ᠰᠠᠭᠤᠷᠢ ᠪᠠᠲᠤ ᠥᠨᠲᠥᠰᠤ ᠬᠥᠨ ᠨᠠᠪᠴᠢ ᠰᠠᠬᠤᠯᠢᠬ
2021-07-01 08:30:31
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠨᠡᠢᠭᠡᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠲᠠᠢᠴᠢᠨ ᠪᠠᠬᠢᠯᠡᠯᠲᠡ ᠮᠥᠨ᠂ ᠨᠠᠮ᠎ᠤᠨ ᠲᠦᠷᠦ᠍ ᠪᠠᠷᠢᠬᠤ ᠰᠠᠭᠤᠷᠢ ᠪᠠ ᠬᠦᠴᠦᠨ ᠴᠢᠲᠠᠯ᠎ᠤᠨ ᠡᠬᠢ ᠰᠤᠷᠪᠤᠯᠵᠢ ᠮᠥᠨ᠃ ᠭᠠᠭ᠍ᠴᠠ ᠬᠦ᠌ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠᠲᠤ ᠴᠢᠩᠭ᠎ᠠ ᠬᠦᠴᠦᠨ᠎ᠲᠠᠢ ᠪᠠᠢᠪᠠᠯ᠂ ᠨᠠᠮ᠎ᠤᠨ ᠰᠠᠭᠤᠷᠢ ᠰᠠᠶᠢ ᠪᠠᠲᠤ ᠪᠠᠬᠢ ᠪᠠᠢᠵᠤ᠂ ᠨᠠᠮ ᠰᠠᠶᠢ ᠲᠠᠢᠴᠢᠨ ᠬᠦᠴᠦᠨ᠎ᠲᠠᠢ ᠪᠠᠢᠵᠤ ᠴᠢᠳᠠᠨ᠎ᠠ᠃



QQ图片20210630164701.png


 

ᠰᠣᠷᠣᠭ᠍ᠴᠢᠳ ᠨᠠᠮ᠎ᠤᠨ ᠲᠡᠤᠬᠡ᠎ᠶ᠋ᠢᠨ ᠦᠵᠡᠭᠦᠯᠭᠡ᠎ᠶ᠋ᠢᠨ ᠲᠢᠩᠬᠢᠮ᠎ᠢᠶᠠᠷ ᠲᠤᠭᠤᠷᠢᠨ ᠦᠵᠡᠨ᠎ᠡ


QQ图片20210630164720.png


ᠨᠠᠮ᠎ᠤᠨ ᠬᠡᠱᠢᠭᠦᠳ᠎ᠢ ᠵᠤᠬᠢᠶᠠᠨ ᠪᠠᠢᠭᠤᠯᠤᠨ ᠲᠤᠰᠭᠠᠢ ᠰᠡᠲᠦᠪᠲᠦ ᠲᠠᠢᠯᠤᠮᠵᠢ ᠰᠤᠨᠤᠰᠤᠨ᠎ᠠ

 



ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠨᠡᠢᠭᠡᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠲᠠᠢᠴᠢᠨ ᠪᠠᠬᠢᠯᠡᠯᠲᠡ ᠮᠥᠨ᠂ ᠨᠠᠮ᠎ᠤᠨ ᠲᠦᠷᠦ᠍ ᠪᠠᠷᠢᠬᠤ ᠰᠠᠭᠤᠷᠢ ᠪᠠ ᠬᠦᠴᠦᠨ ᠴᠢᠲᠠᠯ᠎ᠤᠨ ᠡᠬᠢ ᠰᠤᠷᠪᠤᠯᠵᠢ ᠮᠥᠨ᠃ ᠭᠠᠭ᠍ᠴᠠ ᠬᠦ᠌ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠᠲᠤ ᠴᠢᠩᠭ᠎ᠠ ᠬᠦᠴᠦᠨ᠎ᠲᠠᠢ ᠪᠠᠢᠪᠠᠯ᠂ ᠨᠠᠮ᠎ᠤᠨ ᠰᠠᠭᠤᠷᠢ ᠰᠠᠶᠢ ᠪᠠᠲᠤ ᠪᠠᠬᠢ ᠪᠠᠢᠵᠤ᠂ ᠨᠠᠮ ᠰᠠᠶᠢ ᠲᠠᠢᠴᠢᠨ ᠬᠦᠴᠦᠨ᠎ᠲᠠᠢ ᠪᠠᠢᠵᠤ ᠴᠢᠳᠠᠨ᠎ᠠ᠃

