ᠤᠯᠤᠰ᠎ᠤᠨ ᠴᠢᠬᠤᠯᠠ ᠡᠨᠧᠷᠬᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠬ᠎ᠤᠨ ᠰᠠᠭᠤᠷᠢᠨ᠎ᠢ ᠪᠦᠲᠦᠬᠡᠨ ᠪᠠᠢᠭᠤᠯᠬᠤ᠎ᠳᠤ ᠬᠦᠴᠦ᠎ᠪᠠᠨ ᠲᠦᠪᠯᠡᠷᠡᠬᠦᠯᠵᠦ᠍᠂ ᠦᠪᠦᠷ ᠮᠤᠩᠭᠤᠯ ᠡᠨᠧᠷᠬᠢ᠎ᠶ᠋ᠢᠨ ᠠᠵᠦ᠍ ᠦᠢᠯᠡᠰ᠎ᠢ ᠦᠬᠡᠷᠡᠴᠢᠯᠡᠨ ᠪᠠᠢᠭᠤᠯᠵᠦ᠍ ᠲᠡᠰ ᠲᠡᠪᠱᠢᠬᠦᠯᠬᠦ᠌᠎ᠪᠠᠨ ᠲᠦᠷᠬᠡᠳᠭᠡᠵᠦ᠍᠂ ᠨᠡᠬᠦᠷᠡᠰᠤ ᠴᠠᠬᠢᠯᠭᠠᠨ ᠴᠢᠯᠠᠭᠤᠨ ᠲᠤᠰᠤ ᠱᠢᠲᠠᠮᠠᠬᠠᠢ ᠬᠡᠢ ᠰᠠᠯᠬᠢᠨ ᠬᠦᠴᠦ᠍ ᠬᠡᠷᠡᠯᠴᠢ ᠴᠡᠨᠡᠭ᠎ᠤᠨ ᠠᠵᠦ᠍ ᠦᠢᠯᠡᠰ᠎ᠢ ᠵᠡᠷᠬᠡ᠎ᠪᠠᠷ ᠬᠦᠭ᠌ᠵᠢᠬᠦᠯᠵᠦ᠍᠂ ᠬᠡᠯᠬᠢᠶ᠎ᠠ᠎ᠶ᠋ᠢ ᠤᠷᠳᠤᠳᠭᠬᠠᠤ ᠬᠡᠯᠬᠢᠶ᠎ᠠ᠎ᠶ᠋ᠢ ᠨᠦᠬᠦᠪᠦᠷᠢᠯᠡᠬᠦ᠌ ᠬᠡᠯᠬᠢᠶ᠎ᠠ᠎ᠶ᠋ᠢ ᠬᠦᠴᠦᠷᠭᠡᠭ᠌ᠵᠢᠬᠦᠯᠬᠦ᠌᠎ᠶ᠋ᠢ ᠵᠡᠷᠬᠡ᠎ᠪᠠᠷ ᠠᠬᠢᠭᠤᠯᠵᠦ᠍᠂ ᠨᠡᠢᠳᠭᠡᠬᠦ᠌ ᠦᠬᠡᠷᠡᠴᠢᠯᠡᠬᠦ᠌ ᠲᠡᠭᠡᠭ᠌ᠰᠢᠯᠡᠬᠦᠯᠬᠦ᠌᠎ᠶ᠋ᠢ ᠵᠡᠷᠬᠡ᠎ᠪᠠᠷ ᠶᠠᠪᠤᠭ᠍ᠳᠠᠭᠤᠯᠵᠦ᠍᠂ ᠤᠳᠤ ᠦᠶ᠎ᠠ᠎ᠶ᠋ᠢᠨ ᠡᠨᠧᠷᠬᠢ᠎ᠶ᠋ᠢᠨ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠶᠠᠰᠤ ᠴᠢᠨᠠᠷ᠎ᠨᠢ ᠢᠯᠡᠷᠬᠡᠢ ᠲᠡᠭᠡᠭ᠌ᠰᠢᠯᠡᠵᠦ᠍᠂ ᠡᠨᠧᠷᠬᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠬ᠎ᠤᠨ ᠰᠠᠭᠤᠷᠢᠨ᠎ᠤ ᠲᠡᠰ ᠲᠦᠪᠱᠢᠨ ᠲᠡᠭᠡᠭ᠌ᠰᠢᠯᠡᠵᠦ᠍ ᠲᠡᠰ ᠲᠡᠪᠱᠢᠵᠡᠢ᠃ ᠲᠡᠭᠡᠳᠤ ᠲᠡᠰ ᠳᠡᠪᠱᠢᠯᠳᠡ᠂ ᠤᠶᠤᠨᠴᠢᠯᠠᠯᠳᠠ᠂ ᠪᠤᠬᠢᠷᠳᠤᠯ ᠦᠬᠡᠢ ᠬᠦᠭ᠌ᠵᠢᠯᠳᠡ ᠨᠢᠬᠡᠨᠳᠡ ᠦᠪᠦᠷ ᠮᠤᠩᠭᠤᠯ᠎ᠤᠨ ᠡᠨᠧᠷᠬᠢ᠎ᠶ᠋ᠢᠨ ᠠᠵᠦ᠍ ᠦᠢᠯᠡᠰ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠎ᠤᠨ ᠱᠢᠨ᠎ᠠ ᠱᠤᠱᠢᠭ᠎ᠠ ᠲᠡᠮᠳᠡᠭ ᠪᠤᠯᠤᠯ᠎ᠠ᠃
ᠨᠢᠬᠡ᠂ ᠠᠮᠵᠢᠯᠳᠠ ᠪᠦᠳᠦᠮᠵᠢ᠎ᠶ᠋ᠢ ᠬᠠᠷᠠᠭᠤᠯᠤᠬ᠍ᠰᠠᠨ ᠬᠢᠯᠠᠰ ᠴᠡᠭ
8 ᠳ᠋ᠦᠩᠱᠢᠭᠤᠷ ᠲᠤᠨ
ᠪᠠᠢᠷᠢ ᠰᠠᠭᠤᠷᠢ ᠴᠢᠨᠠᠬ᠍ᠰᠢᠳᠠ ᠲᠡᠭᠡᠭ᠌ᠰᠢᠯᠡᠪᠡ᠃ ᠡᠨᠧᠷᠬᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ 8 ᠳ᠋ᠦᠩᠱᠢᠭᠤᠷ ᠲᠤᠨ ᠪᠠᠷᠢᠮᠵᠢᠶ᠎ᠠ ᠨᠡᠬᠦᠷᠡᠰᠤ᠎ᠶ᠋ᠢ ᠲᠠᠪᠠᠵᠦ᠍᠂ 2015 ᠤᠨ᠎ᠤ 1.2 ᠲᠠᠬᠢᠨ ᠪᠤᠯᠵᠦ᠍᠂ ᠪᠦᠬᠦ᠌ ᠤᠯᠤᠰ᠎ᠲᠤ ᠲᠦᠷᠦᠬᠦᠯᠡᠪᠡ᠃ ᠨᠡᠬᠦᠷᠡᠰᠤᠨ᠎ᠤ ᠦᠢᠯᠡᠳᠪᠦᠷᠢᠯᠡᠯ᠎ᠤᠨ ᠴᠢᠳᠠᠪᠤᠷᠢ 13.4 ᠳ᠋ᠦᠩᠱᠢᠭᠤᠷ ᠲᠤᠨ᠎ᠳᠤ ᠬᠦᠷᠴᠤ᠌᠂ ᠨᠡᠬᠦᠷᠡᠰᠤ᠎ᠶ᠋ᠢ ᠭᠠᠳᠠᠬ᠍ᠰᠢ ᠲᠡᠬᠡᠬᠡᠪᠦᠷᠢᠯᠡᠭ᠌ᠰᠡᠨ ᠬᠡᠮᠵᠢᠶ᠎ᠠ 6 ᠳ᠋ᠦᠩᠱᠢᠭᠤᠷ ᠲᠤᠨᠢ ᠲᠠᠪᠠᠵᠦ᠍᠂ ᠴᠠᠬᠢᠯᠭᠠᠨ ᠬᠦᠴᠤᠨ᠎ᠤ ᠮᠠᠱᠢᠨ ᠴᠤᠬ᠍ᠴᠠᠯᠠᠪᠤᠷᠢ 1.44 ᠳ᠋ᠦᠩᠱᠢᠭᠤᠷ ᠺᠢᠯᠤᠸᠠᠲ᠎ᠲᠤ ᠬᠦᠷᠴᠤ᠌᠂ ᠪᠦᠷ ᠪᠦᠬᠦ᠌ ᠤᠯᠤᠰ᠎ᠲᠤ ᠲᠦᠷᠦᠬᠦᠯᠡᠵᠦ᠍᠂ ᠤᠯᠤᠰ᠎ᠤᠨ ᠴᠢᠬᠤᠯᠠ ᠡᠨᠧᠷᠬᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠬ᠎ᠤᠨ ᠰᠠᠭᠤᠷᠢᠨ᠎ᠤ ᠪᠠᠢᠷᠢ ᠰᠠᠭᠤᠷᠢ ᠦᠷᠬᠦᠯᠵᠢᠯᠡᠨ ᠲᠡᠭᠡᠭ᠌ᠰᠢᠯᠡᠵᠦ᠍᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠨᠠᠢᠳᠠᠪᠤᠷᠢᠵᠢᠭᠤᠯᠬᠤ᠎ᠳᠤ ᠢᠳᠡᠪᠬᠢᠳᠡᠢ ᠬᠤᠪᠢ ᠨᠡᠮᠡᠷᠢ ᠦᠵᠡᠬᠦᠯᠵᠡᠢ᠃
1 ᠳ᠋ᠦᠩᠱᠢᠭᠤᠷ ᠲᠤᠨ
ᠬᠡᠪᠴᠢᠶᠡᠵᠢᠯ ᠴᠢᠨᠠᠬ᠍ᠰᠢᠳᠠ ᠶᠡᠬᠡᠰᠪᠡ᠃ ᠨᠡᠬᠦᠷᠡᠰᠤ᠎ᠪᠠᠷ ᠴᠢᠯᠠᠭᠤᠨ ᠲᠤᠰᠤ ᠪᠠ ᠱᠢᠲᠠᠮᠠᠬᠠᠢ ᠬᠡᠢ ᠦᠢᠯᠡᠳᠬᠦ᠌ ᠵᠢᠴᠢ ᠨᠡᠬᠦᠷᠡᠰᠤ᠎ᠪᠠᠷ ᠠᠯᠺᠧᠨ ᠨᠡᠬᠦᠷᠦᠭ᠌ᠴᠢ ᠦᠢᠯᠡᠳᠬᠦ᠌ ᠪᠦᠷᠢᠨ ᠲᠦᠬᠦᠷ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠠᠵᠦ᠍ ᠦᠢᠯᠡᠰ᠎ᠤᠨ ᠬᠡᠯᠬᠢᠶ᠎ᠠ᠎ᠶ᠋ᠢ ᠪᠦᠷᠢᠯᠳᠦᠬᠦᠯᠵᠦ᠍᠂ ᠵᠢᠯ᠎ᠳᠤ ᠤᠨᠳᠤᠤᠱᠢᠭᠤᠯᠬᠤ ᠨᠡᠬᠦᠷᠡᠰᠤᠨ᠎ᠤ ᠬᠡᠮᠵᠢᠶ᠎ᠠ 1 ᠳ᠋ᠦᠩᠱᠢᠭᠤᠷ ᠲᠤᠨᠢ ᠲᠠᠪᠠᠵᠦ᠍᠂ ᠪᠦᠬᠦ᠌ ᠤᠯᠤᠰ᠎ᠤᠨ ᠬᠠᠮᠤᠬ᠎ᠤᠨ ᠶᠡᠭᠡ᠂ ᠲᠦᠷᠦᠯ ᠵᠦᠢᠯ᠎ᠢᠶᠠᠷ ᠬᠠᠮᠤᠬ᠎ᠤᠨ ᠪᠦᠷᠢᠨ ᠤᠳᠤ ᠦᠶ᠎ᠠ᠎ᠶ᠋ᠢᠨ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠬᠡᠨ ᠪᠠᠢᠭᠤᠯᠪᠠ᠃ ᠡᠨᠧᠷᠬᠢ᠎ᠶ᠋ᠢᠨ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠎ᠤᠨ ᠬᠦᠭ᠌ᠵᠢᠯᠳᠡ ᠲᠦᠷᠬᠡᠳᠴᠤ᠌᠂ ᠲᠠᠯᠠᠰᠳᠤ ᠴᠠᠬᠢᠭᠤᠷ᠎ᠤᠨ ᠦᠢᠯᠡᠳᠪᠦᠷᠢᠯᠡᠯ᠎ᠤᠨ ᠬᠡᠮᠵᠢᠶ᠎ᠠ ᠪᠦᠬᠦ᠌ ᠤᠯᠤᠰ᠎ᠤᠨ 1/3 ᠢᠯᠡᠬᠦᠦ᠎ᠶ᠋ᠢ ᠡᠵᠡᠯᠡᠵᠦ᠍᠂ ᠤᠯᠤᠰ᠎ᠤᠨ ᠬᠠᠮᠤᠬ᠎ᠤᠨ ᠶᠡᠭᠡ ᠲᠠᠯᠠᠰᠳᠤ ᠴᠠᠬᠢᠭᠤᠷ ᠦᠢᠯᠡᠳᠪᠦᠷᠢᠯᠡᠬᠦ᠌ ᠰᠠᠭᠤᠷᠢᠨ ᠪᠤᠯᠪᠠ᠃ ᠡᠨᠧᠷᠬᠢ᠎ᠶ᠋ᠢᠨ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ ᠪᠠ ᠭᠠᠢᠯᠢ᠎ᠶ᠋ᠢᠨ ᠤᠷᠤᠯᠭ᠎ᠠ ᠪᠦᠷ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ 50% ᠢᠯᠡᠬᠦᠦ᠎ᠶ᠋ᠢ ᠡᠵᠡᠯᠡᠵᠦ᠍᠂ ᠡᠨᠧᠷᠬᠢ᠎ᠶ᠋ᠢᠨ ᠠᠵᠦ᠍ ᠦᠢᠯᠡᠰ ᠠᠵᠦ᠍ ᠦᠢᠯᠡᠳᠪᠦᠷᠢ᠎ᠶ᠋ᠢᠨ ᠬᠦᠭ᠌ᠵᠢᠯᠳᠡ᠎ᠶ᠋ᠢ ᠲᠤᠬ᠍ᠳᠠᠪᠤᠷᠢᠵᠢᠭᠤᠯᠬᠤ᠎ᠳᠤ ᠴᠢᠬᠤᠯᠠ ᠦᠢᠯᠡᠳᠦᠯ ᠦᠵᠡᠬᠦᠯᠬᠦ᠌ ᠪᠤᠯᠪᠠ᠃
1/3
