ᠠᠭᠤᠯᠠ ᠤᠰᠤ ᠬᠦᠬᠡᠮᠳᠦᠭ ᠨᠣᠭᠤᠭᠠᠨ ᠠᠭᠤᠳᠠᠮ ᠬᠦᠳᠡᠭᠡ ᠦᠵᠡᠰᠭᠦᠯᠡᠩ ᠰᠠᠢᠬᠠᠨ
2021-07-01 08:30:47
ᠵᠣᠬᠢᠶᠠᠭ᠍ᠴᠢ᠄
ᠰᠠᠷᠠᠭᠤᠯᠬᠠᠨ
ᠣᠩᠱᠢᠭ᠍ᠰᠠᠨ ᠣᠳᠠᠭ᠎ᠠ᠄
★★★☆☆

《ᠨᠢᠭᠡ ᠱᠣᠭᠤᠮ ᠨᠢᠭᠡ ᠲᠣᠭᠤᠷᠢᠭ ᠬᠤᠶᠠᠷ ᠪᠦᠰᠡ》 ᠎ᠶ᠋ᠢᠨ ᠪᠠᠢᠷᠢᠱᠢᠭᠤᠯᠤᠯᠲᠠ

《ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ》 ᠎ᠳᠤ᠂ ᠮᠠᠨ᠎ᠤ ᠣᠷᠣᠨ 《ᠨᠢᠭᠡ ᠱᠣᠭᠤᠮ ᠨᠢᠭᠡ ᠲᠣᠭᠤᠷᠢᠭ ᠬᠤᠶᠠᠷ ᠪᠦᠰᠡ》 ᠎ᠶ᠋ᠢᠨ ᠪᠠᠢᠷᠢᠱᠢᠭᠤᠯᠤᠯᠲᠠ᠎ᠶ᠋ᠢᠨ ᠲᠣᠭᠤᠷᠢᠨ᠎ᠳᠤ ᠱᠢᠰᠲ᠋ᠧᠮᠲᠦ ᠴᠢᠨᠠᠷᠲᠠᠶ ᠵᠠᠰᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠦᠨ᠎ᠡ᠃ ᠨᠢᠭᠡ ᠱᠣᠭᠤᠮ ᠪᠣᠯ ᠳᠠᠷᠤᠢ ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ᠎ᠪᠠᠷ ᠭᠤᠣᠯ ᠴᠣᠭ᠍ᠴᠠ ᠪᠣᠯᠭᠠᠭ᠍ᠰᠠᠨ ᠥᠪᠥᠷ ᠮᠣᠩᠭᠤᠯ᠎ᠤᠨ ᠠᠭᠤᠯᠠᠷᠬᠠᠭ ᠭᠠᠵᠠᠷ ᠪᠣᠯᠤᠨ᠎ᠠ᠂ ᠲᠡᠷᠡ᠎ᠨᠢ ᠵᠡᠭᠦᠨ᠎ᠠᠴᠠ ᠪᠠᠷᠠᠭᠤᠨᠰᠢ ᠪᠦᠬᠦ᠌ ᠬᠢᠯᠢ᠎ᠶ᠋ᠢ ᠬᠤᠯᠪᠣᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ 《ᠨᠢᠷᠤᠭᠤ》 ᠪᠠ 《ᠠᠷᠤᠭ ᠶᠠᠰᠤ》 ᠪᠣᠯᠵᠠᠢ᠃ ᠨᠢᠭᠡ ᠲᠣᠭᠤᠷᠢᠭ ᠬᠤᠶᠠᠷ ᠪᠦᠰᠡ ᠭᠡᠳᠡᠭ᠎ᠨᠢ ᠳᠠᠷᠤᠶ ᠡᠨᠡ ᠬᠦ᠌ ᠭᠤᠤᠯ ᠱᠤᠭᠤᠮ᠎ᠤᠨ ᠲᠣᠭᠤᠷᠢᠨ᠎ᠳᠤ᠂ ᠤᠯᠤᠰ᠎ᠤᠨ 《ᠭᠤᠷᠪᠠᠨ ᠣᠷᠣᠨ ᠳᠥᠷᠪᠡᠨ ᠪᠦᠰᠡ》 ᠎ᠲᠠᠢ ᠵᠣᠬᠢᠴᠠᠯᠳᠤᠭᠤᠯᠤᠨ᠂ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠣᠷᠣᠨ ᠪᠠ ᠵᠡᠭᠦᠨ ᠬᠤᠢᠲᠤ᠎ᠶ᠋ᠢᠨ ᠣᠶ ᠱᠢᠭᠤᠶ᠎ᠶ᠋ᠢᠨ ᠪᠦᠰᠡ᠂ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ ᠵᠡᠷᠭᠡ ᠭᠤᠷᠪᠠᠨ ᠲᠣᠮᠣ ᠣᠷᠣᠨ ᠪᠦᠰᠡ ᠪᠠ ᠡᠳᠦᠶ ᠲᠡᠳᠦᠶ ᠵᠢᠵᠢᠭ ᠲᠣᠭᠤᠷᠢᠭ᠎ᠢ ᠬᠤᠪᠢᠶᠠᠵᠤ᠂ ᠮᠠᠨ᠎ᠤ ᠣᠷᠣᠨ᠎ᠤ ᠴᠢᠬᠤᠯᠠ ᠣᠶ ᠱᠢᠭᠤᠶ᠂ ᠨᠤᠲᠤᠭ ᠪᠡᠯᠴᠢᠭᠡᠷ᠂ ᠴᠦᠯᠯᠡᠷᠭᠡᠭ ᠭᠠᠵᠠᠷ᠂ ᠨᠤᠭᠤ ᠭᠠᠵᠠᠷ᠂ ᠲᠠᠷᠢᠶᠠᠨ ᠭᠠᠵᠠᠷ᠂ ᠬᠤᠲᠠ᠎ᠶ᠋ᠢᠨ ᠠᠮᠢ ᠠᠬᠤᠶ᠎ᠶ᠋ᠢᠨ ᠱᠢᠰᠲ᠋ᠧᠮ᠎ᠢ ᠬᠠᠮᠤᠷᠴᠠᠶ᠃


