ᠤᠮᠠᠷᠠᠰᠢ ᠨᠡᠭᠡᠭᠡᠬᠦ᠌ ᠴᠢᠬᠤᠯᠠ ᠪᠠᠬᠢᠯᠡᠯᠳᠡ ᠳᠡᠯᠡᠭᠡᠢ ᠵᠤᠰᠠᠬᠤ ᠨᠠᠢᠷᠰᠠᠭ ᠬᠤᠯᠪᠤᠭ᠎ᠠ
2021-07-01 08:30:42
ᠵᠣᠬᠢᠶᠠᠭ᠍ᠴᠢ᠄
ᠰᠠᠷᠠᠭᠤᠯ
ᠣᠩᠱᠢᠭ᠍ᠰᠠᠨ ᠣᠳᠠᠭ᠎ᠠ᠄
★★★☆☆

《ᠨᠡᠭᠡᠭᠡᠯᠳᠠ᠎ᠶ᠋ᠢ ᠥᠷᠭᠡᠳᠭᠡᠬᠦ᠌᠎ᠪᠠᠷ ᠳᠠᠮᠵᠢᠭᠤᠯᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠵᠤ᠂ ᠪᠣᠭᠤᠮᠲᠠ᠎ᠶ᠋ᠢᠨ ᠠᠵᠤ ᠠᠬᠤᠢ᠎ᠶ᠋ᠢ ᠬᠥᠭ᠌ᠵᠢᠭᠦᠯᠵᠦ᠍᠂ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠤᠷᠤᠰ᠂ ᠮᠣᠩᠭᠤᠯ ᠤᠯᠤᠰ᠎ᠯᠤᠭ᠎ᠠ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠠᠬᠢᠯᠡᠯᠲᠡ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ》 ᠭᠡᠵᠤ 2014 ᠣᠨ᠎ᠳᠤ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ ᠴᠢᠬᠤᠯᠠᠴᠢᠯᠠᠭ᠍ᠰᠠᠨ ᠪᠠᠢᠨ᠎ᠠ᠃

ᠥᠪᠥᠷ ᠮᠣᠩᠭᠤᠯ ᠮᠠᠨᠢ ᠡᠭᠡ ᠤᠯᠤᠰ᠎ᠤᠨ ᠤᠮᠠᠷᠠᠲᠤ ᠬᠢᠯᠢ᠎ᠳᠤ ᠪᠠᠢᠷᠢᠱᠢᠵᠤ᠂ ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠢ ᠵᠠᠯᠭᠠᠯᠳᠤᠵᠤ᠂ ᠭᠠᠳᠠᠬ᠍ᠰᠢ᠎ᠪᠠᠨ ᠣᠷᠣᠰ ᠮᠣᠩᠭᠤᠯ᠎ᠲᠠᠢ ᠬᠢᠯᠢᠯᠡᠵᠤ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ ᠮᠠᠰᠢ ᠴᠢᠬᠤᠯᠠ ᠪᠠᠢᠳᠠᠭ᠃ ᠣᠯᠠᠨ ᠵᠢᠯ᠎ᠤᠨ ᠲᠤᠷᠰᠢ᠂ ᠥᠪᠥᠷ ᠮᠣᠩᠭᠤᠯᠴᠤᠳ ᠶᠡᠷᠦᠩᠭᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠮᠠᠷᠠᠰᠢ ᠨᠡᠭᠡᠭᠡᠯᠲᠡ ᠬᠢᠬᠦ᠌ ᠡᠷᠴᠢᠮ᠎ᠢᠶᠠᠨ ᠲᠠᠰᠤᠷᠠᠯᠳᠠ ᠦᠭᠡᠢ ᠴᠢᠩᠭᠠᠷᠠᠭᠤᠯᠤᠬ᠍ᠰᠡᠨ᠎ᠢᠶᠠᠷ᠂ ᠪᠥᠬᠦ᠌ ᠲᠠᠯ᠎ᠠ᠎ᠪᠠᠷ ᠨᠡᠭᠡᠭᠡᠯᠲᠡ ᠬᠢᠬᠦ᠌ ᠪᠠᠢᠷᠢᠱᠢᠯ ᠡᠳᠦᠷ ᠢᠷᠡᠬᠦᠶ᠎ᠡ ᠲᠡᠭᠦᠯᠳᠡᠷᠵᠢᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠳᠠ᠎ᠶ᠋ᠢᠨ ᠦᠢᠯᠡᠳᠦᠯ ᠨᠡᠩ ᠢᠯᠡᠷᠭᠡᠢ ᠪᠣᠯᠤᠭ᠍ᠰᠠᠨ ᠪᠠᠢᠨ᠎ᠠ᠃


4024786_alm_1624594823989_m.jpg

 

ᠬᠢᠯᠢ᠎ᠪᠠᠷ ᠦᠡᠭ᠌ᠭᠡᠷᠡᠭᠦ᠌ ᠵᠢᠱᠢᠶᠠᠨ᠎ᠤ ᠭᠠᠯᠳᠤ ᠲᠡᠷᠭᠡ᠎ᠶ᠋ᠢ ᠪᠠᠢᠴᠠᠭᠠᠵᠤ ᠪᠠᠢᠭ᠎ᠠ᠎ᠨᠢ


4024784_alm_1624594809210_m.jpg


ᠬᠢᠯᠢ᠎ᠪᠠᠷ ᠭᠠᠷᠭᠠᠬᠤ ᠭᠡᠵᠦ᠍ ᠪᠠᠢᠭ᠎ᠠ ᠪᠠᠷᠠᠭ᠎ᠠ


ᠨᠡᠭᠡᠭᠡᠯᠲᠡ ᠬᠢᠬᠦ᠌ ᠲᠤᠲᠤᠮ ᠬᠦᠭ᠌ᠵᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠭᠠᠳᠠᠭᠠᠳᠤ᠎ᠠᠴᠠ ᠤᠷᠤᠭᠤᠯᠤᠬ᠍ᠰᠡᠨ ᠪᠠ ᠭᠠᠳᠠᠭᠠᠳᠤ᠎ᠳᠤ ᠭᠠᠷᠭᠠᠬ᠍ᠰᠡᠨ ᠪᠠᠷᠠᠭ᠎ᠠ᠎ᠶ᠋ᠢᠨ ᠶᠡᠷᠦᠩᠬᠡᠶ ᠬᠡᠮᠵᠢᠶ᠎ᠡ ᠵᠢᠯ ᠳᠤᠮᠳᠠᠴᠢ᠎ᠳᠤ 8.5% ᠎ᠪᠠᠷ ᠨᠡᠮᠡᠭ᠌ᠳᠡᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠳᠤ ᠲᠡᠷᠭᠡ᠎ᠳᠤ ᠦᠢᠯᠡᠴᠢᠯᠡᠭ᠌ᠰᠡᠨ᠎ᠨᠢ ᠪᠦᠬᠦ᠌ ᠤᠯᠤᠰ᠎ᠤᠨ 50% ᠱᠢᠬᠠᠮ᠎ᠢ ᠡᠵᠡᠯᠡᠵᠦ᠍᠂ ᠪᠤᠴᠠᠬᠤ᠎ᠳᠠᠭᠠᠨ ᠲᠡᠭᠡᠭᠡᠪᠦᠷᠢᠯᠡᠭᠦ᠌ ᠪᠠᠷᠠᠭᠠᠨ᠎ᠤ ᠲᠦᠷᠦᠯ ᠲᠠᠰᠤᠷᠠᠯᠲᠠ ᠦᠭᠡᠢ ᠨᠡᠮᠡᠭ᠌ᠳᠡᠵᠦ᠍ ᠪᠠᠢᠨ᠎ᠠ᠃ ᠡᠭᠦᠨ᠎ᠤ ᠬᠠᠮᠲᠤ᠌᠂ ᠪᠣᠭᠤᠮᠲᠠ᠎ᠪᠠᠷ ᠥᠩᠭᠡᠷᠡᠬᠦ᠌ ᠴᠠᠭ ᠲᠠᠰᠤᠷᠠᠯᠲᠠ ᠥᠬᠡᠶ ᠪᠤᠭᠤᠨᠢᠰᠴᠤ᠌᠂ ᠪᠣᠭᠤᠮᠲᠠ᠎ᠪᠠᠷ ᠥᠩᠭᠡᠷᠡᠬᠦ᠌ ᠥᠪᠡᠷ᠎ᠤᠨ ᠥᠷᠲᠡᠭ ᠶᠡᠭᠡ᠎ᠪᠠᠷ ᠪᠠᠭᠤᠷᠠᠪᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨᠵᠤᠤᠷ ᠪᠠ ᠡᠷᠢᠶᠡᠨ ᠬᠤᠲᠠ ᠣᠨᠴᠠᠭᠠᠢᠯᠠᠨ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠂ ᠬᠥᠯᠥᠨ ᠪᠤᠢᠷ᠎ᠤᠨ ᠳᠤᠮᠳᠠᠳᠤ ᠣᠷᠣᠰ ᠮᠣᠩᠭᠤᠯ᠎ᠤᠨ ᠬᠠᠮᠲᠤᠷᠠᠯᠴᠠᠭᠠᠨ᠎ᠤ ᠬᠤᠱᠢᠭᠤᠴᠢ ᠣᠷᠣᠨ ᠵᠡᠷᠭᠡ ᠲᠠᠪᠴᠠᠩ᠎ᠤᠨ ᠪᠠᠢᠭᠤᠯᠤᠯᠲᠠ ᠲᠣᠭ᠍ᠲᠠᠭᠤᠨ ᠪᠠᠢᠨ᠎ᠠ᠃ ᠠᠷᠠᠪ᠎ᠤᠨ ᠬᠤᠯᠪᠣᠭᠠᠲᠤ ᠠᠬᠠᠮᠠᠳᠲᠤ ᠤᠯᠤᠰ᠎ᠤᠨ ᠤᠯᠠᠭᠠᠨᠬᠠᠳᠠ᠎ᠶ᠋ᠢᠨ 《ᠨᠢᠭᠡ ᠪᠦᠰᠡ ᠨᠢᠭᠡ ᠵᠠᠮ》 ᠎ᠤᠨ ᠮᠠᠯ ᠪᠡᠯᠴᠢᠭᠡᠷ᠎ᠢ ᠨᠢᠭᠡ ᠴᠣᠭ᠍ᠴᠠᠵᠢᠭᠤᠯᠬᠤ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠤᠮᠠᠷᠠᠰᠢ ᠨᠡᠭᠡᠭᠡᠯᠲᠡ ᠬᠢᠭᠦ᠌ ᠴᠢᠬᠤᠯᠠ ᠪᠠᠬᠢᠯᠡᠯᠲᠡ᠎ᠶ᠋ᠢᠨ ᠦᠢᠯᠡᠳᠦᠯ ᠡᠳᠦᠷ ᠢᠷᠡᠬᠦᠶ᠎ᠡ ᠢᠯᠡᠷᠭᠡᠢ ᠪᠤᠯᠭᠠᠪᠡ᠃