ᠪᠦᠲᠦᠴᠡ ᠴᠢᠨᠠᠬ᠍ᠰᠢᠳᠠ ᠱᠢᠯᠢᠳᠡᠭ᠌ᠵᠢᠪᠡ᠃ ᠮᠢᠩᠭᠠᠨ ᠲᠦᠮᠡᠨ ᠲᠤᠨ᠎ᠤ ᠲᠡᠰ᠎ᠤᠨ ᠨᠡᠬᠦᠷᠡᠰᠤᠨ ᠠᠭᠤᠷᠬᠠᠢ᠎ᠶ᠋ᠢᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠡᠵᠡᠯᠡᠬᠦ᠌ ᠬᠠᠷᠢᠴᠠᠯ 43% ᠳᠤ ᠬᠦᠷᠴᠤ᠌᠂ ᠲᠠᠩ ᠠᠭᠤᠷᠬᠠᠢ᠎ᠶ᠋ᠢᠨ ᠲᠤᠮᠳᠠᠴᠢ ᠦᠢᠯᠡᠳᠪᠦᠷᠢᠯᠡᠯ᠎ᠤᠨ ᠴᠢᠳᠠᠪᠤᠷᠢ᠎ᠨᠢ ᠪᠦᠬᠦ᠌ ᠤᠯᠤᠰ᠎ᠤᠨ ᠲᠦᠪᠱᠢᠨ᠎ᠤ 3 ᠲᠠᠬᠢᠨ ᠪᠤᠯᠵᠦ᠍᠂ ᠨᠡᠬᠦᠷᠡᠰᠤᠨ᠎ᠤ ᠦᠢᠯᠡᠳᠪᠦᠷᠢᠯᠡᠯ ᠨᠡᠩ ᠲᠦᠪᠯᠡᠷᠡᠨ ᠡᠷᠴᠢᠮᠵᠢᠪᠡ᠃ ᠪᠤᠬᠢᠷᠳᠤᠯ ᠦᠬᠡᠢ ᠨᠡᠬᠦᠷᠡᠰᠤᠨ ᠠᠭᠤᠷᠬᠠᠢ ᠦᠢᠯᠡᠳᠪᠦᠷᠢᠯᠡᠵᠦ᠍ ᠪᠠᠢᠭ᠎ᠠ ᠨᠡᠬᠦᠷᠡᠰᠤᠨ ᠠᠭᠤᠷᠬᠠᠢ᠎ᠶ᠋ᠢᠨ 1/3 ᠶ᠋ᠢ ᠡᠵᠡᠯᠡᠵᠦ᠍᠂ ᠨᠡᠬᠦᠷᠡᠰᠤᠨ᠎ᠤ ᠮᠠᠱᠢᠨ ᠴᠤᠬ᠍ᠴᠠᠯᠠᠪᠤᠷᠢ ᠬᠡᠳᠦ ᠪᠠᠭ᠎ᠠ ᠭᠠᠳᠠᠭ᠍ᠰᠢᠯᠠᠭᠤᠯᠤᠯᠳᠠ᠎ᠶ᠋ᠢ ᠦᠨᠳᠦᠰᠦᠨ᠎ᠳᠡᠭᠡᠨ ᠪᠡᠶᠡᠯᠡᠬᠦᠯᠵᠦ᠍᠂ ᠴᠢᠯᠠᠭᠤᠵᠢᠮᠠᠯ᠎ᠤᠨ ᠡᠨᠧᠷᠬᠢ ᠨᠡᠩ ᠪᠤᠬᠢᠷᠳᠤᠯ ᠦᠬᠡᠢ ᠪᠤᠯᠪᠠ᠃ ᠱᠢᠨ᠎ᠠ ᠡᠨᠧᠷᠬᠢ᠎ᠶ᠋ᠢᠨ ᠴᠠᠬᠢᠯᠭᠠᠨ᠎ᠢ ᠴᠠᠬᠢᠯᠭᠠᠨ ᠲᠤᠤᠷ᠎ᠲᠤ ᠤᠷᠤᠭᠤᠯᠤᠬ᠍ᠰᠠᠨ ᠶᠡᠷᠦᠩᠬᠡᠢ ᠮᠠᠱᠢᠨ ᠴᠤᠬ᠍ᠴᠠᠯᠠᠪᠤᠷᠢ 5000 ᠲᠦᠮᠡᠨ ᠺᠢᠯᠤᠸᠠᠲ᠎ᠲᠤ ᠬᠦᠷᠴᠤ᠌᠂ ᠪᠦᠬᠦ᠌ ᠤᠷᠤᠨ᠎ᠤ 1/3 ᠶ᠋ᠢ ᠡᠵᠡᠯᠡᠵᠦ᠍᠂ ᠪᠦᠬᠦ᠌ ᠤᠯᠤᠰ᠎ᠤᠨ ᠬᠠᠮᠤᠬ᠎ᠤᠨ ᠶᠡᠭᠡ ᠱᠢᠨ᠎ᠠ ᠡᠨᠧᠷᠬᠢ᠎ᠶ᠋ᠢᠨ ᠰᠠᠭᠤᠷᠢᠨ ᠪᠤᠯᠪᠠ᠃
70%
ᠮᠠᠨ᠎ᠤ ᠤᠷᠤᠨ ᠠᠵᠦ᠍ ᠦᠢᠯᠡᠰ᠎ᠤᠨ ᠬᠡᠯᠬᠢᠶ᠎ᠠ᠎ᠪᠠᠨ ᠤᠷᠳᠤᠳᠭᠠᠵᠦ᠍᠂ ᠦᠷᠲᠡᠭ᠎ᠤᠨ ᠬᠡᠯᠬᠢᠶ᠎ᠠ᠎ᠪᠠᠨ ᠲᠡᠭᠡᠭ᠌ᠰᠢᠯᠡᠬᠦᠯᠵᠦ᠍᠂ ᠨᠡᠬᠦᠷᠡᠰᠤ — ᠴᠠᠬᠢᠯᠭᠠᠨ — ᠬᠦᠩᠬᠡᠨᠴᠠᠭᠠᠨ᠎ᠤ ᠨᠢᠬᠡ ᠴᠤᠬ᠍ᠴᠠᠵᠢᠭᠤᠯᠤᠯᠳᠠ 65% ᠳᠤ ᠬᠦᠷᠴᠤ᠌᠂ ᠬᠤᠪᠤᠷ ᠱᠢᠷᠤᠢ᠎ᠶ᠋ᠢ ᠲᠤᠬᠠᠢ᠎ᠶ᠋ᠢᠨ ᠭᠠᠵᠠᠷ᠎ᠲᠤ ᠤᠨᠳᠤᠤᠱᠢᠭᠤᠯᠤᠬ᠍ᠰᠠᠨ ᠨᠤᠷᠮ᠎ᠠ 70% ᠳᠤ ᠬᠦᠷᠴᠤ᠌᠂ ᠬᠤᠪᠤᠷ ᠱᠢᠷᠤᠢ᠎ᠶ᠋ᠢᠨ ᠲᠤᠭ᠍ᠳᠠᠮᠠᠯ ᠰᠤᠷᠢᠨᠵᠢᠨ ᠵᠡᠷᠬᠡ ᠱᠢᠨ᠎ᠠ ᠮᠠᠲ᠋ᠧᠷᠢᠶᠠᠯ᠎ᠤᠨ ᠦᠢᠯᠡᠳᠬᠦᠨ᠎ᠤ ᠦᠷᠳᠡᠭ ᠪᠦᠬᠦ᠌ ᠤᠯᠤᠰ᠎ᠤᠨ ᠡᠮᠦᠨᠡᠬᠦᠷ ᠤᠷᠤᠪᠠ᠃
18%
ᠦᠪᠡᠷᠳᠡᠭᠡᠨ ᠵᠠᠰᠠᠬᠤ ᠤᠷᠤᠨ ᠡᠨᠧᠷᠬᠢ᠎ᠶ᠋ᠢᠨ ᠬᠠᠩᠭᠠᠯᠭ᠎ᠠ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ᠎ᠶ᠋ᠢᠨ ᠡᠷᠴᠢᠮ᠎ᠢᠶᠠᠨ ᠴᠢᠩᠭᠠᠷᠠᠭᠤᠯᠵᠦ᠍᠂ ᠱᠢᠨ᠎ᠠ ᠡᠨᠧᠷᠬᠢ ᠠᠯᠬᠤᠮ ᠠᠯᠬᠤᠮ᠎ᠢᠶᠠᠷ ᠤᠯᠠᠮᠵᠢᠯᠠᠯᠳᠤ ᠡᠨᠧᠷᠬᠢ᠎ᠶ᠋ᠢ ᠤᠷᠤᠯᠠᠪᠠ᠃ 2020 ᠤᠨ᠎ᠳᠤ᠂ ᠱᠢᠯᠢ᠎ᠶ᠋ᠢᠨ ᠭᠤᠤᠯ ᠠᠢᠮᠠᠬ᠎ᠤᠨ 700 ᠲᠦᠮᠡᠨ ᠺᠢᠯᠤᠸᠠᠲ᠎ᠤᠨ ᠰᠠᠯᠬᠢᠨ ᠬᠦᠴᠤ᠎ᠪᠠᠷ ᠭᠠᠷᠭᠠᠬ᠍ᠰᠠᠨ ᠴᠠᠬᠢᠯᠭᠠᠨ᠎ᠢ ᠭᠠᠳᠠᠭ᠍ᠰᠢ ᠬᠦᠷᠬᠡᠬᠦ᠌ ᠰᠠᠭᠤᠷᠢᠨ᠎ᠢ ᠪᠦᠲᠦᠬᠡᠨ ᠪᠠᠢᠭᠤᠯᠵᠦ᠍ ᠲᠠᠭᠤᠰᠭᠠᠬᠤᠶ᠋ᠢᠨ ᠬᠠᠮᠳᠤ 600 ᠲᠦᠮᠡᠨ ᠺᠢᠯᠤᠸᠠᠲ ᠴᠠᠬᠢᠯᠭᠠᠨ᠎ᠢ ᠴᠠᠬᠢᠯᠭᠠᠨ ᠲᠤᠤᠷ᠎ᠲᠤ ᠤᠷᠤᠭᠤᠯᠪᠠ᠃ ᠪᠦᠬᠦ᠌ ᠤᠷᠤᠨ᠎ᠤ ᠲᠠᠬᠢᠨ ᠡᠬᠦᠰᠴᠤ᠌ ᠪᠤᠯᠬᠤ ᠡᠨᠧᠷᠬᠢ᠎ᠶ᠋ᠢᠨ ᠴᠠᠬᠢᠯᠭᠠᠨ ᠬᠦᠴᠤᠨ᠎ᠤ ᠮᠠᠱᠢᠨ ᠴᠤᠬ᠍ᠴᠠᠯᠠᠪᠤᠷᠢ ᠪᠦᠬᠦ᠌ ᠤᠷᠤᠨ᠎ᠤ 36% ᠶ᠋ᠢ ᠡᠵᠡᠯᠡᠵᠦ᠍᠂ ᠱᠢᠨ᠎ᠠ ᠡᠨᠧᠷᠬᠢ᠎ᠶ᠋ᠢᠨ ᠬᠡᠷᠡᠭ᠌ᠯᠡᠭᠡ᠎ᠶ᠋ᠢᠨ ᠬᠠᠷᠢᠴᠠᠯ 18% ᠳᠤ ᠬᠦᠷᠪᠡ᠃
