ᠰᠡᠳᠭᠢᠯ ᠰᠠᠨᠠᠭ᠎ᠠ᠎ᠶ᠋ᠢ ᠠᠷᠢᠭᠤᠰᠭᠠᠬ᠍ᠰᠠᠨ ᠰᠤᠳᠤᠯᠤᠨ ᠰᠤᠷᠤᠯᠴᠠᠯᠭ᠎ᠠ᠂ ᠤᠳᠭ᠎ᠠ ᠰᠠᠢᠳᠠᠢ ᠤᠬᠠᠭᠤᠯᠭ᠎ᠠ ᠲᠠᠢᠯᠪᠤᠷᠢᠯᠠᠯᠲᠠ᠂ ᠵᠣᠪᠠᠨᠢᠯ ᠬᠦᠴᠢᠷᠳᠡᠯ᠎ᠢ ᠱᠢᠢᠳᠪᠤᠷᠢᠯᠡᠭ᠌ᠰᠡᠨ ᠪᠣᠳᠠᠲᠤ ᠶᠠᠪᠤᠳᠠᠯ ᠁ ᠬᠤᠳᠠ᠎ᠠᠴᠠ ᠬᠥᠳᠡᠭᠡ ᠲᠣᠰᠭᠤᠨ᠂ ᠪᠠᠢᠭᠤᠯᠭ᠎ᠠ ᠨᠢᠭᠡᠴᠢ᠎ᠠᠴᠠ ᠨᠡᠢᠭᠡᠮ ᠲᠣᠭᠤᠷᠢᠭ᠂ ᠠᠵᠤ ᠠᠬᠤᠢᠯᠠᠯ᠎ᠠᠴᠠ ᠰᠤᠷᠭᠠᠭᠤᠯᠢ᠎ᠶ᠋ᠢᠨ ᠬᠦᠷᠢᠶ᠎ᠡ᠂ ᠭᠠᠴᠠᠭ᠎ᠠ ᠲᠣᠰᠭᠤᠨ᠎ᠠᠴᠠ ᠡᠷᠦᠬᠡ ᠭᠡᠷ ᠬᠦᠷᠲᠡᠯ᠎ᠠ᠂ ᠪᠦᠬᠦ᠌ ᠣᠷᠣᠨ ᠳᠠᠶᠠᠭᠠᠷ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠯᠠᠭᠤᠨ ᠥᠷᠨᠢᠯᠲᠡ ᠮᠦᠨ ᠯᠡ ᠦᠷᠭᠦᠯᠵᠢᠯᠡᠵᠦ᠍ ᠪᠠᠢᠨ᠎ᠠ᠃

ᠨᠠᠮ᠎ᠤᠨ ᠬᠢᠴᠢᠶᠡᠯ ᠤᠷᠤᠨ᠎ᠠ
ᠮᠠ ᡁᠢ ᠵᠢᠶᠦ᠋ᠨ ᠰᠡᠬᠦᠳᠡᠷᠯᠡᠪᠡ
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠨᠢᠬᠦᠯᠦᠭ᠌ᠰᠡᠨ᠎ᠠᠴᠠ ᠨᠠᠭᠠᠰᠢ᠂ ᠪᠦᠬᠦ᠌ ᠣᠷᠣᠨ᠎ᠢᠶᠠᠷ᠎ᠢᠶᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠲᠡᠦᠬᠡ᠎ᠶ᠋ᠢ ᠰᠤᠷᠤᠯᠴᠠᠵᠦ᠍ ᠶᠣᠰᠣ᠎ᠶ᠋ᠢ ᠮᠡᠳᠡᠬᠦ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠦ᠍ ᠶᠣᠰᠣ ᠰᠤᠷᠲᠠᠬᠤᠨ᠎ᠢ ᠲᠡᠭᠡᠳᠦᠯᠡᠬᠦ᠂ ᠲᠡᠦᠬᠡ᠎ᠶ᠋ᠢ ᠰᠤᠷᠤᠯᠴᠠᠵᠦ᠍ ᠦᠢᠯᠡᠳᠦᠯᠭᠡᠵᠢᠬᠦᠯᠬᠦ᠌᠎ᠪᠠᠷ ᠬᠦᠴᠦᠯᠡᠨ ᠴᠢᠷᠮᠠᠢᠬᠤ ᠪᠠ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠶ᠋ᠢ ᠣᠢᠯᠠᠭᠠᠬᠤ᠂ ᠪᠣᠳᠠᠲᠤ ᠶᠠᠪᠤᠳᠠᠯ ᠬᠢᠬᠦ᠂ ᠱᠢᠨ᠎ᠡ ᠪᠠᠢᠳᠠᠯ᠎ᠢ ᠡᠭᠦᠳᠭᠦ᠌ ᠶᠡᠷᠦᠩᠬᠡᠢ ᠱᠠᠭᠠᠷᠳᠠᠯᠭ᠎ᠠ᠂ ᠶᠡᠷᠦᠩᠬᠡᠢ ᠬᠠᠷᠠᠯᠲᠠ᠎ᠶ᠋ᠢᠨ ᠲᠣᠭᠤᠷᠢᠨ᠎ᠳᠤ ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠠᠷᠭ᠎ᠠ ᠬᠡᠯᠪᠡᠷᠢ᠎ᠶ᠋ᠢᠨ ᠱᠢᠨ᠎ᠠ᠎ᠶ᠋ᠢ ᠡᠭᠦᠳᠴᠤ᠌᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ ᠴᠢᠨᠠᠷ ᠰᠠᠢᠳᠠᠢ᠎ᠪᠠᠷ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠣᠬᠢᠶᠠᠨ ᠪᠠᠢᠭᠤᠯᠤᠯᠳᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠱ᠌ᠢ᠎ᠲᠠᠢ ᠹᠧᠩ᠎ᠢᠶᠠᠷ ᠳᠤᠭᠤᠢᠯᠠᠩ᠎ᠤᠨ ᠳᠠᠷᠤᠭ᠎ᠠ ᠪᠣᠯᠭᠠᠭ᠍ᠰᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠂ ᠲᠤᠤᠷ᠎ᠠ᠎ᠨᠢ ᠤᠳᠤᠷᠢᠳᠭᠤ ᠳᠤᠭᠤᠢᠯᠠᠩ᠎ᠤᠨ ᠠᠯᠪᠠᠨ ᠬᠡᠷ ᠪᠣᠯᠤᠨ 16 ᠲᠣᠭᠤᠷᠢᠨ ᠵᠢᠯᠣᠭᠤᠳᠭᠤ ᠳᠤᠭᠤᠢᠯᠠᠩ ᠵᠢᠴᠢ ᠠᠢᠮᠠᠭ ᠬᠤᠲᠠ᠂ ᠱᠢᠭᠤᠳ ᠬᠠᠷᠢᠶ᠎ᠠ ᠪᠠᠢᠭᠤᠯᠭ᠎ᠠ᠂ ᠶᠡᠭᠡ ᠳᠡᠭᠡᠳᠦ ᠰᠤᠷᠭᠠᠭᠤᠯᠢ᠂ ᠠᠵᠤ ᠠᠬᠤᠢᠯᠠᠯ ᠵᠡᠷᠭᠡ 4 ᠲᠤᠰᠭᠠᠶ ᠠᠬᠢᠭᠤᠯᠬᠤ ᠳᠤᠭᠤᠢᠯᠠᠩ᠎ᠢ ᠲᠤᠬᠢᠷᠠᠭᠤᠯᠪᠠ᠃ ᠪᠦᠬᠦ᠌ ᠣᠷᠣᠨ᠎ᠤ 12 ᠠᠢᠮᠠᠭ ᠬᠤᠲᠠ᠂ 103 ᠬᠤᠱᠢᠭᠤ ᠱᠢᠶᠠᠨ (ᠬᠤᠲᠠ ᠲᠣᠭᠤᠷᠢᠭ)᠂ 81 ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠨᠢᠭᠡᠴᠢ᠂ 48 ᠶᠡᠭᠡ ᠳᠡᠭᠡᠳᠦ ᠰᠤᠷᠭᠠᠭᠤᠯᠢ᠂ 24 ᠤᠯᠤᠰ᠎ᠤᠨ ᠥᠮᠴᠢᠯᠡᠯᠲᠦ ᠠᠵᠤ ᠠᠬᠤᠢᠯᠠᠯ ᠴᠦᠮ ᠬᠠᠷᠢᠯᠴᠠᠨ ᠵᠤᠬᠢᠴᠠᠬ᠍ᠰᠠᠨ ᠠᠵᠢᠯ᠎ᠤᠨ ᠪᠠᠢᠭᠤᠯᠤᠮᠵᠢ᠎ᠶ᠋ᠢ ᠪᠠᠢᠭᠤᠯᠪᠠ᠃

ᠤᠯᠠᠭᠠᠨᠮᠦᠴᠢᠷ ᠤᠨ ᠬᠡᠱᠢᠬᠦᠳ ᠨᠠᠮ᠎ᠤᠨ ᠲᠠᠭᠤᠨ ᠪᠠ ᠬᠠᠢᠷ᠎ᠠ ᠬᠠᠯᠠᠮᠵᠢ᠎ᠶ᠋ᠢ ᠲᠠᠮᠵᠢᠭᠤᠯᠤᠨ᠎ᠠ
ᠰᠤᠷᠪᠤᠯᠵᠢᠯᠠᠬ᠍ᠴᠢ ᠪᠠᠶᠠᠰᠭᠤᠯᠠᠩ ᠰᠡᠬᠦᠳᠡᠷᠯᠡᠪᠡ
