ᠱᠢᠯᠢᠳᠡᠭ ᠤᠯᠠᠮᠵᠢᠯᠡᠯ᠎ᠢᠶᠠᠨ ᠪᠠᠳᠠᠷᠠᠭᠤᠯᠵᠦ᠍ ᠡᠷᠬᠢᠮ ᠳᠡᠭᠡᠳᠦ ᠢᠷᠠᠭᠤ ᠠᠯᠳᠡᠷ᠎ᠢᠶᠠᠨ ᠲᠡᠬᠡᠳᠦᠯᠡᠨ᠎ᠠ
2021-07-01 08:30:33
ᠵᠣᠬᠢᠶᠠᠭ᠍ᠴᠢ᠄
ᠱᠢᠶᠡᠩ ᠴᠦᠨ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠲᠤᠤᠷ᠎ᠠ ᠮᠠᠨ᠎ᠤ ᠤᠯᠤᠰ᠎ᠲᠤ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠠᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠪᠠᠷᠢᠮᠳᠠᠯᠠᠬ᠍ᠰᠠᠭᠠᠷ ᠢᠷᠡᠵᠠᠢ᠃


4025809_lity_1624675489122_m.jpg

 

ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠬ᠍ᠳᠠᠬ᠍ᠰᠠᠨ 70 ᠵᠢᠯ᠎ᠤᠨ ᠤᠢ᠎ᠶ᠋ᠢ ᠪᠡᠯᠬᠡᠯᠡᠬᠦ᠌ ᠶᠡᠭᠡ ᠬᠤᠷᠠᠯ᠎ᠤᠨ ᠠᠬᠤᠢ ᠲᠡᠯᠡᠪᠡᠢ

ᠮᠠᠲ᠋ᠧᠷᠢᠶᠠᠯ ᠵᠢᠷᠤᠬ


ᠢᠷᠠᠭᠤ ᠠᠯᠳᠠᠷ᠎ᠢᠶᠠᠨ ᠦᠶ᠎ᠡ ᠳᠠᠮᠵᠢᠨ ᠤᠯᠠᠮᠵᠢᠯᠠᠨ᠎ᠠ


ᠬᠤᠪᠢᠰᠭᠠᠯ᠂ ᠪᠥᠲᠥᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ ᠨᠡᠭᠡᠭᠡᠯᠲᠡ ᠵᠡᠷᠭᠡ ᠠᠳᠠᠯᠢ ᠪᠤᠰᠤ ᠲᠡᠤᠬᠡᠨ ᠴᠠᠭ ᠬᠤᠭᠤᠴᠠᠭᠠᠨ᠎ᠳᠤ᠂ ᠨᠠᠮ ᠪᠣᠯᠤᠨ ᠤᠯᠤᠰ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠰᠠᠭᠠᠷ ᠢᠷᠡᠵᠡᠶ᠃ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠲᠤᠶᠠᠭᠠᠯᠠᠯ ᠳᠣᠣᠷ᠎ᠠ᠂ ᠥᠪᠥᠷ ᠮᠣᠩᠭᠤᠯ᠎ᠤᠨ ᠠᠵᠤ ᠠᠬᠤᠢ ᠬᠥᠭ᠌ᠵᠢᠵᠦ᠍᠂ ᠦᠨᠳᠦᠰᠦᠲᠡᠨ ᠪᠦᠯᠬᠦᠮᠳᠡᠵᠦ᠍᠂ ᠰᠣᠶᠣᠯ ᠴᠡᠴᠡᠭ᠌ᠯᠡᠨ ᠬᠥᠭ᠌ᠵᠢᠵᠦ᠍᠂ ᠬᠢᠯᠢ ᠬᠢᠵᠠᠭᠠᠷ ᠠᠮᠤᠷ ᠲᠣᠭ᠍ᠲᠠᠭᠤᠨ ᠪᠠᠢᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠩ ᠰᠠᠢᠨ ᠰᠠᠢᠬᠠᠨ ᠢᠷᠡᠭᠡᠳᠦᠢ ᠲᠡᠢᠰᠢ ᠤᠷᠤᠬ᠍ᠰᠢᠯᠠᠵᠤ ᠪᠠᠢᠨ᠎ᠠ᠃

ᠤᠯᠠᠨ ᠵᠢᠯ᠎ᠤᠨ ᠲᠤᠷᠱᠢᠳᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠤ ᠪᠦᠯᠬᠦᠮᠳᠡᠯ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠪᠣᠯᠭᠠᠨ ᠠᠳᠭᠤᠵᠦ᠍᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠨᠡᠢᠲᠡᠯᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠡᠯ᠎ᠡ ᠭᠠᠵᠠᠷ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠲᠦᠷᠭᠡᠳᠭᠡᠵᠦ᠍᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠳᠤ ᠰᠠᠢᠨ ᠰᠠᠢᠬᠠᠨ ᠨᠥᠬᠦᠴᠡᠯ ᠪᠦᠷᠢᠯᠳᠦᠭᠦᠯᠦᠨ ᠥᠭ᠌ᠴᠠᠢ᠃

ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠶᠡᠭᠡ᠎ᠪᠠᠷ ᠥᠷᠨᠢᠭᠦᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠥᠮᠦᠨ᠎ᠢ ᠬᠥᠮᠦᠵᠢᠭᠦᠯᠦᠨ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠨᠡᠷᠡᠢᠳᠦᠨ ᠬᠦᠬᠢᠬᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠤ ᠡᠶ᠎ᠡ ᠵᠣᠬᠢᠴᠠᠩᠭᠤᠶ ᠣᠷᠴᠢᠨ ᠲᠣᠭᠤᠷᠢᠨ᠎ᠢ ᠪᠣᠶ ᠪᠣᠯᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢ ᠨᠡᠩ ᠳᠡᠭᠡᠳᠦ ᠬᠡᠮᠵᠢᠶ᠎ᠡ᠎ᠪᠠᠷ ᠠᠩᠬᠠᠷᠤᠨ ᠬᠠᠯᠠᠮᠵᠢᠯᠠᠵᠦ᠍ ᠪᠠᠢᠨ᠎ᠠ᠃

ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠭᠠᠷ ᠭᠠᠷ᠎ᠢᠶᠠᠨ ᠬᠤᠯᠪᠣᠨ ᠰᠡᠳᠭᠢᠯ ᠵᠢᠷᠦᠬᠡ᠎ᠪᠠᠨ ᠨᠢᠬᠡᠳᠭᠡᠵᠦ᠍᠂ ᠡᠷᠡᠰ ᠭᠤᠢᠪᠢᠰᠢ ᠥᠬᠡᠶ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠨ᠂ ᠨᠠᠮ᠎ᠢᠶᠠᠨ ᠳᠠᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠡᠷᠡᠰ ᠭᠤᠢᠪᠢᠰᠢ ᠥᠬᠡᠶ ᠪᠠᠲᠤ ᠴᠣᠭ᠍ᠴᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠮᠠᠭᠠᠯᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢ ᠪᠥᠲᠥᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠢᠷᠠᠭᠤ ᠭᠠᠢᠬᠠᠮᠱᠢᠭ᠍ᠲᠤ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠠᠶᠠᠷᠯᠠᠨ ᠤᠭ᠍ᠲᠤᠵᠤ ᠪᠠᠢᠭ᠎ᠠ ᠡᠨᠡ ᠬᠦ᠌ ᠮᠦᠴᠡ᠎ᠳᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠪᠠᠶᠠᠷᠯᠠᠨ ᠵᠣᠷᠢᠭ᠍ᠵᠢᠵᠤ᠂ ᠠᠳᠠᠯᠢ ᠪᠤᠰᠤ ᠬᠡᠯᠪᠡᠷᠢ᠎ᠪᠠᠷ ᠨᠠᠮ᠎ᠳᠠᠭᠠᠨ ᠬᠢᠵᠠᠭᠠᠯᠠᠰᠢ ᠦᠭᠡᠢ ᠦᠨᠡᠨᠴᠢ ᠱᠢᠳᠤᠷᠭᠤ ᠪᠠᠢᠬᠤ ᠰᠡᠳᠭᠢᠯᠭᠡ᠎ᠪᠠᠨ ᠢᠯᠡᠳᠭᠡᠵᠤ ᠪᠠᠢᠨ᠎ᠠ᠃

6 ᠰᠠᠷ᠎ᠠ᠎ᠶ᠋ᠢᠨ 19 ᠎ᠤ ᠡᠳᠦᠷ᠂ 《2021 ᠣᠨ᠎ᠤ ᠳᠤᠮᠳᠠᠳᠤ ᠤᠯᠤᠰ᠎ᠤᠨ ᠤᠭ᠍ᠰᠠᠭᠠᠲᠠᠨ ᠵᠦᠢ᠎ᠶ᠋ᠢᠨ ᠨᠡᠢᠭᠡᠮᠯᠢᠭ᠎ᠤᠨ ᠲᠡᠭᠡᠳᠤ ᠳᠠᠪᠬᠤᠷᠭ᠎ᠠ᠎ᠶ᠋ᠢᠨ ᠶᠠᠷᠢᠯᠴᠠᠭᠠᠨ᠎ᠤ ᠲᠠᠪᠴᠡᠩ》 ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠶᠠᠪᠤᠭ᠍ᠳᠠᠵᠦ᠍᠂ ᠤᠷᠤᠨ᠎ᠤ ᠳᠤᠳᠤᠨ᠎ᠠ ᠭᠠᠳᠠᠨᠡᠬᠢ ᠶᠡᠭᠡ ᠲᠡᠬᠡᠳᠦ ᠰᠤᠷᠭᠠᠭᠤᠯᠢ᠂ ᠰᠤᠳᠤᠯᠭᠠᠨ᠎ᠤ ᠬᠦᠷᠢᠶᠡᠯᠡᠩ᠎ᠠᠴᠠ ᠤᠷᠤᠯᠴᠠᠬ᠍ᠰᠠᠨ ᠵᠠᠭᠤ ᠭᠠᠷᠤᠢ ᠲᠤᠰᠭᠠᠢ ᠮᠡᠷᠬᠡᠵᠢᠯᠳᠡᠨ ᠪᠡ ᠨᠡᠢᠬᠡᠮ᠎ᠤᠨ ᠬᠦᠮᠦᠰ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠬᠢᠵᠢᠬᠦᠯᠦᠶ᠎ᠠ᠄ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠲᠦᠷᠢᠮ᠎ᠤᠨ  ᠦᠢᠯᠡᠳᠦᠯᠭᠡ᠂ ᠲᠤᠷᠱᠢᠯᠭ᠎ᠠ ᠪᠣᠯᠤᠨ ᠪᠠᠷᠠᠯᠠᠯ》 ᠬᠡᠬᠦ᠌ ᠭᠤᠣᠯ ᠰᠡᠳᠦᠪ᠎ᠤᠨ ᠲᠤᠭᠤᠷᠢᠨ᠎ᠳᠤ ᠰᠤᠳᠤᠯᠤᠨ ᠶᠠᠷᠢᠯᠴᠠᠵᠦ᠍᠂ ᠥᠪᠥᠷ ᠮᠣᠩᠭᠤᠯ᠎ᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠲᠤᠷᠱᠢᠯᠭ᠎ᠠ᠎ᠶ᠋ᠢ ᠳ᠋ᠦᠩᠨᠡᠪᠠ᠃


4025778_lity_1624673501922_m.jpg

 

