ᠬᠢᠯᠢ ᠬᠢᠵᠠᠭᠠᠷ ᠠᠮᠤᠷ ᠲᠦᠪᠱᠢᠨ ᠠᠷᠠᠳ ᠲᠦᠮᠡᠨ ᠡᠩᠬᠡ ᠠᠮᠤᠭᠤᠯᠠᠩ
2021-07-01 08:30:49
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

 

QQ图片20210630160327.png

 

ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠠᠯᠪᠢᠭ᠍ᠰᠠᠨ ᠴᠢᠩ ᠰᠡᠳᠭᠢᠯ᠎ᠤᠨ ᠬᠦᠰᠡᠯ ᠨᠠᠢᠳᠠᠯᠭ᠎ᠠ ᠮᠥᠨ᠂ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠲᠤᠬᠠᠶ ᠪᠠᠢᠷᠢ ᠲᠣᠭ᠍ᠲᠠᠭᠠᠯᠲᠠ ᠮᠥᠨ᠂ ᠥᠪᠥᠷ ᠮᠣᠩᠭᠤᠯ᠎ᠤᠨ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠡᠭᠦᠷᠭᠡᠯᠡᠵᠦ᠍ ᠪᠠᠢᠭ᠎ᠠ ᠵᠠᠢᠯᠠᠭᠤᠯᠵᠤ ᠪᠣᠯᠤᠰᠢ ᠥᠬᠡᠶ ᠡᠭᠦᠷᠭᠡ ᠮᠥᠨ᠃

ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢ ᠣᠷᠳᠣ ᠬᠤᠭᠤᠴᠠᠭᠠᠨ᠎ᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠠᠮᠤᠭᠤᠯᠠᠩ ᠤᠯᠤᠰ ᠲᠥᠷᠥ᠎ᠶ᠋ᠢᠨ ᠪᠠᠢᠳᠠᠯ᠎ᠢ ᠪᠥᠬᠦ᠌ ᠬᠦᠴᠦᠨ᠎ᠢᠶᠠᠷ᠎ᠢᠶᠠᠨ ᠪᠠᠬᠢᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠶᠡᠭᠡ ᠡᠭᠦᠳᠡ᠂ ᠨᠡᠢᠰᠯᠡᠯ᠎ᠤᠨ ᠬᠤᠳᠠ ᠬᠠᠮᠠᠭᠠᠯᠠᠬᠤ ᠭᠤᠤᠯ᠎ᠢ ᠦᠨᠡᠨᠴᠢ᠎ᠪᠠᠷ ᠰᠠᠬᠢᠨ ᠬᠠᠮᠠᠭᠠᠯᠠᠵᠤ ᠪᠠᠢᠨ᠎ᠠ᠃


4024490_alm_1624585706393_m.jpg

 

ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ 《ᠠᠪᠠ᠎ᠶ᠋ᠢᠨ ᠬᠠᠷᠴᠠᠭᠠᠢ》 ᠭᠠᠪᠱᠢᠭᠠᠢ ᠠᠩᠬᠢ