400 ᠳ᠋ᠦᠩᠱᠢᠭᠤᠷ ᠲᠦᠭᠦᠷᠢᠭ
ᠦᠭᠡᠷᠡᠴᠢᠯᠡᠯᠲᠡ ᠶ᠋ᠢᠨ ᠱᠢᠨ᠎ᠠ᠎ᠶ᠋ᠢ ᠡᠬᠦᠳᠬᠦ᠌ ᠠᠵᠢᠯ ᠴᠢᠨᠠᠬ᠍ᠰᠢᠳᠠ ᠬᠦᠨᠵᠡᠬᠡᠢᠷᠡᠪᠡ᠃ ᠦᠪᠦᠷ ᠮᠤᠩᠭᠤᠯ᠎ᠤᠨ ᠪᠠᠷᠠᠭᠤᠨᠳᠠᠬᠢ ᠴᠠᠬᠢᠯᠭᠠᠨ ᠲᠤᠤᠷ᠎ᠤᠨ ᠴᠠᠬᠢᠯᠭᠠᠨ ᠬᠦᠴᠤᠨ᠎ᠤ ᠪᠡᠯᠡᠨ ᠪᠠᠷᠠᠭᠠᠨ᠎ᠤ ᠵᠠᠬ᠎ᠠ ᠲᠡᠯᠬᠡᠬᠦᠷ᠎ᠢ ᠲᠤᠷᠱᠢᠨ ᠠᠵᠢᠯᠯᠠᠭᠤᠯᠵᠦ᠍᠂ ᠴᠠᠬᠢᠯᠭᠠᠨ ᠬᠦᠴᠤᠨ᠎ᠤ ᠤᠯᠠᠨ ᠲᠠᠯ᠎ᠠ᠎ᠳᠤ ᠠᠷᠠᠯᠵᠢᠶ᠎ᠠ᠂ ᠴᠠᠬᠢᠯᠭᠠᠨ ᠬᠡᠷᠡᠭ᠌ᠯᠡᠬᠦ᠌ ᠲᠤᠮᠤ ᠡᠷᠦᠬᠡ᠎ᠳᠤ ᠴᠠᠬᠢᠯᠭᠠᠨ᠎ᠢ ᠱᠢᠭᠤᠳ ᠬᠠᠩᠭᠠᠬᠤ ᠵᠡᠷᠬᠡ ᠵᠠᠬ᠎ᠠ ᠲᠡᠯᠬᠡᠬᠦᠷᠴᠢᠯᠠᠨ ᠠᠷᠠᠯᠵᠢᠶᠠᠯᠠᠬ᠍ᠰᠠᠨ ᠴᠠᠬᠢᠯᠭᠠᠨ᠎ᠤ ᠬᠡᠮᠵᠢᠶ᠎ᠠ 90% ᠶ᠋ᠢ ᠲᠠᠪᠠᠵᠦ᠍᠂ ᠠᠵᠦ᠍ ᠠᠬᠤᠢ᠍ᠢᠯᠠᠯ᠎ᠤᠨ ᠴᠠᠬᠢᠯᠭᠠᠨ ᠬᠡᠷᠡᠭ᠌ᠯᠡᠬᠦ᠌ ᠦᠪᠡᠷ᠎ᠤᠨ ᠦᠷᠳᠡᠭ᠎ᠢ ᠨᠡᠢᠳᠡ 400 ᠳ᠋ᠦᠩᠱᠢᠭᠤᠷ ᠲᠦᠬᠦᠷᠢᠭ ᠪᠠᠭᠤᠷᠠᠭᠤᠯᠬᠤ᠎ᠶ᠋ᠢ ᠠᠬᠢᠭᠤᠯᠵᠠᠢ᠃ ᠨᠡᠬᠦᠷᠡᠰᠤ᠎ᠶ᠋ᠢ ᠭᠠᠵᠠᠷ ᠲᠤᠤᠷ᠎ᠠ ᠱᠢᠭᠤᠳ ᠱᠢᠲᠠᠮᠠᠬᠠᠢ ᠬᠡᠢ ᠪᠤᠯᠭᠠᠨ ᠤᠨᠳᠤᠤᠱᠢᠭᠤᠯᠬᠤ ᠵᠡᠷᠬᠡ ᠮᠡᠷᠬᠡᠵᠢᠯ᠎ᠢ ᠤᠷᠢᠳ᠎ᠢᠶᠠᠷ ᠵᠢᠱ᠌ᠢᠶ᠎ᠠ ᠦᠵᠡᠬᠦᠯᠤᠨ ᠬᠡᠷᠡᠭ᠌ᠯᠡᠪᠡ᠃ 《5G + ᠤᠶᠤᠨᠳᠤ ᠠᠭᠤᠷᠬᠠᠢ᠎ᠶ᠋ᠢᠨ ᠵᠢᠱ᠌ᠢᠶ᠎ᠠ ᠦᠵᠡᠬᠦᠯᠬᠦ᠌ ᠰᠠᠭᠤᠷᠢᠨ》 ᠵᠡᠷᠬᠡ᠎ᠶ᠋ᠢ ᠡᠬᠢᠯᠡᠨ ᠬᠡᠷᠡᠭ᠌ᠵᠢᠬᠦᠯᠵᠦ᠍᠂ ᠰᠠᠯᠬᠢᠨ ᠬᠦᠴᠤ᠌ ᠬᠡᠷᠡᠯᠴᠢ ᠴᠡᠨᠡᠭ ᠨᠡᠬᠦᠷᠡᠰᠤ᠎ᠪᠠᠷ ᠭᠠᠷᠭᠠᠬ᠍ᠰᠠᠨ ᠴᠠᠬᠢᠯᠭᠠᠨ᠎ᠢ ᠨᠦᠬᠡᠴᠡᠯᠡᠵᠦ᠍ ᠨᠢᠬᠡ ᠴᠤᠬ᠍ᠴᠠᠵᠢᠭᠤᠯᠬᠤ᠎ᠶ᠋ᠢ ᠪᠦᠬᠦ᠌ ᠤᠯᠤᠰ᠎ᠲᠤ ᠲᠦᠷᠦᠬᠦᠯᠡᠨ ᠡᠬᠢᠯᠡᠬᠦᠯᠵᠡᠢ᠃

ᠲᠠᠯᠠᠳᠲᠠᠬᠢ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠬᠡᠷᠡᠭ᠌ᠯᠡᠯᠳᠡ᠎ᠶ᠋ᠢ ᠲᠠᠭᠠᠭᠤᠯᠬᠤ ᠰᠠᠭᠤᠷᠢᠨ

ᠴᠢ ᠷᠦᠢ ᠤᠷᠳᠤᠰ᠎ᠤᠨ ᠮᠠᠱᠢᠨ ᠲᠡᠷᠬᠡᠨ᠎ᠤ ᠠᠵᠦ᠍ ᠦᠢᠯᠡᠰ᠎ᠤᠨ ᠬᠦᠷᠢᠶᠡᠯᠡᠩ᠎ᠤᠨ ᠮᠠᠱᠢᠨ ᠲᠡᠷᠬᠡ ᠤᠬ᠍ᠰᠠᠷᠠᠬᠤ ᠦᠢᠯᠡᠳᠪᠦᠷᠢᠯᠡᠯ᠎ᠤᠨ ᠱᠤᠭᠤᠮ
ᠬᠤᠶᠠᠷ᠂ ᠠᠤᠭ᠎ᠠ ᠶᠡᠭᠡ ᠵᠢᠷᠤᠬ ᠲᠦᠰᠦᠪ ᠠᠯᠤᠰ ᠢᠷᠡᠬᠡᠳᠤᠢ᠎ᠪᠠᠨ ᠵᠢᠷᠤᠬ᠍ᠯᠠᠨᠠ