ᠡᠯ᠎ᠠ ᠦᠨᠳᠦᠰᠦᠳᠡᠨ᠎ᠤ ᠭᠠᠯ ᠪᠠᠮᠪᠠᠷᠴᠢᠳ ᠬᠠᠮᠳᠦ᠎ᠪᠠᠷ ᠠᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠴᠦᠬᠡᠨ ᠲᠤᠭᠠᠳᠦ ᠦᠨᠳᠦᠰᠦᠳᠡᠨ᠎ᠤ ᠤᠯᠠᠮᠵᠢᠯᠠᠯᠳᠦ ᠪᠡᠶ᠎ᠠ᠎ᠶ᠋ᠢᠨ ᠲᠠᠮᠢᠷ᠎ᠤᠨ ᠴᠤᠭ᠍ᠯᠠᠭᠠᠨ᠎ᠤ ᠭᠤᠤᠯ ᠭᠠᠯ ᠪᠠᠮᠪᠠᠷ᠎ᠢ ᠠᠰᠠᠭᠠᠨ᠎ᠠ

    ᠰᠤᠷᠪᠤᠯᠵᠢᠯᠠᠬ᠍ᠴᠢ ᠸᠠᠩ ᠱᠢᠶᠤᠤ ᠪᠦᠸᠧ ᠰᠡᠬᠦᠳᠡᠷᠯᠡᠪᠡ

 

 4025776_lity_1624673477333_m.jpg


ᠴᠦᠬᠡᠨ ᠲᠤᠭᠠᠳᠦ ᠦᠨᠳᠦᠰᠦᠳᠡᠨ᠎ᠤ ᠤᠯᠠᠮᠵᠢᠯᠠᠯᠳᠦ ᠪᠡᠶ᠎ᠠ᠎ᠶ᠋ᠢᠨ ᠲᠠᠮᠢᠷ᠎ᠤᠨ ᠴᠤᠭ᠍ᠯᠠᠭᠠᠨ᠎ᠤ ᠰᠠᠢᠨ ᠲᠤᠷᠠᠴᠤᠳ ᠵᠤᠴᠢᠳ᠎ᠢᠶᠠᠨ ᠤᠭ᠍ᠳᠤᠨ᠎ᠠ

    ᠰᠤᠷᠪᠤᠯᠵᠢᠯᠠᠬ᠍ᠴᠢ ᠰᠤ᠌ ᠶᠦᠡᠭ ᠱᠸᠡᠭ ᠰᠡᠬᠦᠳᠡᠷᠯᠡᠪᠡ


ᠲᠦᠷᠦᠭᠦᠬᠡᠨ᠂ ᠮᠠᠨ᠎ᠤ ᠤᠯᠤᠰ᠎ᠤᠨ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠦᠮᠦᠨ ᠰᠠᠭᠤᠯᠭᠠᠬ᠍ᠰᠠᠨ ᠨᠢᠰᠭᠦ ᠣᠩᠭᠤᠴᠠ 3 ᠰᠠᠨᠰᠠᠷᠴᠢᠨ᠎ᠢ ᠠᠴᠢᠵᠤ ᠠᠮᠵᠢᠯᠳᠠ᠎ᠲᠠᠢ᠎ᠪᠠᠷ ᠰᠠᠨᠰᠠᠷ᠎ᠲᠤ ᠭᠠᠷᠴᠤ᠌᠂ ᠳᠤᠮᠳᠠᠳᠤ ᠤᠯᠤᠰ᠎ᠤᠨ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠦᠢᠯᠡᠰ᠎ᠤᠨ ᠱᠢᠨ᠎ᠡ ᠭᠠᠷᠤᠭ᠎ᠠ᠎ᠶ᠋ᠢ ᠡᠯᠬᠦᠯ᠎ᠠ᠃

ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠡᠬᠡ ᠤᠯᠤᠰ᠎ᠤᠨ ᠰᠠᠨᠰᠠᠷ᠎ᠤᠨ ᠠᠶᠠᠯᠠᠯ᠎ᠤᠨ  ᠦᠢᠯᠡᠰ᠎ᠢ ᠳᠡᠮᠵᠢᠬᠦ᠌᠎ᠶ᠋ᠢᠨ ᠲᠥᠯᠥᠭᠡ᠂ ᠡᠵᠡᠨ᠎ᠡ ᠬᠤᠱᠢᠭᠤᠨ᠎ᠤ ᠠᠷᠠᠳ ᠲᠦᠮᠡᠨ ᠬᠤᠱᠢᠭᠤᠨ᠎ᠤ ᠵᠠᠰᠠᠭ᠎ᠤᠨ ᠣᠷᠳᠣᠨ᠎ᠢᠶᠠᠨ ᠭᠤᠷᠪᠠᠨᠳᠠ ᠨᠡᠭᠦᠯᠬᠡᠵᠦ᠍᠂ ᠬᠠᠮᠤᠭ᠎ᠤᠨ ᠰᠠᠢᠨ ᠨᠤᠳᠤᠭ ᠪᠡᠯᠴᠢᠬᠡᠷ᠎ᠢᠶᠠᠨ ᠰᠠᠨᠰᠠᠷ᠎ᠤᠨ ᠦᠢᠯᠡᠰ᠎ᠲᠤ ᠡᠷᠬᠦᠭ᠌ᠰᠡᠨ ᠪᠠᠢᠳᠠᠬ᠃ ᠮᠠᠨ᠎ᠤ ᠤᠯᠤᠰ᠎ᠤᠨ ᠬᠠᠷᠪᠤᠬ᠍ᠰᠠᠨ ᠨᠢᠰᠭᠦ ᠣᠩᠭᠤᠴᠠ ᠤᠳᠠᠭ᠎ᠠ ᠲᠠᠷᠠᠭᠠᠯᠠᠨ ᠡᠵᠡᠨ᠎ᠡ ᠬᠤᠱᠢᠭᠤ᠎ᠠᠴᠠ ᠨᠢᠰᠴᠦ᠍᠂ ᠳᠥᠷᠪᠡᠳ ᠬᠤᠱᠢᠭᠤᠨ᠎ᠤ ᠳᠥᠷᠪᠡᠳ᠎ᠤᠨ ᠲᠠᠯ᠎ᠠ ᠨᠤᠲᠤᠭ᠎ᠲᠤ ᠪᠠᠭᠤᠭ᠍ᠰᠠᠭᠠᠷ ᠪᠠᠢᠵᠦ᠍᠂ ᠦᠪᠦᠷ ᠮᠤᠩᠭᠤᠯ᠎ᠤᠨ ᠠᠷᠠᠳ ᠲᠦᠮᠡᠨ ᠡᠬᠡ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠲᠤ ᠢᠳᠡᠪᠬᠢᠲᠡᠢ ᠬᠤᠪᠢ ᠨᠡᠮᠡᠷᠢ᠎ᠪᠠᠨ ᠦᠵᠡᠭᠦᠯᠦᠭ᠌ᠰᠡᠬᠡᠷ ᠁