ᠭᠠᠷᠠᠭ᠎ᠤᠨ ᠰᠡᠭᠦᠯᠴᠢ᠎ᠪᠠᠷ᠂ ᠲᠦᠩᠯᠢᠶᠣᠤ ᠬᠤᠳᠠ᠎ᠶ᠋ᠢᠨ ᠬᠤᠷᠴᠢᠨ ᠲᠣᠭᠤᠷᠢᠭ᠎ᠤᠨ ᠬᠤᠷᠴᠢᠨ ᠵᠡᠭᠡᠯᠢ ᠭᠤᠳᠤᠮᠵᠢ᠎ᠶ᠋ᠢᠨ ᠮᠢᠨ ᠬᠠᠩ ᠨᠡᠢᠭᠡᠮ ᠲᠣᠭᠤᠷᠢᠭ᠎ᠲᠤ ᠰᠠᠭᠤᠭ᠎ᠠ ᠵᠠᠩ ᠱᠦ᠍ ᠱᠢᠶᠠᠨ ᠨᠠᠰᠤᠲᠠᠨ᠎ᠤ ᠭᠡᠷ᠎ᠲᠤ ᠣᠨᠴᠠᠭᠠᠢ ᠬᠦᠷ ᠬᠥᠭ᠌ᠵᠢᠶᠡᠨ᠎ᠲᠠᠢ ᠪᠠᠢᠵᠤ᠂ ᠤᠯᠠᠨ᠎ᠢᠶᠠᠷ᠎ᠢᠶᠠᠨ ᠬᠠᠮᠲᠤ ᠰᠠᠭᠤᠵᠤ ᠪᠠᠩᠰᠢ ᠢᠳᠡᠵᠦ᠍᠂ ᠵᠤᠭᠤᠬ ᠲᠡᠯᠬᠡᠵᠦ᠍ ᠪᠠᠢᠯ᠎ᠠ᠃

ᠣᠷᠣᠰ ᠦᠨᠳᠦᠰᠦᠲᠡᠨ᠎ᠤ ᠭᠠᠭ᠍ᠴᠠᠭᠠᠷ ᠰᠠᠭᠤᠭ᠎ᠠ ᠨᠠᠰᠤᠲᠠᠨ ᠵᠠᠩ ᠱᠦ᠍ ᠱᠢᠶᠠᠨ 90 ᠨᠠᠰᠤ ᠬᠦᠷᠬᠦ᠌ ᠭᠡᠵᠦ᠍ ᠪᠠᠢᠨ᠎ᠠ᠂ ᠨᠡᠢᠭᠡᠮ ᠲᠣᠭᠤᠷᠢᠭ᠎ᠤᠨ ᠠᠵᠢᠯᠲᠠᠨ ᠪᠣᠯᠤᠨ ᠨᠡᠢᠭᠡᠮ ᠲᠣᠭᠤᠷᠢᠭ᠎ᠤᠨ ᠰᠠᠢᠨ ᠳᠤᠷᠠᠴᠤᠳ ᠦᠷᠭᠦᠯᠵᠢ ᠵᠠᠩ ᠱᠦ᠍ ᠱᠢᠶᠠᠨ᠎ᠢ ᠡᠷᠭᠢᠨ ᠦᠵᠡᠵᠦ᠍᠂ ᠤᠴᠢᠷ᠎ᠲᠠᠢ ᠪᠣᠯ ᠳᠠᠭᠤᠳᠠᠮᠠᠭ᠍ᠴᠠ ᠢᠷᠡᠳᠡᠭ᠃ 《ᠮᠠᠨ᠎ᠤ ᠨᠡᠢᠭᠡᠮ ᠲᠣᠭᠤᠷᠢᠭ᠎ᠲᠤ ᠨᠡᠢᠲᠡ 1371 ᠡᠷᠦᠬᠡ ᠰᠠᠭᠤᠭᠠᠯᠢ ᠠᠷᠠᠳ᠎ᠲᠠᠢ᠂ ᠮᠣᠩᠭᠤᠯ᠂ ᠬᠢᠲᠠᠳ᠂ ᠬᠤᠲᠣᠩ᠂ ᠮᠠᠨᠵᠤ᠂ ᠳᠠᠭᠤᠷ᠂ ᠲᠥᠪᠡᠳ᠂ ᠵᠤᠸᠠᠩ᠂ ᠱᠢᠪᠡᠭᠡ᠂ ᠣᠷᠣᠰ 9 ᠦᠨᠳᠦᠰᠦᠲᠡᠨ ᠠᠳᠡ ᠬᠠᠮᠲᠤ ᠤᠷᠤᠱᠢᠨ ᠠᠮᠢᠳᠤᠷᠠᠵᠤ᠂ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠭ᠍ᠲᠠᠭᠠᠵᠤ᠂ ᠡᠶ᠎ᠡ ᠨᠠᠢᠷᠲᠠᠶ᠎ᠪᠠᠷ ᠬᠠᠮᠲᠤ ᠣᠷᠣᠱᠢᠵᠤ᠂ ᠨᠢᠭᠡ ᠬᠡᠷ᠎ᠤᠨ ᠬᠥᠮᠦᠨ ᠮᠡᠳᠦ ᠲᠤᠳᠤᠨᠤ ᠪᠠᠢᠳᠠᠭ᠃》 ᠭᠡᠵᠦ᠍ ᠮᠢᠨ ᠬᠠᠩ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠤᠨ ᠡᠷᠬᠢᠯᠡᠭ᠌ᠴᠢ ᠾᠦᠸᠧ ᠶᠠᠨ ᠬᠡᠯᠡᠨ᠎ᠡ᠃