《ᠠᠷᠪᠠᠨ ᠲᠦᠷᠪᠡᠳᠦᠬᠡᠷ ᠲᠠᠪᠤᠨ ᠵᠢᠯ》 ᠡᠬᠢᠯᠡᠵᠦ᠍᠂ ᠱᠢᠨ᠎ᠠ ᠠᠵᠠ ᠲᠤᠬᠢᠶᠠᠯ ᠱᠢᠨ᠎ᠠ ᠦᠷᠢᠰᠦᠯᠳᠦᠬᠡᠨ ᠨᠠᠭᠠᠱᠢᠯᠠᠵᠦ᠍ ᠪᠠᠢᠨ᠎ᠠ᠃ ᠤᠯᠤᠰ᠎ᠤᠨ ᠴᠢᠬᠤᠯᠠ ᠡᠨᠧᠷᠬᠢ᠎ᠶ᠋ᠢᠨ ᠰᠠᠭᠤᠷᠢᠨ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠬ᠎ᠤᠨ ᠰᠠᠭᠤᠷᠢᠨ᠎ᠤ ᠱᠢᠨ᠎ᠠ ᠵᠢᠷᠤᠬ ᠲᠦᠰᠦᠪ᠎ᠢ ᠵᠢᠷᠤᠬ᠍ᠯᠠᠬᠤᠳᠠᠭᠠᠨ᠂ ᠦᠪᠦᠷ ᠮᠤᠩᠭᠤᠯ ᠱᠢᠰᠲ᠋ᠧᠮ᠎ᠳᠤ ᠰᠡᠳᠭᠢᠬᠦᠢ᠎ᠶ᠋ᠢ ᠪᠠᠷᠢᠮᠳᠠᠯᠠᠵᠦ᠍ — 《ᠲᠦᠷᠪᠡᠨ ᠬᠤᠪᠢᠰᠭᠠᠯ᠂ ᠨᠢᠬᠡ ᠬᠠᠮᠳᠤᠷᠠᠯᠴᠠᠭ᠎ᠠ》 ᠶ᠋ᠢᠨ ᠡᠨᠧᠷᠬᠢ᠎ᠶ᠋ᠢᠨ ᠠᠮᠤᠷ ᠲᠦᠪᠱᠢᠨ᠎ᠤ ᠱᠢᠨ᠎ᠠ ᠪᠠᠢᠯᠳᠤᠬᠤ ᠪᠤᠳᠤᠯᠭ᠎ᠠ᠎ᠪᠠᠷ ᠬᠦᠲᠦᠯᠦᠨ ᠲᠠᠭᠠᠭᠤᠯᠵᠦ᠍᠂ ᠨᠢᠬᠡ ᠬᠠᠷᠠᠯᠳᠠ᠎ᠶ᠋ᠢ ᠪᠡᠶᠡᠯᠡᠬᠦᠯᠦᠨ᠂ ᠭᠤᠷᠪᠠᠨ ᠬᠡᠯᠪᠡᠷᠢ᠎ᠶ᠋ᠢᠨ ᠬᠤᠪᠢᠷᠠᠭᠤᠯᠤᠯᠳᠠ᠎ᠶ᠋ᠢ ᠠᠬᠢᠭᠤᠯᠵᠦ᠍᠂ ᠲᠦᠷᠪᠡᠨ ᠶᠡᠭᠡ ᠠᠵᠦ᠍ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠂ ᠠᠷᠪᠠᠨ ᠶᠡᠭᠡ ᠢᠨᠵᠧᠨᠧᠷᠢᠩ᠎ᠢ ᠬᠡᠷᠡᠭ᠌ᠵᠢᠬᠦᠯᠵᠦ᠍᠂ ᠤᠳᠤ ᠦᠶ᠎ᠠ᠎ᠶ᠋ᠢᠨ ᠡᠨᠧᠷᠬᠢ᠎ᠶ᠋ᠢᠨ ᠠᠵᠦ᠍ ᠠᠬᠤᠢ᠎ᠶ᠋ᠢ ᠬᠦᠭ᠌ᠵᠢᠬᠦᠯᠬᠦ᠌ ᠡᠨᠡ ᠬᠦ᠌ ᠠᠵᠢᠯ᠎ᠢ ᠪᠦᠬᠦ᠌ ᠬᠦᠴᠦ᠎ᠪᠠᠷ᠎ᠢᠶᠠᠨ ᠰᠠᠢᠳᠤᠷ ᠬᠢᠵᠦ᠍ ᠪᠠᠢᠨ᠎ᠠ᠃
ᠭᠤᠷᠪᠠᠨ ᠬᠡᠯᠪᠡᠷᠢ᠎ᠶ᠋ᠢᠨ ᠬᠤᠪᠢᠷᠠᠭᠤᠯᠤᠯᠳᠠ ᠪᠤᠯ ᠲᠠᠷᠤᠢ ᠪᠤᠬᠢᠷᠳᠤᠯ ᠦᠬᠡᠢ ᠬᠡᠯᠪᠡᠷᠢ᠎ᠶ᠋ᠢᠨ ᠬᠤᠪᠢᠷᠠᠭᠤᠯᠤᠯᠳᠠ᠂ ᠲᠤᠭᠠᠴᠢᠯᠠᠬ᠍ᠰᠠᠨ ᠬᠡᠯᠪᠡᠷᠢ᠎ᠶ᠋ᠢᠨ ᠬᠤᠪᠢᠷᠠᠭᠤᠯᠤᠯᠳᠠ᠂ ᠱᠢᠨ᠎ᠠ᠎ᠶ᠋ᠢ ᠡᠬᠦᠳᠬᠦ᠌ ᠬᠡᠯᠪᠡᠷᠢ᠎ᠶ᠋ᠢᠨ ᠬᠤᠪᠢᠷᠠᠭᠤᠯᠤᠯᠳᠠ ᠪᠤᠯᠤᠨ᠎ᠠ᠃
ᠪᠤᠬᠢᠷᠳᠤᠯ ᠦᠬᠡᠢ ᠬᠡᠯᠪᠡᠷᠢ᠎ᠶ᠋ᠢᠨ ᠬᠤᠪᠢᠷᠠᠭᠤᠯᠤᠯᠳᠠ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬ᠍ᠰᠠᠨ᠂ ᠪᠤᠬᠢᠷᠳᠤᠯ ᠦᠬᠡᠢ ᠬᠦᠭ᠌ᠵᠢᠯᠳᠡ᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢ ᠢᠳᠡᠪᠬᠢᠳᠡᠢ ᠬᠠᠢᠨ ᠰᠦᠪᠡᠭ᠌ᠴᠢᠯᠡᠵᠦ᠍᠂ ᠨᠡᠬᠦᠷᠡᠰᠤᠨ᠎ᠤ ᠬᠡᠷᠡᠭ᠌ᠯᠡᠭᠡ᠎ᠶ᠋ᠢᠨ ᠬᠤᠪᠢ᠎ᠶ᠋ᠢᠨ ᠵᠢᠩ᠎ᠢ ᠠᠯᠬᠤᠮ ᠠᠯᠬᠤᠮ᠎ᠢᠶᠠᠷ ᠪᠠᠭᠠᠰᠭᠠᠵᠦ᠍᠂ ᠴᠢᠯᠠᠭᠤᠵᠢᠮᠠᠯ᠎ᠤᠨ ᠪᠤᠰᠤ ᠡᠨᠧᠷᠬᠢ᠎ᠶ᠋ᠢᠨ ᠬᠡᠷᠡᠭ᠌ᠯᠡᠭᠡ᠎ᠶ᠋ᠢᠨ ᠡᠵᠡᠯᠡᠬᠦ᠌ ᠬᠠᠷᠢᠴᠠᠯ᠎ᠢ ᠲᠡᠭᠡᠭ᠌ᠰᠢᠯᠡᠬᠦᠯᠤᠨ᠂ ᠨᠡᠬᠦᠷᠡᠰᠦᠳᠦ᠋ᠷᠦᠭ᠌ᠴᠢ᠎ᠶ᠋ᠢᠨ ᠲᠠᠪᠬᠤᠷ ᠢᠰᠦᠯ᠎ᠤᠨ ᠭᠠᠳᠠᠬ᠍ᠰᠢᠯᠠᠭᠤᠯᠤᠯᠳᠠᠶ᠋ᠢᠨ ᠡᠷᠴᠢᠮ ᠪᠠ ᠪᠤᠬᠢᠷᠳᠤᠯ ᠪᠤᠳᠠᠰ᠎ᠤᠨ ᠭᠠᠳᠠᠬ᠍ᠰᠢᠯᠠᠭᠤᠯᠤᠯᠳᠠᠶ᠋ᠢᠨ ᠲᠦᠪᠱᠢᠨ᠎ᠢ ᠪᠠᠭᠤᠷᠠᠭᠤᠯᠤᠨ᠎ᠠ; ᠡᠨᠧᠷᠬᠢ᠎ᠶ᠋ᠢᠨ ᠠᠵᠦ᠍ ᠦᠢᠯᠡᠰ᠎ᠤᠨ ᠪᠠᠢᠷᠢᠱᠢᠭᠤᠯᠤᠯᠳᠠ ᠪᠠ ᠪᠦᠲᠦᠴᠡ᠎ᠶ᠋ᠢ ᠱᠢᠯᠢᠳᠡᠭ᠌ᠵᠢᠬᠦᠯᠦᠨᠠ᠃

ᠱᠧᠨ ᠬᠤᠧᠠ ᠪᠦᠯᠦᠭ᠌ᠯᠡᠯ ᠺᠤᠮᠫᠠᠨᠢ᠎ᠶ᠋ᠢᠨ ᠪᠤᠭᠤᠳᠤ᠎ᠳᠠᠬᠢ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠬᠤᠪᠢᠶᠠᠷᠢ ᠺᠤᠮᠫᠠᠨᠢ᠎ᠶ᠋ᠢᠨ ᠦᠢᠯᠡᠳᠪᠦᠷᠢ᠎ᠶ᠋ᠢᠨ ᠲᠤᠭᠤᠷᠢᠬ