ᠤᠢ᠍ᠢᠷ᠎ᠠ᠎ᠶ᠋ᠢᠨ ᠵᠢᠯ᠎ᠳᠤ᠂ ᠪᠥᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠪᠠᠢᠭᠤᠯᠤᠯᠲᠠ ᠪᠣᠯᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠲᠠᠪᠤ᠎ᠶ᠋ᠢ ᠬᠠᠮᠵᠢᠯᠴᠠᠭᠤᠯᠤᠨ᠂ ᠦᠨᠳᠦᠰᠦᠨ ᠱᠠᠲᠤ᠎ᠶ᠋ᠢ ᠶᠡᠭᠡ᠎ᠪᠠᠷ ᠠᠳᠭᠤᠬᠤ》 ᠎ᠶ᠋ᠢ ᠪᠠᠷᠢᠮᠲᠠᠯᠠᠵᠤ᠂ ᠰᠠᠭᠤᠷᠢ ᠲᠠᠯᠪᠢᠬᠤ᠂ ᠳᠤᠲᠠᠭᠤᠳᠠᠯ᠎ᠢ ᠨᠥᠬᠦᠪᠥᠷᠢᠯᠡᠬᠦ᠂ ᠳᠠᠪᠠᠭᠤᠯᠢᠭ᠎ᠢᠶᠠᠨ ᠪᠠᠳᠠᠷᠠᠭᠤᠯᠬᠤ᠂ ᠴᠢᠳᠠᠮᠵᠢ᠎ᠶ᠋ᠢ ᠴᠢᠩᠭᠠᠳᠭᠠᠬᠤ᠂ ᠱᠢᠰᠲ᠋ᠧᠮᠵᠢᠭᠦᠯᠦᠨ ᠲᠥᠯᠥᠪᠵᠢᠭᠦᠯᠬᠦ᠂ ᠳᠦᠷᠢᠮᠵᠢᠭᠦᠯᠦᠨ ᠵᠢᠷᠤᠮᠵᠢᠭᠤᠯᠬᠤ᠂ ᠪᠠᠷᠢᠮᠵᠢᠶᠠᠵᠢᠭᠤᠯᠤᠨ ᠪᠥᠲᠥᠭᠡᠨ ᠪᠠᠢᠭᠤᠯᠬᠤ᠂ ᠲᠥᠷᠥᠯ ᠵᠦᠢᠯᠵᠢᠭᠦᠯᠦᠨ ᠠᠬᠢᠭᠤᠯᠬᠤ᠂ ᠮᠡᠳᠡᠭᠡ ᠵᠠᠩᠭᠢᠵᠢᠭᠤᠯᠤᠨ ᠲᠤᠯᠭᠠᠭᠤᠷᠢᠯᠠᠬᠤ᠎ᠶ᠋ᠢ ᠴᠢᠬᠤᠯᠠᠴᠢᠯᠠᠵᠤ᠂ ᠤᠯᠤᠰ ᠲᠥᠷᠥ᠎ᠶ᠋ᠢᠨ ᠴᠢᠳᠠᠮᠵᠢ᠎ᠶ᠋ᠢ ᠬᠦᠴᠦᠯᠡᠨ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠥᠪᠥᠷ ᠮᠣᠩᠭᠤᠯ᠎ᠢ ᠪᠥᠲᠥᠭᠡᠨ ᠪᠠᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃

ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠬᠤ᠎ᠳᠤ ᠲᠣᠳᠣᠷᠬᠠᠢ ᠰᠡᠳᠭᠢᠴᠡ᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠂ ᠪᠣᠳᠠᠲᠠᠢ ᠭᠠᠷᠳᠠᠴᠠ ᠪᠠᠢᠬᠤ ᠬᠡᠷᠡᠭ᠌ᠲᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ 《〈ᠲᠠᠪᠤ᠎ᠶ᠋ᠢ ᠬᠠᠮᠵᠢᠯᠴᠠᠭᠤᠯᠤᠨ᠂ ᠦᠨᠳᠦᠰᠦᠨ ᠱᠠᠲᠤ᠎ᠶ᠋ᠢ ᠶᠡᠭᠡ᠎ᠪᠠᠷ ᠠᠳᠭᠤᠬᠤ〉 ᠲᠤᠬᠠᠶ ᠵᠢᠯᠣᠭᠤᠳᠭᠤ ᠰᠠᠨᠠᠯ》 ᠎ᠢ ᠲᠣᠭ᠍ᠲᠠᠭᠠᠨ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠂ ᠬᠤᠲᠠ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ 《ᠬᠤᠶᠠᠷ ᠱᠢᠨ᠎ᠡ》 ᠵᠣᠬᠢᠶᠠᠨ ᠪᠠᠢᠭᠤᠯᠤᠯᠲᠠ ᠵᠡᠷᠭᠡ ᠬᠦᠷᠢᠶᠡᠨ᠎ᠳᠠᠬᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠳᠠᠯᠢ ᠪᠤᠰᠤ ᠣᠨᠴᠠᠯᠢᠭ᠎ᠲᠤ ᠴᠢᠭ᠌ᠯᠡᠭᠦᠯᠦᠨ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ᠎ᠶ᠋ᠢ ᠲᠥᠯᠥᠪᠵᠢᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠨᠡᠨ ᠬᠦ᠌ ᠣᠯᠠᠨ ᠲᠦᠮᠡᠨ᠎ᠳᠤ ᠦᠢᠯᠡᠴᠢᠯᠡᠬᠦ᠂ ᠲᠣᠭ᠍ᠲᠠᠭᠤᠨ᠎ᠢ ᠬᠠᠮᠠᠭᠠᠯᠠᠬᠤ᠂ ᠬᠠᠭᠠᠴᠠᠭᠤᠯᠤᠯ᠎ᠢ ᠡᠰᠡᠷᠭᠦᠴᠡᠬᠦ᠂ ᠪᠦᠯᠬᠦᠮᠳᠡᠯ᠎ᠢ ᠠᠬᠢᠭᠤᠯᠬᠤ᠂ ᠬᠥᠭ᠌ᠵᠢᠯᠲᠡ᠎ᠶ᠋ᠢ ᠠᠬᠢᠭᠤᠯᠬᠤ ᠪᠠᠲᠤ ᠴᠢᠩᠭ᠎ᠠ ᠳᠠᠢᠴᠢᠨ ᠪᠠᠬᠢᠯᠡᠯᠲᠡ ᠪᠣᠯᠭᠠᠨ ᠴᠤᠬ᠍ᠴᠠᠯᠠᠪᠠ᠃

ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠦᠭ᠌ᠵᠢᠷᠡᠯ᠂ ᠣᠯᠠᠨ ᠲᠦᠮᠡᠨ᠎ᠤ ᠲᠤᠰᠭᠠᠯ ᠴᠢᠩᠭ᠎ᠠ ᠪᠠᠢᠭ᠎ᠠ ᠬᠠᠯᠠᠮᠱᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠠᠴᠠ 《ᠳᠥᠷᠪᠡᠨ ᠠᠷᠭ᠎ᠠ ᠬᠡᠮᠵᠢᠶ᠎ᠡ᠎ᠪᠠᠷ ᠠᠬᠢᠭᠤᠯᠬᠤ》 ᠠᠵᠢᠯ᠎ᠤᠨ ᠱᠢᠰᠲ᠋ᠧᠮ᠎ᠢ ᠪᠠᠢᠭᠤᠯᠵᠤ᠂ 《ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ᠌》 ᠠᠵᠢᠯ᠎ᠤᠨ ᠪᠠᠢᠳᠠᠯ᠎ᠢ ᠪᠦᠷᠢᠯᠳᠦᠭᠦᠯᠵᠦ᠍᠂ ᠪᠥᠬᠦ᠌ ᠣᠷᠣᠨ᠎ᠤ 7.4 ᠲᠦᠮᠡᠨ ᠨᠠᠮ᠎ᠤᠨ ᠡᠭᠦᠷ᠎ᠲᠤ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠤᠨ ᠪᠠᠢᠭᠤᠯᠤᠯᠲᠠ᠎ᠶ᠋ᠢ ᠥᠨᠳᠥᠷ ᠪᠠᠷᠢᠮᠵᠢᠶ᠎ᠠ᠎ᠪᠠᠷ ᠠᠬᠢᠭᠤᠯᠪᠠ᠃