5 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠎ᠢ ᠡᠬᠢᠯᠡᠨ ᠬᠡᠷᠡᠭ᠌ᠵᠢᠭᠦᠯᠪᠡ᠃ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢᠨ ᠰᠠᠭᠤᠷᠢᠨ ᠳᠡᠭᠡᠷ᠎ᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠤᠨ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠤᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌᠎ᠳᠤ ᠨᠡᠩ ᠤᠯᠠᠨ ᠪᠠᠢᠭᠤᠯᠤᠯ᠎ᠤᠨ ᠪᠠᠲᠤᠯᠠᠭ᠎ᠠ᠎ᠲᠠᠢ ᠪᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠡᠭᠦᠷᠢᠳᠡ ᠤᠯᠠᠮᠵᠢᠯᠠᠨ᠎ᠠ᠃


4024480_alm_1624585382400_m.jpg

 

ᠠᠯᠠᠱᠠ ᠠᠢᠮᠠᠬ᠎ᠤᠨ ᠠᠯᠠᠱᠠ ᠪᠠᠷᠠᠭᠤᠨ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠴᠠᠬ᠍ᠳᠠᠭᠤᠯ ᠤᠨᠴᠠ ᠲᠦᠷᠦᠯ᠎ᠤᠨ ᠴᠠᠬ᠍ᠳᠠᠭ᠎ᠠ ᠴᠠᠬ᠍ᠳᠠᠨ ᠲᠤᠭᠤᠷᠢᠨ᠎ᠠ



2018 ᠣᠨ᠎ᠠᠴᠠ ᠨᠠᠭᠠᠰᠢ᠂ ᠪᠥᠬᠦ᠌ ᠣᠷᠣᠨ᠎ᠤ ᠳᠡᠭᠡᠷ᠎ᠡ ᠲᠤᠤᠷ᠎ᠠ ᠱᠠᠲᠤ᠎ᠪᠠᠷ᠎ᠢᠶᠠᠨ ᠤᠯᠤᠰ ᠲᠥᠷᠥ᠎ᠪᠠᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠬᠦᠴᠦᠲᠡᠶ ᠴᠣᠬᠢᠯᠲᠠ ᠥᠭ᠌ᠴᠦ᠂ ᠬᠠᠷ᠎ᠠ ᠪᠦᠯᠦᠭ᠌ᠲᠡᠨ ᠬᠠᠷᠭᠢᠰ ᠬᠦᠴᠦᠨ ᠪᠤᠯᠤᠨ ᠲᠡᠭᠦᠨ᠎ᠤ 《ᠬᠠᠮᠠᠭᠠᠯᠠᠭ᠍ᠴᠢ》 ᠎ᠳᠤ ᠲᠠᠭᠠᠷᠢᠯᠲᠠ ᠶᠠᠪᠤᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠲᠡᠦᠬᠡᠲᠦ ᠴᠢᠨᠠᠷᠲᠠᠶ ᠢᠯᠠᠯᠲᠠ ᠤᠯᠪᠠ᠃ ᠬᠠᠷ᠎ᠠ ᠪᠦᠯᠦᠭ᠌ᠳᠡᠨ᠎ᠤ ᠱᠢᠨᠵᠢ ᠴᠢᠨᠠᠷ᠎ᠲᠠᠢ ᠵᠣᠬᠢᠶᠠᠨ ᠪᠠᠢᠭᠤᠯᠤᠯᠲᠠ᠎ᠶ᠋ᠢ ᠨᠡᠢᠲᠡ 63 ᠴᠤᠬᠢᠨ ᠤᠨᠠᠭᠠᠵᠤ᠂ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠡᠪᠰᠡᠯ ᠪᠦᠯᠦᠭ᠎ᠢ 1149 ᠠᠷᠢᠯᠭᠠᠪᠠ᠃ ᠥᠪᠥᠷ ᠮᠣᠩᠭᠤᠯ 2019 ᠣᠨ᠎ᠤ ᠪᠥᠬᠦ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠲᠡᠷᠢᠭᠦᠨ᠎ᠤ ᠮᠤᠵᠢ ᠣᠷᠣᠨ᠎ᠢᠶᠠᠷ ᠦᠨᠡᠯᠡᠭ᠌ᠳᠡᠪᠡ᠃

ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢᠨ ᠭᠤᠣᠯ ᠬᠦᠴᠦᠨ ᠪᠣᠯᠤᠭ᠍ᠰᠠᠨ᠎ᠤ ᠬᠤᠪᠢ᠎ᠳᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠬᠠᠮᠤᠭ᠎ᠤᠨ ᠶᠡᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠪᠦᠬᠦ᠌ ᠴᠠᠭ᠍ᠳᠠᠭ᠎ᠠ᠎ᠶ᠋ᠢ ᠳᠠᠢᠴᠢᠯᠠᠨ᠂ ᠪᠦᠬᠦ᠌ ᠬᠦᠴᠦᠨ᠎ᠢᠶᠠᠷ᠎ᠢᠶᠠᠨ ᠴᠢᠷᠮᠠᠢᠵᠤ᠂ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭ᠌ᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠂ ᠬᠠᠤᠯᠢ ᠴᠠᠭᠠᠵᠠ᠎ᠶ᠋ᠢᠨ ᠲᠢᠩᠬᠢᠮ ᠵᠡᠷᠭᠡ ᠰᠠᠯᠠᠭ᠎ᠠ ᠮᠥᠴᠢᠷ ᠲᠤᠰᠪᠤᠷᠢ 《ᠠᠷᠠᠳ᠎ᠤᠨ ᠡᠶᠡᠳᠡᠭᠦᠯᠦᠭ᠌ᠴᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ ᠲᠦᠷᠢᠮ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠨ ᠲᠠᠷᠬᠠᠭᠠᠵᠤ᠂ ᠠᠷᠠᠳ᠎ᠤᠨ ᠡᠶᠡᠳᠡᠭᠦᠯᠦᠭ᠌ᠴᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠦᠨᠳᠦᠰᠦᠨ ᠵᠢᠷᠤᠮᠯᠠᠯ ᠬᠠᠩᠭᠠᠪᠠ᠃ ᠠᠷᠠᠳ᠎ᠤᠨ ᠡᠶᠡᠳᠡᠭᠦᠯᠭᠡ᠎ᠨᠢ ᠵᠠᠬᠢᠳᠠᠯ ᠰᠤᠷᠪᠤᠯᠵᠢᠯᠠᠭ᠎ᠠ᠂ ᠳᠣᠲᠣᠭᠠᠳᠤ᠎ᠶ᠋ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠵᠦᠭ ᠥᠷᠭᠡᠵᠢᠵᠦ᠍᠂ ᠵᠠᠰᠠᠭ ᠵᠠᠬᠢᠷᠭᠠᠨ᠎ᠤ ᠡᠶᠡᠳᠡᠭᠦᠯᠭᠡ᠎ᠲᠠᠢ ᠠᠭᠤᠰᠤᠯᠴᠠᠵᠤ᠂ 76 ᠠᠷᠠᠳ᠎ᠤᠨ ᠡᠶᠡᠳᠡᠭᠦᠯᠭᠡ᠎ᠶ᠋ᠢᠨ ᠵᠣᠬᠢᠶᠠᠨ ᠪᠠᠢᠭᠤᠯᠤᠯᠲᠠ 73 . 8 % ᠎ᠶ᠋ᠢᠨ ᠦᠨᠳᠦᠰᠦᠨ ᠱᠠᠲᠤᠨ᠎ᠤ ᠠᠷᠠᠳ᠎ᠤᠨ ᠱᠢᠭᠦᠬᠦ᠌ ᠬᠤᠷᠢᠶ᠎ᠠ᠎ᠶ᠋ᠢ ᠬᠠᠮᠤᠷᠪᠠ᠃