QQ图片20210630155548.png

  

 

ᠶᠡᠭᠡ ᠬᠢᠩᠭᠠᠨ ᠳᠠᠪᠠᠭ᠎ᠠ᠎ᠶ᠋ᠢᠨ ᠤᠢ ᠱᠢᠭᠤᠢ ᠬᠦᠬᠡᠷᠡᠨ ᠰᠡᠬᠦ᠋ᠢᠵᠤ᠂ ᠬᠥᠯᠥᠨ ᠪᠤᠢᠷ᠎ᠤᠨ ᠲᠠᠯ᠎ᠠ ᠨᠤᠲᠤᠭ᠎ᠲᠤ ᠡᠪᠡᠰᠦ ᠤᠷᠭᠤᠮᠠᠯ ᠬᠠᠯᠢᠭᠤᠷᠠᠨ ᠨᠣᠭᠤᠭᠠᠷᠠᠨ᠂ ᠬᠥᠪᠡᠭᠡ ᠬᠢᠵᠠᠭᠠᠷ᠎ᠨᠢ ᠬᠠᠷᠠᠭ᠍ᠳᠠᠬᠤ ᠦᠭᠡᠢ ᠬᠥᠯᠥᠨ ᠨᠠᠭᠤᠷ ᠤᠢ᠍ᠢᠯᠣᠨ ᠲᠠᠪᠠᠯᠭᠠᠯᠠᠵᠤ᠂ ᠡᠬᠡ ᠭᠠᠵᠠᠷ᠎ᠢ ᠤᠮᠳᠠᠯᠠᠨ᠎ᠠ᠃

ᠥᠪᠥᠷ ᠮᠣᠩᠭᠤᠯ 《  ᠭᠤᠷᠪᠠᠨ ᠤᠮᠠᠷᠠᠲᠤ》 ᠎ᠶ᠋ᠢ ᠰᠤᠨᠳᠠᠯᠠᠵᠤ᠂ ᠨᠠᠢ᠍ᠮᠠᠨ ᠮᠤᠵᠢ᠎ᠲᠠᠢ ᠬᠥᠷᠱᠢᠯᠡᠵᠦ᠍᠂ ᠣᠶ ᠱᠢᠭᠤᠶ᠂ ᠲᠠᠯ᠎ᠠ ᠨᠤᠲᠤᠭ᠂ ᠡᠯᠡᠰᠦ ᠮᠠᠩᠬ᠎ᠠ᠂ ᠨᠤᠭᠤ ᠭᠠᠵᠠᠷ᠂ ᠭᠤᠤᠯ ᠮᠥᠷᠡᠨ ᠰᠦᠯᠵᠢᠯᠳᠦᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢᠯ᠎ᠢᠶᠠᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠣᠯᠤᠨ᠎ᠠ᠃