ᠨᠡᠭᠡᠭᠡᠯᠲᠡ᠎ᠨᠢ ᠥᠪᠥᠷ ᠮᠣᠩᠭᠤᠯ᠎ᠤᠨ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠱᠢᠭᠦ᠎ᠶ᠋ᠢ ᠠᠬᠢᠭᠤᠯᠪᠠ᠃ ᠲᠠᠷᠢᠶᠠᠯᠠᠩ᠎ᠤᠨ ᠪᠦᠲᠦᠭᠡᠭ᠌ᠳᠡᠬᠦᠨ᠂ ᠪᠣᠯᠣᠳ ᠮᠠᠲ᠋ᠧᠷᠢᠶᠠᠯ᠂ ᠳᠡᠭᠡᠳᠦ ᠱᠢᠨ᠎ᠡ ᠮᠡᠷᠭᠡᠵᠢᠯ᠎ᠤᠨ ᠦᠢᠯᠡᠳᠭᠦᠨ᠎ᠢᠶᠠᠷ ᠲᠡᠮᠵᠢᠭᠤᠯᠤᠨ᠂ ᠥᠪᠥᠷ ᠮᠣᠩᠭᠤᠯ᠎ᠤᠨ ᠭᠠᠳᠠᠭᠠᠳᠤ᠎ᠳᠤ ᠭᠠᠷᠭᠠᠬᠤ ᠦᠢᠯᠡᠳᠬᠦᠨ᠎ᠤ ᠪᠦᠲᠦᠴᠡ ᠲᠠᠰᠤᠷᠠᠯᠲᠠ ᠥᠬᠡᠶ ᠱᠢᠯᠢᠳᠡᠭ᠌ᠵᠢᠪᠡ; ᠲᠡᠮᠦᠷ᠎ᠤᠨ ᠬᠦᠳᠡᠷ᠎ᠢᠶᠠᠷ ᠭᠤᠣᠯ ᠪᠣᠯᠭᠠᠭ᠍ᠰᠠᠨ ᠡᠬᠢ ᠪᠠᠶᠠᠯᠢᠭ᠎ᠤᠨ ᠴᠢᠨᠠᠷᠲᠠᠶ ᠲᠠᠸᠠᠷ᠎ᠢ ᠭᠠᠳᠠᠭᠠᠳᠤ᠎ᠠᠴᠠ ᠣᠷᠣᠭᠤᠯᠬᠤ᠎ᠪᠠᠷ ᠲᠠᠮᠵᠢᠨ᠂ ᠥᠪᠥᠷ ᠮᠣᠩᠭᠤᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠢᠷᠢ ᠲᠦᠪᠱᠢᠨ ᠳᠡᠭᠡᠭ᠌ᠰᠢᠯᠡᠪᠡ᠃

