠧᠷᠢᠩ᠎ᠤᠨ

               ᠪᠦᠳᠦᠬᠡᠨ ᠪᠠᠢᠭᠤᠯᠤᠯᠳᠠ᠎ᠶ᠋ᠢᠨ ᠠᠵᠢᠯ᠎ᠤᠨ ᠠᠬᠤᠢ ᠳᠠᠯᠠᠪᠠᠢ


QQ截图20210630104300.png


2020 ᠣᠨ᠎ᠳᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠦᠭ᠌ᠰᠡᠨ᠎ᠤ ᠳᠠᠷᠠᠭᠠᠬᠢ ᠬᠡᠱᠢᠭ᠌ᠳᠡᠨ ᠬᠤᠱᠢᠭᠤᠨ᠎ᠤ ᠪᠢᠷᠠᠭᠤ ᠪᠠᠯᠭᠠᠰᠤ᠎ᠶ᠋ᠢᠨ ᠮᠡᠯᠡᠬᠡᠢ ᠠᠭᠤᠯᠠ᠃

ᠭᠡᠷᠡᠯ ᠵᠢᠷᠤᠭ᠎ᠤᠳ᠎ᠢ ᠵᠠᠩ ᠶᠠᠨ ᠪᠢᠨ ᠰᠡᠬᠦᠳᠡᠷᠯᠡᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号