 ᠨᠤᠮᠢᠨ ᠨᠣᠭᠤᠭᠠᠨ ᠪᠣᠯ ᠥᠪᠥᠷ ᠮᠣᠩᠭᠤᠯ᠎ᠤᠨ ᠳᠡᠪᠢᠰᠭᠡᠷ ᠥᠩᠭᠡ ᠮᠥᠨ᠃ ᠠᠮᠢ ᠠᠬᠤᠶ ᠪᠣᠯ ᠥᠪᠥᠷ ᠮᠣᠩᠭᠤᠯ᠎ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃

《ᠥᠪᠥᠷ ᠮᠣᠩᠭᠤᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ᠎ᠨᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠱᠢᠨ ᠲᠣᠭ᠍ᠲᠠᠨᠢᠯ ᠪᠠ ᠬᠥᠭ᠌ᠵᠢᠯᠲᠡ᠎ᠲᠠᠢ ᠬᠤᠯᠪᠣᠭ᠍ᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠤᠢᠲᠤ ᠣᠷᠣᠨ᠂ ᠪᠠᠷᠠᠭᠤᠨ ᠬᠤᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠠᠢ ᠬᠤᠯᠪᠣᠭ᠍ᠳᠠᠨ᠎ᠠ᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠢ᠃》

《ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠳᠡ᠎ᠶ᠋ᠢᠨ ᠤᠳᠤᠷᠢᠳᠤᠮᠵᠢ᠎ᠶ᠋ᠢ ᠪᠠᠲᠤ ᠪᠣᠶ ᠪᠣᠯᠭᠠᠵᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠴᠣᠭ᠍ᠴᠠᠯᠠᠬᠤ ᠬᠡᠷᠡᠭ᠌ᠲᠡᠶ᠃》

 

4025153_lity_1624609577073_m.jpg

 

ᠲᠠᠭᠤᠳᠤ ᠨᠠᠭᠤᠷ᠎ᠤᠨ ᠤᠳᠤᠨ ᠮᠡᠴᠢᠳ᠃ (  ᠰᠤᠷᠪᠤᠯᠵᠢᠯᠠᠭ᠍ᠴᠢ ᠮᠠ ᠵᠢᠶᠠᠨ ᠴᠢᠤᠸᠠᠨ ᠰᠡᠭᠦᠳᠡᠷᠯᠡᠪᠡ)

 

《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠳᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃》

ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠢᠭᠤᠯᠬᠤ ᠴᠢᠬᠤᠯᠠ ᠶᠡᠭᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ 《ᠬᠠᠮᠤᠭ᠎ᠤᠨ ᠴᠢᠩᠭ᠎ᠠ ᠳᠠᠭᠤᠨ》 ᠎ᠢ ᠴᠤᠤᠷᠢᠶᠠᠲᠤᠭᠤᠯᠪᠠ᠃