ᠨᠡᠭᠡᠭᠡᠯᠲᠡ᠎ᠨᠢ ᠥᠪᠥᠷ ᠮᠣᠩᠭᠤᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠤᠷᠤᠨ ᠵᠠᠢ᠎ᠶ᠋ᠢ ᠥᠷᠭᠡᠳᠭᠡᠪᠡ᠃ ᠥᠪᠥᠷ ᠮᠣᠩᠭᠤᠯ ᠣᠯᠠᠨ ᠤᠯᠤᠰ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠬᠠᠮᠳᠤᠷᠠᠯᠴᠠᠭ᠎ᠠ᠎ᠪᠠᠨ ᠲᠠᠰᠤᠷᠠᠯᠲᠠ ᠥᠬᠡᠶ ᠴᠢᠩᠭᠠᠳᠭᠠᠵᠤ᠂ ᠣᠯᠠᠨ ᠤᠯᠤᠰ᠎ᠲᠠᠢ ᠠᠵᠤ ᠠᠬᠤᠶ ᠠᠷᠠᠯᠵᠢᠶᠠᠨ᠎ᠤ ᠬᠠᠷᠢᠯᠴᠠᠭ᠎ᠠ ᠪᠠᠢᠭᠤᠯᠵᠤ᠂ ᠤᠯᠠᠮᠵᠢᠯᠠᠯᠲᠤ ᠵᠠᠬ᠎ᠠ ᠳᠡᠯᠭᠡᠭᠦᠷ ᠲᠠᠰᠤᠷᠠᠯᠲᠠ ᠦᠭᠡᠢ ᠪᠠᠬᠢᠵᠢᠵᠦ᠍᠂ ᠱᠢᠨ᠎ᠡ᠎ᠪᠠᠷ ᠬᠥᠭ᠌ᠵᠢᠭ᠌ᠰᠡᠨ ᠵᠠᠬ᠎ᠠ ᠳᠡᠯᠭᠡᠭᠦᠷ ᠠᠯᠬᠤᠮ ᠠᠯᠬᠤᠮ᠎ᠢᠶᠠᠷ ᠥᠷᠭᠡᠳᠴᠤ᠌᠂ 《ᠬᠤᠶᠠᠷ ᠵᠦᠢᠯ᠎ᠤᠨ ᠡᠬᠢ ᠪᠠᠶᠠᠯᠢᠭ》 ᠎ᠢ ᠠᠱᠢᠬ᠍ᠯᠡᠨ 《ᠬᠤᠶᠠᠷ ᠵᠠᠬ᠎ᠠ ᠳᠡᠯᠭᠡᠭᠦᠷ》 ᠎ᠢ ᠨᠡᠭᠡᠭᠡᠭᠦ᠌ ᠴᠢᠳᠠᠪᠤᠷᠢ ᠦᠷᠭᠦᠯᠵᠢᠯᠡᠨ ᠴᠢᠩᠭᠠᠷᠠᠵᠤ᠂ ᠪᠥᠬᠦ᠌ ᠪᠥᠮᠪᠥᠷᠴᠡᠭ᠎ᠤᠨ ᠡᠬᠢ ᠪᠠᠶᠠᠯᠢᠭ᠎ᠢ ᠲᠣᠬᠢᠷᠠᠭᠤᠯᠤᠨ ᠪᠠᠢᠷᠢᠯᠠᠭᠤᠯᠬᠤ ᠴᠢᠳᠠᠪᠤᠷᠢ ᠶᠡᠭᠡ᠎ᠪᠠᠷ ᠳᠡᠭᠡᠭ᠌ᠰᠢᠯᠡᠪᠡ᠃

 


4024780_alm_1624594760843_m.jpg 

 

ᠬᠢᠯᠢ᠎ᠪᠠᠷ ᠤᠷᠤᠵᠤ ᠢᠷᠡᠭ᠌ᠰᠡᠨ ᠠᠶᠠᠨᠴᠢᠳ᠎ᠤᠨ ᠪᠤᠬ᠍ᠴᠤ ᠪᠤᠭᠤᠳᠠᠯ᠎ᠢ ᠪᠠᠢᠴᠠᠭᠠᠵᠤ ᠪᠠᠢᠭ᠎ᠠ᠎ᠨᠢ


4024782_alm_1624594791803_m.jpg

 