4024484_alm_1624585613346_m.jpg 

ᠬᠦᠯᠦᠨ ᠪᠤᠢᠷ ᠬᠤᠳᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶᠠᠨ᠎ᠤ ᠱᠤᠩᠬᠤᠷ ᠮᠤᠷᠢᠳᠤ ᠴᠠᠬ᠍ᠳᠠᠭᠠᠨ᠎ᠤ ᠠᠩᠬᠢ᠎ᠶ᠋ᠢᠨ ᠬᠡᠱᠢᠬᠦᠳ ᠮᠤᠷᠢᠨ ᠨᠢᠷᠤᠭᠤᠨ ᠲᠡᠭᠡᠷᠡᠬᠢ ᠪᠠᠢᠯᠳᠤᠬᠤ ᠠᠷᠭ᠎ᠠ᠎ᠶ᠋ᠢᠨ ᠪᠤᠯᠪᠠᠰᠤᠷᠠᠯ ᠬᠢᠨ᠎ᠠ᠃

(ᠬᠡᠷᠡᠯ ᠵᠢᠷᠤᠬ᠎ᠤᠳ᠎ᠢ ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠂ ᠬᠦᠯᠦᠨ ᠪᠤᠢᠷ ᠬᠤᠳᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠳᠦ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠂ ᠬᠢᠩᠭᠠᠨ ᠠᠢᠮᠠᠬ᠎ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠂ ᠠᠯᠠᠱᠠ ᠠᠢᠮᠠᠬ᠎ᠤᠨ ᠠᠯᠠᠱᠠ ᠪᠠᠷᠠᠭᠤᠨ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ ᠬᠠᠩᠭᠠᠪᠠ᠃)


ᠣᠢᠷ᠎ᠠ᠎ᠶ᠋ᠢᠨ 5 ᠵᠢᠯ᠎ᠳᠤ᠂ ᠪᠦᠬᠦ᠌ ᠣᠷᠣᠨ᠎ᠤ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ ᠡᠯ᠎ᠡ ᠲᠥᠷᠥᠯ᠎ᠤᠨ ᠵᠥᠷᠢᠴᠡᠯ ᠵᠠᠭᠤᠷᠠᠭᠠᠨ᠎ᠢ ᠨᠡᠢᠲᠡ 72 . 4 ᠲᠦᠮᠡᠨ ᠬᠤᠪᠢ ᠬᠦᠯᠢᠶᠡᠨ ᠠᠪᠴᠤ᠌ ᠡᠶᠡᠳᠡᠭᠦᠯᠦᠨ ᠱᠢᠢᠳᠪᠦᠷᠢᠯᠡᠵᠦ᠍᠂ ᠵᠢᠯ ᠪᠦᠷᠢ ᠳᠤᠮᠳᠠᠴᠢ᠎ᠪᠠᠷ 14 . 5 ᠲᠦᠮᠡᠨ ᠬᠤᠪᠢ ᠡᠶᠡᠳᠡᠭᠦᠯᠦᠨ ᠱᠢᠢᠳᠪᠦᠷᠢᠯᠡᠪᠡ᠃