QQ图片20210630164736.png

 

ᠨᠡᠢᠭᠡᠮ ᠲᠤᠭᠤᠷᠢᠭ᠎ᠤᠨ ᠨᠠᠮ᠎ᠤᠨ ᠬᠡᠱᠢᠭᠦᠨ ᠰᠠᠢᠨ ᠲᠤᠷᠠᠴᠤᠳ ᠪᠤᠯᠤᠨ ᠲᠤᠤᠷᠵᠢᠯ᠎ᠤᠨ ᠠᠵᠢᠯᠲᠠᠨ ᠬᠠᠮᠤᠭ᠎ᠤᠨ ᠭᠤᠶᠤ ᠬᠡᠷ ᠪᠦᠯᠢ᠎ᠶ᠋ᠢ ᠲᠤᠬᠤᠨᠢᠭᠤᠯᠬᠤ ᠠᠵᠢᠯᠯᠠᠭ᠎ᠠ ᠦᠷᠨᠢᠭᠦᠯᠤᠨ᠎ᠠ


QQ图片20210630164839.png


《ᠡᠪ ᠬᠠᠮᠲᠦ ᠨᠠᠮ᠎ᠤᠨ ᠬᠡᠱᠢᠭᠦᠨ᠎ᠤ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ》 ᠎ᠨᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠲᠦᠭᠦᠮ ᠲᠦᠲᠡ ᠴᠢᠨᠠᠷ ᠰᠠᠢᠲᠠᠢ ᠦᠢᠯᠡᠴᠢᠯᠡᠭᠡ ᠬᠠᠩᠭᠠᠨ᠎ᠠ

 


ᠥᠪᠡᠷᠲᠡᠭᠡᠨ ᠵᠠᠰᠠᠬᠤ ᠣᠷᠣᠨ᠎ᠠᠴᠠ ᠨᠠᠮ᠎ᠤᠨ ᠪᠠᠢᠭᠤᠯᠤᠯᠲᠠ᠎ᠶ᠋ᠢ ᠠᠳᠭᠤᠵᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠠᠬᠢᠭᠤᠯᠬᠤ ᠲᠦᠷᠢᠮ ᠲᠣᠭ᠍ᠲᠠᠴᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ 9640 ᠨᠡᠷ᠎ᠡ ᠨᠢᠭᠡᠳᠦᠭᠡᠷ ᠱᠦᠵᠢ᠂ 8689 ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠂ 3.2 ᠲᠦᠮᠡᠨ ᠲᠣᠰᠭᠤᠨ᠎ᠳᠤ ᠰᠠᠭᠤᠭ᠎ᠠ ᠺᠠᠳ᠋ᠷ᠎ᠢ ᠰᠣᠩᠭᠤᠨ ᠲᠣᠮᠢᠯᠠᠵᠤ ᠬᠠᠪᠰᠤᠷᠤᠨ ᠲᠡᠳᠬᠦᠬᠦ᠌ ᠠᠵᠢᠯ ᠥᠷᠨᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠪᠠ᠃