ᠬᠦᠭᠡᠬᠤᠳᠠ᠎ᠶ᠋ᠢᠨ ᠶᠡᠷᠦᠩᠭᠡᠢᠯᠡᠭ᠌ᠰᠡᠨ ᠭᠠᠢᠯᠢ᠎ᠶ᠋ᠢ ᠪᠠᠳᠤᠯᠠᠬᠤ ᠤᠷᠤᠨ


4024788_alm_1624594861580_m.jpg


ᠬᠢᠯᠢ᠎ᠪᠠᠷ ᠤᠷᠤᠵᠤ ᠢᠷᠡᠭᠦ᠌ ᠨᠡᠭᠦᠷᠡᠰᠤᠨ᠎ᠤ ᠲᠡᠷᠭᠡ᠎ᠶ᠋ᠢ ᠠᠦ᠋ᠲ᠋ᠣ᠋᠎ᠪᠠᠷ ᠪᠠᠢᠴᠠᠭᠠᠵᠤ ᠪᠠᠢᠭ᠎ᠠ᠎ᠨᠢ

 ᠭᠡᠷᠡᠯ ᠵᠢᠷᠤᠭ᠎ᠢ ᠰᠤᠷᠪᠤᠯᠵᠢᠯᠠᠭ᠍ᠴᠢ ᠯᠢ ᠱᠢᠨ ᠵᠢᠶᠥᠨ ᠰᠡᠭᠦᠳᠡᠷᠯᠡᠪᠡ


ᠬᠦᠭ᠌ᠵᠢᠭᠦ᠌ ᠲᠤᠳᠤᠮ ᠨᠡᠭᠡᠭᠡᠯᠳᠠ ᠦᠷᠭᠡᠵᠢᠨ᠎ᠡ᠃

ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠱᠢᠯᠢᠳᠡᠭ᠌ᠵᠢᠭᠦᠯᠵᠤ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠦᠭᠦᠢ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃

3 ᠰᠠᠷ᠎ᠠ᠎ᠶ᠋ᠢᠨ 18 ᠎ᠤ ᠡᠳᠦᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠬᠢᠭᠡᠳ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠨᠡᠢᠲᠡᠯᠡᠭ᠌ᠳᠡᠪᠡ᠃ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠠᠭᠤᠰᠤᠯᠴᠠᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠱᠢᠯᠤᠭᠤᠳᠭᠠᠬᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠲᠥᠭᠡᠨ ᠪᠠᠢᠭᠤᠯᠬᠤ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠠᠷᠪᠠᠨ ᠲᠠᠪᠤᠨ ᠴᠢᠬᠤᠯᠠ ᠶᠡᠭᠡ ᠡᠭᠦᠷᠭᠡ᠎ᠶ᠋ᠢᠨ ᠨᠢᠭᠡ᠎ᠪᠠᠷ ᠲᠣᠭ᠍ᠲᠠᠭᠠᠪᠠ᠃

— ᠥᠪᠥᠷ ᠮᠣᠩᠭᠤᠯ ᠨᠠᠩ ᠥᠨᠳᠥᠷ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠵᠤ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠭᠦᠨᠵᠡᠭᠡᠶ ᠠᠭᠤᠰᠤᠯᠴᠡᠨ᠂ 《ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ》 ᠎ᠢ ᠪᠠᠢᠭᠤᠯᠬᠤ᠎ᠳᠤ ᠪᠥᠬᠦ᠌ ᠲᠠᠯ᠎ᠠ᠎ᠪᠠᠷ ᠣᠷᠣᠯᠴᠠᠵᠤ᠂ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠂ ᠣᠯᠠᠨ ᠤᠯᠤᠰ᠎ᠤᠨ ᠦᠢᠯᠡᠳᠪᠦᠷᠢᠯᠡᠯ᠎ᠤᠨ ᠴᠢᠳᠠᠪᠤᠷᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠳᠠᠬᠢ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠬᠦᠨᠵᠡᠭᠡᠢᠷᠡᠭᠦᠯᠵᠤ᠂ ᠪᠣᠭᠤᠮᠲᠠ᠎ᠶ᠋ᠢᠨ ᠠᠵᠤ ᠠᠬᠤᠶ᠎ᠶ᠋ᠢ ᠶᠡᠭᠡ᠎ᠪᠠᠷ ᠬᠦᠭ᠌ᠵᠢᠭᠦᠯᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠦᠭ᠌ᠵᠢᠯᠲᠡ᠎ᠶ᠋ᠢ ᠠᠬᠢᠭᠤᠯᠤᠨ᠎ᠠ᠃