ᠤᠮᠠᠷᠠᠳᠤ᠎ᠶ᠋ᠢᠨ ᠬᠤᠪᠤᠷ ᠱᠢᠷᠤᠢ᠎ᠶ᠋ᠢᠨ ᠰᠤᠷᠢᠨᠵᠢᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠱᠤᠭᠤᠮ
ᠲᠤᠭᠠᠴᠢᠯᠠᠬ᠍ᠰᠠᠨ ᠬᠡᠯᠪᠡᠷᠢ᠎ᠶ᠋ᠢᠨ ᠬᠤᠪᠢᠷᠠᠭᠤᠯᠤᠯᠳᠠ᠃ ᠡᠨᠧᠷᠬᠢ᠎ᠶ᠋ᠢᠨ ᠲᠤᠭᠠᠴᠢᠯᠠᠬ᠍ᠰᠠᠨ ᠬᠡᠯᠪᠡᠷᠢ᠎ᠶ᠋ᠢᠨ ᠬᠤᠪᠢᠷᠠᠭᠤᠯᠤᠯᠳᠠ᠎ᠶ᠋ᠢ ᠠᠬᠢᠭᠤᠯᠵᠦ᠍᠂ ᠡᠨᠧᠷᠬᠢ᠎ᠶ᠋ᠢᠨ ᠠᠵᠢᠯ ᠲᠦᠷᠦᠯ᠎ᠤᠨ ᠵᠠᠰᠠᠯᠳᠠ᠎ᠶ᠋ᠢᠨ ᠤᠳᠤᠬᠢᠴᠢᠯᠠᠬ᠍ᠰᠠᠨ ᠲᠦᠪᠱᠢᠨ᠎ᠢ ᠲᠡᠭᠡᠭ᠌ᠰᠢᠯᠡᠬᠦᠯᠦᠨᠠ᠃ ᠮᠡᠳᠡᠭᠡ ᠵᠠᠩᠬᠢ᠎ᠶ᠋ᠢᠨ ᠮᠡᠷᠬᠡᠵᠢᠯ ᠬᠢᠬᠡᠳ ᠡᠨᠧᠷᠬᠢ᠎ᠶ᠋ᠢᠨ ᠬᠦᠨᠵᠡᠬᠡᠢ ᠠᠭᠤᠰᠤᠯᠴᠠᠯ᠎ᠢ ᠲᠦᠷᠬᠡᠳᠭᠡᠨ᠂ ᠡᠨᠧᠷᠬᠢ᠎ᠶ᠋ᠢᠨ ᠠᠵᠦ᠍ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠤᠨ᠎ᠠ; ᠠᠵᠦ᠍ ᠦᠢᠯᠡᠰ᠎ᠢ ᠪᠤᠵᠠᠭᠠᠢᠷᠠᠭᠤᠯᠬᠤ᠎ᠪᠠᠷ ᠬᠠᠷᠠᠯᠳᠠ ᠪᠤᠯᠭᠠᠵᠦ᠍᠂ ᠡᠨᠧᠷᠬᠢ᠎ᠶ᠋ᠢᠨ ᠲᠤᠭᠠᠴᠢᠯᠠᠬ᠍ᠰᠠᠨ ᠡᠬᠢ ᠪᠠᠶᠠᠯᠢᠬ᠎ᠢ ᠨᠡᠢᠳᠭᠡᠬᠦ᠌᠎ᠶ᠋ᠢ ᠲᠦᠷᠬᠡᠳᠭᠡᠨ᠂ ᠲᠤᠭᠠᠴᠢᠯᠠᠬ᠍ᠰᠠᠨ ᠡᠨᠧᠷᠬᠢ᠎ᠶ᠋ᠢᠨ ᠠᠵᠦ᠍ ᠠᠬᠤᠢ᠎ᠶ᠋ᠢᠨ ᠬᠦᠭ᠌ᠵᠢᠯᠳᠡ᠎ᠶ᠋ᠢ ᠲᠦᠷᠬᠡᠳᠭᠡᠨᠠ᠃
ᠱᠢᠨ᠎ᠠ᠎ᠶ᠋ᠢ ᠡᠬᠦᠳᠬᠦ᠌ ᠬᠡᠯᠪᠡᠷᠢ᠎ᠶ᠋ᠢᠨ ᠬᠤᠪᠢᠷᠠᠭᠤᠯᠤᠯᠳᠠ᠃ ᠲᠡᠬᠡᠳᠤ ᠱᠢᠨ᠎ᠠ ᠮᠡᠷᠬᠡᠵᠢᠯ ᠪᠠ ᠬᠡᠷᠡᠭ᠌ᠯᠡᠯᠳᠡ᠎ᠳᠤ ᠲᠤᠬᠢᠷᠠᠬ᠍ᠰᠠᠨ ᠲᠡᠷᠢᠬᠦᠨ᠎ᠤ ᠮᠡᠷᠬᠡᠵᠢᠯ᠎ᠢ ᠠᠱᠢᠬ᠍ᠯᠠᠨ᠂ ᠤᠯᠠᠮᠵᠢᠯᠠᠯᠳᠤ ᠠᠵᠦ᠍ ᠦᠢᠯᠡᠰ ᠪᠠ ᠤᠯᠠᠮᠵᠢᠯᠠᠯᠳᠤ ᠠᠵᠦ᠍ ᠠᠬᠤᠢ᠍ᠢᠯᠠᠯ᠎ᠢ ᠦᠬᠡᠷᠡᠴᠢᠯᠡᠨ ᠪᠠᠢᠭᠤᠯᠬᠤ᠎ᠶ᠋ᠢ ᠲᠦᠷᠬᠡᠳᠭᠡᠵᠦ᠍᠂ ᠡᠨᠧᠷᠬᠢ᠎ᠶ᠋ᠢᠨ ᠱᠢᠨ᠎ᠠ᠎ᠶ᠋ᠢ ᠡᠬᠦᠳᠬᠦ᠌ ᠬᠦᠭ᠌ᠵᠢᠯᠳᠡ᠎ᠶ᠋ᠢᠨ ᠬᠦᠴᠦᠨ ᠴᠢᠳᠠᠪᠤᠷᠢ᠎ᠶ᠋ᠢ ᠲᠡᠭᠡᠭ᠌ᠰᠢᠯᠡᠬᠦᠯᠦᠨᠠ᠃ ᠡᠨᠧᠷᠬᠢ᠎ᠶ᠋ᠢᠨ ᠬᠦᠷᠢᠶᠡᠨ᠎ᠳᠠᠬᠢ ᠵᠠᠩᠬᠢᠯᠠᠭ᠎ᠠ᠎ᠶ᠋ᠢᠨ ᠭᠤᠬ᠍ᠴᠤᠭᠠᠨᠤ ᠦᠬᠡᠷᠡᠴᠢᠯᠡᠯᠳᠡ᠎ᠶ᠋ᠢ ᠬᠦᠨᠵᠡᠬᠡᠢᠷᠡᠬᠦᠯᠦᠨ᠂ ᠪᠠᠢᠭᠤᠯᠤᠮᠵᠢ ᠲᠤᠬ᠍ᠳᠠᠴᠠ᠂ ᠬᠤᠳᠠᠯᠳᠤᠭᠠᠨ᠎ᠤ ᠵᠠᠬ᠍ᠪᠤᠷ᠎ᠤᠨ ᠱᠢᠨ᠎ᠠ᠎ᠶ᠋ᠢ ᠡᠬᠦᠳᠬᠦ᠌᠎ᠶ᠋ᠢ ᠲᠦᠷᠬᠡᠳᠭᠡᠵᠦ᠍᠂ ᠬᠦᠭ᠌ᠵᠢᠯᠳᠡ᠎ᠶ᠋ᠢᠨ ᠠᠮᠢᠵᠢᠷᠠᠯ᠎ᠤᠨ ᠬᠦᠴᠦᠨ᠎ᠢ ᠴᠢᠩᠭᠠᠳᠭᠠᠨ᠂ ᠦᠪᠦᠷ ᠮᠤᠩᠭᠤᠯ᠎ᠤᠨ ᠡᠨᠧᠷᠬᠢ᠎ᠶ᠋ᠢᠨ ᠬᠦᠭ᠌ᠵᠢᠯᠳᠡ᠎ᠶ᠋ᠢᠨ ᠱᠢᠨ᠎ᠠ ᠲᠠᠪᠠᠭᠤᠯᠢᠬ᠎ᠢ ᠪᠤᠢ ᠪᠤᠯᠭᠠᠨ᠎ᠠ᠃

ᠵᠦᠩ ᠲᠢᠶᠠᠨ ᠡᠾᠧ ᠴᠤᠸᠠᠩ ᠺᠤᠮᠫᠠᠨᠢ᠎ᠶ᠋ᠢᠨ ᠰᠦᠨᠢ᠎ᠶ᠋ᠢᠨ ᠦᠵᠡᠮᠵᠢ
ᠲᠦᠷᠪᠡᠨ ᠶᠡᠭᠡ ᠠᠵᠦ᠍ ᠦᠢᠯᠡᠰ᠎ᠤᠨ ᠪᠦᠯᠦᠭ᠌ᠵᠢᠯ ᠪᠤᠯ ᠲᠠᠷᠤᠢ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠂ ᠤᠰᠤᠳᠦ᠋ᠷᠦᠭ᠌ᠴᠢ᠎ᠶ᠋ᠢᠨ ᠡᠨᠧᠷᠬᠢ᠂ ᠨᠦᠬᠡᠴᠡ ᠡᠨᠧᠷᠬᠢ᠎ᠶ᠋ᠢᠨ ᠠᠵᠦ᠍ ᠦᠢᠯᠡᠰ ᠪᠤᠯᠤᠨ᠎ᠠ᠃
1. ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠠᠵᠦ᠍ ᠦᠢᠯᠡᠰ᠎ᠤᠨ ᠪᠦᠯᠦᠭ᠌ᠵᠢᠯ᠃ ᠲᠤᠮᠤ ᠬᠡᠯᠪᠡᠷᠢ᠎ᠶ᠋ᠢᠨ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠰᠠᠭᠤᠷᠢᠨ᠎ᠤ ᠪᠦᠲᠦᠬᠡᠨ ᠪᠠᠢᠭᠤᠯᠤᠯᠳᠠ᠎ᠶ᠋ᠢᠨ ᠲᠠᠢᠴᠢᠯᠠᠬᠤ ᠦᠢᠯᠡᠳᠦᠯ᠎ᠢ ᠪᠠᠳᠠᠷᠠᠭᠤᠯᠤᠨ᠂ ᠲᠡᠷᠢᠬᠦᠨ᠎ᠤ ᠮᠡᠷᠬᠡᠵᠢᠯ ᠪᠦᠬᠦᠢ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠮᠠᠱᠢᠨ ᠲᠤᠨᠤᠬ᠍ᠯᠠᠯ ᠦᠢᠯᠡᠳᠬᠦ᠌ ᠠᠵᠦ᠍ ᠠᠬᠤᠢ᠍ᠢᠯᠠᠯ᠎ᠢ ᠤᠷᠤᠭᠤᠯᠤᠨ ᠠᠪᠴᠢᠷᠠᠵᠦ᠍᠂ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠵᠠᠩᠬᠢᠯᠠᠭ᠎ᠠ᠎ᠶ᠋ᠢᠨ ᠰᠡᠯᠪᠢᠭ ᠲᠤᠨᠤᠬ᠎ᠤᠨ ᠢᠵᠢ ᠪᠦᠷᠢᠳᠦᠭ᠌ᠰᠡᠨ ᠠᠵᠦ᠍ ᠦᠢᠯᠡᠰ᠎ᠢ ᠢᠳᠡᠪᠬᠢᠳᠡᠢ ᠬᠦᠭ᠌ᠵᠢᠬᠦᠯᠤᠨ᠂ ᠠᠵᠦ᠍ ᠦᠢᠯᠡᠰ᠎ᠤᠨ ᠬᠡᠯᠬᠢᠶ᠎ᠠ᠎ᠶ᠋ᠢ ᠪᠦᠷᠢᠯᠳᠦᠬᠦᠯᠵᠦ᠍᠂ ᠮᠢᠩᠭᠠᠨ ᠳ᠋ᠦᠩᠱᠢᠭᠤᠷ ᠲᠡᠰ᠎ᠤᠨ ᠰᠠᠯᠬᠢᠨ ᠬᠦᠴᠤ᠎ᠪᠠᠷ ᠴᠠᠬᠢᠯᠭᠠᠨ ᠭᠠᠷᠭᠠᠬᠤ ᠠᠵᠦ᠍ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠎ᠠ᠃
2. ᠬᠡᠷᠡᠯᠴᠢ ᠴᠡᠨᠡᠭ᠎ᠤᠨ ᠠᠵᠦ᠍ ᠦᠢᠯᠡᠰ᠎ᠤᠨ ᠪᠦᠯᠦᠭ᠌ᠵᠢᠯ᠃ ᠲᠤᠮᠤ ᠬᠡᠯᠪᠡᠷᠢ᠎ᠶ᠋ᠢᠨ ᠬᠡᠷᠡᠯᠴᠢ ᠴᠡᠨᠡᠭ᠎ᠤᠨ ᠰᠠᠭᠤᠷᠢᠨ᠎ᠤ ᠪᠦᠲᠦᠬᠡᠨ ᠪᠠᠢᠭᠤᠯᠤᠯᠳᠠ᠎ᠳᠤ ᠲᠦᠱᠢᠭ᠌ᠯᠡᠨ᠂ ᠬᠡᠷᠡᠯᠴᠢ ᠴᠡᠨᠡᠭ᠎ᠤᠨ ᠲᠠᠭᠠᠭᠤᠯᠤᠬ᠍ᠴᠢ ᠠᠵᠦ᠍ ᠠᠬᠤᠢ᠍ᠢᠯᠠᠯ᠎ᠢ ᠲᠠᠳᠠᠵᠦ᠍ ᠨᠤᠳᠤᠬ᠍ᠰᠢᠭᠤᠯᠤᠨ᠂ ᠡᠯᠧᠺᠲᠷᠤᠨ ᠲᠠᠯᠠᠰᠳᠤ ᠴᠠᠬᠢᠭᠤᠷ ᠦᠢᠯᠡᠳᠪᠦᠷᠢᠯᠡᠬᠦ᠌᠎ᠶ᠋ᠢ ᠠᠬᠢᠭᠤᠯᠤᠨ᠂ ᠱᠢᠨ᠎ᠠ ᠬᠡᠯᠪᠡᠷᠢ᠎ᠶ᠋ᠢᠨ ᠦᠨᠳᠦᠷ ᠪᠦᠲᠦᠮᠵᠢᠳᠡᠢ ᠬᠡᠷᠡᠯᠴᠢ ᠴᠡᠨᠡᠭ᠎ᠤᠨ ᠳ᠋ᠢᠶᠠᠨ ᡂᠢ ᠵᠢᠴᠢ ᠮᠠᠱᠢᠨ ᠲᠤᠨᠤᠬ᠍ᠯᠠᠯᠢ ᠬᠦᠭ᠌ᠵᠢᠬᠦᠯᠦᠨ᠂ ᠬᠡᠷᠡᠯᠴᠢ ᠴᠡᠨᠡᠭ ᠦᠢᠯᠡᠳᠬᠦ᠌ ᠪᠦᠬᠦ᠌ ᠠᠵᠦ᠍ ᠦᠢᠯᠡᠰ᠎ᠤᠨ ᠬᠡᠯᠬᠢᠶ᠎ᠠ᠎ᠶ᠋ᠢ ᠪᠦᠷᠢᠯᠳᠦᠬᠦᠯᠵᠦ᠍᠂ ᠮᠢᠩᠭᠠᠨ ᠳ᠋ᠦᠩᠱᠢᠭᠤᠷ ᠲᠡᠰ᠎ᠤᠨ ᠬᠡᠷᠡᠯᠴᠢ ᠴᠡᠨᠡᠭ᠎ᠤᠨ ᠠᠵᠦ᠍ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠎ᠠ᠃
3. ᠤᠰᠤᠳᠦ᠋ᠷᠦᠭ᠌ᠴᠢ᠎ᠶ᠋ᠢᠨ ᠡᠨᠧᠷᠬᠢ᠎ᠶ᠋ᠢᠨ ᠠᠵᠦ᠍ ᠦᠢᠯᠡᠰ᠎ᠤᠨ ᠪᠦᠯᠦᠭ᠌ᠵᠢᠯ᠃ ᠰᠠᠯᠬᠢ ᠪᠠ ᠨᠠᠷᠠᠨ᠎ᠤ ᠡᠨᠧᠷᠬᠢ᠎ᠪᠠᠷ ᠤᠰᠤᠳᠦ᠋ᠷᠦᠭ᠌ᠴᠢ ᠦᠢᠯᠡᠳᠬᠦ᠌ ᠦᠪᠡᠷ᠎ᠤᠨ ᠦᠷᠳᠡᠭ ᠪᠠᠭ᠎ᠠ ᠲᠠᠪᠠᠭᠤᠯᠢᠬ᠎ᠢᠶᠠᠨ ᠪᠠᠳᠠᠷᠠᠭᠤᠯᠤᠨ᠂ ᠠᠵᠢᠯ ᠲᠦᠷᠦᠯ᠎ᠤᠨ ᠲᠠᠭᠠᠭᠤᠯᠤᠬ᠍ᠴᠢ ᠠᠵᠦ᠍ ᠠᠬᠤᠢ᠍ᠢᠯᠠᠯ᠎ᠢ ᠤᠷᠤᠭᠤᠯᠤᠨ ᠠᠪᠴᠢᠷᠠᠵᠦ᠍ ᠱᠢᠨ᠎ᠠ ᠡᠨᠧᠷᠬᠢ᠎ᠪᠠᠷ ᠤᠰᠤᠳᠦ᠋ᠷᠦᠭ᠌ᠴᠢ ᠦᠢᠯᠡᠳᠬᠦ᠌ ᠠᠵᠦ᠍ ᠦᠢᠯᠡᠰ᠎ᠢ ᠬᠦᠭ᠌ᠵᠢᠬᠦᠯᠦᠨ᠂ ᠤᠰᠤᠳᠦ᠋ᠷᠦᠭ᠌ᠴᠢ᠎ᠶ᠋ᠢᠨ ᠡᠨᠧᠷᠬᠢ᠎ᠶ᠋ᠢᠨ ᠮᠠᠱᠢᠨ ᠲᠤᠨᠤᠬ᠍ᠯᠠᠯ ᠦᠢᠯᠡᠳᠬᠦ᠌ ᠵᠡᠷᠬᠡ᠎ᠶ᠋ᠢ ᠢᠵᠢ ᠪᠦᠷᠢᠳᠦᠬᠦᠯᠦᠨ ᠬᠦᠭ᠌ᠵᠢᠬᠦᠯᠵᠦ᠍᠂ ᠤᠰᠤᠳᠦ᠋ᠷᠦᠭ᠌ᠴᠢ᠎ᠶ᠋ᠢᠨ ᠡᠨᠧᠷᠬᠢ᠎ᠶ᠋ᠢᠨ ᠠᠵᠦ᠍ ᠦᠢᠯᠡᠰ᠎ᠢ ᠨᠢᠬᠡ ᠴᠤᠬ᠍ᠴᠠᠵᠢᠭᠤᠯᠤᠨ ᠬᠦᠭ᠌ᠵᠢᠬᠦᠯᠬᠦ᠌᠎ᠶ᠋ᠢ ᠠᠬᠢᠭᠤᠯᠵᠦ᠍᠂ ᠮᠢᠩᠭᠠᠨ ᠳ᠋ᠦᠩᠱᠢᠭᠤᠷ ᠲᠡᠰ᠎ᠤᠨ ᠤᠰᠤᠳᠦ᠋ᠷᠦᠭ᠌ᠴᠢ᠎ᠶ᠋ᠢᠨ ᠡᠨᠧᠷᠬᠢ᠎ᠶ᠋ᠢᠨ ᠠᠵᠦ᠍ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠎ᠠ᠃
4. ᠨᠦᠬᠡᠴᠡ ᠡᠨᠧᠷᠬᠢ᠎ᠶ᠋ᠢᠨ ᠠᠵᠦ᠍ ᠦᠢᠯᠡᠰ᠎ᠤᠨ ᠪᠦᠯᠦᠭ᠌ᠵᠢᠯ᠃ ᠪᠦᠬᠦ᠌ ᠤᠷᠤᠨ᠎ᠤ ᠨᠦᠬᠡᠴᠡ ᠡᠨᠧᠷᠬᠢ᠎ᠶ᠋ᠢᠨ ᠬᠦᠭ᠌ᠵᠢᠯᠳᠡ᠎ᠶ᠋ᠢ ᠨᠢᠬᠡᠳᠦᠯᠳᠡᠢ ᠲᠦᠯᠦᠪᠵᠢᠬᠦᠯᠦᠨ᠂ ᠡᠶᠡᠷᠬᠦ᠌ ᠰᠦᠬᠡᠷᠬᠦ᠌ ᠲᠦᠢᠯ᠎ᠤᠨ ᠵᠠᠩᠬᠢᠯᠠᠭ᠎ᠠ᠎ᠶ᠋ᠢᠨ ᠮᠠᠲ᠋ᠧᠷᠢᠶᠠᠯ ᠪᠠ ᠭᠤᠤᠯ ᠲᠤᠨᠤᠬ᠎ᠤᠨ ᠮᠠᠱᠢᠨ ᠲᠤᠨᠤᠬ᠍ᠯᠠᠯ ᠦᠢᠯᠡᠳᠬᠦ᠌ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠵᠦ᠍᠂ ᠨᠦᠬᠡᠴᠡ ᠡᠨᠧᠷᠬᠢ᠎ᠶ᠋ᠢᠨ ᠪᠦᠬᠦ᠌ ᠠᠵᠦ᠍ ᠦᠢᠯᠡᠰ᠎ᠤᠨ ᠬᠡᠯᠬᠢᠶ᠎ᠠ᠎ᠶ᠋ᠢᠨ ᠬᠦᠭ᠌ᠵᠢᠯᠳᠡ᠎ᠶ᠋ᠢ ᠠᠬᠢᠭᠤᠯᠵᠤ᠂ ᠮᠢᠩᠭᠠᠨ ᠳ᠋ᠦᠩᠱᠢᠭᠤᠷ ᠲᠡᠰ᠎ᠤᠨ ᠨᠦᠬᠡᠴᠡ ᠡᠨᠧᠷᠬᠢ᠎ᠶ᠋ᠢᠨ ᠠᠵᠦ᠍ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠎ᠠ᠃
《ᠠᠷᠪᠠᠨ ᠶᠡᠭᠡ ᠢᠨᠵᠧᠨᠧᠷᠢᠩ》 ᠢ ᠬᠡᠷᠡᠭ᠌ᠵᠢᠬᠦᠯᠬᠦ᠌᠎ᠨᠢ ᠲᠠᠷᠤᠢ ᠱᠢᠨ᠎ᠠ ᠡᠨᠧᠷᠬᠢ᠎ᠶ᠋ᠢ ᠲᠠᠬᠢᠨ᠎ᠢᠶᠠᠷ ᠨᠡᠮᠡᠭ᠌ᠳᠡᠬᠦᠯᠬᠦ᠂ ᠠᠮᠢᠳᠤᠯᠢᠬ ᠴᠠᠬᠢᠯᠭᠠᠨ ᠲᠤᠤᠷ᠂ ᠨᠡᠬᠦᠷᠡᠰᠤ᠎ᠶ᠋ᠢ ᠬᠢᠵᠠᠭᠠᠷᠯᠠᠵᠦ᠍ ᠨᠡᠬᠦᠷᠡᠰᠦᠳᠦ᠋ᠷᠦᠭ᠌ᠴᠢ᠎ᠶ᠋ᠢ ᠪᠠᠭᠠᠰᠭᠠᠬᠤ᠂ ᠴᠠᠬᠢᠯᠭᠠᠨ᠎ᠤ ᠰᠤᠷᠪᠤᠯᠵᠢ ᠲᠠᠭᠠᠭᠠᠴᠠ ᠡᠨᠧᠷᠬᠢ᠎ᠶ᠋ᠢᠨ ᠨᠦᠬᠡᠴᠡ᠂ ᠲᠠᠬᠢᠨ ᠴᠠᠬᠢᠯᠭᠠᠨᠴᠢᠯᠠᠬᠤ᠂ ᠪᠤᠬᠢᠷᠳᠤᠯ ᠦᠬᠡᠢ ᠤᠰᠤᠳᠦ᠋ᠷᠦᠭ᠌ᠴᠢ᠎ᠶ᠋ᠢᠨ ᠠᠵᠦ᠍ ᠠᠬᠤᠢ᠂ ᠲᠤᠭᠠᠴᠢᠯᠠᠬ᠍ᠰᠠᠨ ᠬᠡᠯᠪᠡᠷᠢ᠎ᠶ᠋ᠢᠨ ᠬᠤᠪᠢᠷᠠᠭᠤᠯᠤᠯᠳᠠ᠂ ᠠᠷᠠᠳ᠎ᠲᠤ ᠠᠱᠢᠬ ᠬᠦᠷᠳᠡᠬᠡᠵᠦ᠍ ᠲᠡᠭᠡᠭ᠌ᠰᠢᠯᠡᠬᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢᠶᠠᠷ ᠴᠢᠳᠠᠪᠤᠷᠢ ᠤᠯᠭᠤᠬᠤ᠂ ᠤᠷᠤᠨ ᠪᠦᠰᠡ᠎ᠶ᠋ᠢᠨ ᠬᠠᠮᠳᠤᠷᠠᠯᠴᠠᠭ᠎ᠠ ᠵᠡᠷᠬᠡ ᠢᠨᠵᠧᠨᠧᠷᠢᠩ᠎ᠢ ᠪᠠᠭ᠍ᠳᠠᠭᠠᠨ᠎ᠠ᠃