ᠡᠨᠡ ᠵᠢᠯ᠎ᠤᠨ ᠭᠠᠴᠠᠭ᠎ᠠ ᠲᠣᠰᠭᠤᠨ (ᠨᠡᠢᠭᠡᠮ ᠲᠣᠭᠤᠷᠢᠭ) ᠎ᠤ ᠨᠠᠮ᠎ᠤᠨ ᠡᠭᠦᠷ ᠠᠷᠠᠳ᠎ᠤᠨ ᠵᠦᠪᠯᠡᠯ᠎ᠤᠨ ᠬᠤᠭᠤᠴᠠᠭ᠎ᠠ ᠰᠣᠯᠢᠬᠤ ᠶᠠᠪᠤᠴᠠ᠎ᠳᠤ᠂ ᠪᠠᠶᠠᠵᠢᠯ᠎ᠤᠨ ᠴᠢᠳᠠᠪᠤᠷᠢᠲᠠᠨ᠂ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍ ᠠᠷᠠᠯᠵᠢᠶ᠎ᠠ ᠮᠠᠢᠮᠠᠢ ᠬᠢᠵᠦ᠍ ᠨᠤᠲᠤᠭ᠎ᠲᠠᠭᠠᠨ ᠪᠤᠴᠠᠭ᠍ᠰᠠᠨ ᠬᠥᠮᠦᠰ᠂ ᠲᠤᠰ ᠨᠤᠲᠤᠭ᠎ᠤᠨ ᠶᠡᠭᠡ ᠰᠤᠷᠭᠠᠭᠤᠯᠢ᠎ᠠᠴᠠ ᠲᠡᠭᠦᠰᠦᠭ᠌ᠰᠡᠨ ᠣᠶᠤᠲᠠᠨ᠂ ᠴᠡᠷᠢᠭ᠎ᠠᠴᠠ ᠬᠠᠯᠠᠭ᠍ᠳᠠᠭ᠍ᠰᠠᠳ ᠵᠡᠷᠭᠡ 3.4 ᠲᠦᠮᠡᠨ ᠬᠥᠮᠦᠨ ᠨᠠᠮ᠎ᠤᠨ ᠡᠭᠦᠷ ᠠᠷᠠᠳ᠎ᠤᠨ ᠵᠦᠪᠯᠡᠯ᠎ᠤᠨ ᠱᠢᠯᠢᠨ ᠰᠣᠩᠭᠤᠬᠤ ᠳᠤᠮᠳᠠ ᠴᠣᠯᠭᠤᠷᠠᠨ ᠭᠠᠷᠴᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠎ᠤ ᠲᠠᠨᠢᠯᠴᠠᠭᠤᠯᠤᠬ᠍ᠰᠠᠨ᠎ᠢᠶᠠᠷ᠂ ᠡᠨᠡ ᠬᠦ᠌ ᠡᠵᠡᠯᠡᠬᠦ᠌ ᠬᠠᠷᠢᠴᠠᠯ᠎ᠨᠢ 40% ᠎ᠳᠤ ᠬᠦᠷᠦᠭ᠌ᠰᠡᠨ ᠪᠠᠢᠨ᠎ᠠ᠃ ᠪᠥᠬᠦ᠌ ᠣᠷᠣᠨ᠎ᠤ ᠭᠠᠴᠠᠭ᠎ᠠ ᠲᠣᠰᠭᠤᠨ᠂ ᠨᠡᠢᠭᠡᠮ ᠲᠣᠭᠤᠷᠢᠭ᠎ᠤᠨ 《ᠭᠠᠭ᠍ᠴᠠᠭᠠᠷ ᠡᠭᠦᠷᠭᠡᠯᠡᠭ᠌ᠰᠡᠨ》 ᠬᠠᠷᠢᠴᠠᠯ 99% ᠎ᠳᠤ ᠬᠦᠷᠴᠦ᠍᠂ ᠨᠠᠮ᠎ᠤᠨ ᠡᠭᠦᠷ ᠠᠷᠠᠳ᠎ᠤᠨ ᠵᠦᠪᠯᠡᠯ᠎ᠤᠨ ᠤᠳᠤᠷᠢᠳᠭᠤ ᠪᠠᠭ᠎ᠤᠨ ᠪᠦᠲᠦᠴᠡ ᠲᠠᠰᠤᠷᠠᠯᠲᠠ ᠥᠬᠡᠶ ᠱᠢᠯᠢᠳᠡᠭ᠌ᠵᠢᠵᠦ᠍᠂ ᠴᠢᠳᠠᠮᠵᠢ᠎ᠨᠢ ᠴᠢᠨᠠᠬ᠍ᠰᠢᠲᠠ ᠴᠢᠩᠭᠠᠷᠠᠪᠠ᠃

ᠨᠢᠳᠤᠨᠤᠨ᠂ ᠡᠯ᠎ᠡ ᠬᠤᠱᠢᠭᠤ ᠱᠢᠶᠠᠨ (ᠲᠣᠭᠤᠷᠢᠭ)᠂ ᠵᠡᠭᠡᠯᠢ ᠭᠤᠳᠤᠮᠵᠢ᠂ ᠨᠡᠢᠭᠡᠮ ᠲᠣᠭᠤᠷᠢᠭ᠂ ᠰᠠᠭᠤᠭᠠᠯᠢ ᠠᠷᠠᠳ᠎ᠤᠨ ᠲᠣᠭᠤᠷᠢᠭ ᠨᠢᠭᠡ ᠦᠷᠳᠡᠭᠡᠴᠢᠯᠡᠭ᠌ᠰᠡᠨ ᠨᠠᠮ᠎ᠤᠨ ᠬᠡᠱᠢᠭᠦᠨ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠢ 14542 ᠪᠠᠢᠭᠤᠯᠵᠤ᠂ ᠪᠦᠷᠬᠦᠴᠡ᠎ᠨᠢ 98.9% ᠎ᠠᠴᠠ ᠳᠡᠭᠡᠭ᠌ᠰᠢ᠎ᠳᠤ ᠬᠦᠷᠴᠦ᠍᠂ ᠦᠢᠯᠡᠴᠢᠯᠡᠭᠡ᠎ᠶ᠋ᠢ ᠦᠨᠡᠨ ᠬᠦ᠌ 《ᠭᠡᠷ᠎ᠤᠨ ᠡᠭᠦᠳᠡᠨ》 ᠎ᠳᠤᠨᠢ ᠬᠦᠷᠭᠡᠪᠡ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠤᠯᠠᠨ ᠲᠦᠮᠡᠨ᠎ᠳᠤ ᠦᠢᠯᠡᠴᠢᠯᠡᠬᠦ᠌ ᠡᠬᠢ ᠪᠠᠶᠠᠯᠢᠭ᠎ᠲᠠᠢ᠂ ᠴᠢᠳᠠᠪᠤᠷᠢ᠎ᠲᠠᠢ ᠪᠣᠯᠭᠠᠬᠤ᠎ᠳᠤ ᠡᠷᠬᠡᠪᠰᠢ ᠪᠡᠯᠡ ᠮᠥᠩᠭᠦ᠌ ᠣᠷᠣᠭᠤᠯᠬᠤ ᠬᠡᠷᠡᠭ᠌ᠲᠡᠢ᠃


QQ图片20210630164904.png


ᠦᠨᠳᠦᠰᠦᠨ ᠱᠠᠲᠤᠨ᠎ᠤ ᠨᠠᠮ᠎ᠤᠨ ᠬᠡᠱᠢᠭᠦᠨ ᠤᠬ ᠵᠤᠬᠢᠶᠠᠯ᠎ᠢ ᠤᠩᠱᠢᠨ ᠤᠬ ᠪᠦᠲᠦᠭᠡᠯ᠎ᠢ ᠰᠤᠷᠤᠯᠴᠠᠵᠦ᠍ ᠤᠬ ᠶᠤᠰᠤ᠎ᠶ᠋ᠢ ᠤᠢ᠍ᠢᠯᠠᠭᠠᠨ᠎ᠠ


