ᠵᠠᠭᠤᠨ ᠵᠢᠯ᠎ᠤᠨ ᠠᠶᠠᠨ ᠵᠠᠮ ᠰᠦᠷ ᠳᠠᠯᠠᠢᠴᠠᠲᠠᠢ᠂ ᠵᠠᠭᠤᠨ ᠵᠢᠯ᠎ᠤᠨ ᠤᠬ ᠰᠠᠨᠠᠭ᠎ᠠ ᠶᠠᠪᠤᠬᠤ ᠲᠤᠳᠤᠮ ᠪᠡᠳᠤᠵᠢᠨᠠ᠃ 100 ᠵᠢᠯ᠎ᠤᠨ ᠲᠤᠷᠰᠢ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠡᠮᠦᠨᠡᠬᠢ᠎ᠨᠢ ᠤᠨᠠᠲᠠᠯ᠎ᠠ ᠬᠤᠢᠨᠠᠬᠢ᠎ᠨᠢ ᠵᠠᠯᠭᠠᠮᠵᠢᠯᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠨ᠂ ᠬᠤᠪᠢᠰᠭᠠᠯᠲᠤ ᠲᠠᠢᠨ᠎ᠤ ᠳᠤᠮᠳᠠ ᠲᠠᠬᠢᠨ ᠠᠮᠢᠯᠠᠵᠤ᠂ ᠪᠦᠳᠦᠭᠡᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢᠨ ᠳᠤᠮᠳᠠ ᠡᠷᠡᠮᠡᠬᠡᠢᠯᠡᠨ ᠤᠷᠤᠭ᠍ᠰᠢᠯᠠᠵᠤ᠂ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠴᠢᠬᠤᠯᠠ ᠶᠡᠭᠡ ᠢᠯᠠᠯᠲᠠ᠎ᠶ᠋ᠢ ᠲᠡᠮᠡᠴᠡᠨ ᠤᠯᠪᠠ᠃ ᠮᠠᠨ᠎ᠤ ᠤᠯᠤᠰ᠎ᠤᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠮᠠᠨ᠎ᠤ ᠣᠷᠣᠨ᠎ᠤ ᠬᠥᠭ᠌ᠵᠢᠯᠲᠡ᠎ᠨᠢ ᠢᠮᠠᠭ᠍ᠲᠠ ᠨᠠᠮ᠎ᠤᠨ ᠲᠥᠪ ᠬᠤᠷᠢᠶᠠᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠯ ᠪᠠ ᠭᠦᠨ ᠵᠤᠵᠠᠭᠠᠨ ᠬᠠᠯᠠᠮᠵᠢᠯᠠᠯ᠎ᠢ ᠣᠯᠵᠠᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠲᠠᠯ᠎ᠠ᠎ᠳᠤ ᠰᠠᠭᠤᠷᠢᠯᠠᠨ ᠥᠪᠥᠷ ᠮᠣᠩᠭᠤᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠲᠥᠯᠥᠪᠵᠢᠭᠦᠯᠵᠦ᠍᠂ ᠡᠬᠡ ᠤᠯᠤᠰ᠎ᠤᠨ ᠤᠮᠠᠷᠠᠲᠤ ᠬᠢᠵᠠᠭᠠᠷᠲᠤ ᠠᠤᠭ᠎ᠠ ᠲᠥᠰᠦᠪ ᠶᠡᠷᠦᠩᠬᠡᠢ ᠬᠥᠲᠥᠯᠪᠦᠷᠢ᠎ᠶ᠋ᠢ ᠵᠢᠷᠤᠭ᠍ᠯᠠᠨ ᠦᠭ᠌ᠴᠦ᠂ ᠥᠪᠦᠷ ᠮᠤᠩᠭᠤᠯ᠎ᠤᠨ ᠱᠢᠨ᠎ᠡ ᠴᠠᠭ ᠦᠶ᠎ᠡ᠎ᠳᠤ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ ᠠᠶᠠᠨ᠎ᠢᠶᠠᠨ ᠡᠬᠢᠯᠡᠭᠦᠯᠬᠦ᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠲᠤᠬᠠᠶ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭ᠌ᠭᠦᠨ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠬᠥᠭ᠌ᠵᠢᠯᠲᠡ᠎ᠳᠤ ᠴᠢᠭ᠌ᠯᠡᠯ᠎ᠢ ᠲᠣᠭ᠍ᠲᠠᠭᠠᠨ ᠥᠭ᠌ᠴᠦ ᠠᠶᠠᠯᠠᠯ᠎ᠢ ᠵᠢᠯᠣᠭᠤᠳᠴᠠᠶ᠃

2014 ᠤᠨ
2014 ᠣᠨ᠎ᠤ ᠴᠠᠭᠠᠨ ᠰᠠᠷ᠎ᠠ᠎ᠠᠴᠠ ᠡᠮᠦᠨᠡᠬᠡᠨ᠂ ᠥᠪᠦᠷ ᠮᠤᠩᠭᠤᠯ᠎ᠤᠨ ᠡᠭᠡ ᠭᠠᠵᠠᠷ ᠮᠥᠰᠥ᠍ ᠴᠠᠰᠤᠨ᠎ᠳᠤ ᠬᠤᠴᠢᠭ᠍ᠳᠠᠪᠠ᠃ ᠶᠡᠷᠦᠩᠬᠡᠶ ᠱᠦᠵᠢ ᠰᠢ᠎ᠶ᠋ᠢᠨ ᠫᠢᠩ ᠬᠠᠬᠢᠷ ᠬᠦᠶᠲᠡᠨᠢ ᠬᠠᠢᠬᠤᠷᠤᠯ ᠥᠬᠡᠶ᠎ᠪᠠᠷ ᠥᠪᠥᠷ ᠮᠣᠩᠭᠤᠯ᠎ᠳᠤ ᠢᠷᠡᠵᠦ᠍᠂ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠷᠠᠭᠤᠯ᠎ᠤᠨ ᠭᠠᠵᠠᠷ᠎ᠢᠶᠠᠷ ᠱᠢᠨᠵᠢᠯᠡᠨ ᠪᠠᠢᠴᠠᠭᠠᠵᠤ᠂ ᠡᠪᠦᠯ᠎ᠤᠨ ᠤᠯᠠᠷᠢᠯ᠎ᠤᠨ ᠨᠠᠭᠠᠳᠤᠮ᠎ᠳᠤ ᠣᠷᠣᠯᠴᠠᠨ᠂ ᠠᠵᠤ ᠠᠬᠤᠢᠯᠠᠯ ᠨᠡᠢᠭᠡᠮ ᠲᠣᠭᠤᠷᠢᠭ᠎ᠲᠤ ᠬᠦᠷᠴᠦ᠍᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠡᠷᠬᠢᠨ ᠦᠵᠡᠵᠦ᠍ ᠲᠣᠬᠤᠨᠢᠭᠤᠯᠤᠨ᠂ ᠬᠢᠩᠭᠠᠨ ᠠᠢᠮᠠᠭ᠂ ᠱᠢᠯᠢ᠎ᠶ᠋ᠢᠨ ᠭᠤᠤᠯ ᠠᠢᠮᠠᠭ᠂ ᠬᠥᠬᠡᠬᠤᠲᠠ᠎ᠳᠤ ᠬᠦᠷᠴᠦ᠍᠂ ᠬᠡᠳᠦᠨ ᠮᠢᠩᠭᠠᠨ ᠺᠢᠯᠣᠮᠧᠲᠷ ᠠᠶᠠᠯᠠᠨ᠂ ᠥᠪᠥᠷ ᠮᠣᠩᠭᠤᠯ᠎ᠤᠨ ᠠᠵᠤ ᠠᠬᠤᠶ ᠨᠡᠢᠭᠡᠮ᠎ᠤᠨ ᠥᠪᠡᠷᠮᠢᠴᠡ ᠨᠥᠬᠦᠴᠡᠯ ᠪᠠ ᠲᠡᠦᠬᠡ᠎ᠶ᠋ᠢᠨ ᠬᠥᠭ᠌ᠵᠢᠯᠲᠡ᠎ᠳᠤ ᠰᠠᠭᠤᠷᠢᠯᠠᠨ᠂ ᠥᠪᠥᠷ ᠮᠣᠩᠭᠤᠯ᠎ᠤᠨ ᠠᠯᠤᠰ ᠬᠡᠲᠦ᠎ᠶ᠋ᠢᠨ ᠬᠥᠭ᠌ᠵᠢᠯᠲᠡ᠎ᠳᠤ ᠲᠣᠳᠣᠷᠬᠠᠶ ᠪᠠᠢᠯᠳᠤᠬᠤ ᠪᠣᠳᠣᠯᠭ᠎ᠠ᠎ᠶ᠋ᠢᠨ ᠵᠢᠯᠣᠭᠤᠳᠣᠯᠭ᠎ᠠ ᠳᠤᠷᠠᠳᠪᠠ᠄
— ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠰᠠᠬᠢᠨ ᠪᠠᠷᠠᠯᠠᠵᠦ᠍ ᠬᠠᠷᠢᠯᠴᠠᠨ ᠬᠠᠪᠰᠤᠷᠬᠤ ᠪᠤᠯᠲᠤᠭᠠᠢ᠃ ᠰᠠᠬᠢᠬᠤ ᠭᠡᠳᠡᠭ᠎ᠨᠢ ᠬᠡᠷ᠎ᠤᠨ ᠡᠬᠦᠳᠡ᠎ᠪᠠᠨ ᠰᠠᠢᠳᠤᠷ ᠰᠠᠬᠢᠵᠤ᠂ ᠡᠬᠡ ᠤᠯᠤᠰ᠎ᠤᠨ ᠬᠢᠯᠢ ᠬᠢᠵᠠᠭᠠᠷ᠎ᠢᠶᠠᠨ ᠰᠠᠢᠳᠤᠷ ᠰᠠᠬᠢᠵᠤ᠂ ᠦᠪᠦᠷ ᠮᠤᠩᠭᠤᠯ᠎ᠤᠨ ᠴᠦᠬᠡᠨ ᠳᠤᠭᠠᠳᠤ ᠦᠨᠳᠦᠰᠦᠳᠡᠨ᠎ᠤ ᠰᠠᠢᠨ ᠰᠠᠢᠬᠠᠨ ᠤᠶᠤᠨ ᠰᠠᠨᠠᠭᠠᠨ᠎ᠤ ᠬᠡᠷ ᠤᠷᠤᠨ᠎ᠢᠶᠠᠨ ᠰᠠᠬᠢᠬᠤ᠎ᠶ᠋ᠢ ᠬᠡᠯᠡᠵᠦ᠍ ᠪᠤᠢ; ᠪᠠᠷᠠᠯᠠᠬᠤ ᠭᠡᠳᠡᠭ᠎ᠨᠢ ᠦᠨᠳᠦᠷ᠎ᠲᠤ ᠵᠤᠭ᠍ᠰᠤᠨ ᠠᠯᠤᠰ᠎ᠢ ᠪᠠᠷᠠᠯᠠᠵᠦ᠍᠂ ᠠᠵᠢᠯ ᠦᠢᠯᠡᠰ᠎ᠢᠶᠠᠨ ᠲᠦᠯᠦᠪᠵᠢᠬᠦᠯᠵᠦ᠍᠂ ᠬᠦᠭ᠌ᠵᠢᠯᠳᠠ᠎ᠪᠠᠨ ᠠᠬᠢᠭᠤᠯᠬᠤ᠎ᠳᠤ ᠳᠤᠬᠠᠢ᠎ᠶ᠋ᠢᠨ ᠭᠠᠵᠠᠷ᠎ᠠᠴᠠ᠎ᠪᠠᠨ ᠭᠠᠷᠴᠤ᠌᠂ ᠪᠠᠢᠭᠠᠯᠢ᠎ᠶ᠋ᠢᠨ ᠨᠦᠬᠦᠴᠡᠯ᠎ᠤᠨ ᠬᠢᠵᠠᠭᠠᠷᠯᠠᠯ᠎ᠠᠴᠠ ᠭᠠᠷᠴᠤ᠌᠂ ᠦᠪᠦᠷ ᠮᠤᠩᠭᠤᠯ᠎ᠠᠴᠠ᠎ᠪᠠᠨ ᠭᠠᠷᠴᠤ᠌᠂ ᠦᠷᠬᠡᠨ ᠲᠡᠨᠢᠭᠡᠷ ᠳᠡᠯᠡᠬᠡᠢ᠎ᠶ᠋ᠢᠨ ᠬᠠᠷᠠᠭ᠎ᠠ᠎ᠲᠠᠢ ᠪᠤᠯᠵᠦ᠍᠂ ᠪᠦᠬᠦ᠌ ᠳᠠᠯ᠎ᠠ᠎ᠶ᠋ᠢᠨ ᠤᠬᠠᠮᠰᠠᠷ᠎ᠲᠠᠢ ᠪᠤᠯᠬᠤ᠎ᠶ᠋ᠢ ᠬᠡᠯᠡᠵᠦ᠍ ᠪᠤᠢ; ᠬᠠᠷᠢᠯᠴᠠᠨ ᠬᠠᠪᠰᠤᠷᠬᠤ ᠭᠡᠳᠡᠭ᠎ᠨᠢ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠡᠷᠬᠡ ᠳᠡᠭ᠌ᠰᠢ ᠪᠦᠯᠬᠦᠮᠳᠠᠯ᠎ᠲᠠᠢ ᠡᠶ᠎ᠡ ᠵᠤᠬᠢᠴᠠᠩᠭᠤᠢ ᠪᠠᠢᠬᠤ ᠦᠵᠡᠯ ᠰᠠᠨᠠᠭ᠎ᠠ᠎ᠶ᠋ᠢ ᠪᠤᠢ ᠪᠤᠯᠭᠠᠵᠤ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ ᠡᠷᠴᠢ ᠨᠢᠬᠡᠳᠤᠨ ᠬᠠᠮᠳᠤ᠎ᠪᠠᠷ ᠡᠬᠡ ᠤᠯᠤᠰ᠎ᠤᠨ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠵᠦ᠍᠂ ᠬᠠᠮᠳᠤ᠎ᠪᠠᠷ ᠰᠠᠢᠨ ᠰᠠᠢᠬᠠᠨ ᠠᠮᠢᠳᠤᠷᠠᠯ᠎ᠢ ᠴᠤᠬ᠍ᠴᠠᠯᠠᠬᠤ᠎ᠶ᠋ᠢ ᠬᠡᠯᠡᠵᠦ᠍ ᠪᠤᠢ᠃
— ᠥᠪᠥᠷ ᠮᠣᠩᠭᠤᠯ᠎ᠢ 《ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ》 《ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ》 ᠪᠣᠯᠭᠠᠨ ᠪᠥᠲᠥᠭᠡᠨ ᠪᠠᠢᠭᠤᠯᠬᠤ ᠭᠡᠷᠡᠭ᠌ᠲᠡᠢ᠃
— 《ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠣᠯᠭᠠᠨ ᠪᠠᠢᠭᠤᠯᠬᠤ ᠭᠡᠷᠡᠭ᠌ᠲᠡᠢ》᠃

2017 ᠤᠨ
2017 ᠤᠨᠨᠢ ᠥᠪᠥᠷ ᠮᠣᠩᠭᠤᠯ᠎ᠳᠤ ᠠᠪᠴᠤ᠌ ᠬᠡᠯᠡᠪᠡᠯ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠲᠡᠰ᠎ᠤᠨ ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ 70 ᠵᠢᠯ᠎ᠢ ᠥᠩᠭᠡᠷᠡᠭᠦᠯᠵᠡᠢ᠃ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌᠎ᠳᠤ᠂ ᠶᠡᠷᠦᠩᠬᠡᠢ ᠱᠦᠵᠢ ᠰᠢ᠎ᠶ᠋ᠢᠨ ᠫᠢᠩ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠦᠶ᠎ᠡ》 ᠭᠡᠬᠦ᠌ ᠪᠢᠴᠢᠭᠡᠰᠦ ᠪᠢᠴᠢᠨ ᠦᠭ᠌ᠴᠦ᠂ ᠥᠪᠥᠷ ᠮᠣᠩᠭᠤᠯ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠩ ᠰᠡᠳᠭᠢᠯ᠎ᠠᠴᠠ᠎ᠪᠠᠨ ᠪᠦᠯᠬᠦᠮᠳᠡᠵᠦ᠍᠂ ᠵᠣᠷᠢᠭ ᠱᠢᠭᠤᠳᠤᠨ ᠲᠡᠮᠡᠴᠡᠬᠦ᠌᠎ᠶ᠋ᠢ ᠵᠣᠷᠢᠭ᠍ᠵᠢᠭᠤᠯᠪᠠ᠃
ᠲᠤᠰ ᠵᠢᠯ᠎ᠤᠨ 11 ᠰᠠᠷ᠎ᠠ᠎ᠳᠤ᠂ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠠᠷᠢᠭᠤ ᠵᠠᠬᠢᠳᠠᠯ᠎ᠢ ᠲᠤᠰᠪᠠ᠃ ᠶᠡᠷᠦᠩᠬᠡᠶ ᠱᠦᠵᠢ ᠵᠠᠬᠢᠳᠠᠯ᠎ᠳᠠᠭᠠᠨ 《ᠨᠠᠮ᠎ᠤᠨ ᠠᠷᠪᠠ ᠶᠢᠰᠦᠲᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ᠎ᠪᠠᠷ ᠵᠢᠯᠤᠭᠤᠲᠤᠯᠭ᠎ᠠ ᠪᠤᠯᠭᠠᠵᠤ᠂ ᠤᠯᠠᠭᠠᠠᠮᠦᠴᠢᠷ᠎ᠤᠨ ᠱᠢᠯᠢᠲᠡᠭ ᠤᠯᠠᠮᠵᠢᠯᠠᠯ᠎ᠢ ᠶᠡᠭᠡ᠎ᠪᠠᠷ ᠪᠠᠲᠠᠷᠠᠭᠤᠯᠤᠨ᠂ ᠠᠮᠢᠲᠤᠷᠠᠯ᠎ᠤᠨ ᠱᠢᠮᠡᠯᠢᠭ ᠬᠦᠷᠦᠰᠦᠨ᠎ᠳᠤ ᠦᠨᠲᠦᠰᠦᠯᠠᠵᠦ᠍᠂ ᠮᠠᠯᠴᠢᠨ ᠲᠦᠮᠡᠡ᠎ᠳᠤ ᠦᠢᠯᠡᠴᠢᠯᠡᠵᠦ᠍᠂ ᠤᠳᠭ᠎ᠠ ᠤᠷᠠᠯᠢᠭ᠎ᠤᠨ ᠱᠢᠨ᠎ᠠ ᠡᠭᠦᠲᠦᠯᠲᠡ᠎ᠶ᠋ᠢ ᠠᠬᠢᠭᠤᠯᠵᠦ᠍᠂ ᠤᠯᠠᠠ ᠲᠦᠮᠡᠡ᠎ᠲᠠᠢ ᠤᠢ᠍ᠢᠷᠠᠲᠤᠭ᠍ᠰᠠᠠ᠂ ᠤᠯᠠᠨ ᠲᠦᠮᠡᠨ᠎ᠤ ᠲᠤᠮᠳᠠ ᠲᠡᠯᠭᠡᠷᠡᠵᠦ᠍ ᠲᠠᠭᠠᠱᠢᠶᠠᠭ᠍ᠳᠠᠭ᠍ᠰᠠᠨ ᠱᠢᠯᠢᠲᠡᠭ ᠪᠦᠲᠦᠭᠡᠯ᠎ᠢ ᠨᠡᠩ ᠤᠯᠠᠠ ᠵᠤᠬᠢᠶᠠᠨ ᠪᠦᠲᠦᠭᠡᠬᠦ᠌᠎ᠪᠠᠷ ᠴᠢᠷᠮᠠᠢᠵᠦ᠍᠂ ᠦᠨᠢ ᠡᠭᠦᠷᠢᠳᠡ ᠲᠠᠯ᠎ᠠ ᠨᠤᠲᠤᠭ᠎ᠤᠨ 〈ᠬᠤᠪᠢᠰᠭᠠᠯᠳᠦ ᠤᠳᠭ᠎ᠠ ᠤᠷᠠᠯᠢᠭ᠎ᠤᠨ ᠬᠦᠩᠭᠡᠡ ᠮᠤᠷᠢᠲᠦ ᠴᠡᠷᠢᠭ〉 ᠪᠤᠯᠳᠤᠭᠠᠢ》 ᠭᠡᠵᠦ᠍ ᠲᠡᠳᠡᠨ᠎ᠢ ᠵᠣᠷᠢᠭ᠍ᠵᠢᠭᠤᠯᠪᠠ᠃
ᠶᠡᠷᠦᠩᠬᠡᠢ ᠱᠦᠵᠢ᠎ᠶ᠋ᠢᠨ ᠳᠣᠲᠣᠨᠣ ᠬᠠᠯᠠᠮᠵᠢᠯᠠᠯ᠎ᠨᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠰᠡᠳᠭᠢᠯ᠎ᠢ ᠳᠤᠯᠠᠭᠠᠴᠡᠭᠤᠯᠤᠯᠠ᠃
2018 ᠤᠨ
2018 ᠣᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠪᠦᠷᠢᠨ ᠪᠢᠯᠧᠲ᠎ᠢᠶᠠᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠪᠠᠷ ᠰᠣᠩᠭᠤᠭ᠍ᠳᠠᠪᠠ᠃ ᠶᠡᠷᠦᠩᠬᠡᠢ ᠱᠦᠵᠢ ᠪᠦᠬᠦ᠌ ᠤᠯᠤᠰ᠎ᠤᠨ 《ᠬᠤᠶᠠᠷ ᠬᠤᠷᠠᠯ》 ᠤᠨ ᠬᠤᠭᠤᠴᠠᠭᠠᠨ᠎ᠳᠤ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠄ 《ᠪᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠢ ᠰᠣᠩᠭᠤᠵᠤ ᠰᠣᠩᠭᠤᠭᠤᠯᠢ᠎ᠳᠤ ᠣᠷᠣᠯᠴᠠᠭ᠍ᠰᠠᠨ᠎ᠨᠢ ᠨᠠᠮ᠎ᠤᠨ ᠲᠥᠪ ᠬᠤᠷᠢᠶ᠎ᠠ᠎ᠠᠴᠠ ᠦᠨᠳᠦᠰᠦᠲᠡᠨ᠎ᠤ ᠬᠢᠯᠢ ᠬᠢᠵᠠᠭᠠᠷ ᠣᠷᠣᠨ᠎ᠢ ᠴᠢᠬᠤᠯᠠᠴᠢᠯᠠᠵᠤ ᠪᠠᠢᠬᠤ᠎ᠶ᠋ᠢ ᠢᠯᠡᠳᠭᠡᠵᠦ᠍᠂ ᠨᠠᠮ᠎ᠤᠨ ᠲᠥᠪ ᠬᠤᠷᠢᠶᠠᠨ᠎ᠤ ᠬᠥᠭ᠌ᠵᠢᠭᠡᠳᠦᠢ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠡᠷᠴᠢ ᠵᠣᠷᠢᠭ᠎ᠢ ᠢᠯᠡᠷᠡᠭᠦᠯᠵᠡᠢ》 ᠭᠡᠪᠡ᠃
ᠶᠡᠷᠦᠩᠬᠡᠢ ᠱᠦᠵᠢ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠤ ᠰᠠᠢᠨ ᠵᠣᠷ ᠭᠠᠷᠭᠠᠵᠦ᠍ ᠥᠭ᠌ᠴᠡᠢ᠄
— ᠠᠵᠦ᠍ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠲᠠ᠎ᠶ᠋ᠢ ᠠᠬᠢᠭᠤᠯᠬᠤ᠎ᠳᠤ ᠭᠤᠤᠯᠲᠠᠯᠭ᠎ᠠ᠎ᠪᠠᠨ ᠠᠵᠦ᠍ ᠦᠢᠯᠡᠰ᠎ᠤᠨ ᠪᠦᠲᠦᠴᠡ᠎ᠶ᠋ᠢᠨ ᠬᠡᠯᠪᠡᠷᠢ᠎ᠪᠠᠨ ᠬᠤᠪᠢᠷᠠᠭᠤᠯᠵᠦ᠍ ᠲᠡᠰ ᠲᠡᠪᠱᠢᠭᠦᠯᠬᠦ᠌᠎ᠶ᠋ᠢ ᠠᠬᠢᠭᠤᠯᠬᠤ ᠲᠡᠭᠡᠷ᠎ᠠ ᠲᠡᠯᠪᠢᠵᠦ᠍᠂ ᠪᠤᠲᠠᠲᠤ ᠴᠤᠭ᠍ᠴᠠ᠎ᠶ᠋ᠢᠨ ᠠᠵᠦ᠍ ᠠᠬᠤᠢ᠎ᠶ᠋ᠢ ᠪᠤᠲᠠᠲᠠᠢᠵᠢᠭᠤᠯᠤᠨ ᠬᠦᠴᠦᠷᠬᠡᠭ᠌ᠵᠢᠬᠦᠯᠵᠤ ᠱᠢᠯᠢᠲᠡᠭ᠌ᠵᠢᠬᠦᠯᠬᠦ᠌ ᠬᠡᠷᠡᠭ᠌ᠲᠡᠢ᠃
— ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠡ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠬᠦ᠌᠎ᠶ᠋ᠢᠨ ᠵᠠᠩᠬᠢᠯᠠᠭ᠎ᠠ᠎ᠨᠢ ᠤᠨᠴᠡ ᠶᠠᠳᠠᠭᠤ ᠭᠦᠴᠢᠷᠳᠡᠯᠳᠡᠢ ᠭᠠᠵᠠᠷ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠡ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠭᠦ᠎ᠳᠤ ᠪᠤᠢ᠂ ᠵᠠᠩᠬᠢᠯᠠᠭ᠎ᠠ᠎ᠨᠢ ᠶᠠᠳᠠᠭᠤ ᠭᠦᠴᠢᠷᠳᠡᠯᠳᠡᠢ ᠬᠦᠮᠤᠨ ᠠᠮᠠ ᠲᠦᠪᠯᠡᠷᠡᠭ᠌ᠰᠡᠨ ᠱᠢᠶᠠᠩ (ᠰᠤᠮᠤ) ᠲᠤᠰᠭᠤᠨ (ᠭᠠᠴᠠᠭ᠎ᠠ) ᠢ ᠶᠠᠳᠠᠭᠤ᠎ᠠᠴᠠ ᠠᠩᠬᠢᠵᠢᠷᠠᠭᠤᠯᠬᠤ᠎ᠳᠤ ᠪᠤᠢ᠃ ᠨᠡᠩ ᠡᠷᠴᠢᠮᠳᠠᠢ ᠠᠷᠭ᠎ᠠ ᠭᠡᠮᠵᠢᠶ᠎ᠠ ᠠᠪᠴᠤ᠌᠂ ᠨᠡᠩ ᠨᠠᠷᠢᠯᠢᠭ ᠠᠵᠢᠯᠯᠠᠵᠤ᠂ ᠶᠠᠳᠠᠭᠤ ᠭᠦᠴᠢᠷᠳᠡᠯᠳᠡᠢ ᠬᠦᠮᠤᠨ ᠠᠮᠠ ᠲᠦᠪᠯᠡᠷᠡᠭ᠌ᠰᠡᠨ ᠱᠢᠶᠠᠩ (ᠰᠤᠮᠤ) ᠲᠤᠰᠭᠤᠨ (ᠭᠠᠴᠠᠭ᠎ᠠ) ᠳᠤ ᠠᠩᠬᠠᠷᠤᠯ᠎ᠢᠶᠠᠨ ᠲᠦᠪᠯᠡᠷᠡᠬᠦᠯᠤᠨ ᠠᠵᠤ ᠦᠢᠯᠡᠰ᠎ᠤᠨ ᠭᠦᠭ᠌ᠵᠢᠯᠳᠡ᠂ ᠭᠦᠳᠡᠯᠮᠦᠷᠢᠯᠡᠬᠦᠯᠵᠤ ᠠᠵᠢᠯ ᠤᠯᠭᠤᠬᠤ᠂ ᠰᠠᠭᠤᠷᠢ ᠲᠦᠭᠦᠭᠡᠷᠦᠮᠵᠢ᠂ ᠤᠯᠠᠨ ᠨᠡᠢᠳᠡ᠎ᠶ᠋ᠢᠨ ᠦᠢᠯᠡᠴᠢᠯᠡᠭᠡ᠂ ᠡᠮ ᠡᠮᠨᠡᠯᠬᠡ᠎ᠶ᠋ᠢᠨ ᠪᠠᠳᠤᠯᠠᠪᠤᠷᠢ ᠵᠡᠷᠭᠡ ᠠᠰᠠᠭᠤᠳᠠᠯ᠎ᠢ ᠰᠠᠢᠳᠤᠷ ᠱᠢᠢᠳᠪᠦᠷᠢᠯᠡᠭᠦ᠌ ᠭᠡᠷᠡᠭ᠌ᠲᠠᠢ᠃ ᠭᠦᠨᠳᠤ ᠡᠪᠡᠳᠴᠢᠨ᠎ᠢᠶᠠᠨ ᠡᠮᠨᠡᠬᠦᠯᠬᠦ᠌᠎ᠶ᠋ᠢ ᠪᠠᠳᠤᠯᠠᠬᠤ ᠪᠠᠳᠤᠯᠠᠭ᠎ᠠ᠎ᠶ᠋ᠢᠨ ᠲᠤᠭ᠍ᠳᠡᠴᠡᠶ᠋ᠢ ᠲᠡᠭᠦᠯᠳᠡᠷᠵᠢᠭᠦᠯᠵᠤ᠂ ᠡᠪᠡᠳᠴᠢᠨ᠎ᠠᠴᠠ ᠪᠤᠯᠵᠤ ᠶᠠᠳᠠᠭᠤᠷᠠᠬᠤ ᠠᠰᠠᠭᠤᠳᠠᠯ᠎ᠢ ᠰᠠᠢᠳᠤᠷ ᠱᠢᠢᠳᠪᠦᠷᠢᠯᠡᠭᠦ᠌ ᠭᠡᠷᠡᠭ᠌ᠲᠠᠢ᠃
— ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠢᠯᠠᠭᠠᠭ᠍ᠳᠠᠬᠤᠨᠢ ᠭᠦᠨᠵᠡᠭᠡᠢ ᠦᠢᠯᠡᠳᠤᠯᠭᠡᠵᠢᠭᠦᠯᠵᠤ᠂ ᠦᠨᠳᠦᠰᠦᠳᠡᠨ᠎ᠤ ᠪᠦᠯᠬᠦᠮᠳᠡᠯ ᠲᠠᠪᠱᠢᠯᠳᠠ᠎ᠶ᠋ᠢᠨ ᠬᠦᠮᠦᠵᠢᠯ᠎ᠢ ᠬᠦᠨᠵᠡᠭᠡᠢᠷᠡᠬᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠳᠤ ᠴᠤᠭ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠵᠦ᠍᠂ ᠦᠨᠳᠤᠰᠤᠳᠡᠨ᠎ᠨᠦᠭᠦᠳ᠎ᠤᠨ ᠠᠷᠠᠳ ᠲᠦᠮᠡᠨ᠎ᠤ ᠠᠨᠠᠷ᠎ᠤᠨ ᠦᠷ᠎ᠡ ᠱᠢᠭ ᠪᠦᠯᠬᠦᠮᠳᠡᠨ ᠨᠢᠭ᠍ᠳᠠᠷᠠᠬᠤᠶ᠋ᠢ ᠠᠬᠢᠭᠤᠯᠵᠤ᠂ ᠡᠭᠡ ᠤᠯᠤᠰ᠎ᠤᠨ ᠬᠢᠯᠢ ᠬᠢᠵᠠᠭᠠᠷ᠎ᠢ ᠬᠠᠮᠳᠤ᠎ᠪᠠᠷ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢᠶᠠᠨ ᠬᠠᠮᠳᠤ᠎ᠪᠠᠷ ᠴᠤᠭ᠍ᠴᠠᠯᠠᠬᠤ ᠬᠡᠷᠡᠭ᠌ᠳᠠᠢ᠃

2019 ᠤᠨ
ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠲᠦᠢᠯ᠎ᠢᠶᠠᠷ ᠬᠠᠯᠠᠮᠵᠢᠯᠠᠵᠤ ᠪᠠᠢᠯ᠎ᠠ᠃ 2019 ᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠭᠤᠣᠯᠳᠠᠯᠭ᠎ᠠ᠎ᠲᠠᠢ ᠶᠠᠷᠢᠪᠠ᠃
— ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠲᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠬ᠍ᠰᠠᠠ ᠴᠢᠨᠠᠷ ᠰᠠᠢᠲᠠᠢ ᠬᠦᠭ᠌ᠵᠢᠯᠲᠠ᠎ᠶ᠋ᠢᠨ ᠱᠢᠨ᠎ᠠ ᠵᠠᠮ᠎ᠢ ᠡᠷᠢᠯᠬᠢᠯᠡᠬᠦ᠌ ᠬᠡᠷᠡᠭ᠌ᠲᠡᠢ᠃ ᠱᠢᠨ᠎ᠠ ᠬᠦᠭ᠌ᠵᠢᠯᠲᠠ᠎ᠶ᠋ᠢᠨ ᠤᠢ᠍ᠢᠯᠠᠭᠠᠭ᠍ᠲᠠᠬᠤᠠᠢ ᠲᠤᠭᠤᠱᠢᠯᠠᠭᠤᠯᠤᠨ᠂ ᠠᠵᠦ᠍ ᠠᠬᠤᠢ᠎ᠶ᠋ᠢᠨ ᠬᠦᠭ᠌ᠵᠢᠯᠲᠠ ᠪᠤᠯᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ ᠪᠦᠲᠦᠭᠡᠨ ᠪᠠᠢᠭᠤᠯᠤᠯᠲᠠ᠎ᠶ᠋ᠢᠨ ᠬᠠᠷᠢᠴᠠᠭ᠎ᠠ᠎ᠶ᠋ᠢ ᠨᠢᠭᠡᠲᠦᠯᠲᠠᠢ ᠰᠠᠢᠳᠦᠷ ᠲᠦᠯᠦᠪᠵᠢᠭᠦᠯᠵᠦ᠍᠂ ᠪᠠᠢᠯᠲᠤᠬᠤ ᠪᠤᠲᠤᠯᠭ᠎ᠠ᠎ᠶ᠋ᠢᠨ ᠪᠠᠢᠷᠢ ᠲᠤᠭ᠍ᠲᠠᠭᠠᠯᠲᠠᠳᠤ ᠨᠡᠢᠴᠡᠭ᠌ᠰᠡᠨ᠂ ᠦᠪᠦᠷ ᠮᠤᠩᠭᠤᠯ᠎ᠤᠨ ᠤᠨᠴᠠᠯᠢᠭ᠎ᠢ ᠬᠠᠷᠠᠭᠤᠯᠤᠭ᠍ᠰᠠᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠲᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠠ ᠴᠢᠨᠠᠷ ᠰᠠᠢᠲᠠᠢ ᠬᠦᠭ᠌ᠵᠢᠯᠲᠠ᠎ᠶ᠋ᠢᠨ ᠱᠢᠨ᠎ᠠ ᠵᠠᠮ᠎ᠢ ᠴᠢᠷᠮᠠᠢᠨ ᠡᠷᠢᠯᠬᠢᠯᠡᠬᠦ᠌ ᠭᠡᠷᠡᠭ᠌ᠲᠡᠢ᠃
— ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠬᠤ ᠬᠡᠷᠡᠭ᠌ᠳᠠᠢ᠃ ᠦᠪᠦᠷ ᠮᠤᠩᠭᠤᠯ᠎ᠳᠤ ᠤᠢ ᠱᠢᠭᠤᠢ᠂ ᠨᠤᠳᠤᠭ ᠪᠡᠯᠴᠢᠬᠡᠷ᠂ ᠨᠤᠭᠤ ᠭᠠᠵᠠᠷ᠂ ᠭᠤᠤᠯ ᠮᠦᠷᠡᠨ᠂ ᠨᠠᠭᠤᠷ ᠴᠦᠬᠦᠷᠦᠮ᠂ ᠡᠯᠡᠰᠤ ᠮᠠᠩᠬ᠎ᠠ ᠵᠡᠷᠭᠡ ᠤᠯᠠᠨ ᠵᠦᠢᠯ᠎ᠤᠨ ᠪᠠᠢᠭᠠᠯᠢ᠎ᠶ᠋ᠢᠨ ᠬᠡᠯᠪᠡᠷᠢ ᠪᠠᠢᠳᠠᠯ᠎ᠲᠠᠢ᠂ ᠤᠷᠳᠤ ᠬᠤᠭᠤᠴᠠᠭᠠᠨ᠎ᠤ ᠲᠤᠷᠰᠢ ᠪᠦᠷᠢᠯᠳᠦᠭ᠌ᠰᠡᠨ ᠶᠠᠷᠤᠩᠭᠡᠢᠯᠡᠭ᠌ᠰᠡᠨ ᠴᠢᠨᠠᠷᠳᠠᠢ ᠠᠮᠢ ᠠᠬᠤᠢ᠎ᠶ᠋ᠢᠨ ᠱᠢᠰᠲ᠋ᠧᠮ ᠪᠤᠯᠤᠨ᠎ᠡ᠂ ᠠᠮᠢ ᠠᠬᠤᠢ᠎ᠶ᠋ᠢᠨ ᠬᠠᠮᠠᠭᠠᠯᠠᠵᠤ ᠰᠡᠷᠬᠦᠬᠡᠬᠦ᠌᠎ᠳᠤ ᠡᠷᠬᠡᠪᠰᠢ ᠶᠡᠷᠤᠩᠭᠡᠢᠯᠡᠭ᠌ᠰᠡᠨ ᠵᠠᠰᠠᠯᠳᠠ ᠬᠢᠬᠦ᠌ ᠬᠡᠷᠡᠭ᠌ᠳᠠᠢ᠃ ᠡᠷᠬᠡᠪᠰᠢ ᠠᠮᠢ ᠠᠬᠤᠢ᠎ᠶ᠋ᠢᠨ ᠱᠢᠰᠲ᠋ᠧᠮ᠎ᠤᠨ ᠳᠤᠳᠤᠭᠠᠳᠤ ᠵᠢᠮ᠎ᠠ ᠬᠠᠤᠯᠢ ᠪᠠ ᠵᠢᠮ᠎ᠠ ᠶᠤᠰᠤ᠎ᠶ᠋ᠢ ᠵᠢᠷᠤᠮᠯᠠᠵᠤ᠂ ᠠᠶᠠᠨᠳᠠᠭᠠᠨ᠎ᠤ ᠰᠡᠷᠬᠦᠭᠡᠯᠳᠡ᠎ᠪᠠᠷ ᠭᠤᠤᠯ ᠪᠤᠯᠭᠠᠬᠤ ᠴᠢᠭ᠌ᠯᠡᠯᠳᠠᠶ᠋ᠢ ᠪᠠᠷᠢᠮᠳᠠᠯᠠᠨ᠂ ᠤᠷᠤᠨ ᠨᠤᠳᠤᠭ᠎ᠤᠨ ᠪᠠᠢᠳᠠᠯ᠎ᠳᠤᠨᠢ ᠲᠤᠬᠢᠷᠠᠭᠤᠯᠤᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠬᠦᠯᠵᠤ᠂ ᠴᠢᠭ᠌ᠯᠡᠬᠦᠯᠦᠯᠳᠤ ᠴᠢᠨᠠᠷ᠂ ᠱᠢᠰᠲᠧᠮ᠎ᠳᠤ ᠴᠢᠨᠠᠷ᠂ ᠤᠷᠳᠤ ᠬᠤᠭᠤᠴᠠᠭᠠᠨ᠎ᠤ ᠪᠦᠳᠦᠮᠵᠢᠳᠤ ᠴᠢᠨᠠᠷ᠎ᠢ ᠴᠢᠩᠭᠠᠳᠭᠠᠬᠤ ᠭᠡᠷᠡᠭ᠌ᠳᠠᠢ᠃
— ᠪᠤᠬᠢᠷᠳᠤᠯ᠎ᠢ ᠰᠡᠷᠭᠡᠢᠯᠡᠨ ᠵᠠᠰᠠᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠬᠦ᠌ ᠬᠡᠷᠡᠭ᠌ᠳᠠᠢ᠃ ᠠᠷᠠᠳ ᠤᠯᠠᠨ᠎ᠤ ᠲᠤᠰᠭᠠᠯ ᠴᠢᠩᠭ᠎ᠠ ᠪᠠᠢᠭ᠎ᠠ ᠤᠷᠴᠢᠨ ᠲᠤᠭᠤᠷᠢᠨ᠎ᠤ ᠲᠤᠪᠤᠢᠮᠡ ᠠᠰᠠᠭᠤᠳᠠᠯ᠎ᠢ ᠰᠠᠢᠳᠤᠷ ᠱᠢᠢᠳᠪᠤᠷᠢᠯᠡᠬᠦ᠌᠎ᠨᠢ ᠤᠷᠴᠢᠨ ᠲᠤᠭᠤᠷᠢᠨ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠲᠤᠯᠭᠠᠮ ᠱᠠᠭᠠᠷᠳᠠᠯᠭ᠎ᠠ ᠪᠤᠯᠬᠤ᠎ᠪᠠᠷ ᠪᠠᠷᠠᠬᠤ ᠦᠭᠡᠢ᠂ ᠪᠠᠰᠠ ᠴᠤ᠌ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢ ᠴᠢᠩᠭᠠᠳᠭᠠᠬᠤ ᠲᠤᠯᠭᠠᠮ ᠡᠬᠦᠷᠭᠡ ᠪᠤᠯᠤᠨ᠎ᠡ᠃ ᠪᠤᠭᠤᠮᠳᠠ ᠱᠢᠪᠳᠤᠯᠬᠤ ᠡᠷᠴᠢᠮ ᠪᠠ ᠪᠠᠢᠳᠠᠯ᠎ᠢᠶᠠᠨ ᠪᠠᠳᠤᠯᠠᠵᠤ᠂ 《ᠲᠠᠷᠠᠬᠠᠢ ᠪᠤᠳᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ᠎ᠲᠠᠢ》 ᠠᠵᠤ ᠠᠬᠤᠢ᠍ᠢᠯᠡᠯ᠎ᠢ ᠡᠷᠡᠰ ᠵᠠᠰᠠᠵᠤ᠂ ᠭᠤᠤᠯᠳᠠᠯᠭ᠎ᠠ᠎ᠳᠤ ᠤᠷᠤᠨ ᠪᠦᠰᠡ᠎ᠶ᠋ᠢᠨ ᠠᠭᠠᠷ ᠮᠠᠨᠳᠠᠯ ᠤᠷᠴᠢᠨ ᠲᠤᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠦᠷᠬᠦᠯᠵᠢᠯᠡᠨ ᠠᠬᠢᠭᠤᠯᠵᠤ᠂ ᠬᠤᠳᠠ ᠪᠠᠯᠭᠠᠰᠤ᠂ ᠨᠡᠭᠡᠭᠡᠯᠳᠡ᠎ᠶ᠋ᠢᠨ ᠤᠷᠤᠨ᠂ ᠠᠵᠤ ᠦᠢᠯᠡᠳᠪᠤᠷᠢ᠎ᠶ᠋ᠢᠨ ᠬᠦᠷᠢᠶᠡᠯᠡᠩ ᠲᠤᠭᠤᠷᠢᠭ᠎ᠤᠨ ᠪᠤᠬᠢᠷ ᠤᠰᠤ ᠱᠢᠢᠳᠪᠤᠷᠢᠯᠡᠬᠦ᠌ ᠲᠦᠬᠦᠭᠡᠷᠤᠮᠵᠢ᠎ᠶ᠋ᠢ ᠱᠠᠯᠠᠪᠳᠠᠨ ᠪᠠᠢᠭᠤᠯᠵᠤ᠂ ᠮᠠᠯᠵᠢᠬᠤ ᠲᠠᠷᠢᠶᠠᠯᠠᠬᠤ ᠤᠷᠤᠨ᠎ᠤ ᠬᠦᠮᠦᠰ᠎ᠤᠨ ᠤᠷᠤᠱᠢᠨ ᠰᠠᠭᠤᠷᠢᠱᠢᠬᠤ ᠤᠷᠴᠢᠨ ᠲᠤᠭᠤᠷᠢᠨ᠎ᠢ ᠴᠡᠭ᠌ᠴᠡᠯᠡᠨ ᠵᠠᠰᠠᠬᠤ᠎ᠶ᠋ᠢ ᠬᠦᠨᠵᠡᠭᠡᠢ ᠠᠬᠢᠭᠤᠯᠬᠤ ᠭᠡᠷᠡᠭ᠌ᠳᠠᠢ᠃ ᠦᠪᠦᠷ ᠮᠤᠩᠭᠤᠯ᠎ᠤᠨ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ᠎ᠶ᠋ᠢᠨ ᠨᠠᠭᠤᠷ᠎ᠤᠨ ᠠᠮᠢ ᠠᠬᠤᠢ᠎ᠶ᠋ᠢᠨ ᠶᠡᠷᠤᠩᠭᠡᠢᠯᠡᠭ᠌ᠰᠡᠨ ᠵᠠᠰᠠᠯᠳᠠ᠎ᠶ᠋ᠢ ᠰᠠᠢᠳᠤᠷ ᠠᠳᠭᠤᠵᠤ᠂ ᠡᠪᠡᠳᠴᠢᠨ᠎ᠳᠤ᠎ᠨᠢ ᠲᠤᠬᠢᠷᠠᠭᠤᠯᠤᠨ ᠡᠮ ᠬᠡᠷᠡᠭ᠌ᠯᠡᠵᠦ᠍᠂ ᠨᠠᠢᠳᠠᠪᠤᠷᠢᠵᠢᠭᠤᠯᠤᠯᠳᠠ᠎ᠶ᠋ᠢ ᠦᠨᠡᠨ ᠬᠦ᠌ ᠰᠠᠢᠳᠤᠷ ᠠᠳᠭᠤᠬᠤ ᠭᠡᠷᠡᠭ᠌ᠳᠠᠢ᠃
2019 ᠤᠨ ᠪᠣᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ ᠪᠣᠯᠤᠨ᠎ᠠ᠂ ᠪᠦᠬᠦ᠌ ᠨᠠᠮ᠎ᠢᠶᠠᠷ᠎ᠢᠶᠠᠨ 《ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍ ᠪᠠᠢᠭ᠎ᠠ ᠴᠢᠬᠤᠯᠠ ᠴᠠᠭ ᠮᠥᠴᠡ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠳᠠᠬᠢᠨᠲᠠ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠵᠤ᠂ ᠨᠡᠢᠭᠡᠮ ᠲᠣᠭᠤᠷᠢᠭ᠂ ᠤᠢ ᠱᠢᠭᠤᠢ᠎ᠶ᠋ᠢᠨ ᠲᠠᠯᠠᠪᠠᠢ᠂ ᠬᠥᠳᠡᠭᠡ ᠲᠣᠰᠭᠤᠨ᠂ ᠶᠡᠭᠡ ᠳᠡᠭᠡᠳᠦ ᠰᠤᠷᠭᠠᠭᠤᠯᠢ᠂ ᠪᠠᠢᠭᠤᠯᠭ᠎ᠠ ᠨᠢᠭᠡᠴᠢ᠎ᠳᠤ ᠭᠦᠨᠵᠡᠭᠡᠢᠷᠡᠵᠦ᠍᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠡᠷᠬᠢᠨ ᠦᠵᠡᠵᠦ᠍ ᠲᠣᠬᠤᠨᠢᠭᠤᠯᠤᠨ᠂ ᠠᠵᠤ ᠠᠬᠤᠢ ᠨᠡᠢᠭᠡᠮ᠎ᠤᠨ ᠬᠥᠭ᠌ᠵᠢᠯᠲᠡ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠱᠢᠨᠵᠢᠯᠡᠨ ᠪᠠᠢᠴᠠᠭᠠᠵᠤ᠂ 《ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠎ᠢ ᠦᠷᠨᠢᠬᠦᠯᠬᠦ᠌᠎ᠶ᠋ᠢ ᠲᠤᠬᠠᠢ᠎ᠶ᠋ᠢᠨ ᠭᠠᠵᠠᠷ᠎ᠲᠤᠨᠢ ᠵᠢᠯᠤᠭᠤᠳᠪᠠ᠃
— ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠵᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠥᠭᠡᠷᠡᠴᠢᠯᠡᠯᠲᠡ᠎ᠶ᠋ᠢ ᠠᠬᠢᠭᠤᠯᠬᠤ᠂ ᠪᠦᠲᠦᠴᠡ᠎ᠶ᠋ᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠲᠣᠭ᠍ᠲᠠᠭᠤᠨ᠎ᠢ ᠪᠠᠲᠤᠯᠠᠬᠤ ᠡᠯ᠎ᠡ ᠵᠦᠢᠯ᠎ᠤᠨ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠦᠨ᠂ ᠡᠭᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ᠃
— ᠭᠤᠤᠯ ᠰᠡᠳᠤᠪᠳᠤ ᠬᠦᠮᠦᠵᠢᠯ᠎ᠳᠤ ᠡᠷᠭᠡᠪᠰᠢ ᠤᠭ ᠰᠠᠨᠠᠭ᠎ᠠ᠎ᠪᠠᠨ ᠰᠠᠬᠢᠵᠤ ᠡᠬᠦᠷᠭᠡ ᠬᠠᠷᠢᠭᠤᠴᠠᠯᠭ᠎ᠠ ᠡᠬᠦᠷᠭᠡᠯᠡᠬᠦ᠂ ᠵᠦᠷᠢᠶ᠎ᠠ᠎ᠪᠠᠨ ᠡᠷᠢᠵᠤ ᠨᠠᠢᠳᠠᠪᠤᠷᠢᠵᠢᠭᠤᠯᠤᠯᠳᠠ᠎ᠶ᠋ᠢ ᠠᠳᠭᠤᠬᠤ ᠡᠨᠡ ᠬᠦ᠌ ᠶᠡᠷᠦᠩᠭᠡᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠪᠠᠳᠤ ᠡᠵᠡᠮᠳᠠᠵᠤ᠂ ᠰᠤᠷᠤᠯᠴᠠᠯᠭ᠎ᠠ ᠬᠦᠮᠦᠵᠢᠯ᠂ ᠪᠠᠢᠴᠠᠭᠠᠨ ᠰᠤᠳᠤᠯᠤᠯᠳᠠ᠂ ᠠᠰᠠᠭᠤᠲᠠᠯ᠎ᠢ ᠪᠠᠢᠴᠠᠭᠠᠨ ᠱᠢᠨᠵᠢᠬᠦ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠲᠤᠭᠤᠱᠢᠯᠠᠭᠤᠯᠵᠤ᠂ ᠦᠨᠡᠨ ᠬᠦ᠌ ᠪᠤᠳᠠᠳᠠᠢ ᠦᠷ᠎ᠠ ᠪᠦᠳᠤᠮᠵᠢ ᠭᠠᠷᠭᠠᠬᠤ᠎ᠪᠠᠷ ᠴᠢᠷᠮᠠᠢᠬᠤ ᠭᠡᠷᠡᠭ᠌ᠳᠡᠢ᠃ ᠱᠠᠯᠠᠪᠳᠠᠭᠤᠯᠤᠨ ᠵᠢᠯᠤᠭᠤᠳᠭᠤ᠎ᠶ᠋ᠢ ᠴᠢᠩᠭᠠᠳᠭᠠᠨ᠂ ᠰᠠᠢᠨ ᠬᠢᠭ᠌ᠰᠡᠨ᠎ᠢ᠎ᠨᠢ ᠴᠠᠭ ᠲᠤᠬᠠᠢᠳᠤᠨᠢ ᠮᠠᠬ᠍ᠳᠠᠨ ᠰᠠᠢᠱᠢᠶᠠᠵᠤ ᠠᠨᠠᠢ ᠪᠠᠢᠭ᠎ᠠ᠎ᠶ᠋ᠢ᠎ᠨᠢ ᠴᠠᠭ ᠲᠤᠬᠠᠢᠳᠤᠨᠢ ᠱᠢᠬᠦᠮᠵᠢᠯᠡᠨ ᠰᠡᠷᠡᠮᠵᠢᠯᠡᠬᠦᠯᠵᠤ᠂ ᠠᠯᠲᠠᠰᠢ ᠵᠦᠷᠢᠶ᠎ᠠ ᠭᠠᠷᠪᠠᠯ ᠲᠠᠷᠦ᠋ᠢᠬᠠᠨ ᠵᠠᠯᠠᠭᠤᠷᠠᠭᠤᠯᠬᠤ ᠭᠡᠷᠡᠭ᠌ᠳᠡᠢ᠃

2020 ᠤᠨ
2020 ᠤᠨ ᠪᠣᠯ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠮᠥᠨ᠃ ᠭᠡᠨᠡᠳᠲᠡ ᠳᠠᠭᠠᠷᠢᠨ ᠢᠷᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠦᠨ᠎ᠡ᠂ ᠪᠢᠳᠡ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌᠎ᠪᠠᠷ ᠬᠥᠮᠦᠨ᠎ᠤ ᠶᠢᠷᠲᠢᠨᠴᠦ᠎ᠶ᠋ᠢᠨ ᠦᠯᠡᠮᠵᠢ᠎ᠶ᠋ᠢᠨ ᠬᠠᠢᠷ᠎ᠠ᠎ᠶ᠋ᠢ ᠲᠠᠢᠯᠪᠤᠷᠢᠯᠠᠵᠤ᠂ ᠲᠦᠮᠡᠨ ᠤᠯᠠᠨ᠎ᠢᠶᠠᠷ᠎ᠢᠶᠠᠨ ᠲᠡᠮᠦᠷ ᠭᠡᠷᠡᠮ ᠪᠤᠯᠵᠦ᠍᠂ ᠨᠤᠭᠤᠷᠠᠰᠢ ᠦᠭᠡᠢ ᠬᠠᠳᠠᠨ ᠵᠤᠷᠢᠭ᠎ᠢᠶᠠᠷ ᠬᠢᠵᠢᠭ᠎ᠲᠠᠢ ᠲᠡᠮᠡᠴᠡᠭ᠌ᠰᠡᠨ ᠲᠤᠤᠯᠢᠰ᠎ᠢ ᠪᠢᠴᠢᠭ᠌ᠯᠡᠪᠡ᠃ 2020 ᠣᠨ᠎ᠤ 5 ᠰᠠᠷ᠎ᠠ᠎ᠶ᠋ᠢᠨ 22 ᠤᠨ ᠡᠳᠦᠷ᠂ ᠲᠡᠭᠦᠨ᠎ᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ᠎ᠨᠢ᠄
— ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠭᠤᠷᠢᠨ᠎ᠢ ᠠᠷᠠᠳ ᠲᠦᠮᠡᠨ᠎ᠳᠤ ᠪᠠᠢᠨ᠎ᠠ᠂ ᠠᠮᠢᠨ ᠰᠤᠳᠠᠰᠤ᠎ᠨᠢ ᠠᠷᠠᠳ ᠲᠦᠮᠡᠨ᠎ᠳᠤ ᠪᠠᠢᠨ᠎ᠠ᠃ ᠨᠠᠮ᠎ᠠᠴᠠ ᠠᠷᠠᠳ ᠲᠦᠮᠡᠨ᠎ᠢ ᠪᠦᠯᠬᠦᠮᠳᠡᠬᠦᠯᠥᠨ ᠳᠠᠭᠠᠭᠤᠯᠵᠤ ᠬᠤᠪᠢᠰᠭᠠᠯ᠂ ᠪᠦᠳᠦᠬᠡᠨ ᠪᠠᠢᠭᠤᠯᠤᠯᠳᠠ᠂ ᠦᠬᠡᠷᠡᠴᠢᠯᠡᠯᠳᠠ ᠬᠢᠭ᠌ᠰᠡᠨ᠎ᠤ ᠦᠨᠳᠦᠰᠦᠨ ᠵᠤᠷᠢᠯᠭ᠎ᠠ᠎ᠨᠢ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶ᠋ᠢᠨ ᠲᠦᠯᠥᠬᠡ ᠶᠤᠮ᠂ ᠬᠡᠳᠤᠢ ᠶᠡᠭᠡ ᠦᠷᠢᠰᠦᠯᠳᠦᠬᠡᠨ ᠪᠤᠯᠤᠨ ᠲᠠᠷᠤᠯᠳᠠᠳᠤ ᠲᠤᠯᠭᠠᠷᠠᠭ᠍ᠰᠠᠠ ᠴᠦ᠍᠂ ᠬᠡᠳᠤᠢ ᠶᠡᠭᠡ ᠦᠷᠡᠭ᠌ᠳᠡᠯ ᠪᠤᠯᠤᠨ ᠦᠨ᠎ᠠ ᠦᠷᠳᠡᠭ ᠭᠠᠷᠭᠠᠭ᠍ᠰᠠᠠ ᠴᠦ᠍᠂ ᠡᠨᠡ ᠲᠡᠯ᠎ᠡ᠎ᠪᠠᠷ ᠪᠦᠷ ᠢᠮᠠᠬ᠍ᠳᠠ ᠬᠤᠪᠢᠷᠡᠰᠢ ᠦᠬᠡᠢ᠂ ᠦᠴᠦᠬᠡᠨ ᠴᠦ᠍ ᠭᠤᠢᠪᠢᠰᠢ ᠦᠬᠡᠢ ᠶᠤᠮ᠃ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠬᠤ᠎ᠨᠢ ᠨᠠᠮ᠎ᠤᠨ ᠬᠦᠰᠡᠯᠡᠩ ᠢᠳᠡᠬᠡᠯ ᠪᠢᠱᠢᠷᠡᠯ᠂ ᠮᠥᠨ ᠴᠢᠨᠠᠷ ᠵᠤᠷᠢᠯᠳᠡ᠂ ᠤᠭ ᠰᠠᠨᠠᠭ᠎ᠠ ᠡᠬᠦᠷᠬᠡ ᠬᠠᠷᠢᠭᠤᠴᠠᠯᠭ᠎ᠠ᠎ᠶ᠋ᠢ ᠢᠯᠡᠷᠡᠬᠦᠯᠵᠥ᠍ ᠪᠠᠢᠬᠤ᠎ᠪᠠᠷ ᠪᠠᠷᠠᠬᠤ ᠦᠬᠡᠢ ᠪᠠᠰᠠ ᠴᠦ᠍ ᠨᠠᠮ᠎ᠤᠨ ᠲᠡᠮᠡᠴᠡᠯ᠎ᠤᠨ ᠦᠩᠭᠡᠷᠡᠯᠳᠡ ᠪᠤᠯᠤᠨ ᠦᠢᠯᠡᠳᠦᠯᠬᠡ᠎ᠶ᠋ᠢᠨ ᠲᠤᠷᠱᠢᠯᠭ᠎ᠠ᠎ᠶ᠋ᠢᠨ ᠬᠦᠨᠵᠡᠬᠡᠢ ᠳ᠋ᠦᠩᠨᠡᠯᠳᠡ ᠪᠤᠯᠤᠨ᠎ᠠ᠃ ᠠᠷᠠᠳ ᠲᠦᠮᠡᠨ᠎ᠢ ᠲᠡᠬᠡᠳᠤᠯᠡᠬᠦ᠂ ᠠᠷᠠᠳ ᠲᠦᠮᠡᠨ᠎ᠳᠤ ᠨᠢᠬ᠍ᠳᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠡ ᠦᠬᠡᠢ ᠪᠤᠶᠠᠨ ᠦᠢᠯᠡᠳᠬᠦ᠂ ᠠᠷᠠᠳ ᠲᠦᠮᠡᠨ᠎ᠤ ᠲᠤᠮᠳᠠ ᠪᠠᠳᠤ ᠦᠨᠳᠦᠰᠦᠯᠡᠬᠦ᠌᠎ᠶ᠋ᠢ ᠡᠷᠬᠡᠪᠰᠢ ᠪᠠᠷᠢᠮᠳᠠᠯᠠᠬᠤ᠎ᠶ᠋ᠢᠨ ᠬᠠᠮᠳᠤ ᠡᠯ᠎ᠡ ᠵᠦᠢᠯ᠎ᠤᠨ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠪᠤᠳᠠᠳᠠᠢ ᠠᠵᠢᠯ᠎ᠳᠠᠭᠠᠨ ᠨᠠᠢᠳᠠᠪᠤᠷᠢᠵᠢᠭᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠤᠯᠳᠡᠢ ᠲᠦᠯᠥᠪᠵᠢᠬᠦᠯᠬᠦ᠌ ᠠᠵᠢᠯ᠎ᠢ ᠰᠠᠢᠳᠤᠷ ᠬᠢᠬᠦ᠌ ᠲᠤᠮᠳᠠ ᠨᠠᠢᠳᠠᠪᠤᠷᠢᠵᠢᠭᠤᠯᠬᠤ ᠬᠡᠷᠡᠭ᠌ᠳᠡᠢ᠃