ᠬᠠᠮᠤᠭ᠎ᠤᠨ ᠴᠢᠩᠭ᠎ᠠ ᠲᠦᠷᠢᠮ᠂ ᠨᠤᠲᠤᠭ ᠳᠡᠪᠢᠰᠭᠡᠷ᠎ᠤᠨ᠎ᠢᠶᠠᠨ ᠬᠠᠭᠠᠰ᠎ᠢ᠎ᠨᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ᠂ ᠠᠮᠢ ᠠᠬᠤᠶ᠎ᠶ᠋ᠢ ᠡᠪᠳᠡᠬᠦ᠌ ᠦᠢᠯᠡᠡ ᠠᠵᠢᠯᠯᠠᠭ᠎ᠠ᠎ᠶ᠋ᠢ ᠡᠬᠢ ᠡᠭᠦᠰᠦᠯ᠎ᠠᠴᠠ᠎ᠨᠢ ᠡᠷᠡᠰ ᠬᠤᠷᠢᠬ᠍ᠯᠠᠪᠠ᠃ 《ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠤᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢ ᠲᠦᠷᠭᠡᠳᠭᠡᠬᠦ᠌ ᠲᠤᠬᠠᠢ ᠰᠠᠨᠠᠯ》 ᠎ᠢ ᠨᠡᠢᠲᠡᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠤᠨ ᠱᠢᠰᠲ᠋ᠧᠮ᠎ᠤᠨ ᠪᠣᠷᠣ ᠲᠥᠯᠥᠪ᠎ᠢ ᠪᠠᠢᠭᠤᠯᠪᠠ᠃ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠷᠠᠯᠲᠠ᠎ᠶ᠋ᠢ ᠦᠨᠡᠯᠡᠵᠦ᠍ ᠬᠢᠨᠠᠨ ᠱᠢᠯᠭᠠᠬᠤ ᠠᠷᠭ᠎ᠠ᠎ᠶ᠋ᠢ ᠨᠡᠢᠲᠡᠯᠡᠵᠦ᠍᠂ ᠤᠳᠤᠷᠢᠳᠭᠤ ᠺᠠᠳ᠋ᠷ᠎ᠤᠨ ᠲᠤᠱᠢᠶᠠᠯ᠎ᠠᠴᠠ᠎ᠪᠠᠨ ᠰᠠᠯᠬᠤ ᠦᠶ᠎ᠡ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠬᠢᠨᠠᠨ ᠪᠣᠳᠣᠯᠲᠠ᠎ᠶ᠋ᠢ ᠬᠡᠷᠡᠭ᠌ᠵᠢᠭᠦᠯᠵᠦ᠍᠂ ᠬᠢᠨᠠᠨ ᠱᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ᠌ ᠳᠦᠷᠢᠮ᠎ᠢ ᠲᠡᠭᠦᠯᠳᠡᠷᠵᠢᠭᠦᠯᠪᠡ᠃

 

QQ图片20210630155625.png

 

QQ图片20210630155606.png

 

ᠬᠠᠮᠤᠭ᠎ᠤᠨ ᠡᠷᠡᠰ ᠱᠢᠭᠤᠷᠬᠠᠶ ᠬᠠᠮᠠᠭᠠᠯᠠᠯᠲᠠ᠎ᠨᠢ ᠨᠤᠲᠤᠭ ᠪᠡᠯᠴᠢᠭᠡᠷ᠂ ᠣᠶ ᠱᠢᠭᠤᠶ᠎ᠶ᠋ᠢᠨ ᠬᠠᠮᠠᠭᠠᠯᠠᠯᠲᠠ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠱᠢᠭᠤᠢᠲᠤ ᠣᠷᠣᠨ᠎ᠤ ᠬᠤᠳᠠᠯᠳᠤᠭᠠᠨ᠎ᠤ ᠴᠢᠨᠠᠷᠲᠠᠶ ᠣᠭ᠍ᠲᠣᠯᠬᠤ᠎ᠶ᠋ᠢ ᠪᠦᠬᠦ᠌ ᠲᠠᠯ᠎ᠠ᠎ᠪᠠᠷ ᠵᠣᠭ᠍ᠰᠣᠭᠠᠵᠤ᠂ 《ᠭᠤᠷᠪᠠᠨ ᠤᠮᠠᠷᠠᠲᠤ》 ᠎ᠶ᠋ᠢᠨ ᠬᠠᠯᠬᠠᠪᠴᠢ ᠣᠶ᠂ ᠪᠡᠭᠡᠵᠢᠩ ᠲᠢᠶᠠᠨᠵᠢᠨ᠎ᠤ ᠡᠷᠭᠢᠨ ᠲᠣᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ ᠡᠪᠡᠰᠦ ᠪᠡᠯᠴᠢᠭᠡᠷ᠎ᠢ ᠰᠡᠷᠭᠦᠭᠡᠬᠦ᠌ ᠵᠡᠷᠭᠡ ᠠᠮᠢ ᠠᠬᠤᠶ᠎ᠶ᠋ᠢᠨ ᠢᠨᠵᠧᠨᠧᠷᠢᠩ᠎ᠢ ᠶᠡᠭᠡ᠎ᠪᠠᠷ ᠲᠦᠯᠬᠢᠨ ᠠᠬᠢᠭᠤᠯᠪᠠ; ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠬᠦᠭᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠪᠡ᠃