QQ图片20210630164943.png


ᠠᠬᠠᠮᠠᠳ ᠨᠠᠮ᠎ᠤᠨ ᠬᠡᠱᠢᠭᠦᠨ᠎ᠳᠤ 《ᠨᠠᠮ᠎ᠤᠨ ᠬᠡᠱᠢᠭᠦᠨ ᠪᠤᠯᠤᠬ᠍ᠰᠠᠨ ᠢᠷᠠᠭᠤ ᠠᠯᠲᠠᠷ᠎ᠲᠠᠢ 50 ᠵᠢᠯ》 ᠎ᠤᠨ ᠲᠤᠷᠠᠰᠭᠠᠯ᠎ᠤᠨ ᠲᠡᠮᠲᠡᠭ ᠤᠯᠭᠤᠨ᠎ᠠ


ᠥᠪᠡᠷᠲᠡᠭᠡᠨ ᠵᠠᠰᠠᠬᠤ ᠣᠷᠣᠨ ᠰᠠᠭᠤᠷᠢ ᠪᠠᠲᠤᠯᠠᠭ᠎ᠠ᠎ᠶ᠋ᠢ ᠰᠠᠢᠲᠤᠷ ᠬᠢᠵᠦ᠍᠂ ᠡᠳ᠋᠎ᠤᠨ ᠵᠠᠰᠠᠭ᠎ᠤᠨ ᠣᠷᠣᠭᠤᠯᠤᠯᠲᠠ᠎ᠪᠠᠷ ᠭᠤᠣᠯ ᠪᠣᠯᠭᠠᠨ᠂ ᠣᠯᠠᠨ ᠡᠱᠢᠵᠢᠭ᠌ᠰᠡᠨ ᠨᠥᠬᠦᠪᠥᠷᠢ ᠥᠭ᠌ᠬᠦ᠎ᠪᠠᠷ ᠬᠠᠪᠰᠤᠷᠤᠮᠵᠢ ᠪᠣᠯᠭᠠᠭ᠍ᠰᠠᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠥᠷᠢᠨᠱᠢᠬᠦᠯᠵᠤ᠂ ᠨᠡᠢᠭᠡᠮ ᠲᠣᠭᠤᠷᠢᠭ ᠨᠢᠭᠡᠪᠦᠷᠢ᠎ᠳᠤ ᠵᠢᠯ ᠪᠦᠷᠢ 10 ᠲᠦᠮᠡᠨ ᠲᠥᠭᠦᠷᠢᠭ᠎ᠤᠨ ᠠᠷᠠᠳ᠎ᠤᠨ ᠦᠢᠯᠡᠴᠢᠯᠡᠭᠡᠨ᠎ᠤ ᠲᠤᠰᠭᠠᠢ ᠵᠦᠢᠯ᠎ᠤᠨ ᠵᠠᠷᠤᠳᠠᠯ ᠭᠠᠷᠭᠠᠵᠤ᠂ ᠵᠢᠯ ᠪᠦᠷᠢ 1000 ᠭᠠᠷᠤᠢ ᠲᠦᠮᠡᠨ ᠲᠥᠭᠦᠷᠢᠭ᠎ᠤᠨ ᠪᠡᠯᠡ ᠣᠷᠣᠭᠤᠯᠤᠨ ᠨᠡᠢᠲᠡ᠎ᠶ᠋ᠢᠨ ᠦᠮᠴᠢᠯᠡᠯ᠎ᠤᠨ ᠪᠤᠰᠤ ᠠᠵᠤ ᠠᠬᠤᠢᠯᠠᠯ ᠪᠣᠯᠤᠨ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠳᠤ ᠲᠤᠰᠠᠯᠠᠵᠤ᠂ ᠭᠠᠴᠠᠭ᠎ᠠ ᠲᠣᠰᠭᠤᠨ᠎ᠤ ᠺᠠᠳ᠋ᠷ᠎ᠤᠨ ᠦᠨᠳᠦᠰᠦᠨ ᠬᠥᠯᠥᠰᠥ᠍ ᠣᠯᠭᠤᠮᠵᠢ᠎ᠶ᠋ᠢᠨ ᠬᠡᠪ᠎ᠤᠨ ᠨᠡᠮᠡᠭ᠌ᠳᠡᠯ᠎ᠤᠨ ᠲᠣᠭ᠍ᠲᠠᠴᠠ᠎ᠶ᠋ᠢ ᠪᠠᠢᠭᠤᠯᠪᠠ᠃

ᠡᠯ᠎ᠡ ᠬᠦᠷᠢᠶᠡᠨ᠎ᠤ ᠨᠠᠮ᠎ᠤᠨ ᠪᠠᠢᠭᠤᠯᠤᠯᠲᠠ᠎ᠶ᠋ᠢᠨ ᠭᠤᠣᠯᠳᠠᠯᠭ᠎ᠠ᠎ᠲᠠᠢ ᠱᠢᠪᠲᠤᠯᠤᠯᠲᠠ᠂ ᠪᠦᠬᠦ᠌ ᠲᠠᠯ᠎ᠠ᠎ᠶ᠋ᠢᠨ ᠳᠡᠭᠡᠭ᠌ᠰᠢᠯᠡᠯᠲᠡ᠎ᠶ᠋ᠢ ᠬᠡᠷᠬᠢᠨ ᠪᠠᠲᠤᠯᠠᠬᠤ ᠪᠤᠢ?

ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠭᠤᠤᠯᠳᠠᠯᠭ᠎ᠠ᠎ᠲᠠᠢ ᠲᠥᠷᠥᠯ ᠵᠦᠢᠯ᠎ᠢ ᠳᠤᠷᠠᠳᠤᠨ ᠭᠠᠷᠭᠠᠵᠦ᠍᠂ ᠡᠯ᠎ᠡ ᠠᠢᠮᠠᠭ ᠬᠤᠲᠠ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠪᠠ᠃

ᠮᠠᠯᠵᠢᠬᠤ ᠲᠠᠷᠢᠶᠠᠯᠠᠬᠤ ᠣᠷᠣᠨ᠎ᠳᠤ᠂ ᠭᠠᠴᠠᠭ᠎ᠠ ᠲᠣᠰᠭᠤᠨ (ᠨᠡᠢᠭᠡᠮ ᠲᠣᠭᠤᠷᠢᠭ) ᠨᠢᠭᠡᠪᠦᠷᠢ 《ᠨᠢᠭᠡ ᠲᠣᠰᠭᠤᠨ᠎ᠳᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠵᠦ᠍》 ᠲᠤᠷᠤᠢ ᠪᠠᠭᠤᠷᠠᠶ ᠰᠤᠯᠠ ᠵᠠᠳᠠᠭᠠᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠴᠡᠭ᠌ᠴᠡᠯᠡᠪᠡ᠃