ᠨᠢᠰᠭᠦ ᠣᠩᠭᠤᠴᠠ᠎ᠶ᠋ᠢᠨ ᠬᠠᠷᠪᠤᠯᠲᠠ᠎ᠶ᠋ᠢᠨ ᠭᠠᠵᠠᠷ᠎ᠲᠤ᠌᠂ ᠤᠷᠢᠯᠭ᠎ᠠ᠎ᠪᠠᠷ ᠬᠠᠷᠪᠤᠯᠲᠠ᠎ᠶ᠋ᠢᠨ ᠦᠪᠡᠳᠡᠭ᠌ᠰᠢ ᠪᠠᠢᠳᠠᠯ᠎ᠢ ᠰᠣᠨᠢᠷᠬᠠᠭ᠍ᠰᠠᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠨᠠᠩᠰᠠᠯᠮ᠎ᠠ᠂ ᠤᠶᠤᠨᠰᠤᠶᠤᠯ ᠬᠥᠮᠦᠰ᠎ᠤᠨ ᠠᠩᠬᠠᠷᠤᠯ᠎ᠢ ᠲᠠᠲᠠᠵᠦ᠍ ᠪᠠᠢᠯ᠎ᠠ᠃

《ᠭᠤᠪᠢ᠎ᠶ᠋ᠢᠨ ᠤᠯᠠᠭᠠᠨ ᠣᠲᠣ》 ᠬᠡᠮᠡᠭ᠌ᠳᠡᠭ᠌ᠰᠡᠨ ᠨᠠᠩᠰᠠᠯᠮ᠎ᠠ᠂ 1983 ᠣᠨ᠎ᠳᠤ ᠣᠯᠠᠨ ᠲᠦᠮᠡᠨ᠎ᠢ ᠳᠠᠭᠠᠭᠤᠯᠤᠨ ᠮᠠᠯ ᠪᠡᠯᠴᠢᠭᠡᠷ᠎ᠤᠨ ᠬᠤᠤᠰ ᠳᠠᠭᠠᠭᠠᠴᠢᠯᠠᠯᠲᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠯᠠᠱᠠ ᠠᠢᠮᠠᠭ᠎ᠤᠨ ᠡᠵᠡᠨ᠎ᠡ ᠬᠤᠱᠢᠭᠤᠨ᠎ᠤ ᠰᠠᠢᠬᠠᠨᠲᠤᠤᠷᠠᠢ ᠰᠤᠮᠤ᠎ᠶ᠋ᠢᠨ ᠮᠥᠩᠭᠦᠲᠦ ᠭᠠᠴᠠᠭ᠎ᠠ᠎ᠶ᠋ᠢ ᠪᠥᠬᠦ᠌ ᠠᠢᠮᠠᠭ᠎ᠤᠨ ᠠᠵᠢᠯᠴᠢ ᠬᠥᠳᠡᠯᠮᠦᠷᠢᠴᠢ᠎ᠪᠠᠷ ᠪᠠᠶᠠᠵᠢᠭ᠍ᠰᠠᠨ ᠨᠡᠢᠲᠡᠯᠢᠭ ᠵᠢᠱ᠌ᠢᠶ᠎ᠡ ᠪᠣᠯᠭᠠᠬ᠍ᠰᠠᠨ᠎ᠢᠶᠠᠷ᠂ ᠪᠦᠬᠦ᠌ ᠤᠯᠤᠰ᠎ᠤᠨ 《ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ》᠂ 《ᠱᠢᠯᠢᠳᠡᠭ ᠡᠪ ᠬᠠᠮᠲᠤ ᠨᠠᠮ᠎ᠤᠨ ᠭᠡᠱᠢᠭᠦᠨ》᠂ 《ᠱᠢᠯᠢᠳᠡᠭ ᠨᠠᠮ᠎ᠤᠨ ᠠᠵᠢᠯᠳᠠᠨ》 ᠵᠡᠷᠬᠡ ᠤᠯᠠᠨ ᠢᠷᠠᠭᠤ ᠠᠯᠳᠠᠷ᠎ᠢ ᠬᠦᠷᠳᠡᠭ᠌ᠰᠡᠨ ᠪᠠᠢᠳᠠᠬ᠃ ᠠᠬᠠᠮᠠᠳ ᠱᠦᠵᠢ ᠨᠠᠩᠰᠠᠯᠮ᠎ᠠ᠎ᠶ᠋ᠢᠨ ᠢᠷᠠᠭᠤ ᠠᠯᠳᠠᠷᠲᠤ ᠤᠯᠠᠮᠵᠢᠯᠠᠯ᠎ᠢ ᠵᠠᠯᠭᠠᠬ᠍ᠰᠠᠨ ᠵᠠᠯᠠᠭᠤ ᠺᠠᠳ᠋ᠷ ᠤᠶᠤᠨᠰᠤᠶᠤᠯ ᠮᠠᠯᠴᠢᠳ᠎ᠢ ᠳᠠᠭᠠᠭᠤᠯᠤᠨ ᠮᠠᠯᠵᠢᠬᠤ᠎ᠶ᠋ᠢ ᠵᠣᠭ᠍ᠰᠣᠭᠠᠵᠤ ᠨᠤᠳᠤᠭ ᠪᠡᠯᠴᠢᠭᠡᠷ᠎ᠢ ᠰᠡᠷᠭᠦᠭᠡᠬᠦ᠂ ᠮᠠᠯᠴᠢᠨ ᠠᠢᠯ᠎ᠤᠨ ᠵᠢᠭᠤᠯᠴᠢᠯᠠᠯ᠎ᠢ ᠬᠥᠭ᠌ᠵᠢᠭᠦᠯᠬᠦ᠌ ᠵᠡᠷᠬᠡ᠎ᠪᠠᠷ ᠭᠠᠴᠠᠭᠠᠨ᠎ᠤ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠬᠠᠪᠰᠤᠷᠤᠨ ᠲᠡᠳᠬᠦᠵᠦ᠍᠂ ᠣᠯᠠᠨ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠤᠭ᠍ᠰᠡᠨ᠎ᠢᠶᠠᠷ᠂ ᠦᠨᠳᠦᠰᠦᠨ ᠱᠠᠲᠤᠨ᠎ᠤ ᠦᠨᠳᠦᠰᠦᠲᠡᠨ᠎ᠤ ᠪᠦᠯᠬᠦᠮᠳᠡᠯ᠎ᠤᠨ ᠱᠢᠯᠢᠳᠡᠭ ᠲᠥᠯᠥᠭᠡᠯᠡᠭ᠌ᠴᠢ᠎ᠶ᠋ᠢᠨ ᠬᠤᠪᠢ᠎ᠪᠠᠷ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠣᠲᠣᠨᠣ ᠠᠭᠤᠯᠵᠠᠯᠲᠠ᠎ᠶ᠋ᠢ ᠬᠦᠯᠢᠶᠡᠭ᠌ᠰᠡᠨ ᠪᠠᠢᠨ᠎ᠠ᠃

