ᠠᠷᠪᠠᠨ ᠨᠢᠭᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ᠄ 2006 — 2010 ᠤᠨ᠎ᠤ ᠤᠯᠤᠰ ᠠᠷᠠᠳ᠎ᠤᠨ ᠠᠵᠤ ᠠᠬᠤᠢ ᠪᠠ ᠨᠠᠢᠭᠡᠮ᠎ᠤᠨ ᠬᠦᠭ᠌ᠵᠢᠯᠳᠠ᠎ᠶ᠋ᠢᠨ ᠲᠦᠯᠦᠪᠵᠢᠬᠦᠯᠭᠡ ᠪᠤᠯ ᠲᠤᠮᠳᠠᠳᠤ ᠤᠯᠤᠰ᠎ᠤᠨ ᠠᠷᠪᠠᠨ ᠨᠢᠭᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ ᠪᠤᠯᠤᠨ᠎ᠠ᠃ 2006 ᠤᠨ᠎ᠤ 3 ᠰᠠᠷ᠎ᠠ᠎ᠳᠤ ᠠᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠠᠴᠠ 《ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠤᠯᠤᠰ ᠠᠷᠠᠳ ᠤᠨ ᠠᠵᠤ ᠠᠬᠤᠢ ᠪᠠ ᠨᠠᠢᠭᠡᠮ᠎ᠤᠨ ᠬᠦᠭ᠌ᠵᠢᠯᠳᠠ᠎ᠶ᠋ᠢᠨ 〈ᠠᠷᠪᠠᠨ ᠨᠢᠭᠡᠳᠦᠭᠡᠷ ᠲᠠᠪᠤᠨ ᠵᠢᠯ〉 ᠤᠨ ᠲᠦᠯᠦᠪᠵᠢᠬᠦᠯᠭᠡ᠎ᠶ᠋ᠢᠨ ᠬᠦᠳᠦᠯᠪᠤᠷᠢ》 ᠶ᠋ᠢ ᠬᠢᠨᠠᠨ ᠪᠠᠳᠤᠯᠠᠪᠠ᠃ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠵᠢᠬᠦᠯᠭᠡ᠎ᠶ᠋ᠢᠨ ᠬᠦᠳᠦᠯᠪᠤᠷᠢ᠎ᠳᠤ ᠲᠤᠭ᠍ᠳᠠᠭᠠᠭ᠍ᠰᠠᠨ ᠬᠠᠷᠠᠯᠳᠠ᠂ ᠡᠭᠦᠷᠭᠡ ᠪᠠ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠨᠢ ᠴᠢᠨᠡᠭᠡᠯᠢᠭ ᠨᠠᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠬᠠᠷᠠᠯᠳᠠ᠎ᠲᠠᠢ ᠵᠤᠯᠭᠠᠯᠴᠠᠬ᠍ᠰᠠᠨᠢᠶᠠᠷ ᠪᠠᠷᠠᠬᠤ ᠦᠭᠡᠢ᠂ ᠠᠵᠤ ᠠᠬᠤᠢ ᠨᠠᠢᠭᠡᠮ᠎ᠤᠨ ᠭᠦᠭ᠌ᠵᠢᠯᠳᠠ᠎ᠶ᠋ᠢᠨ ᠪᠤᠰᠤᠳᠴᠢ ᠱᠠᠭᠠᠷᠳᠠᠯᠭ᠎ᠠ ᠪᠠ ᠱᠠᠳᠤ ᠦᠶ᠎ᠠ᠎ᠶ᠋ᠢᠨ ᠤᠨᠴᠠᠯᠢᠭ ᠱᠢᠨᠵᠢ᠎ᠶ᠋ᠢ ᠴᠤ᠌ ᠢᠯᠡᠷᠡᠭᠦᠯᠵᠡᠢ᠃ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠵᠢᠬᠦᠯᠭᠡ᠎ᠨᠢ ᠪᠠᠰᠠ ᠠᠩᠬ᠎ᠠ ᠤᠳᠠᠭ᠎ᠠ 50 ᠭᠠᠷᠤᠢ ᠵᠢᠯ ᠬᠡᠷᠡᠭ᠌ᠯᠡᠭ᠌ᠰᠡᠭᠡᠷ ᠢᠷᠡᠭ᠌ᠰᠡᠨ 《ᠲᠦᠯᠦᠪᠯᠡᠭᠡ》 ᠶ᠋ᠢ 《ᠲᠦᠯᠦᠪᠵᠢᠬᠦᠯᠭᠡ》 ᠪᠤᠯᠭᠠᠨ ᠬᠠᠯᠠᠵᠠᠢ᠃ ᠡᠨᠡ᠎ᠨᠢ ᠨᠢᠭᠡᠭᠡᠨ ᠦᠰᠦᠭ᠎ᠤᠨ ᠵᠦᠷᠢᠶ᠎ᠠ᠎ᠲᠠᠢ ᠪᠤᠯᠪᠠᠴᠤ᠌ ᠨᠠᠢᠭᠡᠮ ᠵᠢᠷᠤᠮ᠎ᠤᠨ ᠵᠠᠬ᠎ᠠ ᠲᠠᠯᠭᠡᠬᠦᠷ᠎ᠤᠨ ᠠᠵᠤ ᠠᠬᠤᠢ᠎ᠶ᠋ᠢᠨ ᠨᠦᠬᠦᠴᠡᠯ ᠳᠠᠬᠢ ᠲᠤᠮᠳᠠ ᠤᠷᠳᠤ ᠬᠤᠭᠤᠴᠠᠭᠠᠨ᠎ᠤ ᠲᠦᠯᠦᠪᠵᠢᠬᠦᠯᠭᠡ᠎ᠶ᠋ᠢᠨ ᠡᠭᠦᠷᠭᠡ ᠴᠢᠳᠠᠪᠬᠢ ᠪᠠᠢᠷᠢ ᠲᠤᠭ᠍ᠳᠠᠭᠠᠯᠳᠠᠶ᠋ᠢ ᠢᠯᠡᠷᠡᠬᠦᠯᠵᠦ᠍᠂ ᠮᠠᠨ᠎ᠤ ᠤᠯᠤᠰ᠎ᠤᠨ ᠭᠦᠭ᠌ᠵᠢᠯᠳᠠ᠎ᠶ᠋ᠢᠨ ᠤᠢ᠍ᠢᠯᠠᠭᠠᠭ᠍ᠳᠠᠬᠤᠨ᠂ ᠠᠵᠤ ᠠᠬᠤᠢ᠎ᠶ᠋ᠢᠨ ᠪᠠᠢᠭᠤᠯᠤᠮᠵᠢ᠂ ᠵᠠᠰᠠᠭ᠎ᠤᠨ ᠤᠷᠳᠤᠨ᠎ᠤ ᠡᠭᠦᠷᠭᠡ ᠴᠢᠳᠠᠪᠬᠢ᠎ᠶ᠋ᠢᠨ ᠴᠢᠬᠤᠯᠠ ᠶᠡᠭᠡ ᠬᠤᠪᠢᠷᠠᠯᠳᠠ᠎ᠶ᠋ᠢ ᠲᠤᠰᠭᠠᠪᠠ᠃ 《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠮᠠᠨ᠎ᠤ ᠤᠯᠤᠰ ᠠᠵᠤ ᠠᠬᠤᠢ᠎ᠶ᠋ᠢᠨ ᠲᠤᠭ᠍ᠳᠠᠭᠤᠨ ᠪᠦᠭᠡᠳ ᠨᠠᠯᠢᠶᠠᠳ ᠲᠦᠷᠭᠡᠨ ᠭᠦᠭ᠌ᠵᠢᠯᠳᠠᠶ᠋ᠢ ᠪᠠᠳᠤᠯᠠᠵᠦ᠍᠂ ᠶᠠᠷᠦᠩᠭᠡᠢᠯᠡᠭ᠌ᠰᠡᠨ ᠤᠯᠤᠰ᠎ᠤᠨ ᠬᠦᠴᠦᠨ ᠢᠯᠡᠳᠳᠡ ᠲᠡᠭᠡᠭ᠌ᠰᠢᠯᠡᠵᠦ᠍᠂ ᠨᠡᠢᠭᠡᠮ᠎ᠤᠨ ᠠᠵᠢᠯ ᠦᠢᠯᠡᠰ ᠢᠯᠡᠳᠳᠡ ᠠᠬᠢᠵᠦ᠍᠂ ᠠᠷᠠᠳ᠎ᠤᠨ ᠠᠮᠢᠳᠤᠷᠠᠯ ᠢᠯᠡᠳᠳᠡ ᠰᠠᠢᠵᠢᠷᠠᠪᠠ᠃
《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠤᠳᠤᠷᠢᠳᠤᠯᠭ᠎ᠠ ᠲᠤᠤᠷ᠎ᠠ᠂ ᠱᠢᠨᠵᠢᠯᠡᠬᠦ᠌ ᠤᠬᠠᠭᠠᠨᠴᠢ ᠬᠦᠭ᠌ᠵᠢᠯᠳᠠ᠎ᠶ᠋ᠢᠨ ᠦᠵᠡᠯᠳᠡ᠎ᠶ᠋ᠢᠨ ᠱᠠᠭᠠᠷᠳᠠᠯᠭ᠎ᠠ ᠶᠤᠰᠤᠭᠠᠷ᠂ ᠦᠪᠤᠷ ᠮᠤᠩᠭᠤᠯ᠎ᠤᠨ ᠱᠢᠨ᠎ᠠ ᠬᠡᠯᠪᠠᠷᠢ᠎ᠶ᠋ᠢᠨ ᠠᠵᠤ ᠦᠢᠯᠡᠳᠪᠤᠷᠢᠵᠢᠯᠳᠠ᠎ᠶ᠋ᠢᠨ ᠠᠬᠢᠴᠠ ᠲᠦᠷᠬᠡᠳᠤᠨ ᠠᠵᠤ ᠦᠢᠯᠡᠳᠪᠤᠷᠢ᠎ᠶ᠋ᠢᠨ ᠠᠵᠤ ᠠᠬᠤᠢ ᠲᠦᠷᠭᠡᠨ ᠭᠦᠭ᠌ᠵᠢᠵᠤ᠂ ᠪᠦᠳᠦᠴᠡ᠎ᠶ᠋ᠢᠨ ᠲᠤᠬᠢᠷᠠᠭᠤᠯᠤᠯᠳᠠ ᠱᠢᠯᠢᠳᠡᠭ᠌ᠵᠢᠨ ᠶᠠᠰᠤ ᠴᠢᠨᠠᠷ ᠦᠷ᠎ᠠ ᠪᠦᠳᠦᠮᠵᠢ ᠰᠠᠢᠵᠢᠷᠠᠵᠤ᠂ ᠪᠦᠬᠦ᠌ ᠤᠷᠤᠨ᠎ᠤ ᠠᠵᠤ ᠠᠬᠤᠢ᠎ᠶ᠋ᠢᠨ ᠨᠡᠮᠡᠭ᠌ᠳᠡᠯ᠎ᠳᠤ ᠶᠡᠭᠡᠭᠡᠨ ᠬᠤᠪᠢ ᠨᠠᠮᠠᠷᠢ ᠦᠵᠡᠬᠦᠯᠵᠠᠢ᠃