ᠭᠤᠤᠯᠳᠠᠯᠭ᠎ᠠ᠎ᠲᠠᠢ ᠠᠭᠤᠯᠭ᠎ᠠ᠎ᠳᠤ ᠲᠦᠪᠯᠡᠷᠡᠬᠦᠯᠦᠨ ᠭᠦᠨᠵᠡᠭᠡᠢ ᠰᠤᠷᠤᠯᠴᠠᠵᠤ ᠨᠠᠷᠢᠨ ᠲᠤᠩᠭᠠᠪᠠ᠃ ᠮᠠᠨ᠎ᠤ ᠤᠷᠤᠨ ᠶᠡᠷᠦᠩᠬᠡᠢ ᠱᠦᠵᠢ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠰᠢ᠎ᠶ᠋ᠢᠨ ᠫᠢᠩ᠎ᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠲᠤᠬᠠᠢ ᠥᠭᠦᠯᠡᠯᠲᠡ》 ᠪᠠᠷ ᠰᠤᠷᠤᠯᠴᠠᠯᠭ᠎ᠠ ᠬᠥᠮᠦᠵᠢᠯ᠎ᠤᠨ 《ᠬᠥᠲᠥᠯᠪᠦᠷᠢ》 ᠪᠣᠯᠭᠠᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠵᠡᠷᠭᠡ 4 ᠰᠤᠷᠤᠯᠴᠠᠬᠤ ᠨᠣᠮ᠎ᠢ ᠭᠤᠣᠯᠳᠠᠯᠭ᠎ᠠ᠎ᠲᠠᠢ ᠰᠤᠷᠤᠯᠴᠠᠭᠤᠯᠵᠦ᠍᠂ ᠤᠭ ᠵᠣᠬᠢᠶᠠᠯ᠎ᠢ ᠤᠩᠱᠢᠵᠤ᠂ ᠤᠭ ᠵᠣᠬᠢᠶᠠᠯ᠎ᠢ ᠰᠤᠷᠤᠯᠴᠠᠵᠤ᠂ ᠤᠭ ᠶᠣᠰᠣ᠎ᠶ᠋ᠢ ᠣᠢᠯᠠᠭᠠᠵᠠᠢ᠃ ᠡᠭᠦᠨ᠎ᠤ ᠬᠠᠮᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠱᠠᠭᠠᠷᠳᠠᠯᠭ᠎ᠠ ᠪᠠ ᠴᠢᠬᠤᠯᠠ ᠵᠣᠬᠢᠶᠠᠯ᠎ᠢ ᠴᠠᠭ ᠲᠤᠬᠠᠶ᠎ᠳᠤᠨᠢ᠎ᠲᠠᠭᠠᠨ ᠰᠤᠷᠤᠯᠴᠠᠵᠦ᠍᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠤᠨ ᠦᠷ᠎ᠡ ᠪᠦᠲᠦᠭᠡᠯ᠎ᠤᠨ ᠲᠤᠬᠠᠶ ᠣᠢᠯᠠᠭᠠᠯᠲᠠ᠎ᠪᠠᠨ ᠭᠦᠨᠵᠡᠭᠡᠢᠷᠡᠭᠦᠯᠵᠡᠢ᠃
ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ ᠤᠳᠤᠷᠢᠳᠭᠤ ᠺᠠᠳ᠋ᠷ ᠭᠡᠬᠦ᠌ ᠡᠨᠡ ᠬᠦ᠌ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠢ ᠴᠢᠩᠭ᠎ᠠ ᠠᠳᠭᠤᠵᠤ᠂ ᠵᠢᠱ᠌ᠢᠶ᠎ᠡ ᠦᠵᠡᠭᠦᠯᠬᠦ᠌ ᠦᠢᠯᠡᠳᠦᠯ᠎ᠢ ᠦᠨᠡᠨ ᠬᠦ᠌ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠲᠦᠷᠦᠭᠦᠯᠡᠨ ᠲᠤᠰᠭᠠᠶ ᠰᠡᠳᠦᠪᠲᠦ ᠰᠤᠷᠤᠯᠴᠠᠯᠭ᠎ᠠ ᠥᠷᠨᠢᠭᠦᠯᠵᠦ᠍᠂ ᠰᠡᠳᠭᠢᠯ ᠲᠦᠪᠯᠡᠷᠡᠬᠦᠯᠦᠨ ᠰᠤᠳᠤᠯᠵᠦ᠍᠂ ᠭᠦᠨᠵᠡᠭᠡᠶ ᠰᠡᠳᠭᠢᠨ ᠪᠣᠳᠣᠯᠬᠢᠯᠠᠵᠤ᠂ ᠲᠤᠰᠭᠠᠶ ᠰᠡᠳᠦᠪ᠎ᠢᠶᠠᠷ ᠰᠤᠳᠤᠯᠤᠨ ᠶᠠᠷᠢᠯᠴᠠᠪᠠ᠃ ᠪᠥᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠲᠤᠰᠭᠠᠶ ᠮᠡᠷᠭᠡᠵᠢᠯᠲᠡᠨ ᠤᠷᠢᠵᠤ ᠵᠢᠯᠣᠭᠤᠳᠣᠭᠤᠯᠬᠤ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢ ᠰᠠᠢᠲᠤᠷ ᠠᠳᠭᠤᠪᠠ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠬᠢᠴᠠ᠎ᠶ᠋ᠢ ᠳᠠᠭᠠᠵᠤ᠂ ᠪᠥᠬᠦ᠌ ᠣᠷᠣᠨ ᠳᠠᠶᠠᠭᠠᠷ ᠥᠪᠡᠰᠦᠪᠡᠨ ᠰᠤᠷᠤᠯᠴᠠᠬᠤ᠎ᠪᠠᠷ ᠴᠢᠬᠤᠯᠠ ᠰᠠᠭᠤᠷᠢ ᠴᠡᠭ ᠪᠣᠯᠭᠠᠵᠤ᠂ ᠡᠬᠦᠨ᠎ᠤ ᠬᠠᠮᠳᠤ᠂ ᠥᠷᠯᠥᠭᠡ᠎ᠶ᠋ᠢᠨ ᠬᠢᠴᠢᠶᠡᠯ᠎ᠤᠨ ᠲᠠᠩᠬᠢᠮ᠂ ᠭᠠᠷᠠᠭ᠎ᠤᠨ ᠬᠢᠴᠢᠶᠡᠯ᠎ᠤᠨ ᠲᠠᠩᠬᠢᠮ᠂ ᠪᠢᠴᠢᠯ ᠬᠢᠴᠢᠶᠡᠯ᠎ᠤᠨ ᠲᠠᠩᠬᠢᠮ᠂ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢᠨ ᠤᠷᠤᠯᠳᠤᠭᠠᠨ ᠵᠡᠷᠭᠡ ᠦᠪᠡᠷᠮᠢᠴᠡ ᠣᠨᠴᠠᠯᠢᠭ᠎ᠲᠠᠢ ᠰᠤᠷᠤᠯᠴᠠᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠭᠦᠨ ᠵᠤᠵᠠᠭᠠᠨ ᠰᠤᠷᠤᠯᠴᠠᠯᠭ᠎ᠠ᠎ᠶ᠋ᠢᠨ ᠠᠭᠤᠷ ᠠᠮᠢᠰᠭᠤᠯ᠎ᠢ ᠪᠦᠷᠢᠯᠳᠦᠭᠦᠯᠪᠡ᠃

ᠰᠠᠢᠨ ᠲᠤᠷᠠᠴᠤᠳ ᠲᠤᠬᠠᠢᠯᠠᠬ᠍ᠰᠠᠨ ᠠᠵᠢᠯ᠎ᠢ ᠬᠠᠪᠰᠤᠷᠤᠨ ᠬᠦᠢᠴᠡᠳᠭᠡᠨ᠎ᠠ
ᠽᠸᠡᠭ ᠯᠢᠩ ᠭᠠᠨᠭ᠌ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢ᠊ ᠡᠶ᠎ᠡ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠵᠤ᠂ ᠲᠥᠪ᠎ᠤᠨ ᠲᠣᠭ᠍ᠲᠠᠭᠠᠭ᠍ᠰᠠᠨ ᠲᠦᠷᠪᠡᠨ ᠲᠤᠰᠭᠠᠢ ᠰᠡᠳᠦᠪᠲᠦ ᠰᠤᠷᠤᠯᠴᠠᠯᠭ᠎ᠠ᠎ᠶ᠋ᠢᠨ ᠰᠠᠭᠤᠷᠢᠨ ᠳᠡᠭᠡᠷ᠎ᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠰᠡᠳᠦᠪᠲᠦ ᠰᠤᠷᠤᠯᠴᠠᠯᠭ᠎ᠠ᠎ᠪᠠᠨ ᠴᠢᠩᠭᠠᠳᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠳᠠᠶ᠋ᠢ ᠭᠦᠨᠵᠡᠭᠡᠢ ᠰᠤᠷᠤᠯᠴᠠᠨ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠵᠢᠯᠣᠭᠤᠳᠴᠤ᠌ 《ᠭᠤᠷᠪᠠᠨ ᠰᠠᠯᠵᠤ ᠪᠣᠯᠤᠰᠢ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠ ᠠᠢᠮᠠᠭ ᠬᠤᠲᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠪᠥᠬᠦ᠌ ᠣᠷᠣᠨ᠎ᠤ 1.2 ᠲᠦᠮᠡᠨ ᠦᠨᠳᠦᠰᠦᠨ ᠱᠠᠲᠤᠨ᠎ᠤ 《ᠰᠤᠷᠤᠯᠴᠠᠯᠭ᠎ᠠ᠎ᠶ᠋ᠢᠨ ᠬᠢᠴᠢᠶᠡᠯ᠎ᠤᠨ ᠲᠠᠩᠬᠢᠮ》 ᠪᠠ 3500 ᠭᠠᠷᠤᠶ 《ᠣᠨᠣᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠤᠨ ᠡᠩᠨᠡᠭᠡ᠎ᠳᠤ ᠲᠦᠱᠢᠭ᠌ᠯᠡᠨ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠪᠡ᠃ ᠪᠥᠬᠦ᠌ ᠣᠷᠣᠨ᠎ᠤ 75 ᠤᠯᠠᠭᠠᠨᠮᠥ᠋ᠴᠢᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠭ᠎ᠠ ᠤᠷᠠᠯᠢᠭ᠎ᠤᠨ ᠤᠬᠠᠭᠤᠯᠤᠨ ᠲᠠᠢᠯᠪᠤᠷᠢᠯᠠᠬᠤ ᠬᠤᠪᠢᠶᠠᠷᠢ ᠠᠩᠭᠢ᠎ᠶ᠋ᠢ ᠵᠣᠬᠢᠶᠠᠨ ᠪᠠᠢᠭᠤᠯᠵᠤ ᠨᠠᠮ᠎ᠤᠨ ᠲᠠᠭᠤᠨ ᠪᠠ ᠬᠠᠢᠷ᠎ᠠ ᠬᠠᠯᠠᠮᠵᠢ᠎ᠶ᠋ᠢ ᠳᠠᠮᠵᠢᠭᠤᠯᠪᠠ᠃
ᠲᠡᠤᠬᠡ᠎ᠶ᠋ᠢ ᠰᠤᠷᠤᠯᠴᠠᠵᠤ ᠦᠢᠯᠡᠳᠦᠯᠭᠡᠵᠢᠬᠦᠯᠬᠦ᠌᠎ᠪᠠᠷ ᠬᠦᠴᠦᠯᠡᠨ ᠴᠢᠷᠮᠠᠢᠵᠤ᠂ ᠪᠤᠳᠠᠳᠤ ᠶᠠᠪᠤᠳᠠᠯ ᠬᠢᠬᠦ᠌᠎ᠶ᠋ᠢ ᠴᠢᠬᠤᠯᠠᠴᠢᠯᠠᠪᠠ᠃ ᠪᠥᠬᠦ᠌ ᠣᠷᠣᠨ᠎ᠢᠶᠠᠷ᠎ᠢᠶᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠠ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ 《ᠪᠠᠴᠢᠮᠳᠠᠵᠤ ᠬᠦᠴᠢᠷᠳᠡᠵᠦ᠍ ᠵᠣᠪᠠᠨᠢᠵᠤ ᠬᠦᠰᠡᠵᠦ᠍》 ᠪᠠᠢᠭ᠎ᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠦᠢᠯᠡᠳᠦᠯᠭᠡ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠠᠷᠠᠳ ᠲᠦᠮᠡᠨ᠎ᠳᠤ ᠦᠢᠯᠡᠴᠢᠯᠡᠬᠦ᠌ ᠵᠣᠷᠢᠯᠲᠠ᠎ᠶ᠋ᠢᠨ ᠤᠬᠠᠮᠰᠠᠷ᠎ᠢ ᠴᠢᠩᠭᠠᠳᠭᠠᠵᠠᠢ᠃