ᠨᠡᠢᠭᠡᠮ᠎ᠤᠨ ᠲᠣᠭ᠍ᠲᠠᠭᠤᠨ ᠪᠠᠢᠳᠠᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ᠎ᠳᠤ᠂ ᠴᠠᠭ᠍ᠳᠠᠭ᠎ᠠ ᠠᠷᠠᠳ ᠰᠡᠳᠭᠢᠯ ᠨᠢᠭᠡᠳᠦᠨ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ᠂ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠡᠵᠡᠮᠳᠡᠬᠦ᠌ ᠠᠵᠢᠯ᠎ᠤᠨ ᠲᠣᠭ᠍ᠲᠠᠴᠠ᠎ᠠᠴᠠ ᠰᠠᠯᠵᠤ ᠴᠢᠳᠠᠬᠤ ᠦᠭᠡᠢ ᠶᠤᠮ᠃

20 ᠭᠠᠷᠤᠢ ᠵᠢᠯ᠎ᠤᠨ ᠲᠤᠷᠰᠢ᠂ 《ᠲᠠᠯ᠎ᠠ ᠨᠤᠲᠤᠭ 110》 ᠎ᠨᠢ ᠨᠢᠭᠡᠨᠲᠡ ᠶᠡᠷᠦᠩᠬᠡᠢᠯᠡᠨ ᠵᠠᠰᠠᠬᠤ᠂ ᠪᠠᠴᠢᠮ ᠪᠠᠢᠳᠠᠯ᠎ᠢ ᠠᠷᠭᠠᠴᠠᠭᠠᠬᠤ᠂ ᠤᠯᠠᠨ ᠨᠡᠢᠲᠡ᠎ᠶ᠋ᠢᠨ ᠦᠢᠯᠡᠴᠢᠯᠡᠭᠡ ᠵᠡᠷᠭᠡ ᠤᠯᠠᠨ ᠵᠦᠢᠯ᠎ᠤᠨ ᠡᠭᠦᠷᠭᠡ ᠴᠢᠳᠠᠪᠬᠢ᠎ᠶ᠋ᠢ ᠨᠢᠭᠡ ᠴᠤᠬ᠍ᠴᠠᠵᠢᠭᠤᠯᠤᠬ᠍ᠰᠠᠨ ᠬᠢᠯᠢ᠎ᠶ᠋ᠢᠨ ᠰᠡᠷᠭᠡᠢᠯᠡᠨ ᠡᠵᠡᠮᠳᠡᠬᠦ᠌ ᠱᠢᠰᠲ᠋ᠧᠮ ᠪᠣᠯᠤᠨ ᠬᠥᠭ᠌ᠵᠢᠵᠦ᠍᠂ ᠨᠡᠩ ᠴᠤ᠌ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠰᠡᠷᠭᠡᠢᠯᠡᠯᠲᠡ᠎ᠶ᠋ᠢ ᠪᠠᠬᠢᠵᠢᠭᠦᠯᠬᠦ᠌ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠦᠢᠯᠡᠴᠢᠯᠡᠭᠡᠨ᠎ᠤ ᠨᠡᠷᠡᠳᠦ ᠲᠡᠮᠳᠡᠭ ᠪᠣᠯᠪᠠ᠃ ᠮᠠᠯᠴᠢᠨ ᠪᠠᠳᠤᠬᠡᠷᠡᠯ ᠪᠣᠯ 《ᠲᠠᠯ᠎ᠠ ᠨᠤᠲᠤᠭ 110》 ᠎ᠤᠨ ᠬᠠᠮᠲᠤᠷᠠᠭ᠍ᠰᠠᠨ ᠰᠡᠷᠭᠡᠢᠯᠡᠯᠲᠡ᠎ᠳᠤ ᠬᠠᠮᠤᠭ᠎ᠤᠨ ᠡᠷᠲᠡ ᠣᠷᠣᠯᠴᠠᠭ᠍ᠰᠠᠨ ᠭᠡᠱᠢᠭᠦᠨ ᠪᠣᠯᠤᠨ᠎ᠠ᠂ ᠲᠡᠷᠡ᠄ 《〈ᠲᠠᠯ᠎ᠠ ᠨᠤᠲᠤᠭ 110〉 ᠭᠡᠳᠡᠭ᠎ᠨᠢ ᠶᠠᠭᠤ ᠪᠤᠢ? ᠠᠷᠠᠳ ᠣᠯᠠᠨ᠎ᠤ ᠠᠱᠢᠭ ᠲᠤᠰᠠ᠎ᠶ᠋ᠢ ᠬᠠᠮᠠᠭᠠᠯᠠᠨ᠎ᠠ᠂ ᠳᠠᠬᠢᠭᠠᠳ ᠬᠡᠯᠡᠪᠡᠯ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠨ᠎ᠠ》 ᠬᠡᠯ᠎ᠡ᠃