ᠬᠤᠲᠠ᠎ᠶ᠋ᠢᠨ ᠨᠡᠢᠭᠡᠮ ᠲᠣᠭᠤᠷᠢᠭ᠎ᠲᠤ᠌᠂ ᠨᠡᠢᠭᠡᠮ ᠲᠣᠭᠤᠷᠢᠭ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠬᠡᠷᠡᠭ᠌ᠵᠢᠭᠦᠯᠵᠤ᠂ 《ᠭᠤᠷᠪᠠᠨ ᠠᠵᠢᠯ᠎ᠤᠨ ᠪᠠᠢᠷᠢ ᠠᠷᠪᠠᠨ ᠨᠠᠢ᠍ᠮᠠᠨ ᠲᠠᠰ》 ᠎ᠤᠨ ᠠᠵᠢᠯ᠎ᠤᠨ ᠪᠠᠢᠷᠢ᠎ᠶ᠋ᠢᠨ ᠵᠡᠷᠭᠡ ᠳᠡᠰ᠎ᠤᠨ ᠳᠠᠷᠠᠭᠠᠯᠠᠯ᠎ᠢ ᠲᠣᠭ᠍ᠲᠠᠭᠠᠵᠤ᠂ ᠦᠨᠳᠦᠰᠦᠨ ᠱᠠᠲᠤᠨ᠎ᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ᠎ᠪᠠᠨ ᠰᠡᠳᠭᠢᠯ ᠠᠮᠤᠷ ᠭᠦᠢᠴᠡᠳᠭᠡᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃

ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ ᠪᠠ ᠨᠡᠢᠭᠡᠮ᠎ᠤᠨ ᠵᠣᠬᠢᠶᠠᠨ ᠪᠠᠢᠭᠤᠯᠤᠯᠲᠠ᠎ᠳᠤ 《ᠠᠷᠪᠠ ᠵᠠᠭᠤ ᠮᠢᠩᠭ᠎ᠠ》 ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠪᠥᠬᠦ᠌ ᠣᠷᠣᠨ᠎ᠤ ᠨᠡᠢᠲᠡ᠎ᠶ᠋ᠢᠨ ᠦᠮᠴᠢᠯᠡᠯ᠎ᠤᠨ ᠪᠤᠰᠤ ᠠᠵᠤ ᠠᠬᠤᠢᠯᠠᠯ ᠪᠠ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠳᠠᠢᠴᠢᠯᠠᠪᠠ᠃

ᠡᠭᠦᠨ᠎ᠤ ᠬᠠᠮᠲᠤ᠌᠂ ᠪᠥᠬᠦ᠌ ᠣᠷᠣᠨ᠎ᠤ ᠭᠠᠴᠠᠭ᠎ᠠ ᠲᠣᠰᠭᠤᠨ (ᠨᠡᠢᠭᠡᠮ ᠲᠣᠭᠤᠷᠢᠭ) ᠎ᠢ 10 ᠲᠦᠮᠡ ᠱᠢᠬᠠᠮ ᠲᠤᠤᠷᠵᠢᠯ ᠬᠤᠪᠢᠶᠠᠨ᠂ 26 ᠲᠦᠮᠡ ᠭᠠᠷᠤᠶ ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠲᠤᠤᠷᠵᠢᠯ᠎ᠤᠨ ᠠᠵᠢᠯᠲᠠᠨ ᠲᠣᠬᠢᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠲᠤᠤᠷᠵᠢᠭᠤᠯᠤᠭ᠍ᠰᠠᠨ ᠵᠠᠰᠠᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠶᠡᠭᠡ᠎ᠪᠠᠷ ᠠᠬᠢᠭᠤᠯᠪᠠ᠃

ᠥᠪᠡᠷᠲᠡᠭᠡᠨ ᠵᠠᠰᠠᠬᠤ ᠣᠷᠣᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠤᠯᠠᠮᠵᠢᠯᠠᠯᠲᠤ ᠳᠠᠪᠠᠭᠤᠯᠢᠭ ᠪᠣᠯᠤᠨ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ 《ᠨᠠᠮ᠎ᠤᠨ ᠬᠡᠱᠢᠭᠦᠨ ᠪᠠ ᠤᠯᠠᠨ ᠲᠦᠮᠡᠨ᠎ᠤ ᠰᠡᠳᠭᠢᠯ᠎ᠤᠨ ᠬᠥᠭᠦᠷᠭᠡ》 ᠎ᠶ᠋ᠢᠨ ᠬᠡᠷᠡᠭ᠌ᠯᠡᠭᠡᠨ᠎ᠤ ᠲᠠᠪᠴᠠᠩ᠎ᠢ ᠪᠠᠢᠭᠤᠯᠵᠤ᠂ ᠰᠦᠯᠵᠢᠶᠡᠨ ᠳᠡᠭᠡᠷᠡᠬᠢ ᠨᠠᠮ᠎ᠤᠨ ᠬᠡᠱᠢᠭᠦᠨ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ ᠪᠣᠯᠤᠨ ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠪᠠᠭᠠᠵᠢ᠎ᠶ᠋ᠢ ᠴᠣᠭ᠍ᠴᠠᠯᠠᠵᠤ᠂ 《ᠰᠦᠯᠵᠢᠶᠡᠨ ᠳᠡᠭᠡᠷᠡᠬᠢ》 《ᠰᠦᠯᠵᠢᠶᠡᠨ ᠭᠠᠳᠠᠨᠠᠬᠢ》 ᠨᠠᠮ᠎ᠤᠨ ᠬᠡᠱᠢᠭᠦᠨ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠬᠠᠷᠢᠯᠴᠠᠨ ᠠᠭᠤᠰᠤᠯᠴᠠᠵᠤ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠪᠠ᠃ ᠤᠳᠤᠬᠠᠨ᠎ᠳᠤ᠂ 《ᠨᠠᠮ᠎ᠤᠨ ᠬᠡᠱᠢᠭᠦᠨ ᠪᠠ ᠣᠯᠠᠨ ᠲᠦᠮᠡᠨ᠎ᠤ ᠰᠡᠳᠭᠢᠯ᠎ᠤᠨ ᠬᠥᠭᠦᠷᠭᠡ》 ᠎ᠨᠢ ᠨᠢᠭᠡᠨᠲᠡ 1.1 ᠲᠦᠮᠡ ᠭᠠᠷᠤᠶ 《ᠰᠦᠯᠵᠢᠶᠡᠨ ᠭᠠᠳᠠᠨᠠᠬᠢ》 ᠨᠠᠮ᠎ᠤᠨ ᠬᠡᠱᠢᠭᠦᠨ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠢ ᠬᠤᠯᠪᠣᠵᠠᠶ᠃