ᠬᠠᠮᠤᠭ᠎ᠤᠨ ᠨᠢᠭ᠍ᠲᠠ ᠴᠢᠩᠭ᠎ᠠ ᠬᠠᠤᠯᠢᠵᠢᠯ᠎ᠨᠢ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠲᠤᠬᠠᠢ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ᠎ᠢ ᠨᠡᠢᠲᠡᠯᠡᠨ ᠬᠡᠷᠡᠭ᠌ᠵᠢᠭᠦᠯᠵᠦ᠍᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠪᠡ᠃

ᠦᠩᠭᠡ᠎ᠶ᠋ᠢᠨ ᠴᠡᠴᠡᠭ ᠰᠤᠯᠤᠩᠭᠠᠷᠠᠨ᠂ ᠤᠷᠠᠨ ᠪᠤᠯᠵᠤᠮᠤᠷ ᠵᠢᠷᠬᠢᠨ ᠲᠤᠩᠭᠤᠳᠤᠭᠠᠳ᠂ ᠤᠰᠤᠨ ᠪᠤᠯᠤᠷ ᠭᠤᠤᠯ ᠲᠤᠨᠤᠯᠵᠠᠨ᠎ᠡ᠂ ᠠᠷᠳᠠᠭ ᠲᠠᠷᠭᠤᠨ ᠠᠳᠤᠭᠤ ᠲᠠᠪᠬᠢᠯᠳᠤᠭᠠᠳ᠂ ᠠᠰᠭᠠᠬ᠍ᠰᠠᠨ ᠰᠤᠪᠤᠳ ᠱᠢᠭ᠋ ᠬᠤᠨᠢᠳ ᠪᠡᠯᠴᠢᠭ᠌ᠰᠡᠨ ᠦᠵᠡᠰᠭᠦᠯᠡᠩᠲᠦ ᠰᠠᠢᠬᠠᠨ ᠦᠵᠡᠮᠵᠢ ᠲᠠᠯ᠎ᠠ ᠨᠤᠲᠤᠭ᠎ᠲᠤ ᠲᠠᠬᠢᠨ ᠢᠯᠡᠷᠡᠪᠡ᠃

 

QQ图片20210630155639.png

 

QQ图片20210630155701.png

 

1.86 ᠲᠦᠮᠡᠨ ᠲᠡᠭ᠌ᠰᠢ ᠳᠥᠷᠪᠡᠯᠵᠢᠨ ᠺᠢᠯᠥᠮᠧᠲᠷ᠎ᠤᠨ ᠬᠥᠪᠴᠢ᠎ᠶ᠋ᠢᠨ ᠡᠯᠡᠰᠦ᠎ᠶ᠋ᠢᠨ ᠭᠤᠷᠪᠠᠨ᠎ᠤ ᠨᠢᠭᠡ᠎ᠨᠢ ᠨᠤᠭᠤᠭᠠᠨ ᠬᠦᠷᠮ᠎ᠡ᠎ᠪᠠᠷ 《ᠭᠤᠶᠤᠵᠤ》᠂ ᠬᠥᠪᠴᠢ᠎ᠶ᠋ᠢᠨ ᠡᠯᠡᠰᠦ᠎ᠶ᠋ᠢ ᠵᠠᠰᠠᠬᠤ ᠵᠠᠭ᠍ᠪᠤᠷ᠎ᠨᠢ ᠪᠦᠬᠦ᠌ ᠪᠥᠮᠪᠥᠷᠴᠡᠭ᠎ᠤᠨ ᠴᠦᠯᠯᠡᠷᠭᠡᠭ᠌ᠵᠢᠯ᠎ᠢ ᠵᠠᠰᠠᠬᠤ᠎ᠳᠤ 《ᠳᠤᠮᠳᠠᠳᠤ ᠤᠯᠤᠰ᠎ᠤᠨ ᠲᠥᠰᠦᠯ》 ᠪᠠ 《ᠳᠤᠮᠳᠠᠳᠤ ᠤᠯᠤᠰ᠎ᠤᠨ ᠲᠤᠷᠱᠢᠯᠭ᠎ᠠ》 ᠎ᠶ᠋ᠢ ᠬᠠᠩᠭᠠᠵᠠᠢ᠃