ᠡᠷᠭᠦᠨ᠎ᠡ ᠭᠤᠣᠯ᠎ᠠᠴᠠ ᠵᠥᠪᠬᠡᠨ ᠨᠢᠭᠡ ᠺᠢᠯᠣᠮᠧᠲᠷ ᠵᠠᠢᠲᠠᠶ ᠭᠠᠵᠠᠷ ᠪᠣᠯ ᠳᠠᠷᠤᠶ ᠬᠥᠯᠥᠨ ᠪᠤᠢᠷ ᠬᠤᠲᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠵᠡᠭᠦᠨ ᠦᠵᠦᠭᠦᠷ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠨᠠᠮ᠎ᠤᠨ ᠭᠡᠱᠢᠭᠦᠨ ᠬᠢᠯᠢ ᠬᠠᠮᠠᠭᠠᠯᠠᠭ᠍ᠴᠢ ᠪᠠᠶᠠᠷᠲᠤ᠎ᠶ᠋ᠢᠨ ᠮᠣᠩᠭᠤᠯ ᠭᠡᠷ ᠪᠠᠢᠵᠤ᠂ ᠲᠡᠷᠡ᠎ᠨᠢ ᠣᠷᠣᠰ᠎ᠲᠠᠢ ᠭᠤᠤᠯ ᠠᠯᠤᠰᠯᠠᠨ ᠨᠢᠭᠤᠷᠯᠠᠵᠤ ᠪᠠᠢᠳᠠᠭ᠃ ᠬᠢᠯᠢ ᠬᠠᠮᠠᠭᠠᠯᠠᠭ᠍ᠴᠢ ᠪᠤᠯᠤᠬ᠍ᠰᠠᠨ 18 ᠵᠢᠯ᠎ᠤᠨ ᠲᠤᠷᠰᠢ᠂ ᠪᠠᠶᠠᠷᠳᠤ ᠰᠠᠯᠬᠢ ᠪᠣᠷᠣᠭᠠᠨ᠎ᠳᠤ ᠰᠠᠭᠠᠲᠠᠯ ᠥᠬᠡᠶ ᠴᠢᠷᠮᠠᠢᠨ ᠠᠵᠢᠯᠯᠠᠵᠤ᠂ ᠤᠳᠠᠭ᠎ᠠ ᠪᠦᠷᠢ ᠬᠢᠯᠢ ᠴᠠᠭ᠍ᠳᠠᠬᠤ᠎ᠳᠤ ᠠᠳᠠᠭ᠎ᠲᠠᠭᠠᠨ 20 ᠺᠢᠯᠣᠮᠧᠲᠷ ᠵᠠᠮ ᠶᠠᠪᠤᠵᠤ᠂ ᠨᠡᠢᠲᠡ 4 ᠲᠦᠮᠡᠨ ᠺᠢᠯᠣᠮᠧᠲᠷ ᠠᠶᠠᠯᠠᠵᠤ᠂ 200 ᠭᠠᠷᠤᠶ ᠵᠦᠶᠷᠡᠶ ᠱᠠᠬᠠᠶ᠎ᠶ᠋ᠢ ᠡᠯᠡᠭᠡᠵᠦ᠍ ᠪᠠᠷᠠᠭᠠᠪᠠ᠃

