ᠠᠷᠪᠠᠳᠤᠭᠠᠷ ᠲᠠᠪᠤᠨ ᠵᠢᠯ᠎ᠤᠨ ᠲᠥᠯᠥᠪᠯᠡᠭᠡ᠄ 2001 — 2005 ᠣᠨ᠎ᠤ ᠤᠯᠤᠰ ᠠᠷᠠᠳ᠎ᠤᠨ ᠠᠵᠤ ᠠᠬᠤᠢ᠎ᠶ᠋ᠢ ᠬᠥᠭ᠌ᠵᠢᠭᠦᠯᠬᠦ᠌ ᠲᠥᠯᠥᠪᠯᠡᠭᠡ ᠪᠣᠯ ᠳᠤᠮᠳᠠᠳᠤ ᠤᠯᠤᠰ᠎ᠤᠨ ᠠᠷᠪᠠᠳᠤᠭᠠᠷ ᠲᠠᠪᠤᠨ ᠵᠢᠯ᠎ᠤᠨ ᠲᠥᠯᠥᠪᠯᠡᠭᠡ ᠪᠣᠯᠤᠨ᠎ᠠ᠃ 2001 ᠣᠨ᠎ᠤ 3 ᠰᠠᠷ᠎ᠠ᠎ᠳᠤ᠂ ᠶᠢᠰᠦᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ 〈ᠠᠷᠪᠠᠳᠤᠭᠠᠷ ᠲᠠᠪᠤᠨ ᠵᠢᠯ〉 ᠤᠨ ᠲᠥᠯᠥᠪᠯᠡᠭᠡ᠎ᠶ᠋ᠢᠨ ᠬᠦᠲᠦᠯᠪᠦᠷᠢ》 ᠶ᠋ᠢ ᠪᠠᠲᠤᠯᠠᠵᠦ᠍᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢ ᠬᠥᠭ᠌ᠵᠢᠭᠦᠯᠬᠦ᠌ ᠬᠡᠷᠡᠭ᠌ᠴᠡᠭᠡ ᠶᠣᠰᠣᠭᠠᠷ᠂ ᠠᠵᠤ ᠠᠬᠤᠶ᠎ᠶ᠋ᠢᠨ ᠪᠦᠲᠦᠴᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠣᠬᠢᠷᠠᠭᠤᠯᠤᠯᠲᠠ᠎ᠪᠠᠷ ᠭᠤᠣᠯ ᠱᠢᠵᠢᠮ ᠪᠣᠯᠭᠠᠬᠤ᠎ᠶ᠋ᠢ ᠲᠣᠭ᠍ᠳᠠᠭᠠᠨ᠂ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠂ ᠣᠷᠴᠢᠨ ᠲᠣᠭᠤᠷᠢᠨ᠎ᠤ ᠬᠠᠮᠠᠭᠠᠯᠠᠯᠲᠠ᠂ ᠠᠵᠤ ᠠᠬᠤᠢ ᠬᠢᠭᠡᠳ ᠨᠡᠢᠭᠡᠮ᠎ᠤᠨ ᠦᠷᠭᠦᠯᠵᠢᠯᠡᠨ ᠬᠥᠭ᠌ᠵᠢᠬᠦ᠌᠎ᠶ᠋ᠢ ᠳᠠᠬᠢᠨ᠎ᠢᠶᠠᠷ ᠴᠢᠬᠤᠯᠠᠴᠢᠯᠠᠵᠦ᠍᠂ ᠰᠤᠷᠭᠠᠨ ᠬᠥᠮᠦᠵᠢᠯ᠂ ᠰᠣᠶᠣᠯ᠂ ᠡᠮᠴᠢᠯᠡᠬᠡᠨ ᠡᠷᠡᠭᠦᠯ ᠬᠠᠮᠠᠭᠠᠯᠠᠯ᠂ ᠪᠡᠶ᠎ᠡ᠎ᠶ᠋ᠢᠨ ᠲᠠᠮᠢᠷ ᠵᠡᠷᠭᠡ ᠡᠯ᠎ᠡ ᠵᠦᠢᠯ᠎ᠤᠨ ᠨᠡᠢᠭᠡᠮ᠎ᠤᠨ ᠦᠢᠯᠡᠰ᠎ᠢ ᠨᠡᠩ ᠢᠯᠡᠭᠦᠦ ᠠᠩᠬᠠᠷᠴᠤ᠌᠂ ᠠᠵᠤ ᠠᠬᠤᠢ ᠬᠢᠭᠡᠳ ᠨᠡᠢᠭᠡᠮ᠎ᠤᠨ ᠵᠣᠬᠢᠴᠠᠩᠭᠤᠢ ᠬᠥᠭ᠌ᠵᠢᠯᠲᠡ᠎ᠶ᠋ᠢ ᠨᠡᠩ ᠢᠯᠡᠭᠦᠦ ᠠᠩᠬᠠᠷᠴᠤ᠌᠂ ᠥᠷᠭᠡᠨ ᠤᠯᠠᠨ ᠠᠷᠠᠳ ᠲᠦᠮᠡᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ᠂ ᠡᠳ᠋ᠯᠡᠬᠦ᠌ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬ᠍ᠰᠠᠨ ᠪᠠᠢᠨ᠎ᠠ᠃
ᠮᠠᠨᠵᠤᠤᠷ ᠬᠢᠯᠢ᠎ᠶ᠋ᠢᠨ ᠪᠣᠭᠤᠮᠲᠠ ᠪᠣᠯ ᠮᠠᠨ᠎ᠤ ᠤᠯᠤᠰ᠎ᠤᠨ ᠬᠠᠮᠤᠭ᠎ᠤᠨ ᠲᠣᠮᠣ ᠬᠠᠭᠤᠷᠠᠶ ᠵᠠᠮ᠎ᠤᠨ ᠬᠢᠯᠢ᠎ᠶ᠋ᠢᠨ ᠪᠣᠭᠤᠮᠲᠠ ᠪᠠᠢᠵᠤ᠂ ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠶ᠎ᠶ᠋ᠢᠨ ᠳᠤᠮᠤ ᠵᠠᠮ᠎ᠤᠨ ᠴᠢᠬᠤᠯᠠ ᠬᠦᠢᠰᠦ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠴᠢᠬᠤᠯᠠ ᠲᠤᠯᠬᠤ ᠴᠡᠭ ᠪᠤᠯᠤᠨ᠎ᠠ᠃ 2003 ᠣᠨ᠎ᠳᠤ᠂ ᠤᠯᠤᠰ᠎ᠠᠴᠠ ᠮᠠᠨᠵᠤᠤᠷ ᠬᠤᠲᠠ᠎ᠶ᠋ᠢ 《ᠪᠣᠭᠤᠮᠲᠠ᠎ᠪᠠᠷ ᠲᠦᠷᠭᠡᠨ ᠥᠩᠭᠡᠷᠡᠭᠦᠯᠬᠦ᠌》 ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ ᠬᠢᠬᠦ᠌ ᠲᠤᠷᠱᠢᠯᠲᠠ᠎ᠶ᠋ᠢᠨ ᠴᠡᠭ᠎ᠢᠶᠠᠷ ᠳᠤᠭ᠍ᠳᠠᠭᠠᠵᠦ᠍᠂ ᠮᠠᠨᠵᠤᠤᠷ ᠬᠤᠲᠠ ᠬᠢᠭᠡᠳ ᠱᠧᠨᠵᠧᠨ ᠬᠤᠲᠠ ᠳᠤᠮᠳᠠᠳᠤ ᠤᠯᠤᠰ᠎ᠤᠨ ᠡᠮᠦᠨ᠎ᠡ ᠤᠮᠠᠷ᠎ᠡ᠎ᠠᠴᠠ ᠬᠠᠷᠢᠯᠴᠠᠨ ᠨᠡᠪᠲᠡᠷᠡᠯᠴᠡᠭ᠌ᠰᠡᠨ ᠲᠤᠮᠤ ᠬᠢᠯᠢ᠎ᠶ᠋ᠢᠨ ᠪᠣᠭᠤᠮᠲᠠ ᠪᠣᠯᠤᠭ᠍ᠰᠠᠨ ᠪᠠᠢᠨ᠎ᠠ᠃ 2007 ᠤᠨ ᠪᠣᠯᠬᠤ᠎ᠳᠤ᠂ ᠮᠠᠨᠵᠤᠤᠷ ᠬᠢᠯᠢ᠎ᠶ᠋ᠢᠨ ᠪᠣᠭᠤᠮᠲᠠ᠎ᠶ᠋ᠢᠨ ᠲᠡᠮᠦᠷ ᠵᠠᠮ᠂ ᠵᠠᠰᠠᠮᠠᠯ ᠵᠠᠮ᠎ᠤᠨ ᠪᠠᠷᠠᠭ᠎ᠠ ᠥᠩᠭᠡᠷᠡᠭᠦᠯᠦᠭ᠌ᠰᠡᠨ ᠶᠡᠷᠦᠩᠬᠡᠢ ᠬᠡᠮᠵᠢᠶ᠎ᠡ 2300 ᠭᠠᠷᠤᠢ ᠲᠦᠮᠡᠨ ᠲᠣᠨ᠎ᠳᠤ ᠬᠦᠷᠴᠠᠢ᠂ ᠢᠯᠠᠩᠭᠤᠶ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠡᠪᠲᠡᠷᠡᠭ᠌ᠰᠡᠨ᠎ᠠᠴᠠ ᠨᠠᠭᠠᠰᠢ᠂ ᠮᠠᠨᠵᠤᠤᠷ ᠬᠢᠯᠢ᠎ᠶ᠋ᠢᠨ ᠪᠣᠭᠤᠮᠲᠠ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠤ ᠵᠠᠮ ᠱᠤᠭᠤᠮ 53 ᠵᠤᠷᠪᠤᠰ᠎ᠲᠤ ᠬᠦᠷᠴᠦ᠍᠂ ᠪᠦᠬᠦ᠌ ᠤᠯᠤᠰ᠎ᠤᠨ 60 ᠬᠤᠲᠠ ᠪᠠ ᠧᠦ᠋ᠷᠣᠫᠠ ᠲᠢᠪ᠎ᠤᠨ 11 ᠤᠯᠤᠰ᠎ᠤᠨ 28 ᠬᠤᠲᠠ᠎ᠶ᠋ᠢ ᠬᠠᠮᠤᠷᠴᠦ᠍᠂ ᠵᠠᠮ ᠱᠤᠭᠤᠮ᠎ᠤᠨ ᠪᠦᠬᠦ᠌ ᠤᠷᠲᠤ᠎ᠨᠢ ᠪᠠᠷᠤᠭ 12000 ᠺᠢᠯᠣᠮᠧᠲᠷ᠎ᠲᠤ ᠬᠦᠷᠴᠡᠢ᠃

ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ
ᠮᠠᠨᠵᠤᠤᠷ᠎ᠲᠠᠬᠢ ᠤᠯᠤᠰ᠎ᠤᠨ ᠡᠭᠦᠳᠡ᠎ᠪᠠᠷ ᠥᠩᠭᠡᠷᠡᠨᠠ
ᠲᠠᠬᠢᠶᠠᠨ ᠲᠠᠭᠤᠨ᠎ᠢ᠎ᠨᠢ ᠬᠦᠷᠳᠡᠯ᠎ᠠ ᠭᠤᠷᠪᠠᠨ ᠤᠯᠤᠰ ᠰᠤᠨᠤᠰᠴᠤ᠌᠂ ᠨᠢᠳᠦ ᠡᠷᠬᠦᠮᠡᠭ᠌ᠴᠡ ᠣᠷᠣᠰ ᠮᠣᠩᠭᠤᠯ ᠬᠠᠷᠠᠭ᠍ᠳᠠᠨ᠎ᠠ᠃ ᠣᠷᠣᠰ ᠪᠣᠯᠤᠨ ᠮᠣᠩᠭᠤᠯ ᠤᠯᠤᠰ᠎ᠲᠠᠢ ᠬᠢᠯᠢ ᠨᠡᠢᠯᠡᠵᠤ ᠪᠠᠢᠭ᠎ᠠ ᠥᠪᠥᠷ ᠮᠣᠩᠭᠤᠯ᠎ᠤᠨ ᠮᠠᠨᠵᠤᠤᠷ ᠥᠩᠭᠡᠷᠡᠭ᠌ᠰᠡᠨ᠎ᠳᠤ 《ᠨᠢᠭᠡ ᠭᠤᠳᠣᠯᠢ ᠲᠠᠮᠠᠬᠢ᠎ᠪᠠᠷ ᠲᠤᠯᠳᠠᠯ᠎ᠠ ᠶᠠᠪᠤᠬᠤ》 ᠵᠢᠵᠢᠭ᠌ᠬᠡᠨ ᠬᠢᠯᠢ ᠳᠠᠭᠠᠤ᠎ᠶ᠋ᠢᠨ ᠪᠣᠭᠤᠮᠲᠠ ᠬᠤᠳᠠ ᠪᠠᠢᠵᠤ᠂ ᠠᠯᠬᠤᠮ ᠳᠠᠷᠠᠭ᠎ᠠ᠎ᠲᠠᠢ᠎ᠪᠠᠷ ᠭᠠᠳᠠᠭ᠍ᠰᠢ ᠨᠡᠭᠡᠭᠡᠯᠲᠡ ᠬᠢᠵᠤ ᠪᠠᠢᠭ᠍ᠰᠠᠨ᠎ᠠᠴᠠ ᠪᠦᠬᠦ᠌ ᠲᠠᠯ᠎ᠠ᠎ᠪᠠᠷ ᠠᠬᠢᠭᠤᠯᠬᠤ ᠪᠤᠯᠤᠭ᠍ᠰᠠᠨ᠎ᠠᠴᠠ ᠠᠵᠤ ᠠᠬᠤᠶ᠎ᠶ᠋ᠢᠨ ᠦᠷᠭᠦᠯᠵᠢᠯᠡᠨ ᠳᠡᠭᠡᠳᠦ ᠬᠤᠷᠳᠤᠴᠠ᠎ᠪᠠᠷ ᠨᠡᠮᠡᠭ᠌ᠳᠡᠭ᠌ᠰᠡᠨ ᠭᠠᠢᠬᠠᠮᠱᠢᠭ᠎ᠢ ᠡᠭᠦᠳᠴᠦ᠍᠂ ᠨᠢᠭᠡ ᠯᠡ ᠳᠡᠭᠡᠷ᠎ᠡ ᠳᠤᠮᠳᠠᠳᠤ ᠤᠯᠤᠰ᠎ᠤᠨ ᠬᠠᠮᠤᠭ᠎ᠤᠨ ᠲᠣᠮᠣ ᠬᠠᠭᠤᠷᠠᠶ ᠵᠠᠮ᠎ᠤᠨ ᠪᠣᠭᠤᠮᠲᠠ ᠬᠤᠲᠠ ᠪᠣᠯᠤᠭ᠍ᠰᠠᠨ ᠪᠠᠢᠨ᠎ᠠ᠃
ᠡᠩᠬᠡ ᠲᠠᠢᠪᠤᠩ᠎ᠤᠨ ᠡᠭᠦᠳᠡ᠂ ᠨᠥᠬᠦᠷᠯᠡᠯ᠎ᠤᠨ ᠡᠭᠦᠳᠡ ᠪᠠ ᠨᠡᠭᠡᠭᠡᠯᠲᠡ᠎ᠶ᠋ᠢᠨ ᠡᠭᠦᠳᠡ᠎ᠶ᠋ᠢ ᠲᠥᠯᠥᠭᠡᠯᠡᠵᠦ᠍ ᠪᠠᠢᠭ᠎ᠠ ᠮᠠᠨᠵᠤᠤᠷ᠎ᠲᠠᠬᠢ ᠤᠯᠤᠰ᠎ᠤᠨ ᠡᠬᠦᠳᠡ᠎ᠪᠠᠷ ᠣᠯᠠᠨ ᠤᠯᠤᠰ᠎ᠤᠨ ᠵᠢᠱᠢᠶᠡᠨᠤ ᠭᠠᠯᠲᠤ ᠲᠡᠷᠭᠡ ᠠᠯᠭᠤᠷ ᠠᠭᠠᠵᠢᠮ᠎ᠢᠶᠠᠷ ᠣᠷᠣᠵᠤ ᠢᠷᠡᠯ᠎ᠡ ᠁ ᠮᠠᠨᠵᠤᠤᠷ ᠬᠢᠯᠢ᠎ᠶ᠋ᠢᠨ ᠪᠣᠭᠤᠮᠲᠠ᠎ᠳᠤ ᠮᠠᠱᠢᠨ᠎ᠤ ᠲᠠᠭᠤ ᠦᠶ᠎ᠡ ᠦᠶ᠎ᠡ ᠲᠦᠷᠴᠢᠭᠢᠨᠡᠵᠤ᠂ ᠲᠡᠷᠭᠡ ᠬᠥᠰᠭᠡ ᠰᠦᠯᠵᠢᠯᠳᠦᠨ᠎ᠡ᠃ ᠵᠠᠰᠠᠮᠠᠯ ᠵᠠᠮ᠎ᠤᠨ ᠬᠢᠯᠢ᠎ᠶ᠋ᠢᠨ ᠪᠣᠭᠤᠮᠲᠠ᠎ᠳᠤ ᠠᠴᠢᠶᠠᠨ᠎ᠤ ᠮᠠᠱᠢᠨ ᠲᠡᠷᠭᠡ᠎ᠨᠦᠭᠦᠳ ᠪᠠᠢᠴᠠᠭᠠᠨ ᠱᠢᠯᠭᠠᠯᠲᠠ᠎ᠶ᠋ᠢ ᠬᠦᠯᠢᠶᠡᠨ᠎ᠡ᠃ ᠨᠢᠭᠡ ᠴᠤᠪᠤᠭ᠎ᠠ ᠣᠯᠠᠨ ᠤᠯᠤᠰ᠎ᠤᠨ ᠪᠠᠷᠠᠭᠠᠨ᠎ᠤ ᠭᠠᠯᠲᠤ ᠲᠡᠷᠭᠡ᠎ᠶ᠋ᠢ ᠪᠠᠢᠴᠠᠭᠠᠨ ᠱᠢᠯᠭᠠᠬᠤ᠎ᠳᠤ ᠵᠥᠪᠬᠡᠨ 10 ᠮᠢᠨᠦ᠋ᠲ ᠬᠡᠷᠡᠭ᠌ᠰᠡᠵᠤ᠂ ᠨᠢᠭᠡ ᠪᠠᠷᠠᠭᠠᠨ᠎ᠤ ᠮᠠᠱᠢᠨ ᠲᠡᠷᠭᠡ᠎ᠶ᠋ᠢ ᠪᠠᠢᠴᠠᠭᠠᠨ ᠱᠢᠯᠭᠠᠬᠤ᠎ᠳᠤ ᠵᠥᠪᠬᠡᠨ 2 ᠮᠢᠨᠦ᠋ᠲ ᠯᠡ ᠬᠡᠷᠡᠭ᠌ᠰᠡᠨ᠎ᠡ᠃ ᠮᠠᠨᠵᠤᠤᠷ ᠬᠢᠯᠢ᠎ᠶ᠋ᠢᠨ ᠪᠣᠭᠤᠮᠲᠠ᠎ᠳᠤ ᠣᠳᠣᠬᠢᠴᠢᠯᠠᠭ᠍ᠰᠠᠨ᠂ ᠲᠣᠭᠠᠴᠢᠯᠠᠭ᠍ᠰᠠᠨ᠂ ᠡᠯᠧᠺᠲᠷᠤᠨᠴᠢᠯᠠᠭ᠍ᠰᠠᠨ ᠪᠠᠢᠴᠠᠭᠠᠨ ᠱᠢᠯᠭᠠᠬᠤ ᠠᠷᠭ᠎ᠠ ᠬᠡᠯᠪᠡᠷᠢ ᠨᠢᠭᠡᠨᠲᠡ ᠭᠤᠤᠯᠯᠠᠬᠤ ᠪᠠᠢᠷᠢ᠎ᠶ᠋ᠢ ᠡᠵᠡᠯᠡᠵᠤ᠂ ᠠᠳᠡᠬᠢ ᠪᠣᠭᠤᠮᠲᠠ᠎ᠶ᠋ᠢᠨ ᠪᠡᠯᠡᠳᠭᠡᠯ ᠲᠦᠬᠦᠭᠡᠷᠦᠮᠵᠢ᠎ᠨᠢ ᠪᠦᠷᠢᠨ ᠭᠦᠢᠴᠡᠳ᠂ ᠦᠢᠯᠡᠴᠢᠯᠡᠭᠡᠨ᠎ᠤ ᠴᠢᠳᠠᠮᠵᠢ᠎ᠨᠢ ᠪᠦᠷᠢᠨ ᠲᠡᠭᠦᠯᠳᠡᠷ᠂ ᠲᠥᠪᠯᠡᠷᠡᠭᠦᠯᠵᠦ᠍ ᠲᠠᠷᠬᠠᠭᠠᠬᠤ ᠴᠢᠳᠠᠪᠤᠷᠢ᠎ᠪᠠᠷ ᠮᠠᠰᠢ ᠴᠢᠩᠭ᠎ᠠ ᠪᠠᠢᠵᠤ᠂ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠲᠡᠭᠡᠭᠡᠪᠦᠷᠢ᠎ᠶ᠋ᠢᠨ ᠪᠣᠰᠤᠭ᠎ᠠ ᠴᠣᠭ᠍ᠴᠠᠲᠤ ᠵᠠᠮ ᠬᠠᠷᠢᠯᠴᠠᠭ᠎ᠠ᠎ᠶ᠋ᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠠᠬᠡᠬᠡᠪᠤᠷᠢ᠎ᠶ᠋ᠢᠨ ᠲᠤᠤᠷ᠎ᠲᠠᠢ ᠬᠤᠯᠪᠣᠵᠤ᠂ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭᠦᠯᠪᠡ᠃
1988 ᠣᠨ᠎ᠳᠤ᠂ ᠤᠯᠤᠰ᠎ᠠᠴᠠ ᠮᠠᠨᠵᠤᠤᠷ᠎ᠢ ᠠᠵᠤ ᠠᠬᠤᠶ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠨᠡᠭᠡᠭᠡᠯᠲᠡ᠎ᠶ᠋ᠢᠨ ᠲᠤᠷᠱᠢᠯᠲᠠ᠎ᠶ᠋ᠢᠨ ᠣᠷᠣᠨ ᠪᠣᠯᠭᠠᠨ᠂ ᠤᠯᠤᠰ᠎ᠤᠨ ᠡᠭᠦᠳᠡ᠎ᠶ᠋ᠢ ᠨᠡᠭᠡᠭᠡᠵᠦ᠍᠂ ᠬᠢᠯᠢ᠎ᠶ᠋ᠢᠨ ᠠᠷᠠᠯᠵᠢᠶᠠᠨ᠎ᠤ 《ᠲᠡᠭ᠎ᠤᠨ ᠱᠢᠪᠲᠤᠯᠤᠯᠲᠠ》 ᠶ᠋ᠢ ᠪᠡᠶᠡᠯᠡᠭᠦᠯᠪᠡ᠃