ᠶᠡᠷᠦᠩᠭᠡᠢ ᠱᠦᠵᠢ ᠰᠢ᠎ᠶ᠋ᠢᠨ ᠫᠢᠩ᠂ ᠦᠪᠦᠷ ᠮᠤᠩᠭᠤᠯ᠎ᠤᠨ ᠨᠦᠬᠦᠳ 《ᠮᠤᠩᠭᠤᠯ ᠮᠤᠷᠢᠨ᠎ᠤ ᠵᠤᠷᠢᠬ ᠰᠠᠨᠠᠭ᠎ᠠ》 ᠶ᠋ᠢ ᠶᠡᠭᠡ᠎ᠪᠠᠷ ᠪᠠᠳᠠᠷᠠᠭᠤᠯᠤᠨ᠂ ᠨᠠᠮ᠎ᠤᠨ ᠳᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠳᠤᠭᠤᠱᠢᠯᠠᠭᠤᠯᠵᠥ᠍᠂ ᠠᠷᠠᠳ ᠳᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠤ᠂ ᠳᠤᠬ᠍ᠳᠠᠭᠤᠨ᠎ᠤ ᠳᠤᠮᠳᠠ ᠤᠷᠤᠬ᠍ᠰᠢᠯᠠᠨ ᠳᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠱᠢᠨ᠎ᠡ ᠬᠦᠭ᠌ᠵᠢᠯᠳᠡ᠎ᠶ᠋ᠢᠨ ᠦᠢᠯᠠᠭᠠᠬ᠍ᠳᠠᠬᠤᠨᠢ ᠪᠠᠷᠢᠮᠳᠠᠯᠠᠵᠥ᠍᠂ ᠭᠤᠷᠪᠠᠨ ᠶᠡᠭᠡ ᠪᠤᠭᠤᠮᠳᠠ ᠱᠢᠪᠳᠤᠯᠬᠤ ᠳᠠᠢᠯᠠᠯᠳᠤᠭᠠᠨ᠎ᠢ ᠡᠷᠡᠰ ᠰᠠᠢᠳᠤᠷ ᠬᠢᠵᠥ᠍᠂ 《ᠵᠢᠷᠭᠤᠭ᠎ᠠ᠎ᠶ᠋ᠢ ᠳᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠥ᠍᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠪᠦᠬᠦ᠌ ᠳᠠᠯ᠎ᠠ᠎ᠪᠠᠷ ᠨᠠᠢᠳᠠᠪᠤᠷᠢᠵᠢᠭᠤᠯᠤᠨ᠂ ᠬᠢᠵᠢᠭ᠎ᠤᠨ ᠪᠠᠢᠳᠠᠯ᠎ᠠᠴᠠ ᠪᠤᠯᠤᠭ᠍ᠰᠠᠨ ᠠᠱᠢᠬ ᠦᠬᠡᠢ ᠨᠦᠯᠦᠬᠡ᠎ᠶ᠋ᠢ ᠡᠷᠡᠰ ᠢᠯᠠᠨ ᠳᠠᠪᠠᠵᠥ᠍᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠤᠷᠢᠳᠦ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠬᠦ᠌ ᠬᠠᠷᠠᠯᠳᠠ ᠡᠬᠦᠷᠬᠡ᠎ᠪᠠᠨ ᠪᠡᠶᠡᠯᠡᠬᠦᠯᠬᠦ᠌᠎ᠶ᠋ᠢ ᠦᠨᠡᠨ ᠬᠦ᠌ ᠪᠠᠳᠤᠯᠠᠵᠥ᠍᠂ ᠱᠢᠨ᠎ᠡ ᠴᠠᠬ ᠦᠶ᠎ᠡ᠎ᠳᠤ ᠨᠡᠢᠭᠡᠮ ᠵᠢᠷᠦᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠳᠠᠯ᠎ᠠ᠎ᠪᠠᠷ ᠪᠦᠲᠦᠭᠡᠨ ᠪᠠᠢᠭᠤᠯᠬᠤ ᠠᠶᠠᠨ᠎ᠳᠤ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠲᠤᠬᠡᠢ ᠬᠡᠵᠤ ᠬᠥᠰᠡᠪᠡ᠃
2021 ᠤᠨ
2021 ᠣᠨ᠎ᠤ 3 ᠰᠠᠷ᠎ᠠ᠎ᠶ᠋ᠢᠨ 5 ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠲᠡᠭᠦᠨ᠎ᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠳᠠᠬᠢᠨᠲᠠ ᠣᠷᠣᠯᠴᠠᠪᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠡᠬᠢᠯᠡᠯᠲᠡ᠎ᠶ᠋ᠢᠨ ᠵᠢᠯ᠎ᠳᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠭᠡᠬᠦ᠌ ᠡᠨᠡ ᠬᠦ᠌ 《ᠳᠣᠬᠢᠭᠤᠷ》 ᠢ ᠳᠠᠬᠢᠨᠲᠠ ᠳᠤᠷᠠᠳᠴᠤ᠌᠂ ᠥᠪᠥᠷ ᠮᠣᠩᠭᠤᠯ᠎ᠤᠨ ᠨᠡᠩ ᠴᠢᠨᠠᠷ ᠰᠠᠢᠳᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠠᠷᠭ᠎ᠠ ᠵᠠᠮ ᠪᠠ ᠭᠤᠣᠯ ᠱᠢᠪᠳᠤᠯᠬᠤ ᠴᠢᠭ᠌ᠯᠡᠯ᠎ᠢ ᠲᠣᠳᠣᠷᠬᠠᠢᠯᠠᠵᠤ ᠥᠭ᠌ᠴᠡᠢ᠃
— ᠱᠢᠨ᠎ᠠ ᠬᠦᠭ᠌ᠵᠢᠯᠳᠠ᠎ᠶ᠋ᠢᠨ ᠤᠢ᠍ᠢᠯᠠᠭᠠᠭ᠍ᠳᠠᠬᠤᠨ ᠪᠤᠯ ᠨᠢᠭᠡᠨ ᠪᠦᠬᠦᠯᠢ ᠴᠤᠬ᠍ᠴᠠ ᠮᠦᠨ᠂ ᠡᠷᠭᠡᠪᠰᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠦ᠍᠂ ᠱᠢᠨ᠎ᠠ ᠬᠦᠭ᠌ᠵᠢᠯᠳᠠ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ᠎ᠪᠠᠷ ᠬᠦᠴᠦᠯᠡᠬᠦ᠌ ᠭᠡᠷᠡᠭ᠌ᠲᠡᠢ᠃ ᠦᠨᠳᠦᠰᠦᠳᠡᠨ᠎ᠤ ᠪᠦᠯᠬᠦᠮᠳᠡᠯ᠎ᠤᠨ ᠢᠷᠠᠭᠤ ᠠᠯᠳᠠᠷᠳᠤ ᠤᠯᠠᠮᠵᠢᠯᠠᠯ ᠪᠤᠯᠤᠨ 《ᠵᠢᠱ᠌ᠢᠶᠡᠴᠢ ᠦᠪᠡᠷᠲᠡᠭᠡᠨ ᠵᠠᠰᠠᠬᠤ ᠤᠷᠤᠨ》 ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠬᠤᠪᠢ ᠲᠠᠬᠢᠨ ᠨᠠᠨᠳᠢᠩᠨᠠᠨ ᠦᠷᠬᠦᠯᠵᠢᠯᠡᠨ ᠪᠠᠷᠢᠮᠳᠠᠯᠠᠵᠦ᠍᠂ ᠦᠨᠳᠦᠰᠦᠳᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠬᠦᠯᠦᠨ ᠬᠦᠭ᠌ᠵᠢᠬᠦᠯᠬᠦ᠌ ᠭᠡᠷᠡᠭ᠌ᠲᠡᠢ᠃ ᠨᠠᠮ᠎ᠤᠨ ᠲᠡᠦᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠰᠠᠢᠳᠤᠷ ᠠᠳᠭᠤᠵᠦ᠍᠂ ᠪᠦᠬᠦ᠌ ᠨᠠᠮ᠎ᠤᠨ ᠭᠡᠱᠢᠭᠦᠨ᠎ᠢ ᠬᠦᠮᠦᠵᠢᠭᠦᠯᠦᠨ ᠳᠠᠭᠠᠭᠤᠯᠵᠤ ᠪᠠᠢᠭᠠᠳ ᠤᠬ ᠰᠠᠨᠠᠭ᠎ᠠ᠎ᠪᠠᠨ ᠦᠯᠦ᠍ ᠮᠠᠷᠳᠠᠨ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠤᠯ ᠵᠢᠷᠭᠠᠯ ᠡᠳ᠋ᠯᠡᠭᠦᠯᠬᠦ᠂ ᠳᠤᠮᠳᠠᠳᠤ᠎ᠶ᠋ᠢᠨ ᠦᠨᠳᠦᠰᠦᠳᠡᠨ᠎ᠤ ᠰᠡᠷᠬᠦᠨ ᠮᠠᠨᠳᠤᠯᠳᠠ᠎ᠶ᠋ᠢ ᠪᠡᠶᠡᠯᠡᠭᠦᠯᠬᠦ᠌᠎ᠪᠠᠷ ᠡᠷᠡᠰ ᠭᠤᠢᠪᠢᠰᠢ ᠦᠭᠡᠢ ᠴᠢᠷᠮᠠᠢᠬᠤ ᠭᠡᠷᠡᠭ᠌ᠲᠡᠢ᠃
— ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠤᠭ᠍ᠴᠠᠯᠠᠬᠤ ᠳᠤᠮᠳᠠᠬᠢ ᠥᠪᠥᠷ ᠮᠣᠩᠭᠤᠯ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠣᠯᠵᠤ᠂ ᠥᠪᠡᠷ᠎ᠤᠨ ᠳᠠᠪᠠᠭᠤᠯᠢᠭ ᠬᠦᠷᠢ᠊ ᠡᠶ᠎ᠡ ᠴᠠᠷᠠᠭ᠎ᠠ ᠪᠣᠯᠤᠨ ᠳᠤᠲᠠᠭᠤᠳᠠᠯ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠵᠠᠳᠠᠯᠤᠨ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠤᠣᠯᠳᠠᠯᠭ᠎ᠠ᠎ᠲᠠᠢ ᠠᠵᠤ ᠦᠢᠯᠡᠰ ᠪᠣᠯᠤᠨ ᠭᠤᠣᠯ ᠱᠢᠪᠲᠤᠯᠤᠯᠲᠠ᠎ᠶ᠋ᠢᠨ ᠴᠢᠭ᠌ᠯᠡᠯ᠎ᠢᠶᠠᠨ ᠴᠢᠨᠠᠭ᠍ᠰᠢᠳᠠ ᠲᠣᠳᠣᠷᠬᠠᠢᠯᠠᠵᠤ᠂ ᠬᠤᠯᠪᠣᠭ᠍ᠳᠠᠯ ᠪᠦᠬᠦᠢ ᠠᠵᠤ ᠦᠢᠯᠡᠰ᠎ᠤᠨ ᠳᠡᠭᠡᠳᠦ ᠳᠡᠰᠵᠢᠯᠳᠡ᠂ ᠤᠶᠤᠨᠴᠢᠯᠡᠯᠳᠡ᠂ ᠪᠣᠬᠢᠷᠲᠤᠯ ᠦᠭᠡᠢ ᠬᠦᠭ᠌ᠵᠢᠯᠳᠡ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠣᠷᠣᠨ ᠨᠤᠳᠤᠭ᠎ᠤᠨ ᠪᠠᠢᠳᠠᠯ᠎ᠳᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠣᠯᠤᠨ ᠲᠡᠷᠢᠭᠦᠨ᠎ᠤ ᠦᠢᠯᠡᠳᠬᠦ᠌ ᠦᠢᠯᠡᠰ᠎ᠢ ᠬᠥᠭ᠌ᠵᠢᠭᠦᠯᠵᠦ᠍᠂ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠰᠠᠢᠨ᠎ᠢᠶᠠᠨ ᠪᠠᠳᠠᠷᠠᠭᠤᠯᠤᠨ ᠱᠢᠭᠠᠷᠤ᠎ᠪᠠᠨ ᠲᠡᠪᠴᠢᠬᠦ᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠩᠬᠠᠷᠴᠤ᠌᠂ ᠪᠦᠬᠦ᠌ ᠬᠦᠴᠦ᠎ᠪᠠᠷ᠎ᠢᠶᠠᠨ ᠴᠢᠷᠮᠠᠢᠵᠤ ᠪᠠᠢᠭᠠᠳ ᠪᠦᠲᠦᠴᠡ᠎ᠪᠠᠨ ᠲᠤᠬᠢᠷᠠᠭᠤᠯᠵᠤ᠂ ᠴᠢᠳᠠᠮᠵᠢ᠎ᠪᠠᠨ ᠬᠤᠪᠢᠷᠠᠭᠤᠯᠤᠨ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠤᠭᠤᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠬᠤ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠤᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠤ᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃
— ᠰᠤᠶᠤᠯ᠎ᠤᠨ ᠬᠠᠮᠳᠦ᠎ᠶ᠋ᠢᠨ ᠲᠠᠨᠢᠯᠳᠠ ᠪᠤᠯ ᠬᠠᠮᠤᠭ᠎ᠤᠨ ᠬᠦᠨ ᠲᠠᠪᠬᠤᠷᠭ᠎ᠠ᠎ᠶ᠋ᠢᠨ ᠬᠠᠮᠳᠦ᠎ᠶ᠋ᠢᠨ ᠲᠠᠨᠢᠯᠳᠠ᠂ ᠦᠨᠳᠤᠰᠤᠳᠡᠨ᠎ᠤ ᠪᠦᠯᠬᠦᠮᠳᠡᠯ᠎ᠤᠨ ᠦᠨᠳᠤᠰᠤ᠂ ᠦᠨᠳᠤᠰᠤᠳᠡᠨ ᠡᠶ᠎ᠡ ᠨᠠᠢᠷᠠᠮᠳᠠᠭᠤ ᠪᠠᠢᠬᠤ᠎ᠶ᠋ᠢᠨ ᠰᠦᠭ ᠰᠦᠨᠡᠰᠤ ᠮᠦᠨ᠃ ᠤᠯᠤᠰ᠎ᠤᠨ ᠨᠠᠢᠳᠠᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠡᠯᠭᠡᠷᠡᠬᠦᠯᠤᠨ ᠲᠦᠭᠡᠮᠡᠯᠵᠢᠬᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠳᠤᠷ ᠬᠢᠵᠤ᠂ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲᠧᠷᠢᠶᠠᠯ᠎ᠢ ᠪᠦᠬᠦ᠌ ᠲᠠᠯ᠎ᠡ᠎ᠪᠠᠷ ᠲᠡᠯᠭᠡᠷᠡᠬᠦᠯᠤᠨ ᠭᠡᠷᠡᠭ᠌ᠯᠡᠬᠦ᠌ ᠭᠡᠷᠡᠭ᠌ᠳᠠᠢ᠃ ᠦᠨᠳᠤᠰᠤᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠲᠤᠮᠳᠠ ᠲᠤᠮᠳᠠᠳᠤ᠎ᠶ᠋ᠢᠨ ᠦᠨᠳᠤᠰᠤᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠤᠨ ᠬᠦᠮᠦᠵᠢᠯ᠎ᠢ ᠬᠦᠨᠵᠡᠭᠡᠢ ᠦᠷᠨᠢᠬᠦᠯᠵᠤ᠂ ᠢᠯᠠᠩᠭᠤᠶ᠎ᠡ ᠵᠠᠯᠠᠭᠤᠴᠤᠳ ᠪᠠᠭᠠᠴᠤᠳ᠎ᠤᠨ ᠬᠦᠮᠦᠵᠢᠯ᠎ᠠᠴᠠ ᠭᠠᠷᠳᠠᠨ ᠠᠳᠭᠤᠵᠤ᠂ ᠦᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠤᠨ ᠲᠠᠭᠠᠭᠤᠯᠵᠤ ᠪᠠᠢᠭᠠᠳ ᠨᠠᠮ᠎ᠤᠨ ᠦᠨᠳᠤᠰᠤᠳᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠡ᠎ᠪᠠᠷ ᠤᠢ᠍ᠢᠯᠠᠭᠠᠵᠤ᠂ ᠵᠦᠪ ᠤᠯᠤᠰ᠎ᠤᠨ ᠦᠵᠡᠯᠳᠠ᠂ ᠲᠡᠤᠭᠡ᠎ᠶ᠋ᠢᠨ ᠦᠵᠡᠯᠳᠠ᠂ ᠦᠨᠳᠤᠰᠤᠳᠡᠨ᠎ᠤ ᠦᠵᠡᠯᠳᠠ᠂ ᠰᠤᠶᠤᠯ᠎ᠤᠨ ᠦᠵᠡᠯᠳᠠ᠂ ᠱᠠᠱᠢᠨ ᠰᠤᠷᠳᠠᠬᠤᠨ᠎ᠤ ᠦᠵᠡᠯᠳᠠ᠎ᠶ᠋ᠢ ᠪᠤᠢ ᠪᠤᠯᠭᠠᠨ᠂ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠳᠠ᠎ᠶ᠋ᠢ ᠲᠤᠭ ᠲᠡᠮᠳᠡᠭ ᠲᠤᠳᠤᠷᠬᠠᠢ᠎ᠪᠠᠷ ᠡᠰᠡᠷᠬᠦᠴᠡᠵᠤ᠂ 《ᠦᠵᠡᠰᠭᠦᠯᠨᠩᠳᠤ ᠰᠠᠢᠬᠠᠨ ᠦᠪᠤᠷ ᠮᠤᠩᠭᠤᠯ᠎ᠢᠶᠠᠨ ᠪᠦᠳᠦᠭᠡᠨ ᠪᠠᠢᠭᠤᠯᠵᠤ ᠠᠭᠤᠤ ᠶᠡᠭᠡ ᠲᠤᠮᠳᠠᠳᠤ᠎ᠶ᠋ᠢᠨ ᠵᠡᠬᠦᠳᠤ᠎ᠪᠠᠨ ᠬᠠᠮᠳᠤ᠎ᠪᠠᠷ ᠲᠡᠷᠭᠡᠯᠱᠢᠬᠦᠯᠬᠦ᠌》 ᠬᠠᠮᠳᠤᠷᠠᠯ ᠬᠦᠴᠤᠨ᠎ᠢ ᠨᠢᠬ᠍ᠳᠠᠷᠠᠭᠤᠯᠬᠤ ᠭᠡᠷᠡᠭ᠌ᠳᠠᠢ᠃