ᠨᠢᠭᠡ ᠮᠠᠯᠴᠢᠨ ᠪᠤᠯ ᠨᠢᠬᠡ ᠬᠠᠷᠠᠭᠤᠯ᠎ᠤᠨ ᠴᠡᠷᠢᠭ᠂ ᠨᠢᠭᠡ ᠮᠣᠩᠭᠤᠯ ᠭᠡᠷ ᠪᠤᠯ ᠨᠢᠬᠡ ᠬᠠᠷᠠᠭᠤᠯ᠎ᠤᠨ ᠭᠠᠵᠠᠷ᠃ ᠥᠷᠭᠡᠨ ᠠᠭᠤᠳᠠᠮ ᠲᠠᠯ᠎ᠠ ᠨᠤᠲᠤᠭ᠂ ᠨᠡᠯᠦᠭᠡᠷ ᠶᠡᠭᠡ ᠬᠥᠪᠴᠢ ᠣᠶ᠎ᠠᠴᠠ ᠡᠯᠡᠰᠦᠨ ᠭᠤᠪᠢ ᠬᠦᠷᠲᠡᠯ᠎ᠡ᠂ ᠥᠪᠥᠷ ᠮᠣᠩᠭᠤᠯ᠎ᠤᠨ ᠡᠯ᠎ᠡ ᠭᠠᠵᠠᠷ᠎ᠤᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ 《ᠨᠠᠮ᠎ᠤᠨ ᠭᠡᠱᠢᠭᠦᠨ᠎ᠤ ᠭᠤᠤᠯᠯᠠᠬ᠍ᠴᠢ ᠡᠷᠦᠬᠡ + ᠬᠢᠯᠢ᠎ᠶ᠋ᠢᠨ ᠪᠠᠬᠢᠯᠡᠯᠲᠡ ᠡᠷᠦᠬᠡ》 ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠷᠬᠢᠨ ᠲᠣᠭᠤᠷᠢᠨ᠎ᠤ ᠮᠠᠯᠴᠢᠳ᠎ᠢ ᠨᠥᠯᠥᠭᠡᠯᠡᠨ ᠳᠠᠢᠴᠢᠯᠠᠵᠤ ᠬᠢᠯᠢ᠎ᠶ᠋ᠢᠨ ᠱᠤᠭᠤᠮ ᠳᠡᠭᠡᠷᠡᠬᠢ 《ᠬᠢᠯᠢ ᠬᠠᠮᠠᠭᠠᠯᠠᠭ᠍ᠴᠢ》 ᠪᠣᠯᠭᠠᠵᠤ᠂ ᠴᠠᠭ᠍ᠳᠠᠭ᠎ᠠ ᠠᠷᠠᠳ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ 8000 ᠭᠠᠵᠠᠷ᠎ᠤᠨ ᠬᠢᠯᠢ᠎ᠶ᠋ᠢᠨ ᠬᠠᠮᠠᠭᠠᠯᠠᠯᠳᠠ᠎ᠶ᠋ᠢᠨ ᠱᠤᠭᠤᠮ᠎ᠢ ᠰᠠᠬᠢᠨ ᠬᠠᠮᠠᠭᠠᠯᠠᠵᠤ ᠪᠠᠢᠨ᠎ᠠ᠃

ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠤᠬ᠍ᠴᠠᠯᠠᠬᠤ᠎ᠳᠤ᠂ ᠥᠪᠥᠷ ᠮᠣᠩᠭᠤᠯ ᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号