1992 ᠣᠨ᠎ᠳᠤ᠂ ᠤᠯᠤᠰ᠎ᠠᠴᠠ ᠮᠠᠨᠵᠤᠤᠷ᠎ᠢ ᠠᠩᠬᠠᠳᠠᠭ᠍ᠴᠢ ᠪᠦᠯᠦᠭ ᠬᠢᠯᠢ ᠳᠠᠭᠠᠤ ᠨᠡᠭᠡᠭᠡᠯᠲᠡ ᠬᠢᠬᠦ᠌ ᠬᠤᠲᠠ᠎ᠪᠠᠷ ᠲᠣᠭ᠍ᠲᠠᠭᠠᠵᠤ᠂ ᠡᠨᠡ ᠬᠦ᠌ ᠵᠢᠵᠢᠭ᠌ᠬᠡᠨ ᠬᠤᠲᠠ᠎ᠳᠤ ᠳᠡᠭᠦᠯᠢᠨ ᠨᠢᠰᠭᠦ ᠵᠢᠭᠦᠷ ᠤᠷᠭᠤᠭᠤᠯᠵᠠᠢ᠃ ᠤᠳᠤ ᠮᠠᠨᠵᠤᠤᠷ ᠬᠢᠯᠢ᠎ᠶ᠋ᠢᠨ ᠪᠣᠭᠤᠮᠲᠠ ᠳᠤᠮᠳᠠᠳᠤ ᠣᠷᠣᠰ᠎ᠤᠨ ᠠᠷᠠᠯᠵᠢᠶᠠᠨ᠎ᠤ 60% ᠠᠴᠠ ᠳᠡᠭᠡᠭ᠌ᠰᠢᠬᠢ ᠬᠠᠭᠤᠷᠠᠶ ᠵᠠᠮ᠎ᠤᠨ ᠲᠡᠭᠡᠭᠡᠪᠦᠷᠢ᠎ᠶ᠋ᠢᠨ ᠲᠤᠬᠠᠢᠯᠠᠭ᠍ᠰᠠᠨ ᠠᠵᠢᠯ᠎ᠢ ᠡᠭᠦᠷᠭᠡᠯᠡᠵᠦ᠍ ᠪᠤᠢ᠃
2016 ᠣᠨ᠎ᠤ ᠰᠡᠭᠦᠯᠴᠢ᠎ᠪᠠᠷ᠂ 《ᠨᠢᠭᠡ ᠪᠦᠰᠡ ᠨᠢᠭᠡ ᠵᠠᠮ》 ᠳᠤ ᠠᠭᠤᠰᠤᠯᠴᠠᠭ᠍ᠰᠠᠨ ᠴᠢᠬᠤᠯᠠ ᠠᠷᠭ᠎ᠠ ᠬᠡᠮᠵᠢᠶ᠎ᠡ ᠪᠤᠯᠬᠤ — ᠮᠠᠨᠵᠤᠤᠷ᠎ᠤᠨ ᠶᠡᠷᠦᠩᠬᠡᠢᠯᠡᠭ᠌ᠰᠡᠨ ᠭᠠᠢᠯᠢ᠎ᠶ᠋ᠢᠨ ᠪᠠᠲᠤᠯᠠᠭ᠎ᠠ᠎ᠳᠤ ᠣᠷᠣᠨ ᠡᠵᠡᠩᠨᠡᠯᠲᠡ᠎ᠪᠠᠨ ᠡᠬᠢᠯᠡᠭᠦᠯᠵᠦ᠍᠂ ᠥᠪᠥᠷ ᠮᠣᠩᠭᠤᠯ᠎ᠤᠨ ᠠᠩᠬᠠᠳᠠᠭ᠍ᠴᠢ ᠶᠡᠷᠦᠩᠬᠡᠢᠯᠡᠭ᠌ᠰᠡᠨ ᠭᠠᠢᠯᠢ᠎ᠶ᠋ᠢᠨ ᠪᠠᠲᠤᠯᠠᠭ᠎ᠠ᠎ᠳᠤ ᠣᠷᠣᠨ ᠪᠣᠯᠪᠠ᠃
2017 ᠣᠨ᠎ᠳᠤ᠂ ᠮᠠᠨᠵᠤᠤᠷ ᠬᠢᠯᠢ᠎ᠶ᠋ᠢᠨ ᠪᠣᠭᠤᠮᠲᠠ᠎ᠶ᠋ᠢᠨ ᠪᠠᠷᠠᠭ᠎ᠠ ᠥᠩᠭᠡᠷᠡᠭᠦᠯᠦᠭ᠌ᠰᠡᠨ ᠬᠡᠮᠵᠢᠶ᠎ᠡ 3109 ᠲᠦᠮᠡᠨ ᠲᠣᠨ᠎ᠳᠤ ᠬᠦᠷᠴᠦ᠍᠂ ᠥᠭᠡᠷᠡᠴᠢᠯᠡᠯᠲᠡ ᠨᠡᠭᠡᠭᠡᠯᠲᠡ᠎ᠶ᠋ᠢᠨ ᠡᠬᠢᠨ᠎ᠤ ᠦᠶᠡᠶ᠋ᠢᠨᠬᠢᠠᠴᠠ 130 ᠳᠠᠬᠢᠨ ᠪᠤᠯᠵᠤ᠂ ᠵᠢᠯ ᠪᠦᠷᠢ ᠳᠤᠮᠳᠠᠴᠢ᠎ᠪᠠᠷ 13.3% ᠪᠠᠷ ᠨᠡᠮᠡᠭ᠌ᠳᠡᠪᠠ᠃