《ᠨᠠᠮ ᠪᠠ ᠠᠷᠠᠳ ᠲᠦᠮᠡᠨ᠎ᠠᠴᠠ ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ ᠨᠡᠳᠡ᠎ᠳᠤ ᠡᠢᠮᠦ᠍ ᠥᠨᠳᠥᠷ ᠢᠷᠠᠭᠤ ᠠᠯᠳᠠᠷ ᠣᠯᠭᠤᠭ᠍ᠰᠠᠨ᠎ᠳᠤ ᠦᠨᠡᠬᠡᠷ ᠲᠤᠭ᠍ᠳᠤᠯᠵᠦ᠍ ᠪᠠᠢᠨ᠎ᠠ᠃ ᠪᠢ ᠦᠷᠭᠦᠯᠵᠢᠯᠡᠨ ᠮᠠᠯᠴᠢᠨ ᠲᠠᠷᠢᠶᠠᠴᠢᠨ ᠤᠯᠠᠨ ᠲᠦᠮᠡᠨ᠎ᠢᠶᠠᠨ ᠳᠠᠭᠠᠭᠤᠯᠤᠨ ᠦᠢᠯᠡᠳᠪᠦᠷᠢᠯᠡᠯ᠎ᠢ ᠬᠥᠭ᠌ᠵᠢᠭᠦᠯᠵᠦ᠍᠂ ᠨᠡᠩ ᠦᠨᠳᠦᠷ ᠠᠮᠵᠢᠯᠳᠡ ᠡᠬᠦᠳᠬᠦ᠌᠎ᠪᠠᠷ ᠴᠢᠷᠮᠠᠢᠨ᠎ᠠ》 ᠭᠡᠵᠦ᠍ ᠤᠶᠤᠨᠰᠤᠶᠤᠯ ᠶᠠᠷᠢᠵᠦ᠍ ᠪᠠᠢᠪᠠ᠃


ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ᠎ᠳᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠨ᠎ᠠ


ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ ᠪᠤᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠦᠬᠡᠳ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠤᠬ᠍ᠰᠠᠨ ᠢᠷᠠᠭᠤ ᠠᠯᠳᠠᠷᠲᠤ ᠤᠯᠠᠮᠵᠢᠯᠠᠯ᠎ᠲᠠᠢ ᠪᠠᠢᠵᠦ᠍᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠡᠷᠬᠦᠭ᠌ᠰᠡᠬᠡᠷ ᠢᠷᠡᠵᠡᠢ᠂ ᠡᠨᠡ ᠬᠦ᠌ ᠤᠯᠠᠮᠵᠢᠯᠡᠯ᠎ᠢᠶᠠᠨ ᠦᠷᠬᠦᠯᠵᠢᠯᠡᠨ ᠪᠠᠳᠠᠷᠠᠭᠤᠯᠬᠤ ᠬᠡᠷᠡᠭ᠌ᠲᠡᠢ ᠬᠡᠵᠦ᠍ ᠵᠢᠭᠠᠵᠦ᠍ ᠭᠠᠷᠭᠠᠪᠠ᠃

ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ ᠪᠣᠯᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠣᠢᠯᠠᠭᠠᠭ᠍ᠳᠠᠬᠤᠨ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠭᠢᠯ᠎ᠳᠤ ᠭᠦᠨ ᠬᠠᠳᠠᠩᠱᠢᠭᠤᠯᠤᠬ᠍ᠰᠠᠨ ᠪᠠᠢᠨ᠎ᠠ᠃