— ᠦᠪᠦᠷ ᠮᠤᠩᠭᠤᠯ ᠪᠣᠭᠤᠮᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠲᠦᠷᠭᠡᠳᠭᠡᠵᠤ᠂ ᠬᠢᠯᠢ᠎ᠶ᠋ᠢᠨ ᠪᠣᠭᠤᠮᠲᠠ᠂ ᠨᠡᠪᠲᠡᠷᠡᠬᠦ᠌ ᠵᠠᠮ ᠪᠠ ᠡᠯ᠎ᠡ ᠲᠥᠷᠥᠯ᠎ᠤᠨ ᠨᠡᠭᠡᠭᠡᠯᠲᠡ ᠬᠢᠭᠦ᠌ ᠠᠴᠢᠶᠠᠯᠠᠪᠤᠷᠢ᠎ᠶ᠋ᠢ ᠨᠢᠭᠡᠳᠦᠯᠲᠡᠶ ᠲᠦᠯᠦᠪᠵᠢᠭᠦᠯᠵᠤ᠂ ᠬᠠᠭᠤᠷᠠᠶ ᠲᠡᠯᠡᠶ ᠠᠭᠠᠷ᠎ᠤᠨ ᠲᠤᠤᠷ᠎ᠤᠨ ᠬᠤᠯᠪᠣᠭᠠᠯᠠᠨ ᠲᠡᠭᠡᠭᠡᠪᠦᠷᠢᠯᠡᠬᠦ᠌ ᠭᠤᠤᠯ ᠵᠠᠮ ᠱᠤᠭᠤᠮ᠎ᠢ ᠬᠦᠴᠦᠯᠡᠨ ᠨᠡᠪᠲᠡᠷᠡᠭᠦᠯᠵᠤ᠂ ᠪᠣᠭᠤᠮᠲᠠ᠎ᠶ᠋ᠢᠨ ᠠᠳᠠᠯᠢ ᠴᠢᠨᠠᠷ᠎ᠤᠨ ᠥᠷᠢᠰᠥᠯᠳᠦᠭᠡᠨ᠂ ᠭᠠᠭ᠍ᠴᠠᠭᠠᠷᠳᠠᠮᠠᠯ ᠬᠡᠯᠪᠡᠷᠢ᠎ᠶ᠋ᠢᠨ ᠠᠵᠢᠯᠯᠠᠭᠠᠨ᠎ᠤ ᠪᠠᠢᠳᠠᠯ᠎ᠢ ᠬᠤᠪᠢᠷᠠᠭᠤᠯᠵᠤ᠂ ᠪᠣᠭᠤᠮᠲᠠ᠎ᠪᠠᠷ ᠲᠠᠢᠴᠢᠯᠡᠵᠤ᠂ ᠳᠤᠳᠤᠷ᠎ᠠ ᠭᠠᠵᠠᠷ᠎ᠲᠤ ᠲᠤᠯᠭᠠᠭᠤᠷᠢᠯᠠᠬ᠍ᠰᠡᠨ᠂ ᠬᠢᠯᠢ᠎ᠶ᠋ᠢᠨ ᠪᠤᠭᠤᠮᠲᠠ ᠲᠤᠳᠤᠷ᠎ᠠ ᠭᠠᠵᠠᠷ ᠦᠢᠯᠡᠳᠦᠯᠴᠡᠭ᠌ᠰᠡᠨ ᠪᠠᠢᠷᠢᠱᠢᠯ᠎ᠢ ᠪᠦᠷᠢᠯᠳᠦᠭᠦᠯᠤᠨ᠎ᠠ᠃

— ᠦᠪᠦᠷ ᠮᠤᠩᠭᠤᠯ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠠᠭᠤᠰᠤᠨ᠂ ᠤᠯᠤᠰ᠎ᠤᠨ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠲᠤᠬ᠍ᠳᠠᠴᠠ᠎ᠶ᠋ᠢ ᠪᠦᠷᠢᠨᠱᠢᠭᠦᠯᠵᠤ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠠᠵᠤ ᠦᠢᠯᠡᠰ᠎ᠤᠨ ᠱᠢᠯᠵᠢᠯᠳᠠ᠎ᠶ᠋ᠢ ᠡᠮᠬᠢ ᠵᠢᠷᠤᠮ᠎ᠲᠠᠢ᠎ᠪᠠᠷ ᠬᠦᠯᠢᠶᠡᠨ ᠠᠪᠴᠤ᠌᠂ ᠤᠯᠡᠨ ᠲᠠᠯ᠎ᠠ᠎ᠪᠠᠷ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠲᠤ ᠠᠭᠤᠰᠤᠨ᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠨᠡᠮᠡᠭ᠌ᠳᠡᠭᠦᠯᠦᠨ᠎ᠡ᠃