1 ᠠᠢᠮᠠᠭ ᠬᠤᠲᠠ᠂ 6 ᠬᠤᠱᠢᠭᠤ ᠱᠢᠶᠠᠨ ᠬᠤᠲᠠ ᠲᠣᠭᠤᠷᠢᠭ᠎ᠨᠢ 《ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ ᠱᠢᠶᠠᠨ》 ᠎ᠢᠶᠠᠷ ᠦᠨᠡᠯᠡᠭ᠌ᠳᠡᠵᠦ᠍᠂ 4 ᠭᠠᠵᠠᠷ ᠣᠷᠣᠨ᠎ᠨᠢ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ》 ᠎ᠶ᠋ᠢᠨ ᠦᠢᠯᠡᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢᠶᠠᠷ ᠨᠡᠷᠡᠢᠳᠦᠭ᠌ᠳᠡᠪᠡ᠃

ᠥᠪᠥᠷ ᠮᠣᠩᠭᠤᠯ᠎ᠨᠢ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠰᠠᠢᠲᠤᠷ ᠰᠠᠬᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠠᠶᠠᠨ ᠵᠠᠮ᠎ᠳᠠᠭᠠᠨ ᠢᠮᠠᠭ᠍ᠲᠠ ᠴᠤᠴᠠᠯᠳᠡ ᠦᠬᠡᠢ ᠤᠷᠤᠬ᠍ᠰᠢᠯᠠᠨ᠎ᠡ᠃ 

 

6884 ᠲᠦᠮᠡᠨ ᠮᠦ᠍ ᠤᠢ᠍ᠢᠵᠢᠭᠤᠯᠤᠯᠳᠡ᠎ᠶ᠋ᠢ ᠪᠡᠶᠡᠯᠡᠬᠦᠯᠵᠤ᠂ ᠪᠦᠬᠦ᠌ ᠤᠯᠤᠰ᠎ᠲᠤ ᠲᠡᠷᠢᠬᠦᠯᠡᠪᠡ᠃

2020 ᠤᠨ᠎ᠤ GEP ᠎ᠠᠴᠠ ᠦᠵᠡᠪᠡᠯ᠂ 2019 ᠤᠨ᠎ᠤ ᠪᠦᠬᠦ᠌ ᠤᠷᠤᠨ᠎ᠤ ᠠᠮᠢ ᠠᠬᠤᠢ᠎ᠶ᠋ᠢᠨ ᠪᠦᠳᠦᠬᠡᠭ᠌ᠳᠡᠬᠦᠨ᠎ᠤ ᠶᠡᠷᠤᠩᠬᠡᠢ ᠦᠷᠳᠡᠭ 44760 ᠳ᠋ᠦᠩᠱᠢᠭᠤᠷ ᠲᠦᠬᠦᠷᠢᠭ᠎ᠲᠤ ᠬᠦᠷᠴᠡᠢ᠃

2020 ᠤᠨ᠎ᠤ ᠪᠦᠬᠦ᠌ ᠤᠷᠤᠨ᠎ᠤ ᠠᠭᠠᠷ ᠮᠠᠨᠳᠠᠯ᠎ᠤᠨ ᠶᠠᠰᠤ ᠴᠢᠨᠠᠷ᠎ᠤᠨ ᠱᠢᠯᠢᠳᠡᠭ ᠡᠳᠦᠷ᠎ᠤᠨ ᠲᠤᠭ᠎ᠠ᠎ᠶ᠋ᠢᠨ ᠬᠠᠷᠢᠴᠠᠯ 90.8% ᠎ᠳᠤ ᠬᠦᠷᠴᠠᠢ᠃

ᠲᠠᠯ᠎ᠡ ᠨᠤᠳᠤᠭ᠎ᠤᠨ ᠤᠷᠭᠤᠮᠠᠯ᠎ᠤᠨ ᠬᠤᠴᠢᠯᠭ᠎ᠠ 45% ᠎ᠳᠤ ᠬᠦᠷᠪᠡ᠃

ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠬᠤᠤᠰ ᠬᠠᠰᠤᠭ᠍ᠳᠠᠯ᠎ᠢ ᠪᠡᠶᠡᠯᠡᠬᠦᠯᠪᠡ᠃

ᠭᠤᠤᠯᠳᠠᠯᠭ᠎ᠠ᠎ᠲᠠᠢ ᠤᠷᠤᠨ ᠪᠦᠰᠡ᠎ᠶ᠋ᠢᠨ ᠨᠤᠭᠤᠭᠠᠷᠠᠭᠤᠯᠤᠯᠳᠡ 676 ᠲᠦᠮᠡᠨ ᠮᠦ᠍᠎ᠳᠤ ᠬᠦᠷᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号