 

 

4025772_lity_1624673385714_m.jpg

 

ᠦᠵᠡᠰᠭᠦᠯᠡᠩᠳᠦ ᠰᠠᠢᠬᠠᠨ ᠪᠤᠭᠤᠳᠦ᠎ᠶ᠋ᠢᠨ ᠪᠤᠯᠤᠳ ᠲᠡᠮᠦᠷ᠎ᠤᠨ ᠦᠢᠯᠡᠳᠪᠦᠷᠢ

     ᠮᠠᠲ᠋ᠧᠷᠢᠶᠠᠯ ᠵᠢᠷᠤᠬ


ᠤᠢ᠍ᠢᠷ᠎ᠠ᠎ᠳᠤ᠂ ᠬᠥᠯᠥᠨ ᠪᠤᠢᠷ ᠬᠤᠳᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠪᠠᠶᠠᠨ ᠨᠡᠢᠭᠡᠮ ᠲᠣᠭᠤᠷᠢᠭ᠎ᠤᠨ ᠨᠠᠮ᠎ᠤᠨ ᠬᠤᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠬᠥᠩ ᠱᠢᠶᠤᠤ ᠵᠢᠶᠧ᠎ᠠᠴᠠ ᠬᠠᠭᠤᠴᠢᠨ ᠪᠠᠷᠭᠤ ᠬᠤᠱᠢᠭᠤᠨ᠎ᠤ ᠪᠠᠶᠠᠨᠬᠦ᠋ᠷᠢᠶ᠎ᠡ ᠪᠠᠯᠭᠠᠰᠤᠨ᠎ᠳᠤ 《ᠵᠠᠭᠤᠨ ᠵᠢᠯ᠎ᠤᠨ ᠠᠶᠠᠨ ᠵᠠᠮ᠎ᠢᠶᠠᠨ ᠡᠷᠭᠢᠴᠡᠭᠦᠯᠵᠦ᠍ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠭᠤᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠬᠤᠪᠢ ᠨᠡᠮᠡᠷᠢ᠎ᠶ᠋ᠢ ᠱᠢᠰᠲ᠋ᠧᠮ᠎ᠲᠠᠢ ᠲᠠᠢᠯᠪᠤᠷᠢᠯᠠᠨ ᠶᠡᠷᠢᠯ᠎ᠠ᠃

ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ ᠪᠣᠯ ᠤᠯᠤᠰ᠎ᠤᠨ 《ᠠᠩᠬᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠦᠨᠳᠦᠰᠦᠲᠡᠨ᠎ᠤ ᠣᠷᠣᠨ᠎ᠳᠤ ᠪᠦᠳᠦᠭᠡᠨ ᠪᠠᠢᠭᠤᠯᠤᠭ᠍ᠰᠠᠨ ᠭᠤᠣᠯᠳᠠᠯᠭ᠎ᠠ᠎ᠲᠠᠢ ᠲᠦᠷᠦᠯ ᠵᠦᠢᠯ᠎ᠤᠨ ᠨᠢᠭᠡ ᠪᠣᠯᠤᠨ᠎ᠠ᠃ 1958 ᠣᠨ᠎ᠳᠤ᠂ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ ᠶᠠᠭ ᠪᠦᠳᠦᠭᠡᠨ ᠪᠠᠢᠭᠤᠯᠤᠯᠲᠠ᠎ᠶ᠋ᠢᠨ ᠬᠤᠭᠤᠴᠠᠭᠠᠨ᠎ᠳᠤ ᠪᠠᠢᠵᠤ᠂ ᠲᠥᠬᠦᠭᠡᠷᠦᠮᠵᠢ ᠪᠣᠯᠤᠨ ᠪᠦᠳᠦᠭᠡᠨ ᠪᠠᠢᠭᠤᠯᠤᠯᠲᠠ᠎ᠶ᠋ᠢᠨ ᠮᠠᠲ᠋ᠧᠷᠢᠶᠠᠯ᠎ᠤᠨ ᠬᠠᠩᠭᠠᠯᠭ᠎ᠠ ᠬᠦᠷᠦᠯᠴᠡᠬᠦ᠌ ᠦᠭᠡᠢ ᠵᠡᠷᠬᠡ ᠲᠤᠮᠤᠬᠠᠨ ᠬᠦᠴᠢᠷᠳᠡᠯ᠎ᠳᠤ ᠲᠤᠯᠭᠠᠷᠠᠪᠠ᠃