ᠠᠯᠪᠠᠨ ᠵᠢᠷᠤᠮ᠎ᠤᠨ ᠡᠮᠴᠢᠯᠡᠭᠡ᠎ᠶ᠋ᠢ ᠡᠬᠦᠳᠡᠨ᠎ᠳᠤᠨᠢ ᠬᠦᠷᠭᠡᠨ᠎ᠠ
ᠰᠤᠷᠪᠤᠯᠵᠢᠯᠠᠬ᠍ᠴᠢ ᠭᠦᠸᠧ ᠵᠢᠶᠦ᠋ᠨ ᠯᠸᠤ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠭᠤ ᠨᠥᠬᠦᠳ ᠲᠦᠷᠦᠭᠦᠯᠡᠨ ᠠᠷᠭ᠎ᠠ ᠪᠤᠳᠤᠯᠭ᠎ᠠ᠎ᠶ᠋ᠢ ᠠᠷᠠᠳ᠎ᠠᠴᠠ ᠠᠰᠠᠭᠤᠬᠤ᠂ ᠬᠡᠷᠡᠭ᠌ᠴᠡᠭᠡ᠎ᠶ᠋ᠢ ᠠᠷᠠᠳ᠎ᠠᠴᠠ ᠠᠰᠠᠭᠤᠬᠤ᠂ ᠵᠠᠰᠠᠭ᠎ᠤᠨ ᠶᠠᠪᠤᠳᠠᠯ᠎ᠢ ᠠᠷᠠᠳ᠎ᠠᠴᠠ ᠠᠰᠠᠭᠤᠬᠤ 《ᠭᠤᠷᠪᠠ᠎ᠶ᠋ᠢ ᠠᠰᠠᠭᠤᠬᠤ》 ᠠᠵᠢᠯᠯᠠᠭ᠎ᠠ ᠥᠷᠨᠢᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠤᠨ ᠪᠠᠢᠳᠠᠯ᠎ᠢ ᠪᠠᠢᠴᠠᠭᠠᠵᠤ ᠠᠷᠠᠳ᠎ᠤᠨ ᠰᠠᠨᠠᠭ᠎ᠠ᠎ᠶ᠋ᠢ ᠰᠤᠷᠪᠤᠯᠵᠢᠯᠠᠵᠤ᠂ ᠦᠨᠳᠦᠰᠦᠨ ᠱᠠᠳᠤ ᠪᠣᠯᠤᠨ ᠤᠯᠠᠨ ᠲᠦᠮᠡᠨ᠎ᠤ ᠵᠤᠪᠠᠨᠢᠵᠦ᠍ ᠪᠠᠢᠭ᠎ᠠ ᠶᠠᠪᠤᠳᠠᠯ᠂ ᠬᠦᠴᠢᠷᠳᠡᠵᠦ᠍ ᠪᠠᠢᠭ᠎ᠠ ᠶᠠᠪᠤᠳᠠᠯ᠂ ᠪᠠᠴᠢᠮᠳᠠᠵᠤ ᠪᠠᠢᠭ᠎ᠠ ᠶᠠᠪᠤᠳᠠᠯ᠎ᠢ ᠣᠨᠣᠪᠴᠢᠲᠠᠢ ᠪᠠᠢᠴᠠᠭᠠᠨ ᠳᠤᠳᠤᠯᠠᠪᠠ᠃
《ᠠᠷᠠᠳ᠎ᠤᠨ ᠲᠥᠯᠥᠭᠡ ᠰᠠᠨᠠᠭᠠᠱᠢᠷᠠᠬᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠌》 ᠦᠢᠯᠡᠳᠦᠯᠭᠡ᠎ᠪᠠᠷ ᠠᠴᠢᠶᠠᠯᠠᠪᠤᠷᠢ ᠪᠤᠯᠭᠠᠵᠤ᠂ ᠡᠯ᠎ᠡ ᠱᠠᠲᠤᠨ᠎ᠤ ᠱᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢ ᠵᠣᠬᠢᠶᠠᠨ ᠪᠠᠢᠭᠤᠯᠵᠤ ᠠᠵᠢᠯ᠎ᠤᠨ ᠪᠠᠢᠷᠢ᠎ᠶ᠋ᠢᠨ ᠯᠸᠢ ᠹᠧᠩ᠎ᠠᠴᠠ ᠰᠤᠷᠤᠯᠴᠠᠬᠤ ᠠᠵᠢᠯᠯᠠᠭ᠎ᠠ᠎ᠶ᠋ᠢ ᠥᠷᠨᠢᠭᠦᠯᠪᠡ᠃ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠢ ᠡᠭᠦᠳᠦᠨ ᠪᠠᠢᠭᠤᠯᠬᠤ᠎ᠲᠠᠢ ᠤᠶᠠᠯᠳᠤᠭᠤᠯᠤᠨ᠂ ᠥᠷᠭᠡᠨ ᠣᠯᠠᠨ ᠨᠠᠮ᠎ᠤᠨ ᠭᠡᠱᠢᠭᠦᠨ᠎ᠢ ᠬᠦᠳᠦᠯᠦᠨ ᠵᠢᠯᠤᠭᠤᠳᠴᠤ᠌ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠵᠠᠰᠠᠯᠲᠠ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠵᠡᠷᠭᠡ ᠴᠢᠬᠤᠯᠠ ᠶᠡᠭᠡ ᠡᠭᠦᠷᠭᠡ᠎ᠳᠤ ᠣᠷᠣᠯᠴᠠᠭᠤᠯᠪᠠ᠃
ᠨᠠᠮ᠎ᠤᠨ ᠬᠡᠱᠢᠬᠦᠨ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠦᠪ᠂ ᠱᠢᠨ᠎ᠠ ᠴᠠᠭ ᠦᠶ᠎ᠠ᠎ᠶ᠋ᠢᠨ ᠪᠤᠯᠪᠠᠰᠤᠨ᠎ᠤ ᠦᠢᠯᠡᠳᠦᠯᠭᠡ᠎ᠶ᠋ᠢᠨ ᠲᠦᠪ ᠵᠡᠷᠭᠡ ᠲᠠᠪᠴᠠᠩ᠎ᠳᠤ ᠲᠦᠱᠢᠭ᠌ᠯᠡᠨ 《ᠲᠠᠨ᠎ᠳᠤ ᠲᠤᠰᠠᠯᠠᠶ᠎ᠠ》 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠴᠡᠭ᠎ᠢ ᠪᠠᠢᠭᠤᠯᠵᠤ᠂ ᠨᠠᠮ᠎ᠤᠨ ᠭᠡᠱᠢᠬᠦᠨ ᠺᠠᠳ᠋ᠷ᠂ ᠡᠯ᠎ᠠ ᠲᠦᠷᠦᠯ᠎ᠤᠨ ᠨᠡᠢᠭᠡᠮ᠎ᠤᠨ ᠵᠤᠬᠢᠶᠠᠨ ᠪᠠᠢᠭᠤᠯᠤᠯᠳᠠ᠎ᠶ᠋ᠢ ᠬᠦᠳᠦᠯᠦᠨ ᠲᠠᠢᠴᠢᠯᠠᠵᠤ ᠪᠤᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡ᠎ᠳᠤ ᠤᠷᠤᠯᠴᠠᠭᠤᠯᠵᠠᠢ᠃

ᠮᠠᠭ᠍ᠳᠠᠭᠠᠯ ᠳᠠᠭᠤᠤ᠎ᠪᠠᠨ ᠨᠠᠮ᠎ᠳᠠᠭᠠᠨ ᠡᠷᠭᠦᠨ᠎ᠡ
ᠲᠡᠦᠬᠡ᠎ᠶ᠋ᠢ ᠮᠡᠳᠡᠵᠦ᠍ ᠡᠷᠡᠯᠬᠡᠭ᠌ᠯᠡᠨ ᠤᠷᠤᠭ᠍ᠰᠢᠯᠠᠵᠤ᠂ ᠰᠤᠷᠴᠤ᠌ ᠬᠡᠷᠡᠭ᠌ᠯᠡᠬᠦ᠌᠎ᠶ᠋ᠢ ᠰᠠᠢᠳᠤᠷ ᠤᠶᠠᠯᠳᠤᠭᠤᠯᠪᠠ᠃ ᠮᠠᠨ᠎ᠤ ᠣᠷᠣᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠣᠯᠤᠨ ᠭᠤᠣᠯ ᠠᠵᠢᠯ᠎ᠤᠨ ᠠᠭᠤᠰᠤᠯᠴᠠᠬᠤ᠎ᠶ᠋ᠢ ᠠᠬᠢᠭᠤᠯᠪᠠ᠃
ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠦ᠍ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠬᠤ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠬᠦᠴᠦᠯᠡᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭ᠌ᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠡᠪᠳᠡᠬᠦ᠂ ᠠᠮᠢ ᠠᠬᠤᠶ ᠣᠷᠴᠢᠨ ᠲᠣᠭᠤᠷᠢᠨ᠎ᠢ ᠬᠤᠬᠢᠷᠠᠭᠤᠯᠬᠤ ᠲᠥᠷᠥᠯ ᠵᠦᠢᠯ᠎ᠢ ᠡᠷᠡᠰ ᠬᠤᠷᠢᠭ᠍ᠯᠠᠨ᠎ᠠ᠃
ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠂ ᠤᠯᠤᠰ ᠲᠦᠷᠦ᠎ᠶ᠋ᠢᠨ ᠠᠮᠢ ᠠᠬᠤᠢ᠎ᠶ᠋ᠢ ᠴᠡᠪᠡᠷᠱᠢᠬᠦᠯᠬᠦ᠌ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠪᠦᠬᠦ᠌ ᠬᠦᠴᠦᠨ᠎ᠢᠶᠠᠷ ᠰᠠᠢᠳᠤᠷ ᠬᠢᠪᠡ᠃ ᠴᠢᠬᠤᠯᠠ ᠶᠡᠭᠡ ᠲᠦᠭ᠌ᠰᠢᠬᠦᠷᠢ᠎ᠶ᠋ᠢ ᠰᠡᠷᠭᠡᠢᠯᠡᠨ ᠨᠠᠮᠳᠠᠭᠤᠯᠬᠤ᠎ᠪᠠᠷ ᠬᠦᠴᠦᠯᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠡᠭ᠌ᠭᠤᠵᠢᠭᠤᠯᠬᠤᠶ᠋ᠢ ᠰᠠᠢᠳᠤᠷ ᠠᠳᠭᠤᠵᠤ᠂ ᠸᠠᠺᠼᠢᠨ᠎ᠤ ᠲᠠᠷᠢᠯᠭ᠎ᠠ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃
᠁
ᠥᠩᠭᠡᠷᠡᠭ᠌ᠰᠡᠨ᠎ᠢᠶᠠᠷ ᠲᠤᠯᠢ ᠪᠣᠯᠭᠠᠵᠤ ᠢᠷᠡᠭᠡᠳᠦᠢ᠎ᠶ᠋ᠢ ᠮᠡᠳᠡᠵᠤ᠂ ᠦᠷᠭᠦᠯᠵᠢᠯᠡᠨ ᠤᠷᠤᠬ᠍ᠰᠢ ᠲᠡᠮᠡᠴᠡᠨ᠎ᠠ᠃ ᠪᠥᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ ᠨᠠᠮ᠎ᠤᠨ ᠲᠡᠦᠬᠡᠨ᠎ᠠᠴᠠ ᠣᠶᠤᠨ ᠰᠠᠨᠠᠭᠠᠨ᠎ᠤ ᠬᠦᠴᠦᠨ ᠴᠢᠳᠠᠯ ᠪᠠ ᠣᠶᠤᠨ ᠤᠬᠠᠭᠠᠨ᠎ᠤ ᠱᠢᠮ᠎ᠡ ᠲᠡᠵᠢᠭᠡᠯ ᠭᠥᠷᠳᠡᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠭᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠰᠠᠢᠨ ᠰᠠᠢᠬᠠᠨ᠎ᠢᠶᠠᠷ ᠡᠬᠢᠯᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠨ᠎ᠠ᠃