2018 ᠣᠨ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠬᠢᠯᠢ᠎ᠶ᠋ᠢᠨ ᠪᠣᠭᠤᠮᠲᠠ ᠵᠡᠷᠭᠡ 6 ᠪᠣᠭᠤᠮᠲᠠ᠎ᠨᠢ TIR ᠲᠡᠭᠡᠭᠡᠪᠦᠷᠢ᠎ᠶ᠋ᠢ ᠨᠡᠭᠡᠭᠡᠯᠲᠡ᠎ᠲᠠᠢ ᠭᠥᠯᠢᠶᠡᠨ ᠠᠪᠬᠤ ᠠᠩᠬᠠᠨ᠎ᠤ ᠪᠦᠯᠦᠭ᠎ᠤᠨ ᠪᠣᠭᠤᠮᠲᠠ ᠪᠣᠯᠪᠠ᠃
2020 ᠣᠨ᠎ᠳᠤ᠂ ᠮᠠᠨᠵᠤᠤᠷ ᠬᠢᠯᠢ᠎ᠶ᠋ᠢᠨ ᠪᠣᠭᠤᠮᠲᠠ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠶᠡᠭᠡ᠎ᠪᠠᠷ ᠨᠡᠮᠡᠭ᠌ᠳᠡᠵᠦ᠍᠂ ᠵᠢᠯ᠎ᠤᠨ ᠲᠤᠳᠤᠷ᠎ᠠ ᠠᠩᠬ᠎ᠠ ᠤᠳᠠᠭ᠎ᠠ 3500 ᠴᠤᠪᠤᠭ᠎ᠠ᠎ᠶ᠋ᠢ ᠳᠠᠪᠠᠵᠤ᠂ 12 ᠰᠠᠷ᠎ᠠ ᠳᠠᠷᠠᠭᠠᠯᠠᠨ ᠲᠣᠭ᠍ᠲᠠᠭᠤᠨ᠎ᠢᠶᠠᠷ ᠨᠡᠮᠡᠭ᠌ᠳᠡᠪᠡ᠃
2021 ᠤᠨ᠎ᠤ 4 ᠰᠠᠷ᠎ᠠ᠎ᠶ᠋ᠢᠨ 13 ᠤ ᠡᠳᠦᠷ᠎ᠤᠨ 12 ᠴᠠᠭ 58 ᠮᠢᠨᠦ᠋ᠲ᠎ᠲᠤ᠌᠂ 3707 ᠳ᠋ᠤᠭᠠᠷ ᠤᠳᠠᠭ᠎ᠠ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ ᠮᠠᠨᠵᠤᠤᠷ ᠥᠷᠲᠡᠭᠡ᠎ᠠᠴᠠ ᠫᠤᠯᠠᠨᠳ᠋᠎ᠤᠨ ᠮᠠᠷᠠᠱᠤᠤᠴᠢᠶ᠋ᠢ ᠵᠤᠷᠢᠪᠠ᠃ ᠢᠩᠭᠢᠭᠡᠳ ᠮᠠᠨᠵᠤᠤᠷ᠎ᠤᠨ ᠲᠡᠮᠦᠷ ᠵᠠᠮ᠎ᠤᠨ ᠬᠢᠯᠢ᠎ᠶ᠋ᠢᠨ ᠪᠣᠭᠤᠮᠲᠠ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠲᠤᠭ᠎ᠠ 10000 ᠴᠤᠪᠤᠭ᠎ᠠ᠎ᠶ᠋ᠢ ᠳᠠᠪᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠥᠭᠡᠳ ᠰᠠᠭᠠᠳ ᠥᠬᠡᠶ ᠨᠡᠪᠲᠡᠷᠡᠬᠦ᠌᠎ᠶ᠋ᠢ ᠪᠦᠲᠦᠮᠵᠢᠲᠡᠶ ᠬᠠᠮᠠᠭᠠᠯᠠᠪᠠ᠃
᠁

ᠮᠠᠨᠵᠤᠤᠷ ᠬᠢᠯᠢ ᠶ᠋ᠢᠨ ᠪᠣᠭᠤᠮᠲᠠ ᠪᠠᠷ ᠣᠷᠣᠵᠤ
ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ
ᠭᠠᠯᠲᠤ ᠲᠡᠷᠭᠡ ᠲᠦᠮᠡᠨ ᠴᠤᠪᠤᠭ᠎ᠠ ᠶ᠋ᠢ ᠳᠠᠪᠠᠪᠠ
ᠮᠠᠨᠵᠤᠤᠷ ᠪᠣᠯ ᠥᠩᠭᠡ ᠢᠯᠭᠠᠷᠠᠭ᠍ᠰᠠᠨ᠂ ᠥᠪᠡᠷᠮᠢᠴᠡ ᠤᠨᠴᠠᠯᠢᠭ᠎ᠢᠶᠠᠷ ᠪᠢᠯᠬᠠᠭ᠍ᠰᠠᠨ ᠬᠢᠯᠢ ᠶ᠋ᠢᠨ ᠨᠠᠷᠠᠲᠤ ᠬᠤᠲᠠ ᠪᠠᠢᠵᠤ᠂ ᠳᠤᠮᠳᠠᠳᠤ᠂ ᠣᠷᠣᠰ᠂ ᠮᠣᠩᠭᠤᠯ ᠭᠤᠷᠪᠠᠨ ᠤᠯᠤᠰ ᠢ ᠠᠭᠤᠰᠤᠯᠴᠠᠭᠤᠯᠤᠨ᠂ ᠣᠯᠠᠨ ᠠᠴᠠ ᠬᠡᠲᠦᠢᠳᠦᠭ᠌ᠰᠡᠨ ᠵᠢᠭᠤᠯᠴᠢᠯᠠᠯ᠎ᠤᠨ ᠡᠬᠢ ᠪᠠᠶᠠᠯᠢᠭ ᠲᠠᠢ ᠶᠤᠮ᠃ 《ᠠᠽᠢᠶ᠎ᠠ ᠧᠦ᠋ᠷᠣᠫᠠ ᠶ᠋ᠢᠨ ᠳᠤᠮᠤ ᠵᠠᠮ ᠬᠥᠭᠦᠷᠭᠡ》 ᠂ 《ᠠᠽᠢᠶ᠎ᠠ ᠲᠢᠪ᠎ᠤᠨ ᠴᠣᠩᠬᠤ》᠂ 《ᠪᠥᠬᠦ᠌ ᠤᠯᠤᠰ᠎ᠤᠨ ᠪᠣᠯᠪᠠᠰᠤᠨ ᠬᠤᠲᠠ》᠂ 《ᠳᠤᠮᠳᠠᠳᠤ ᠤᠯᠤᠰ᠎ᠤᠨ ᠬᠢᠯᠢ ᠬᠢᠵᠠᠭᠠᠷ᠎ᠤᠨ ᠨᠠᠷᠠᠲᠤ ᠪᠠᠯᠭᠠᠰᠤ》 ᠵᠡᠷᠭᠡ ᠢᠷᠠᠭᠤ ᠠᠯᠳᠠᠷ᠎ᠢ ᠭᠥᠷᠳᠡᠭ᠌ᠰᠡᠨ ᠮᠠᠨᠵᠤᠤᠷ ᠬᠤᠳᠠ ᠤᠮᠠᠷᠠᠳᠦ ᠬᠢᠯᠢ᠎ᠶ᠋ᠢᠨ ᠬᠡᠷᠡᠯᠳᠦ ᠰᠤᠪᠤᠳ᠎ᠤᠨ ᠬᠡᠷᠡᠯ ᠬᠢᠯᠪᠠᠭ᠎ᠠ᠎ᠪᠠᠨ ᠰᠠᠴᠤᠷᠠᠭᠤᠯᠤᠭ᠍ᠰᠠᠭᠠᠷ ᠁

ᠮᠠᠨᠵᠤᠤᠷ ᠬᠢᠯᠢ᠎ᠶ᠋ᠢᠨ ᠪᠣᠭᠤᠮᠲᠠ᠎ᠪᠠᠷ
ᠥᠩᠭᠡᠷᠡᠵᠦ᠍ ᠪᠠᠢᠭ᠎ᠠ ᠠᠶᠠᠨᠴᠢᠳ

ᠣᠷᠣᠰ᠎ᠤᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭ᠌ᠳᠡᠬᠦᠨ
ᠮᠠᠨᠵᠤᠤᠷ ᠬᠤᠳᠠ ᠳᠤ ᠦᠷᠬᠡᠨ᠎ᠢᠶᠠᠷ ᠪᠤᠷᠤᠯᠠᠭᠤᠯᠤᠭ᠍ᠳᠠᠨᠠ

ᠮᠠᠨᠵᠤᠤᠷ ᠥᠷᠲᠡᠭᠡᠨ᠎ᠤ ᠴᠢᠩᠭᠡᠯᠢᠭ᠎ᠤᠨ ᠲᠠᠯᠠᠪᠠᠢ

ᠰᠥᠨᠢ᠎ᠶ᠋ᠢᠨ ᠬᠡᠤᠬᠡᠯᠳᠡᠶ᠎ᠶ᠋ᠢᠨ ᠦᠵᠡᠮᠵᠢ
ᠶ᠋ᠢᠨ ᠣᠷᠣᠨ ᠤ ᠪᠠᠭᠤᠳᠠᠯ