ᠨᠠᠮ᠎ᠤᠨ ᠲᠥᠪ ᠬᠤᠷᠢᠶ᠎ᠠ᠎ᠠᠴᠠ ᠳᠤᠷᠠᠳᠤᠭ᠍ᠰᠠᠨ 《ᠠᠷᠭ᠎ᠠ ᠪᠦᠬᠦᠨ᠎ᠢ ᠰᠦᠪᠡᠭ᠌ᠴᠢᠯᠡᠨ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢᠨ ᠬᠦᠴᠢᠷᠳᠡᠯ᠎ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ》 ᠭᠡᠬᠦ᠌ ᠤᠷᠢᠶᠠᠯᠠᠭ᠎ᠠ᠎ᠶ᠋ᠢᠨ ᠲᠠᠭᠠᠤ᠂ ᠪᠦᠬᠦ᠌ ᠤᠯᠤᠰ᠎ᠢᠶᠠᠷ᠎ᠢᠶᠠᠨ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠲᠤᠰᠠᠯᠠᠬᠤ ᠬᠠᠯᠠᠭᠤᠨ ᠥᠷᠨᠢᠯᠲᠡ ᠭᠠᠷᠤᠬ᠍ᠰᠠᠨ ᠪᠠᠢᠯ᠎ᠠ᠃ ᠡᠢᠨ ᠬᠦ᠂ ᠡᠳᠦᠷ ᠪᠦᠷᠢ ᠳᠤᠮᠳᠠᠴᠢ᠎ᠪᠠᠷ 10 ᠭᠠᠷᠤᠶ ᠸᠠᠭᠤᠨ ᠲᠥᠬᠦᠭᠡᠷᠦᠮᠵᠢ ᠪᠠ ᠮᠠᠲ᠋ᠧᠷᠢᠶᠠᠯ ᠪᠥᠬᠦ᠌ ᠤᠯᠤᠰ᠎ᠤᠨ ᠡᠯ᠎ᠡ ᠭᠠᠵᠠᠷ᠎ᠠᠴᠠ ᠪᠤᠭᠤᠲᠤ᠎ᠶ᠋ᠢᠨ ᠪᠣᠯᠣᠳ ᠲᠡᠮᠦᠷ᠎ᠤᠨ ᠺᠣᠮᠫᠠᠨᠢ᠎ᠳᠤ ᠵᠥᠭᠡᠭᠡᠪᠦᠷᠢᠯᠡᠭ᠌ᠳᠡᠨ ᠢᠷᠡᠵᠦ᠍ ᠪᠠᠢᠪᠠ᠃ 60 ᠭᠠᠷᠤᠢ ᠵᠢᠯ᠎ᠤᠨ ᠲᠤᠷᠰᠢ᠂ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ᠎ᠬᠢᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠤᠪᠢ ᠨᠡᠮᠡᠷᠢ ᠦᠵᠡᠭᠦᠯᠬᠦ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠬᠦ᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠢᠭᠡᠮ ᠵᠢᠷᠤᠮ᠎ᠤᠨ ᠪᠦᠳᠤᠬᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠤ ᠠᠵᠤ ᠦᠢᠯᠡᠳᠪᠦᠷᠢ᠎ᠶ᠋ᠢ ᠬᠥᠭ᠌ᠵᠢᠭᠦᠯᠦᠨ ᠮᠠᠨᠳᠤᠭᠤᠯᠬᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠶ᠋ᠢ ᠳᠠᠢᠴᠢᠯᠠᠬᠤ᠎ᠳᠤ ᠪᠠᠯᠠᠷᠠᠰᠢ ᠦᠬᠡᠢ ᠬᠤᠪᠢ ᠨᠡᠮᠡᠷᠢ ᠦᠵᠡᠭᠦᠯᠦᠭ᠌ᠰᠡᠨ ᠶᠤᠮ᠃


4025768_lity_1624673314585_m.jpg

 

ᠦᠨᠳᠦᠰᠦᠳᠡᠨ᠎ᠤ ᠪᠦᠯᠬᠦᠮᠳᠡᠯ ᠲᠠᠪᠱᠢᠯᠳᠡ᠎ᠶ᠋ᠢ ᠨᠡᠢᠬᠡᠮ ᠲᠤᠭᠤᠷᠢᠭ᠎ᠲᠤ ᠤᠷᠤᠭᠤᠯᠤᠨ᠎ᠠ

ᠰᠤᠷᠪᠤᠯᠵᠢᠯᠠᠬ᠍ᠴᠢ ᠰᠤ᠌ ᠶᠦᠡᠭ ᠱᠸᠡᠭ ᠰᠡᠬᠦᠳᠡᠷᠯᠡᠪᠡ 


ᠲᠦᠷᠦᠭᠦᠬᠡᠨ᠂ ᠱᠠᠩᠬᠠᠶ ᠬᠤᠲᠠ᠎ᠶ᠋ᠢᠨ ᠨᠠᠮ ᠵᠠᠰᠠᠭ᠎ᠤᠨ ᠲᠥᠯᠥᠭᠡᠯᠡᠭ᠌ᠴᠢᠳ᠎ᠤᠨ ᠪᠦᠯᠬᠦᠮ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠠᠷᠠᠳ᠎ᠤᠨ ᠵᠢᠱ᠌ᠢᠶᠡᠴᠢ》 ᠲᠦᠬᠦ᠋ᠢᠮ᠎ᠡ᠎ᠶ᠋ᠢ ᠡᠷᠬᠢᠨ ᠦᠵᠡᠭ᠌ᠰᠡᠨ ᠪᠥᠭᠡᠳ ᠲᠡᠭᠦᠨ᠎ᠳᠤ 《ᠱᠠᠩᠬᠠᠶ ᠬᠤᠲᠠ᠎ᠶ᠋ᠢᠨ ᠨᠡᠷ᠎ᠡ ᠬᠦᠨᠳᠦᠲᠦ ᠬᠤᠲᠠ᠎ᠶ᠋ᠢᠨ ᠠᠷᠠᠳ》 ᠎ᠤᠨ ᠲᠡᠮᠳᠡᠭ ᠦᠨᠡᠮᠯᠡᠯ ᠣᠯᠭᠤᠪᠠ᠃ ᠳᠡᠭᠡᠷ᠎ᠡ ᠵᠠᠭᠤᠨ᠎ᠤ ᠵᠢᠷᠠᠭᠠᠳ ᠣᠨ᠎ᠤ ᠡᠬᠢ᠎ᠪᠠᠷ᠂ 19 ᠨᠠᠰᠤᠲᠠᠢ ᠪᠠᠢᠭ᠍ᠰᠠᠨ ᠲᠦᠬᠦ᠋ᠢᠮ᠎ᠡ ᠱᠠᠩᠬᠠᠢ᠎ᠶ᠋ᠢᠨ 28 ᠦᠨᠦᠴᠢᠨ ᠬᠡᠦᠬᠡᠳ᠎ᠢ ᠥᠰᠭᠡᠨ ᠬᠥᠮᠦᠵᠢᠭᠦᠯᠬᠦ᠌ ᠡᠭᠦᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠦ᠍᠂ ᠴᠢᠩ ᠦᠨᠡᠨᠴᠢ ᠵᠢᠳᠬᠦᠯ᠎ᠢᠶᠠᠷ᠎ᠢᠶᠠᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠶᠡᠭᠡ ᠬᠠᠢᠷ᠎ᠠ᠎ᠶ᠋ᠢ ᠪᠢᠴᠢᠭ᠌ᠯᠡᠭ᠌ᠰᠡᠨ ᠦᠯᠢᠬᠡᠷ᠎ᠢ ᠲᠠᠶᠠᠭᠠᠷ᠎ᠢᠶᠠᠨ ᠶᠠᠭᠤᠨ᠎ᠳᠤ ᠠᠨᠳᠠᠬᠤ ᠪᠤᠢ᠃