— ᠠᠯᠢ ᠡᠷᠳᠡᠨ ᠨᠠᠮ ᠪᠠᠢᠭᠤᠯᠤᠬ᠍ᠳᠠᠬ᠍ᠰᠠᠨ ᠠᠩᠬᠠᠨ᠎ᠤ ᠦᠶ᠎ᠠ᠎ᠳᠤ᠂ ᠮᠠᠨ᠎ᠤ ᠨᠠᠮ ᠳᠠᠷᠤᠢ ᠦᠨᠳᠤᠰᠤᠳᠠᠨ᠎ᠤ ᠠᠰᠠᠭᠤᠳᠠᠯ᠎ᠢ ᠲᠦᠢᠯ᠎ᠢᠶᠠᠷ ᠠᠩᠬᠠᠷᠴᠠᠢ᠃ ᠯᠢ ᠳ᠋ᠠ ᠵᠤᠤ ᠨᠦᠬᠦᠷ ᠮᠤᠩᠭᠤᠯ ᠦᠨᠳᠤᠰᠤᠳᠠᠨ᠎ᠤ ᠤᠯᠠᠨ ᠲᠦᠮᠡᠨ᠎ᠤ ᠲᠤᠮᠳᠠ ᠮᠠᠷᠺᠰ᠎ᠤᠨ ᠦᠵᠡᠯ᠎ᠢ ᠤᠯᠠᠮᠵᠢᠯᠠᠬᠤ᠂ ᠡᠪ ᠬᠠᠮᠳᠤ ᠶᠤᠰᠤᠨ᠎ᠤ ᠲᠡᠷᠢᠬᠦᠨ᠎ᠤ ᠬᠦᠮᠤᠰ᠎ᠢ ᠬᠦᠮᠤᠵᠢᠬᠦᠯᠬᠦ᠌ ᠠᠵᠢᠯ᠎ᠢ ᠱᠢᠭᠤᠳ ᠤᠳᠤᠷᠢᠳᠤᠨ ᠤᠷᠤᠯᠴᠠᠵᠦ᠍ ᠪᠠᠢᠪᠠ᠃ 1923 ᠤᠨ᠎ᠳᠤ᠂ ᠦᠪᠤᠷ ᠮᠤᠩᠭᠤᠯ᠎ᠳᠤ ᠤᠯᠠᠭᠠᠨᠬᠦᠤ᠎ᠶ᠋ᠢ ᠪᠠᠭ᠍ᠳᠠᠭᠠᠬ᠍ᠰᠠᠨ ᠠᠩᠬᠠᠳᠠᠭ᠍ᠴᠢ ᠪᠦᠯᠦᠭ᠎ᠤᠨ ᠡᠪ ᠬᠠᠮᠳᠤᠴᠤᠳ ᠭᠠᠷᠴᠤ᠌ ᠢᠷᠡᠵᠠᠢ᠃ 1947 ᠤᠨ᠎ᠤ 5 ᠰᠠᠷ᠎ᠠ᠎ᠳᠤ᠂ ᠨᠠᠮ᠎ᠠᠴᠠ ᠤᠳᠤᠷᠢᠳᠤᠬ᠍ᠰᠠᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠬ᠍ᠳᠠᠵᠤ᠂ ᠮᠠᠨ᠎ᠤ ᠨᠠᠮ᠎ᠤᠨ ᠮᠠᠷᠺᠰ᠎ᠤᠨ ᠦᠵᠡᠯ᠎ᠢ ᠠᠱᠢᠬ᠍ᠯᠠᠨ ᠤᠯᠤᠰ᠎ᠤᠨ ᠳᠤᠳᠤᠭᠠᠳᠤ᠎ᠶ᠋ᠢᠨ ᠦᠨᠳᠤᠰᠤᠳᠠᠨ᠎ᠤ ᠠᠰᠠᠭᠤᠳᠠᠯ᠎ᠢ ᠱᠢᠢᠳᠪᠤᠷᠢᠯᠡᠭ᠌ᠰᠡᠨ ᠠᠮᠵᠢᠯᠳᠠ᠎ᠲᠠᠢ ᠤᠢ᠍ᠢᠯᠡᠳᠤᠯᠬᠡ ᠪᠤᠯᠵᠠᠢ᠃ ᠱᠢᠨ᠎ᠠ ᠳᠤᠮᠳᠠᠳᠤ ᠤᠯᠤᠰ ᠪᠠᠢᠭᠤᠯᠤᠬ᠍ᠳᠠᠬ᠍ᠰᠠᠨᠤ ᠲᠠᠷᠠᠭ᠎ᠠ᠂ ᠦᠪᠤᠷ ᠮᠤᠩᠭᠤᠯ᠎ᠤᠨ᠎ᠬᠢᠨ 《ᠰᠡᠳᠭᠢᠯ ᠨᠢᠭᠡᠳᠦᠨ ᠬᠦᠴᠦ᠎ᠪᠠᠨ ᠬᠠᠮᠳᠤᠳᠭᠠᠵᠤ ᠪᠤᠭᠤᠳᠤ᠎ᠶ᠋ᠢᠨ ᠪᠤᠯᠤᠳ ᠲᠡᠮᠤᠷ᠎ᠤᠨ ᠤᠢ᠍ᠢᠯᠡᠳᠪᠤᠷᠢ᠎ᠶ᠋ᠢ ᠪᠠᠢᠭᠤᠯᠤᠭ᠍ᠰᠠᠨ》᠂ 《ᠭᠤᠷᠪᠠᠨ ᠮᠢᠩᠭᠠᠨ ᠦᠨᠤᠴᠢᠨ ᠬᠡᠤᠬᠡᠳ᠎ᠢ ᠦᠷᠡᠴᠢᠯᠡᠨ ᠳᠡᠵᠢᠭᠡᠭ᠌ᠰᠡᠨ》 ᠵᠡᠷᠬᠡ ᠲᠡᠤᠬᠡ᠎ᠶ᠋ᠢᠨ ᠰᠤᠳᠤᠨ ᠰᠠᠢᠬᠠᠨ ᠳᠠᠭᠤᠷᠢᠰᠭᠠᠯ᠎ᠢ ᠪᠤᠢ ᠪᠤᠯᠭᠠᠪᠠ᠃ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠤᠵᠢᠯ᠎ᠳᠤ ᠡᠳᠡᠬᠡᠷ ᠬᠤᠪᠢᠰᠭᠠᠯ᠎ᠤᠨ ᠡᠬᠢ ᠪᠠᠶᠠᠯᠢᠬ᠎ᠢ ᠰᠠᠢᠳᠦᠷ ᠠᠱᠢᠬ᠍ᠯᠠᠵᠤ᠂ ᠦᠷᠬᠡᠨ ᠤᠯᠠᠨ ᠨᠠᠮ᠎ᠤᠨ ᠬᠡᠱᠢᠬᠦᠨ ᠺᠠᠳ᠋ᠷ᠎ᠢ ᠵᠤᠬᠢᠶᠠᠨ ᠪᠠᠢᠭᠤᠯᠤᠨ ᠨᠠᠮ᠎ᠤᠨ ᠲᠡᠤᠬᠡ᠎ᠶ᠋ᠢ ᠭᠤᠤᠯᠳᠠᠯᠭ᠎ᠠ᠎ᠲᠠᠢ ᠰᠤᠷᠤᠯᠴᠠᠬᠤ᠎ᠶ᠋ᠢᠨ ᠬᠠᠮᠳᠤ ᠱᠢᠨ᠎ᠠ ᠳᠤᠮᠳᠠᠳᠤ ᠤᠯᠤᠰ᠎ᠤᠨ ᠲᠡᠤᠬᠡ᠂ ᠦᠬᠡᠷᠡᠴᠢᠯᠠᠯᠳᠠ ᠨᠡᠬᠡᠬᠡᠯᠳᠠ᠎ᠶ᠋ᠢᠨ ᠲᠡᠤᠬᠡ᠂ ᠨᠡᠢᠬᠡᠮ ᠵᠢᠷᠤᠮ᠎ᠤᠨ ᠬᠦᠭ᠌ᠵᠢᠯᠳᠠ᠎ᠶ᠋ᠢᠨ ᠲᠡᠤᠬᠡ᠎ᠶ᠋ᠢ ᠰᠤᠷᠤᠯᠴᠠᠵᠤ᠂ ᠲᠡᠤᠬᠡ᠎ᠶ᠋ᠢ ᠰᠤᠷᠤᠯᠴᠠᠵᠤ ᠶᠤᠰᠤ᠎ᠶ᠋ᠢ ᠮᠡᠳᠡᠬᠦ᠂ ᠲᠡᠤᠬᠡ᠎ᠶ᠋ᠢ ᠰᠤᠷᠤᠯᠴᠠᠵᠤ ᠢᠳᠡᠬᠡᠯ᠎ᠢᠶᠠᠨ ᠨᠡᠮᠡᠭ᠌ᠳᠡᠬᠦᠯᠬᠦ᠂ ᠲᠡᠤᠬᠡ᠎ᠶ᠋ᠢ ᠰᠤᠷᠤᠯᠴᠠᠵᠤ ᠶᠤᠰᠤ ᠰᠤᠷᠳᠠᠬᠤᠨ᠎ᠢ ᠳᠡᠭᠡᠳᠦᠯᠡᠬᠦ᠂ ᠲᠡᠤᠬᠡ᠎ᠶ᠋ᠢ ᠰᠤᠷᠤᠯᠴᠠᠵᠤ ᠦᠢᠯᠡᠳᠦᠯᠭᠡᠵᠢᠬᠦᠯᠬᠦ᠌᠎ᠪᠠᠷ ᠬᠦᠴᠦᠯᠡᠨ ᠴᠢᠷᠮᠠᠢᠵᠤ᠂ ᠨᠠᠮ᠎ᠤᠨ ᠲᠡᠤᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠩᠭᠡᠷᠡᠭᠦᠯᠬᠦ᠂ ᠪᠤᠳᠠᠳᠠᠢ ᠶᠠᠪᠤᠳᠠᠯ ᠬᠢᠬᠦ᠂ ᠱᠢᠨ᠎ᠠ ᠪᠠᠢᠳᠠᠯ᠎ᠢ ᠡᠬᠦᠳᠬᠦ᠌᠎ᠶ᠋ᠢ ᠪᠡᠶᠡᠯᠡᠭᠦᠯᠵᠤ᠂ ᠢᠯᠠᠩᠭᠤᠶ᠎ᠠ ᠳᠤᠮᠳᠠᠳᠤ ᠤᠯᠤᠰ᠎ᠤᠨ ᠤᠨᠴᠠᠯᠢᠬ᠎ᠲᠠᠢ ᠦᠨᠳᠤᠰᠤᠳᠠᠨ᠎ᠤ ᠠᠰᠠᠭᠤᠳᠠᠯ᠎ᠢ ᠱᠢᠢᠳᠪᠤᠷᠢᠯᠡᠬᠦ᠌ ᠵᠦᠪ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠬᠤ᠂ ᠦᠨᠳᠤᠰᠤᠳᠠᠨ᠎ᠨᠦᠭᠦᠳ᠎ᠤᠨ ᠶᠡᠭᠡ ᠪᠦᠯᠬᠦᠮᠳᠡᠯ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠵᠡᠷᠬᠡ ᠴᠢᠬᠤᠯᠠ ᠶᠡᠭᠡ ᠠᠰᠠᠭᠤᠳᠠᠯ ᠳᠡᠭᠡᠷ᠎ᠠ ᠦᠵᠡᠯ ᠰᠠᠨᠠᠭ᠎ᠠ ᠲᠠᠨᠢᠯᠳᠠ ᠪᠠ ᠠᠵᠢᠯ᠎ᠤᠨ ᠲᠦᠪᠱᠢᠨ᠎ᠢᠶᠠᠨ ᠲᠠᠰᠤᠷᠠᠯᠳᠠ ᠦᠬᠡᠢ ᠲᠡᠭᠡᠭ᠌ᠰᠢᠯᠡᠬᠦᠯᠬᠦ᠌ ᠭᠡᠷᠡᠭ᠌ᠳᠠᠢ᠃
ᠬᠦᠰᠡᠯ ᠨᠠᠢᠳᠠᠯᠭ᠎ᠠ ᠴᠡᠭᠡᠵᠢᠨ᠎ᠠ ᠬᠠᠳᠠᠩᠱᠢᠵᠦ᠍᠂ ᠴᠢᠪ ᠭᠡᠮᠡᠨ ᠡᠷᠡᠮᠡᠭᠡᠢᠯᠡᠨ ᠤᠷᠤᠬ᠍ᠰᠢᠯᠠᠬᠤ ᠴᠠᠭ ᠪᠤᠯᠤᠯ᠎ᠠ᠃ ᠥᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠨᠠᠮ᠎ᠤᠨ ᠤᠬ ᠰᠠᠨᠠᠭ᠎ᠠ ᠡᠬᠦᠷᠭᠡ ᠬᠠᠷᠢᠭᠤᠴᠠᠯᠭ᠎ᠠ᠎ᠶ᠋ᠢ ᠪᠠᠳᠤ ᠴᠡᠭᠡᠵᠢᠯᠡᠵᠦ᠍᠂ ᠶᠡᠷᠦᠩᠭᠡᠢ ᠱᠦᠵᠢ ᠰᠢ᠎ᠶ᠋ᠢᠨ ᠫᠢᠩ ᠪᠠ ᠨᠠᠮ᠎ᠤᠨ ᠲᠦᠪ ᠬᠤᠷᠢᠶᠠᠨ᠎ᠤ ᠨᠠᠢᠳᠠᠯᠭ᠎ᠠ᠎ᠶ᠋ᠢ ᠪᠠᠳᠤ ᠴᠡᠭᠡᠵᠢᠯᠡᠨ᠂ 《ᠬᠤᠶᠠᠷ᠎ᠢ ᠬᠠᠮᠠᠭᠠᠯᠠᠬᠤ》 ᠶ᠋ᠢ ᠪᠤᠳᠠᠳᠠᠢ ᠠᠵᠢᠯᠯᠠᠭ᠎ᠠ ᠳᠡᠭᠡᠷ᠎ᠠ᠎ᠪᠠᠨ ᠨᠠᠢᠳᠠᠪᠤᠷᠢᠵᠢᠭᠤᠯᠵᠦ᠍᠂ ᠵᠢᠪᠬᠤᠭ᠎ᠠ ᠲᠡᠬᠦᠯᠳᠡᠷ ᠤᠶᠤᠨ ᠰᠠᠨᠠᠭᠠᠨ᠎ᠤ ᠪᠠᠢᠳᠠᠯ ᠪᠠ ᠴᠤᠴᠠᠯᠳᠠ ᠦᠭᠡᠢ ᠤᠷᠤᠬ᠍ᠰᠢᠯᠠᠬᠤ ᠲᠡᠮᠡᠴᠡᠯ᠎ᠤᠨ ᠪᠠᠢᠳᠠᠯ᠎ᠢᠶᠠᠷ ᠨᠡᠢᠭᠡᠮ ᠵᠢᠷᠤᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠠ ᠠᠶᠠᠨ ᠳᠡᠭᠡᠷ᠎ᠠ ᠥᠪᠦᠷ ᠮᠤᠩᠭᠤᠯ᠎ᠤᠨ ᠬᠦᠭ᠌ᠵᠢᠯᠳᠠ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠵᠦ᠍ ᠪᠠᠢᠨᠠᠮ!