ᠵᠠᠭᠤᠨ ᠵᠢᠯ᠎ᠤᠨ ᠲᠡᠮᠡᠴᠡᠯ᠎ᠤᠨ ᠠᠶᠠᠨ᠎ᠳᠤ ᠴᠤᠭ ᠵᠢᠪᠬᠤᠭ᠎ᠠ ᠲᠡᠭᠦᠯᠳᠡᠷ᠃ ᠮᠠᠨ᠎ᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠰᠠᠢᠨ ᠰᠠᠢᠬᠠᠨ ᠬᠠᠪᠤᠷ᠎ᠢᠶᠠᠨ ᠤᠭ᠍ᠲᠤᠨ ᠠᠪᠴᠢᠷᠠᠭ᠍ᠰᠠᠨ᠎ᠢᠶᠠᠷ ᠪᠠᠷᠠᠬᠤ ᠦᠭᠡᠢ ᠨᠡᠩ ᠴᠤ᠌ ᠭᠡᠷᠡᠯ ᠰᠠᠴᠤᠷᠠᠩᠭᠤᠢ ᠢᠷᠡᠭᠡᠳᠦᠢ᠎ᠲᠠᠢ ᠪᠣᠯᠬᠤ ᠪᠣᠯᠤᠨ᠎ᠠ! 

 

ᠨᠠᠮ᠎ᠤᠨ ᠭᠡᠱᠢᠭᠦᠨ ᠡᠯᠰᠡᠭ᠌ᠰᠡᠨ ᠪᠦᠲᠦᠴᠡ᠎ᠶ᠋ᠢᠨ ᠪᠠᠢᠲᠠᠯ

ᠣᠢᠷ᠎ᠠ᠎ᠶ᠋ᠢᠨ 3 ᠵᠢᠯ᠎ᠳᠤ᠂ ᠪᠥᠬᠦ᠌ ᠣᠷᠣᠨ᠎ᠳᠤ ᠵᠢᠯ ᠳᠤᠮᠳᠠᠴᠢ᠎ᠪᠠᠷ 5.2 ᠲᠦᠮᠡ ᠣᠷᠴᠢᠮ ᠨᠠᠮ᠎ᠤᠨ ᠭᠡᠱᠢᠭᠦᠨ᠎ᠢ ᠡᠯᠰᠡᠵᠦ᠍᠂ ᠨᠠᠮ᠎ᠤᠨ ᠭᠡᠱᠢᠭᠦᠨ᠎ᠤ ᠡᠩᠨᠡᠭᠡ᠎ᠶ᠋ᠢᠨ ᠪᠦᠲᠦᠴᠡ ᠴᠢᠨᠠᠬ᠍ᠰᠢᠲᠠ ᠱᠢᠯᠢᠳᠡᠭ᠌ᠵᠢᠵᠦ᠍᠂ ᠪᠦᠬᠦᠯᠢ ᠴᠣᠭ᠍ᠴᠠ᠎ᠶ᠋ᠢᠨ ᠬᠡᠪ ᠴᠢᠨᠠᠷ ᠴᠢᠨᠠᠬ᠍ᠰᠢᠲᠠ ᠳᠡᠭᠡᠭ᠌ᠰᠢᠯᠡᠪᠡ᠃

ᠤᠯᠤᠰ ᠲᠦᠷᠦ᠎ᠶ᠋ᠢᠨ ᠬᠢᠨᠠᠨ ᠪᠠᠢᠴᠠᠭᠠᠯᠲᠠ᠎ᠶ᠋ᠢ ᠬᠦᠴᠦᠯᠡᠨ ᠴᠢᠩᠭᠠᠳᠭᠠᠪᠠ

ᠡᠯᠰᠡᠭᠦ᠌ ᠡᠲᠡᠭᠡᠳ᠎ᠤᠨ ᠴᠢᠬᠤᠯᠠ ᠶᠡᠭᠡ ᠲᠡᠮᠡᠴᠡᠯ ᠴᠢᠬᠤᠯᠠ ᠶᠡᠭᠡ ᠡᠭᠦᠷᠭᠡ ᠲᠤᠮᠲᠠᠬᠢ ᠪᠣᠳᠠᠲᠠᠢ ᠢᠯᠡᠷᠡᠯ᠎ᠢ ᠴᠢᠬᠤᠯᠠᠴᠢᠯᠠᠨ ᠱᠢᠨᠵᠢᠯᠡᠨ ᠪᠠᠢᠴᠠᠭᠠᠵᠤ᠂ ᠪᠥᠬᠦ᠌ ᠣᠷᠣᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠡᠮᠦᠨ᠎ᠡ ᠹᠷᠣᠨᠲ᠎ᠲᠤ 836 ᠨᠠᠮ᠎ᠤᠨ ᠭᠡᠱᠢᠭᠦᠨ᠎ᠢ ᠡᠯᠰᠡᠵᠦ᠍᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠨᠡᠯᠢᠶᠡᠳ ᠰᠠᠢᠨ ᠪᠠᠳᠠᠷᠠᠭᠤᠯᠪᠠ᠃