ᠡᠢᠮᠦᠷᠬᠦᠦ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ ᠦᠪᠦᠷ ᠮᠤᠩᠭᠤᠯ᠎ᠳᠤ ᠦᠶ᠎ᠡ ᠲᠠᠮᠵᠢᠨ ᠤᠯᠠᠮᠵᠢᠯᠠᠭ᠍ᠳᠠᠵᠦ᠍ ᠪᠠᠢᠭ᠎ᠠ᠎ᠶ᠋ᠢ ᠨᠢᠦ ᠢᠦᠢ ᠷᠦ᠋᠂ ᠲᠢᠩ ᠪᠠᠭᠠᠲᠤᠷ᠂ ᠫᠠᠨ ᡁᠢ ᠷᠦᠩ᠂ ᠸᠠᠩ ᠪᠦᠬᠡ᠂ ᠪᠤᠶᠠᠨᠳᠡᠯᠭᠡᠷ᠂ ᠠᠳᠢᠶ᠎ᠠ ᠵᠡᠷᠭᠡ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ᠎ᠤᠳ ᠬᠡᠷᠡᠴᠢᠯᠡᠭ᠌ᠰᠡᠨ ᠪᠠᠢᠨ᠎ᠠ᠃ ᠮᠦᠨ ᠴᠤ᠌᠂ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠮᠥᠷᠥ᠍ ᠵᠡᠷᠭᠡᠴᠡᠨ ᠭᠠᠷ ᠬᠤᠯᠪᠣᠯᠴᠠᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ ᠱᠢᠨ᠎ᠡ ᠠᠶᠠᠨ ᠵᠠᠮ᠎ᠳᠤ ᠡᠷᠴᠢ ᠨᠠᠮᠠᠵᠤ ᠪᠠᠢᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠴᠢᠬᠤᠯᠠᠳᠠᠢ᠃

ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠱᠠᠲᠤᠨ᠎ᠤ ᠡᠯ᠎ᠡ ᠲᠥᠷᠥᠯ᠎ᠤᠨ ᠪᠠᠢᠭᠤᠯᠭ᠎ᠠ ᠨᠢᠭᠡᠴᠢ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠥᠷᠨᠢᠭᠦᠯᠬᠦ᠌᠎ᠶ᠋ᠢᠨ ᠬᠠᠮᠳᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠎ᠢ ᠤᠬᠠᠭᠤᠯᠤᠨ ᠲᠤᠭᠤᠱᠢᠯᠠᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠬᠠᠤᠯᠢ ᠴᠠᠭᠠᠵᠠ᠎ᠪᠠᠷ ᠪᠠᠲᠤᠯᠠᠪᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠠᠬᠢᠭᠤᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠥᠷᠭᠡᠨ ᠤᠯᠠᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠤ ᠦᠨᠳᠦᠰᠦᠯᠡᠭᠦᠯᠪᠠ᠃

ᠲᠦᠷᠦᠭᠦᠬᠡᠨ ᠬᠤᠷᠠᠯᠳᠤᠭ᠍ᠰᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ᠎ᠶ᠋ᠢᠨ ᠬᠤᠷᠠᠯ᠎ᠠᠴᠠ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠲᠡᠦᠬᠡᠨ ᠪᠠᠢᠷᠢ ᠰᠠᠭᠤᠷᠢ᠎ᠶ᠋ᠢ ᠭᠦᠨᠵᠡᠭᠡᠶ ᠤᠢ᠍ᠢᠯᠠᠭᠠᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠵᠢᠭᠠᠪᠤᠷᠢ ᠪᠣᠯᠤᠨ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠠᠢᠪᠤᠡᠭ ᠪᠠᠢᠬᠤ ᠰᠠᠢᠨ ᠰᠠᠢᠬᠠᠨ ᠪᠠᠢᠳᠠᠯ᠎ᠢ ᠲᠠᠰᠤᠷᠠᠯᠲᠠ ᠥᠬᠡᠶ ᠪᠠᠬᠢᠵᠢᠭᠦᠯᠦᠨ ᠬᠥᠭ᠌ᠵᠢᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠢᠷᠠᠭᠤ ᠠᠯᠳᠡᠷ᠎ᠢ ᠦᠷᠬᠦᠯᠵᠢᠯᠡᠨ ᠪᠠᠳᠠᠷᠠᠭᠤᠯᠬᠤ ᠬᠡᠷᠡᠭ᠌ᠳᠡᠢ ᠬᠡᠵᠦ᠍ ᠵᠢᠭᠠᠵᠤ ᠭᠠᠷᠭᠠᠪᠠ᠃

ᠥᠪᠥᠷ ᠮᠣᠩᠭᠤᠯ᠎ᠤᠨ 2500 ᠭᠠᠷᠤᠶ ᠲᠦᠮᠡᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠨᠢᠭ᠍ᠲᠠᠷᠠᠨ ᠪᠦᠯᠬᠦᠮᠳᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠶ᠋ᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌᠎ᠨᠢ ᠯᠡᠪᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号