ᠡᠬᠢ ᠪᠠᠶᠠᠯᠢᠭ᠎ᠤᠨ ᠬᠡᠯᠪᠡᠷᠢ᠎ᠶ᠋ᠢᠨ ᠦᠪᠡᠷᠮᠢᠴᠡ ᠤᠨᠴᠠᠯᠢᠭ᠎ᠲᠠᠢ ᠲᠠᠪᠠᠭᠤᠯᠢᠭ᠍ᠳᠤ ᠠᠵᠤ ᠦᠢᠯᠡᠰ᠂ ᠲᠤᠨᠤᠭ᠍ᠯᠠᠯ ᠦᠢᠯᠡᠳᠬᠦ᠌ ᠦᠢᠯᠡᠰ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠭ᠍ᠰᠠᠨ ᠠᠵᠤ ᠦᠢᠯᠡᠰ ᠬᠤᠢᠨ᠎ᠠ ᠬᠤᠢᠨ᠎ᠠ᠎ᠠᠴᠠ᠎ᠪᠠᠨ ᠪᠤᠢ ᠪᠤᠯᠵᠤ᠂ ᠤᠳᠤ ᠦᠶ᠎ᠠ᠎ᠶ᠋ᠢᠨ ᠱᠢᠨ᠎ᠠ ᠬᠡᠯᠪᠡᠷᠢ᠎ᠶ᠋ᠢᠨ ᠠᠵᠤ ᠦᠢᠯᠡᠳᠪᠤᠷᠢ᠎ᠶ᠋ᠢᠨ ᠬᠤᠳᠠ ᠪᠤᠯᠤᠨ ᠠᠵᠤ ᠦᠢᠯᠡᠳᠪᠤᠷᠢ᠎ᠶ᠋ᠢᠨ ᠬᠦᠷᠢᠶᠠᠯᠠᠩ ᠲᠤᠭᠤᠷᠢᠭᠨᠤᠭᠤᠳ ᠦᠪᠤᠷ ᠮᠤᠩᠭᠤᠯ᠎ᠤᠨ ᠲᠠᠯ᠎ᠠ ᠨᠤᠳᠤᠭ᠎ᠲᠤ ᠵᠠᠯᠭᠠᠭ᠎ᠠ᠎ᠪᠠᠷ ᠰᠦᠨᠳᠡᠷᠯᠡᠨ ᠪᠤᠰᠴᠦ᠍᠂ ᠦᠪᠤᠷ ᠮᠤᠩᠭᠤᠯ᠎ᠤᠨ ᠠᠵᠤ ᠦᠢᠯᠡᠳᠪᠤᠷᠢ᠎ᠶ᠋ᠢᠨ ᠠᠵᠤ ᠠᠬᠤᠢ ᠱᠢᠨ᠎ᠠ ᠲᠠᠪᠠᠯᠳᠠ᠎ᠲᠠᠢ ᠪᠤᠯᠤᠭ᠍ᠰᠠᠨ ᠪᠠᠢᠨ᠎ᠠ᠃
《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠤᠯᠤᠰ᠎ᠤᠨ ᠨᠠᠢᠷᠠᠮᠳᠠᠯ᠎ᠢᠶᠠᠷ ᠬᠦᠭ᠌ᠵᠢᠨ ᠮᠠᠨᠳᠤᠬᠤ ᠪᠠ ᠪᠠᠷᠠᠭᠤᠨ ᠤᠷᠤᠨ᠎ᠢ ᠶᠡᠭᠡ᠎ᠪᠠᠷ ᠨᠠᠭᠡᠭᠡᠨ ᠭᠦᠭ᠌ᠵᠢᠬᠦᠯᠬᠦ᠌ ᠪᠠᠢᠯᠳᠤᠬᠤ ᠪᠤᠳᠤᠯᠭ᠎ᠠ᠎ᠶ᠋ᠢᠨ ᠠᠵᠠ ᠲᠤᠬᠢᠶᠠᠯ᠎ᠢ ᠠᠳᠭᠤᠨ ᠱᠢᠨ᠎ᠠ ᠬᠡᠯᠪᠠᠷᠢ᠎ᠶ᠋ᠢᠨ ᠠᠵᠤ ᠦᠢᠯᠡᠳᠪᠤᠷᠢᠵᠢᠯᠳᠠ᠎ᠶ᠋ᠢ ᠲᠦᠷᠭᠡᠳᠭᠡᠬᠦ᠌᠎ᠶ᠋ᠢ ᠭᠤᠢᠪᠢᠰᠢ ᠦᠭᠡᠢ ᠠᠬᠢᠭᠤᠯᠤᠭ᠍ᠰᠠᠨ᠎ᠢᠶᠠᠷ ᠠᠵᠤ ᠦᠢᠯᠡᠳᠪᠤᠷᠢᠵᠢᠯᠳᠠ ᠦᠷᠬᠦᠯᠵᠢᠯᠡᠨ ᠲᠦᠷᠭᠡᠰᠴᠦ᠍᠂ ᠪᠦᠬᠦ᠌ ᠤᠷᠤᠨ᠎ᠤ ᠠᠵᠦ᠍ ᠦᠢᠯᠡᠳᠪᠤᠷᠢ᠎ᠶ᠋ᠢᠨ ᠠᠵᠤ ᠠᠬᠤᠢ᠎ᠶ᠋ᠢᠨ ᠪᠤᠳᠠᠳᠤ ᠬᠦᠴᠦᠨ ᠢᠯᠡᠳᠳᠡ ᠴᠢᠩᠭᠠᠷᠠᠪᠠ᠃ ᠬᠡᠪᠴᠢᠶᠠᠵᠢᠯ᠎ᠠᠴᠠ ᠲᠡᠭᠡᠭ᠌ᠰᠢ ᠠᠵᠤ ᠦᠢᠯᠡᠳᠪᠤᠷᠢ᠎ᠶ᠋ᠢᠨ ᠨᠡᠮᠡᠭ᠌ᠳᠡᠯ ᠦᠷᠳᠡᠭ 2005 ᠤᠨ᠎ᠳᠤ 1136 ᠳ᠋ᠦᠡᠭ᠌ᠰᠢᠭᠤᠷ ᠲᠦᠭᠦᠷᠢᠭ ᠪᠠᠢᠬ᠍ᠰᠠᠨ᠎ᠠᠴᠠ᠎ᠪᠠᠨ 2009 ᠤᠨ᠎ᠳᠤ 4400.45 ᠳ᠋ᠦᠡᠭ᠌ᠰᠢᠭᠤᠷ ᠲᠦᠭᠦᠷᠢᠭ ᠪᠤᠯᠤᠨ ᠨᠡᠮᠡᠭ᠌ᠳᠡᠵᠦ᠍᠂ ᠵᠢᠯ ᠲᠤᠮᠳᠠᠴᠢ᠎ᠪᠠᠷ 27.13% ᠪᠠᠷ ᠨᠡᠮᠡᠭ᠌ᠳᠡᠪᠠ; ᠠᠵᠤ ᠦᠢᠯᠡᠳᠪᠤᠷᠢ᠎ᠶ᠋ᠢᠨ ᠤᠯᠤᠰ ᠠᠷᠠᠳ᠎ᠤᠨ ᠠᠵᠤ ᠠᠬᠤᠢ᠎ᠳᠠᠬᠢ ᠬᠤᠪᠢ᠎ᠶ᠋ᠢᠨ ᠵᠢᠩ 2005 ᠤᠨ᠎ᠳᠤ 37.8% ᠪᠠᠢᠬ᠍ᠰᠠᠨ᠎ᠠᠴᠠ᠎ᠪᠠᠨ 2009 ᠤᠨ᠎ᠳᠤ 46.2% ᠪᠤᠯᠵᠤ ᠲᠡᠭᠡᠭ᠌ᠰᠢᠯᠡᠵᠠᠢ; ᠪᠦᠬᠦ᠌ ᠤᠷᠤᠨ᠎ᠤ ᠬᠡᠪᠴᠢᠶᠠᠵᠢᠯ᠎ᠠᠴᠠ ᠲᠡᠭᠡᠭ᠌ᠰᠢᠬᠢ ᠠᠵᠤ ᠦᠢᠯᠡᠳᠪᠤᠷᠢ᠎ᠶ᠋ᠢᠨ ᠠᠵᠤ ᠠᠬᠤᠢ᠍ᠢᠯᠠᠯ᠎ᠤᠨ ᠠᠱᠢᠭ ᠤᠯᠵᠠᠪᠤᠷᠢ 2005 ᠤᠨ᠎ᠳᠤ 220 ᠳ᠋ᠦᠡᠭ᠌ᠰᠢᠭᠤᠷ ᠲᠦᠭᠦᠷᠢᠭ ᠪᠠᠢᠬ᠍ᠰᠠᠨ᠎ᠠᠴᠠ᠎ᠪᠠᠨ 2009 ᠤᠨ᠎ᠳᠤ 812 ᠳ᠋ᠦᠡᠭ᠌ᠰᠢᠭᠤᠷ ᠲᠦᠭᠦᠷᠢᠭ ᠪᠤᠯᠵᠤ ᠨᠡᠮᠡᠭ᠌ᠳᠡᠵᠠᠢ᠃
ᠠᠵᠤ ᠦᠢᠯᠡᠳᠪᠤᠷᠢ᠎ᠶ᠋ᠢᠨ ᠠᠵᠤ ᠠᠬᠤᠢ᠎ᠶ᠋ᠢᠨ ᠪᠦᠳᠦᠴᠡ᠎ᠶ᠋ᠢᠨ ᠲᠤᠬᠢᠷᠠᠭᠤᠯᠤᠯᠳᠠ ᠢᠯᠡᠳᠳᠡ ᠠᠬᠢᠯᠳᠠ᠎ᠲᠠᠢ ᠪᠤᠯᠪᠠ᠃ 《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ᠎ᠤ ᠠᠵᠤ ᠦᠢᠯᠡᠳᠪᠤᠷᠢ᠎ᠶ᠋ᠢᠨ ᠠᠵᠤ ᠠᠬᠤᠢ ᠡᠨᠧᠷᠬᠢ ᠪᠠ ᠲᠦᠭᠦᠭᠡᠢ ᠮᠠᠲ᠋ᠧᠷᠢᠶᠠᠯ᠎ᠢᠶᠠᠷ ᠭᠤᠤᠯᠯᠠᠭᠤᠯᠤᠭ᠍ᠰᠠᠨ ᠳ᠋ᠠᠩ ᠴᠤᠯᠭᠤᠢ ᠪᠦᠳᠦᠴᠡ᠎ᠲᠠᠢ ᠪᠠᠢᠬ᠍ᠰᠠᠨ᠎ᠠᠴᠠ᠎ᠪᠠᠨ ᠠᠭᠠᠵᠢᠮ᠎ᠢᠶᠠᠷ ᠤᠯᠠᠨ ᠲᠦᠢᠯ᠎ᠢᠶᠠᠷ ᠲᠤᠯᠭᠠᠭᠤᠷᠢᠯᠠᠨ ᠤᠯᠠᠨ ᠡᠱᠢᠵᠢᠨ ᠬᠦᠭ᠌ᠵᠢᠵᠤ᠂ ᠡᠨᠧᠷᠬᠢ᠂ ᠬᠢᠮᠢ᠎ᠶ᠋ᠢᠨ ᠠᠵᠤ ᠦᠢᠯᠡᠳᠪᠤᠷᠢ᠂ ᠲᠠᠮᠦᠷᠯᠢᠭ ᠬᠠᠢᠯᠤᠭᠤᠯᠬᠤ ᠵᠢᠴᠢ ᠪᠠᠷᠢᠯᠭ᠎ᠠ᠎ᠶ᠋ᠢᠨ ᠮᠠᠲ᠋ᠧᠷᠢᠶᠠᠯ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠬᠦᠨ᠎ᠢ ᠡᠳ᠋ᠱᠢᠬᠦᠯᠬᠦ᠌᠎ᠪᠠᠷ ᠭᠤᠤᠯᠯᠠᠭᠤᠯᠤᠭ᠍ᠰᠠᠨ ᠤᠯᠠᠮᠵᠢᠯᠠᠯᠳᠤ ᠲᠠᠪᠠᠭᠤᠯᠢᠭ ᠠᠵᠤ ᠦᠢᠯᠡᠰ᠂ ᠲᠤᠨᠤᠬ᠍ᠯᠠᠯ ᠦᠢᠯᠡᠳᠬᠦ᠌ ᠦᠢᠯᠡᠰ᠎ᠢᠶᠠᠷ ᠭᠤᠤᠯᠯᠠᠭᠤᠯᠤᠭ᠍ᠰᠠᠨ ᠡᠬᠢ ᠪᠠᠶᠠᠯᠢᠭ᠎ᠤᠨ ᠪᠤᠰᠤ ᠬᠡᠯᠪᠡᠷᠢ᠎ᠶ᠋ᠢᠨ ᠠᠵᠤ ᠦᠢᠯᠡᠰ᠂ ᠱᠢᠨ᠎ᠠ ᠡᠨᠧᠷᠬᠢ᠂ ᠱᠢᠨ᠎ᠠ ᠮᠠᠲ᠋ᠧᠷᠢᠶᠠᠯ᠎ᠢᠶᠠᠷ ᠭᠤᠤᠯᠯᠠᠭᠤᠯᠤᠭ᠍ᠰᠠᠨ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠭ᠍ᠰᠠᠨ ᠠᠵᠤ ᠦᠢᠯᠡᠰ ᠵᠡᠷᠭᠡ ᠤᠯᠠᠨ ᠲᠦᠷᠦᠯ᠎ᠤᠨ ᠠᠵᠤ ᠦᠢᠯᠡᠰ ᠵᠡᠷᠭᠡ᠎ᠪᠠᠷ ᠭᠦᠭ᠌ᠵᠢᠭ᠌ᠰᠡᠨ ᠱᠢᠨ᠎ᠠ ᠪᠠᠢᠳᠠᠯ᠎ᠲᠠᠢ ᠪᠤᠯᠵᠠᠢ᠃ ᠤᠳᠤ ᠦᠪᠤᠷ ᠮᠤᠩᠭᠤᠯ ᠨᠢᠭᠡᠨᠳᠡ ᠤᠯᠤᠰ᠎ᠤᠨ ᠴᠢᠬᠤᠯᠠ ᠡᠨᠧᠷᠬᠢ᠎ᠶ᠋ᠢᠨ ᠰᠠᠭᠤᠷᠢᠨ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠬᠦᠨ᠎ᠢ ᠨᠠᠷᠢᠯᠢᠭ ᠡᠳ᠋ᠱᠢᠬᠦᠯᠬᠦ᠌ ᠪᠠ ᠬᠦᠨᠳᠦ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠰᠠᠭᠤᠷᠢᠨ ᠪᠤᠯᠵᠤ᠂ ᠠᠵᠤ ᠦᠢᠯᠡᠳᠪᠤᠷᠢ᠎ᠶ᠋ᠢᠨ ᠪᠠᠢᠷᠢᠱᠢᠯ ᠬᠢᠬᠡᠳ ᠪᠦᠳᠦᠴᠡ ᠲᠠᠰᠤᠷᠠᠯᠳᠠ ᠦᠭᠡᠢ ᠱᠢᠯᠢᠳᠡᠭ᠌ᠵᠢᠨ᠂ ᠠᠵᠤ ᠦᠢᠯᠡᠰ᠎ᠢ ᠲᠦᠪᠯᠡᠷᠡᠭᠦᠯᠦᠭ᠌ᠰᠡᠨ ᠬᠡᠮᠵᠢᠶ᠎ᠠ ᠤᠯᠠᠮ ᠲᠡᠭᠡᠭ᠌ᠰᠢᠯᠡᠵᠦ᠍᠂ ᠤᠳᠤᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ ᠦᠨᠳᠦᠰᠦᠨ᠎ᠳᠡᠭᠡᠨ ᠪᠦᠷᠢᠯᠳᠤᠪᠠ᠃

2006 ᠤᠨ᠎ᠤ 3 ᠰᠠᠷ᠎ᠠ᠎ᠶ᠋ᠢᠨ 25 ᠤ ᠡᠳᠦᠷ᠂ ᠱᠧᠨ ᠬᠤᠸᠠ ᠵᠦᠨ ᠨᠧᠩ ᠪᠦᠯᠦᠭ᠌ᠯᠡᠯ᠎ᠤᠨ ᠳ᠋ᠠᠲ᠋ᠦ᠋ᠩ — ᠵᠡᠬᠦᠨᠭᠠᠷ ᠬᠦᠷᠬᠦ᠌ ᠲᠠᠮᠤᠷ ᠵᠠᠮ᠎ᠤᠨ ᠲᠦᠮᠠᠨ ᠲᠤᠨ᠎ᠤ ᠬᠦᠨᠳᠤ ᠠᠴᠢᠶᠠᠨ᠎ᠤ ᠭᠠᠯᠳᠤ ᠲᠡᠷᠭᠡ ᠡᠬᠢᠯᠡᠨ ᠬᠦᠳᠡᠯᠪᠡ᠃ (ᠱᠢᠤᠢ ᠷᠦᠩ ᠰᠡᠬᠦᠳᠡᠷᠯᠡᠪᠡ)
ᠠᠵᠤ ᠦᠢᠯᠠᠰ᠎ᠤᠨ ᠭᠦᠭ᠌ᠵᠢᠯᠳᠠ᠎ᠶ᠋ᠢᠨ ᠲᠦᠪᠱᠢᠨ ᠢᠯᠡᠳᠳᠡ ᠲᠡᠭᠡᠭ᠌ᠰᠢᠯᠡᠪᠠ᠃ 《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠦᠨᠳᠦᠷ ᠲᠦᠪᠱᠢᠨ᠂ ᠦᠨᠳᠦᠷ ᠪᠠᠷᠢᠮᠵᠢᠶ᠎ᠠ᠎ᠪᠠᠷ ᠨᠢᠭᠡ ᠪᠦᠯᠦᠭ ᠤᠯᠤᠰ᠎ᠤᠨ ᠲᠤᠳᠤᠭᠠᠳᠤ ᠭᠠᠳᠠᠭᠠᠳᠤ᠎ᠳᠤ ᠬᠤᠱᠢᠭᠤᠷᠠᠵᠦ᠍ ᠪᠠᠢᠭ᠎ᠠ ᠲᠦᠷᠦᠯ ᠵᠦᠢᠯ᠎ᠢ ᠪᠦᠳᠦᠬᠡᠨ ᠪᠠᠢᠭᠤᠯᠵᠤ᠂ ᠡᠨᠧᠷᠬᠢ᠂ ᠬᠢᠮᠢ᠎ᠶ᠋ᠢᠨ ᠠᠵᠤ ᠦᠢᠯᠡᠳᠪᠤᠷᠢ᠂ ᠲᠠᠮᠦᠷᠯᠢᠭ ᠬᠠᠢᠯᠤᠭᠤᠯᠬᠤ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠬᠦᠨ᠎ᠢ ᠡᠳ᠋ᠱᠢᠬᠦᠯᠬᠦ᠌ ᠵᠡᠷᠭᠡ ᠭᠤᠤᠯ ᠪᠤᠯᠬᠤ ᠠᠵᠦ᠍ ᠦᠢᠯᠡᠰ᠎ᠤᠨ ᠲᠦᠪᠱᠢᠨ ᠪᠦᠷ ᠪᠦᠬᠦ᠌ ᠤᠯᠤᠰ᠎ᠤᠨ ᠲᠤᠮᠳᠠᠴᠢ ᠲᠦᠪᠱᠢᠨ᠎ᠠᠴᠠ ᠲᠠᠪᠠᠪᠠ᠃ ᠦᠪᠠᠷᠳᠡᠭᠡᠨ ᠵᠠᠰᠠᠬᠤ ᠤᠷᠤᠨ᠎ᠠᠴᠠ ᠲᠣᠮᠣ ᠬᠡᠯᠪᠡᠷᠢ᠎ᠶ᠋ᠢᠨ ᠨᠡᠭᠦᠷᠡᠰᠦᠨ᠎ᠤ ᠦᠢᠯᠡᠳᠪᠦᠷᠢᠯᠡᠯ᠎ᠤᠨ ᠳ᠋ᠦᠡᠭ᠌ᠰᠢᠭᠤᠷ ᠲᠤᠨ᠎ᠤ ᠲᠠᠰ᠎ᠤᠨ 2 ᠰᠠᠭᠤᠷᠢᠨ ᠪᠠ 5000 ᠲᠦᠮᠠᠨ ᠲᠤᠨ᠎ᠤ ᠲᠠᠰ᠎ᠤᠨ 4 ᠰᠠᠭᠤᠷᠢᠨ᠂ ᠨᠡᠬᠦᠷᠡᠰᠦ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠠᠵᠤ ᠦᠢᠯᠡᠰ᠎ᠤᠨ 4 ᠰᠠᠭᠤᠷᠢᠨ᠂ ᠲᠠᠮᠦᠷᠯᠢᠭ ᠬᠠᠢᠯᠤᠭᠤᠯᠬᠤ ᠦᠡᠭ᠌ᠭᠡ᠎ᠳᠦ ᠲᠠᠮᠦᠷᠯᠢᠭ᠎ᠤᠨ ᠠᠵᠤ ᠦᠢᠯᠡᠳᠪᠤᠷᠢ᠎ᠶ᠋ᠢᠨ 4 ᠰᠠᠭᠤᠷᠢᠨ᠎ᠢ ᠲᠦᠯᠦᠪᠵᠢᠬᠦᠯᠦᠨ ᠪᠠᠢᠷᠢᠱᠢᠭᠤᠯᠵᠤ᠂ ᠲᠡᠯᠡᠭᠡᠢ᠎ᠶ᠋ᠢᠨ ᠲᠡᠷᠢᠬᠦᠨ᠎ᠤ ᠲᠦᠪᠱᠢᠨ ᠪᠦᠬᠦᠢ ᠮᠢᠩᠭᠠᠨ ᠲᠦᠮᠠᠨ ᠲᠤᠨ᠎ᠤ ᠤᠳᠤᠬᠢᠴᠢᠯᠠᠭ᠍ᠰᠠᠨ 2 ᠨᠡᠭᠦᠷᠡᠰᠦᠨ ᠠᠭᠤᠷᠬᠠᠢ᠎ᠶ᠋ᠢ ᠪᠦᠳᠦᠬᠡᠨ ᠪᠠᠢᠭᠤᠯᠪᠠ; ᠨᠢᠭᠡ ᠪᠦᠯᠦᠭ ᠲᠤᠮᠤ ᠬᠡᠯᠪᠡᠷᠢ᠎ᠶ᠋ᠢᠨ ᠨᠡᠭᠦᠷᠡᠰᠦ᠎ᠪᠠᠷ ᠴᠠᠬᠢᠯᠭᠠᠨ ᠭᠠᠷᠭᠠᠬᠤ ᠮᠠᠱᠢᠨ ᠴᠤᠭ᠍ᠴᠠᠯᠠᠪᠤᠷᠢ ᠠᠱᠢᠬ᠍ᠯᠠᠯᠳᠠ᠎ᠳᠤ ᠤᠷᠤᠵᠤ᠂ 30 ᠲᠦᠮᠠᠨ ᠺᠢᠯᠤᠸᠠᠲ᠎ᠠᠴᠠ ᠲᠡᠭᠡᠭ᠌ᠰᠢ ᠪᠦᠬᠦᠢ ᠮᠠᠱᠢᠨ ᠴᠤᠭ᠍ᠴᠠᠯᠠᠪᠤᠷᠢ᠎ᠶ᠋ᠢᠨ ᠬᠡᠮᠵᠢᠶ᠎ᠠ ᠪᠦᠬᠦ᠌ ᠤᠷᠤᠨ᠎ᠤ ᠶᠡᠷᠦᠩᠬᠡᠢ ᠮᠠᠱᠢᠨ ᠴᠤᠭ᠍ᠴᠠᠯᠠᠪᠤᠷᠢ᠎ᠶ᠋ᠢᠨ 70% ᠠᠴᠠ ᠲᠡᠭᠡᠭ᠌ᠰᠢᠬᠢ᠎ᠶ᠋ᠢ ᠡᠵᠡᠯᠡᠵᠤ᠂ ᠴᠠᠬᠢᠯᠭᠠᠨ ᠲᠤᠤᠷ᠎ᠢ ᠪᠠᠢᠭᠤᠯᠤᠭ᠍ᠰᠠᠨ ᠬᠡᠮᠵᠢᠶ᠎ᠠ᠂ ᠬᠤᠷᠳᠤᠴᠠ ᠪᠠ ᠴᠢᠨᠠᠷ ᠴᠦᠮ ᠪᠦᠬᠦ᠌ ᠤᠯᠤᠰ᠎ᠤᠨ ᠬᠤᠱᠢᠭᠤᠴᠢ ᠡᠩᠨᠡᠭᠡᠨ᠎ᠳᠤ ᠤᠷᠤᠵᠤ᠂ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠮᠠᠱᠢᠨ ᠴᠤᠭ᠍ᠴᠠᠯᠠᠪᠤᠷᠢ᠎ᠶ᠋ᠢᠨ ᠪᠠᠭ᠍ᠳᠠᠭᠠᠮᠵᠢ ᠪᠦᠬᠦ᠌ ᠤᠯᠤᠰ᠎ᠲᠤ ᠲᠦᠷᠦᠬᠦᠯᠡᠵᠤ ᠪᠠᠢᠨ᠎ᠠ; ᠴᠠᠭᠠᠨ ᠢᠳᠡᠬᠡᠨ ᠪᠠ ᠨᠤᠤᠯᠤᠭᠤᠷ᠎ᠤᠨ ᠦᠢᠯᠡᠳᠬᠦᠨ ᠪᠤᠯᠪᠠᠰᠤᠷᠠᠭᠤᠯᠬᠤ ᠤᠷ᠎ᠠ ᠮᠡᠷᠭᠡᠵᠢᠯ᠂ ᠲᠤᠨᠤᠭ ᠲᠦᠭᠦᠭᠡᠷᠦᠮᠵᠢ ᠲᠠᠯᠡᠭᠡᠢ᠎ᠶ᠋ᠢᠨ ᠲᠡᠷᠢᠬᠦᠨ᠎ᠤ ᠲᠦᠪᠱᠢᠨ᠎ᠳᠤ ᠬᠦᠷᠪᠠ; ᠱᠢᠨ᠎ᠠ᠎ᠪᠠᠷ ᠠᠱᠢᠬ᠍ᠯᠠᠯᠳᠠ᠎ᠳᠤ ᠤᠷᠤᠭ᠍ᠰᠠᠨ ᠨᠢᠭᠡ ᠪᠦᠯᠦᠭ ᠲᠤᠮᠤ ᠬᠡᠯᠪᠡᠷᠢ᠎ᠶ᠋ᠢᠨ ᠨᠡᠬᠦᠷᠡᠰᠦ ᠬᠢᠮᠢ᠎ᠶ᠋ᠢᠨ ᠠᠵᠤ ᠦᠢᠯᠡᠳᠪᠤᠷᠢ᠂ ᠾᠯᠤᠷ ᠬᠤᠵᠢᠷ᠎ᠤᠨ ᠬᠢᠮᠢ᠎ᠶ᠋ᠢᠨ ᠠᠵᠤ ᠦᠢᠯᠡᠳᠪᠤᠷᠢ᠂ ᠪᠠᠢᠭᠠᠯᠢ᠎ᠶ᠋ᠢᠨ ᠱᠢᠳᠠᠮᠠᠬᠠᠢ ᠬᠡᠢ᠎ᠶ᠋ᠢᠨ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠲᠦᠷᠦᠯ ᠵᠦᠢᠯ᠎ᠤᠨ ᠬᠡᠪᠴᠢᠶ᠎ᠠ᠂ ᠮᠡᠷᠭᠡᠵᠢᠯ ᠪᠠ ᠲᠤᠨᠤᠭ ᠲᠦᠭᠦᠭᠡᠷᠦᠮᠵᠢ ᠴᠦᠮ ᠲᠡᠯᠡᠭᠡᠢ᠎ᠶ᠋ᠢᠨ ᠲᠡᠷᠢᠬᠦᠨ᠎ᠤ ᠲᠦᠪᠱᠢᠨ᠎ᠳᠤ ᠬᠦᠷᠴᠠᠢ᠃ ᠡᠬᠦᠨ᠎ᠤ ᠵᠡᠷᠬᠡ᠎ᠪᠠᠷ ᠡᠨᠧᠷᠬᠢ ᠠᠷᠪᠢᠯᠠᠵᠦ᠍ ᠬᠤᠷᠤᠭ᠍ᠳᠠᠭᠤᠯᠤᠯᠢ ᠪᠠᠭᠠᠰᠭᠠᠬᠤ ᠠᠵᠢᠯ᠎ᠤᠨ ᠡᠷᠴᠢᠮ᠎ᠢᠶᠠᠨ ᠴᠢᠩᠭᠠᠷᠠᠭᠤᠯᠵᠤ᠂ 《ᠠᠷᠪᠠᠨ ᠨᠢᠭᠡᠳᠦᠭᠡᠷ ᠲᠠᠪᠤᠨ ᠵᠢᠯ》 ᠤᠨ ᠡᠮᠦᠨᠡᠬᠢ 4 ᠵᠢᠯ᠎ᠳᠤ ᠪᠦᠬᠦ᠌ ᠤᠷᠤᠨ᠎ᠤ ᠠᠵᠤ ᠦᠢᠯᠡᠳᠪᠤᠷᠢ᠎ᠶ᠋ᠢᠨ ᠨᠢᠭᠡᠴᠢ ᠨᠡᠮᠡᠭ᠌ᠳᠡᠯ ᠦᠷᠳᠡᠭᠲᠠᠬᠢ ᠡᠨᠧᠷᠬᠢ᠎ᠶ᠋ᠢᠨ ᠬᠤᠷᠤᠭ᠍ᠳᠠᠭᠤᠯᠤᠯᠢ 37.2% ᠢᠶᠠᠷ ᠪᠠᠭᠠᠰᠭᠠᠭ᠍ᠰᠠᠨ ᠪᠠᠢᠨ᠎ᠠ᠃
ᠠᠵᠤ ᠦᠢᠯᠡᠳᠪᠤᠷᠢ᠎ᠶ᠋ᠢᠨ ᠬᠦᠭ᠌ᠵᠢᠯᠳᠠ᠎ᠶ᠋ᠢᠨ ᠲᠠᠯᠳᠠ ᠬᠦᠴᠦᠨ ᠢᠯᠡᠳᠳᠠ ᠴᠢᠩᠭᠠᠷᠠᠪᠠ᠃ 《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠠᠵᠤ ᠦᠢᠯᠡᠳᠪᠤᠷᠢ᠎ᠶ᠋ᠢᠨ ᠲᠤᠭ᠍ᠳᠠᠮᠠᠯ ᠬᠦᠷᠦᠩᠭᠡ᠎ᠶ᠋ᠢᠨ ᠪᠠᠯᠠ ᠤᠷᠤᠭᠤᠯᠤᠯᠳᠠ᠎ᠶ᠋ᠢᠨ ᠡᠷᠴᠢᠮ᠎ᠢ ᠲᠠᠰᠤᠷᠠᠯᠳᠠ ᠦᠭᠡᠢ ᠴᠢᠩᠭᠠᠷᠠᠭᠤᠯᠵᠤ᠂ ᠠᠵᠤ ᠠᠬᠤᠢ᠎ᠶ᠋ᠢᠨ ᠱᠢᠨ᠎ᠠ ᠨᠡᠮᠡᠭ᠌ᠳᠡᠯ ᠴᠡᠭ᠎ᠢ ᠢᠳᠡᠪᠬᠢᠳᠡᠢ ᠪᠤᠢᠵᠢᠭᠤᠯᠵᠠᠢ᠃ ᠠᠵᠤ ᠠᠬᠤᠢ᠍ᠢᠯᠠᠯ᠎ᠤᠨ ᠪᠠᠯᠡ ᠤᠷᠤᠭᠤᠯᠤᠯᠳᠠ᠎ᠶ᠋ᠢᠨ ᠭᠤᠤᠯ ᠴᠤᠭ᠍ᠴᠠ᠎ᠶ᠋ᠢᠨ ᠪᠠᠢᠷᠢ ᠰᠠᠭᠤᠷᠢ ᠨᠠᠩ ᠲᠤᠪᠤᠢᠵᠦ᠍᠂ ᠤᠷᠤᠨ᠎ᠤ ᠭᠠᠳᠠᠨᠠᠬᠢ ᠤᠯᠤᠰ᠎ᠤᠨ ᠲᠤᠳᠤᠭᠠᠳᠤ᠎ᠠᠴᠠ ᠤᠷᠤᠭᠤᠯᠤᠭ᠍ᠰᠠᠨ ᠪᠠᠯᠠ ᠤᠷᠤᠭᠤᠯᠤᠯᠳᠠ ᠪᠦᠬᠦ᠌ ᠠᠵᠤ ᠦᠢᠯᠡᠳᠪᠤᠷᠢ᠎ᠶ᠋ᠢᠨ ᠪᠠᠯᠠ ᠤᠷᠤᠭᠤᠯᠤᠯᠳᠠ᠎ᠶ᠋ᠢᠨ 70% ᠠᠴᠠ ᠲᠡᠭᠡᠭ᠌ᠰᠢᠬᠢ᠎ᠶ᠋ᠢ ᠡᠵᠡᠯᠡᠵᠦ᠍᠂ ᠠᠵᠤ ᠦᠢᠯᠡᠳᠪᠤᠷᠢ᠎ᠶ᠋ᠢᠨ ᠪᠠᠶ᠎ᠠ ᠲᠠᠭᠠᠭᠠᠭ᠍ᠰᠠᠨ ᠨᠡᠮᠡᠭ᠌ᠳᠡᠯ᠎ᠤᠨ ᠲᠤᠭ᠍ᠳᠠᠴᠠ ᠠᠩᠬ᠎ᠠ ᠠᠯᠬᠤᠮ ᠪᠦᠷᠢᠯᠳᠤᠪᠠ᠃
ᠠᠵᠤ ᠦᠢᠯᠡᠳᠪᠤᠷᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠲᠡᠪᠱᠢᠬᠦᠯᠬᠦ᠌ ᠠᠵᠢᠯ ᠢᠯᠡᠷᠭᠡᠢ ᠠᠬᠢᠴᠠ᠎ᠲᠠᠢ ᠪᠤᠯᠪᠠ᠃ 《ᠡᠬᠢ ᠪᠠᠶᠠᠯᠢᠭ》᠂ 《ᠤᠨᠴᠠᠯᠢᠭ》 ᠢ ᠦᠷᠬᠦᠯᠵᠢᠯᠠᠨ ᠠᠳᠭᠤᠬ᠍ᠰᠠᠨ ᠰᠠᠭᠤᠷᠢᠨ ᠲᠠᠭᠡᠷ᠎ᠠ 