ᠪᠦᠲᠦᠴᠡ᠎ᠶ᠋ᠢ ᠱᠢᠯᠢᠲᠡᠭ᠌ᠵᠢᠭᠦᠯᠬᠦ᠌᠎ᠶ᠋ᠢ ᠬᠦᠴᠦᠯᠡᠨ ᠰᠠᠢᠵᠢᠷᠠᠭᠤᠯᠪᠠ

ᠱᠢᠨ᠎ᠡ᠎ᠪᠠᠷ ᠡᠯᠰᠡᠭ᠌ᠰᠡᠨ ᠨᠠᠮ᠎ᠤᠨ ᠭᠡᠱᠢᠭᠦᠨ᠎ᠤ ᠳᠣᠲᠣᠷ᠎ᠠ᠂ ᠦᠨᠳᠦᠰᠦᠨ ᠱᠠᠲᠤᠨ᠎ᠤ ᠡᠮᠦᠨ᠎ᠡ ᠹᠷᠣᠨᠲ ᠳᠠᠢᠰᠢ ᠬᠡᠯᠪᠠᠢᠯᠭᠡᠬᠦ᠌᠎ᠶ᠋ᠢ ᠴᠢᠬᠤᠯᠠᠴᠢᠯᠠᠵᠤ᠂ 35 ᠨᠠᠰᠤᠨ᠎ᠠᠴᠠ ᠳᠣᠷᠣᠭ᠍ᠰᠢᠬᠢ᠎ᠨᠢ 78% ᠎ᠶ᠋ᠢ ᠡᠵᠡᠯᠡᠪᠡ; ᠲᠡᠭᠡᠲᠦ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠰᠤᠷᠭᠠᠭᠤᠯᠢ᠎ᠠᠴᠠ ᠳᠡᠭᠡᠭ᠌ᠰᠢᠬᠢ ᠰᠤᠷᠤᠯᠭ᠎ᠠ᠎ᠶ᠋ᠢᠨ ᠨᠠᠮᠲᠠᠷ᠎ᠲᠠᠢ᠎ᠨᠢ 54% ᠎ᠶ᠋ᠢ ᠡᠵᠡᠯᠡᠪᠡ; ᠮᠠᠯᠴᠢᠨ ᠲᠠᠷᠢᠶᠠᠴᠢᠨ ᠨᠠᠮ᠎ᠤᠨ ᠭᠡᠱᠢᠭᠦᠨ᠎ᠨᠢ 14.8% ᠎ᠶ᠋ᠢ ᠡᠵᠡᠯᠡᠪᠡ; ᠰᠤᠷᠤᠭ᠍ᠴᠢ ᠨᠠᠮ᠎ᠤᠨ ᠭᠡᠱᠢᠭᠦᠨ᠎ᠨᠢ 33.5% ᠎ᠶ᠋ᠢ ᠡᠵᠡᠯᠡᠪᠡ᠃ ᠦᠢᠯᠡᠳᠪᠦᠷᠢᠯᠡᠯ᠂ ᠠᠵᠢᠯ᠎ᠤᠨ ᠨᠢᠭᠡᠲᠦᠭᠡᠷ ᠹᠷᠣᠨᠲ᠎ᠲᠤ ᠡᠯᠰᠡᠭ᠌ᠰᠡᠨ ᠨᠠᠮ᠎ᠤᠨ ᠭᠡᠱᠢᠭᠦᠨ 63.5% ᠎ᠶ᠋ᠢ ᠡᠵᠡᠯᠡᠪᠡ᠃

ᠡᠬᠢ ᠡᠭᠦᠰᠦᠯ᠎ᠤᠨ ᠢᠨᠵᠧᠨᠧᠷᠢᠩ᠎ᠤᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠪᠠ

ᠪᠥᠬᠦ᠌ ᠣᠷᠣᠨ᠎ᠤ ᠨᠠᠮ᠎ᠳᠤ ᠣᠷᠣᠬᠤ ᠢᠳᠡᠪᠬᠢᠲᠡᠨ ᠪᠤᠯᠤᠨ ᠡᠯᠰᠡᠭ᠌ᠰᠡᠨ ᠡᠲᠡᠭᠡᠳ᠎ᠤᠨ ᠬᠠᠷᠢᠴᠠᠯ 5᠄ 1 ᠎ᠠᠴᠠ ᠳᠡᠭᠡᠭ᠌ᠰᠢ᠎ᠳᠤ ᠬᠦᠷᠴᠦ᠍᠂ ᠡᠯᠰᠡᠭ᠌ᠰᠡᠨ ᠡᠲᠡᠭᠡᠳ ᠪᠤᠯᠤᠨ ᠨᠠᠮ᠎ᠳᠤ ᠣᠷᠣᠬᠤ ᠢᠳᠡᠪᠬᠢᠲᠡᠨ᠎ᠤ ᠬᠠᠭᠠᠰ᠎ᠠᠴᠠ ᠳᠡᠭᠡᠭ᠌ᠰᠢᠬᠢ᠎ᠨᠢ ᠦᠢᠯᠡᠳᠪᠦᠷᠢᠯᠡᠯ᠂ ᠠᠵᠢᠯ᠎ᠤᠨ ᠨᠢᠭᠡᠳᠦᠭᠡᠷ ᠹᠷᠣᠨᠲ᠎ᠠᠴᠠ ᠢᠷᠡᠵᠦ᠍᠂ ᠲᠣᠰ ᠲᠣᠰ 76.8% ᠪᠠ 66.9 % ᠎ᠶ᠋ᠢ ᠡᠵᠡᠯᠡᠪᠡ᠃

(ᠲᠤᠰ ᠨᠢᠭᠤᠷ᠎ᠤᠨ ᠬᠡᠷᠡᠯ ᠵᠢᠷᠤᠭ᠂ ᠲᠤᠭ᠎ᠠ ᠪᠠᠷᠢᠮᠲᠠ᠎ᠶ᠋ᠢᠨ ᠢᠷᠠᠯᠲᠠ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号