《ᠴᠡᠪᠠᠷ》᠂ 《ᠪᠤᠬᠢᠷᠳᠤᠯ ᠦᠭᠡᠢ》 ᠶ᠋ᠢ ᠲᠤᠪᠤᠢᠯᠭᠠᠵᠦ᠍᠂ ᠠᠵᠠ ᠲᠤᠬᠢᠶᠠᠯ᠎ᠢ ᠠᠳᠭᠤᠨ ᠬᠠᠷᠢᠴᠠᠩᠭᠤᠢ ᠲᠠᠪᠠᠭᠤᠯᠢᠭ᠎ᠢᠶᠠᠨ ᠬᠦᠢᠴᠡᠳ ᠪᠠᠳᠠᠷᠠᠭᠤᠯᠵᠤ᠂ ᠡᠨᠧᠷᠬᠢ᠎ᠶ᠋ᠢᠨ ᠠᠵᠤ ᠦᠢᠯᠡᠳᠪᠤᠷᠢ᠎ᠶ᠋ᠢ ᠪᠦᠬᠦᠯᠢ ᠴᠤᠭ᠍ᠴᠠ᠎ᠪᠠᠷ᠎ᠨᠢ ᠴᠡᠪᠠᠷ ᠡᠨᠧᠷᠬᠢ ᠲᠠᠢᠰᠢ ᠭᠦᠭ᠌ᠵᠢᠬᠦ᠌ᠶ᠋ᠢ ᠠᠬᠢᠭᠤᠯᠪᠠ᠃
ᠡᠨᠧᠷᠬᠢ ᠠᠷᠪᠢᠯᠠᠵᠦ᠍ ᠪᠤᠬᠢᠷᠳᠤᠯ᠎ᠢ ᠪᠠᠭᠠᠰᠭᠠᠬᠤ᠂ ᠬᠠᠶᠠᠭ᠍ᠳᠠᠮᠠᠯ ᠡᠳ᠋᠎ᠢ ᠡᠷᠳᠡᠨᠢ ᠪᠤᠯᠭᠠᠨ ᠠᠱᠢᠭ᠍ᠯᠠᠬᠤ᠂ ᠪᠤᠬᠢᠷᠳᠤᠯ ᠦᠭᠡᠢ ᠠᠵᠤ ᠦᠢᠯᠡᠰ᠎ᠢ ᠬᠦᠭ᠌ᠵᠢᠬᠦᠯᠬᠦ᠌ ᠁ ᠡᠨᠡ ᠪᠤᠯ ᠦᠪᠤᠷ ᠮᠤᠩᠭᠤᠯ᠎ᠤᠨ ᠦᠨᠤᠳᠤᠷ ᠬᠢᠬᠡᠳ ᠮᠠᠷᠭᠠᠰᠢ ᠮᠦᠨ᠂ ᠪᠠᠰᠠ ᠴᠤ᠌ ᠦᠪᠤᠷ ᠮᠤᠩᠭᠤᠯ᠎ᠤᠨ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠠᠨᠢᠰᠤ ᠪᠠ ᠢᠷᠡᠭᠡᠳᠦᠢ ᠪᠤᠯᠬᠤ ᠶᠤᠮ᠃

ᠦᠪᠤᠷ ᠮᠤᠩᠭᠤᠯ᠎ᠤᠨ ᠮᠧᠩ ᠨᠢᠤ ᠪᠦᠯᠦᠭ᠌ᠯᠡᠯ᠎ᠤᠨ ᠤᠶᠤᠨᠴᠢ ᠦᠢᠯᠡᠳᠪᠤᠷᠢᠯᠡᠯ᠎ᠤᠨ ᠰᠠᠭᠤᠷᠢᠨ᠃ (ᠷᠧᠨ ᠵᠢᠶᠦ᠋ᠨ ᠴᠤᠸᠠᠨ ᠰᠡᠬᠦᠳᠡᠷᠯᠡᠪᠡ)

ᠤᠳᠭᠤᠭᠤᠷ ᠮᠠᠱᠢᠨ᠎ᠢ ᠤᠭ᠍ᠰᠠᠷᠠᠬᠤ ᠠᠬᠤᠢ ᠲᠠᠯᠠᠪᠠᠢ᠃ (ᠯᠢᠦ ᠪᠢᠩ ᠪᠢᠩ ᠰᠡᠬᠦᠳᠡᠷᠯᠡᠪᠡ)

2006 ᠤᠨ᠎ᠤ 5 ᠰᠠᠷ᠎ᠠ᠎ᠶ᠋ᠢᠨ 18 ᠤ ᠡᠳᠦᠷ᠂ ᠲᠤᠮᠳᠠᠳᠤ ᠤᠯᠤᠰ᠎ᠤᠨ ᠱᠧᠨ ᠬᠤᠸᠠ ᠨᠧᠩ ᠶᠤᠸᠠᠨ ᠪᠦᠯᠦᠭ᠌ᠯᠡᠯ᠎ᠤᠨ ᠬᠠᠷᠬᠤᠰᠤ ᠵᠠᠳᠠᠭᠠᠢ ᠨᠡᠭᠦᠷᠡᠰᠤᠨ ᠠᠭᠤᠷᠬᠠᠢ ᠵᠢᠴᠢ ᠭᠦᠸᠧ ᠬᠤᠸᠠ ᠵᠦᠨ ᠳ᠋ᠢᠶᠠᠨ ᠺᠤᠮᠫᠠᠨᠢ᠎ᠶ᠋ᠢᠨ ᠭᠤᠷᠪᠠᠳᠤᠭᠠᠷ ᠬᠤᠭᠤᠴᠠᠭᠠᠨ᠎ᠤ ᠦᠷᠭᠡᠳᠭᠡᠨ ᠪᠠᠢᠭᠤᠯᠬᠤ ᠢᠨᠵᠧᠨᠧᠷᠢᠩ ᠪᠠᠷᠢᠯᠭ᠎ᠠ ᠡᠬᠢᠯᠡᠪᠡ᠃ (ᠱᠢᠤᠢ ᠷᠦᠩ ᠰᠡᠬᠦᠳᠡᠷᠯᠡᠪᠡ)

ᠪᠤᠭᠤᠳᠤ᠎ᠶ᠋ᠢᠨ ᠭᠠᠯᠳᠤ ᠲᠡᠷᠬᠡᠨ᠎ᠤ ᠡᠮᠦᠨ᠎ᠠ ᠦᠷᠳᠡᠭᠡ ᠪᠤᠯ ᠤᠯᠤᠰ᠎ᠤᠨ 《ᠠᠷᠪᠠᠨ ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠭᠤᠤᠯᠳᠠᠯᠭ᠎ᠠ᠎ᠲᠠᠢ ᠪᠦᠳᠦᠭᠡᠨ ᠪᠠᠢᠭᠤᠯᠤᠭ᠍ᠰᠠᠨ ᠡᠨᠧᠷᠬᠢ᠎ᠶ᠋ᠢᠨ ᠵᠠᠮ ᠱᠤᠭᠤᠮ ᠪᠤᠯᠤᠨ᠎ᠠ᠃ (ᠮᠠᠲ᠋ᠧᠷᠢᠶᠠᠯ ᠵᠢᠷᠤᠭ)