— ᠦᠪᠦᠷ ᠮᠤᠩᠭᠤᠯ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠲᠥᠭᠡᠨ ᠪᠠᠢᠭᠤᠯᠵᠤ᠂ ᠳᠣᠲᠣᠭᠠᠳᠤ ᠬᠡᠷᠡᠭ᠌ᠴᠡᠭᠡ᠎ᠪᠠᠨ ᠥᠷᠭᠡᠳᠭᠡᠬᠦ᠌ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ᠎ᠢ ᠦᠷᠭᠡᠳᠭᠡᠵᠤ᠂ ᠡᠬᠢ ᠪᠠᠶᠠᠯᠢᠭ᠎ᠢ ᠲᠦᠪᠯᠡᠷᠡᠭᠦᠯᠭᠦ᠌ ᠲᠠᠷᠬᠠᠭᠠᠬᠤ᠂ ᠡᠯᠧᠮᠧᠨ᠋ᠲ᠎ᠢ ᠠᠭᠤᠰᠤᠯᠴᠠᠭᠤᠯᠬᠤ ᠬᠦᠢᠯᠭᠡᠭᠡᠯᠡᠭᠦ᠌ ᠪᠦᠬᠦ᠌ ᠣᠷᠣᠨ ᠪᠦᠰᠡ᠎ᠶ᠋ᠢᠨ ᠨᠡᠬᠡᠬᠡᠯᠳᠡ᠎ᠶ᠋ᠢᠨ ᠲᠠᠪᠴᠠᠩ᠎ᠢ ᠪᠠᠢᠭᠤᠯᠵᠤ᠂ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠤ ᠠᠭᠤᠰᠤᠯᠴᠠᠬᠤ ᠶᠠᠪᠤᠴᠠ᠎ᠳᠤ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠡᠭᠦᠳᠦᠨ᠎ᠡ᠃

《ᠳᠤᠮᠳᠠᠳᠤ ᠤᠯᠤᠰ ᠨᠡᠬᠡᠬᠡᠯᠳᠡ ᠬᠢᠬᠦ᠌ ᠡᠭᠦᠳᠡ᠎ᠪᠠᠨ ᠬᠠᠭᠠᠬᠤ ᠦᠬᠡᠢ᠂ ᠶᠠᠪᠤᠬᠤ ᠲᠤᠲᠤᠮ ᠶᠡᠭᠡ ᠪᠤᠯᠭᠠᠨ᠎ᠠ!》 ᠨᠡᠭᠡᠭᠡᠯᠲᠡ ᠬᠢᠬᠦ᠌ ᠪᠣᠯ ᠣᠳᠣ ᠦᠶ᠎ᠡ᠎ᠶ᠋ᠢᠨ ᠳᠤᠮᠳᠠᠳᠤ ᠤᠯᠤᠰ᠎ᠤᠨ ᠢᠯᠡ ᠲᠣᠳᠣ ᠪᠡᠯᠭᠡ ᠲᠡᠮᠳᠡᠭ ᠮᠥᠨ᠃ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ᠎ᠤᠨ ᠨᠡᠭᠡᠭᠡᠯᠳᠡ᠎ᠶ᠋ᠢᠨ ᠠᠯᠬᠤᠮ ᠵᠤᠬ᠍ᠰᠤᠰᠢ ᠦᠭᠡᠢ᠂ ᠪᠦᠬᠦ᠌ ᠤᠯᠤᠰ ᠴᠢᠨᠠᠭ᠍ᠰᠢᠯᠠᠪᠠᠯ ᠪᠦᠭᠦ᠌ ᠳᠡᠯᠡᠭᠡᠢ᠎ᠪᠠᠷ᠎ᠢᠶᠠᠨ ᠦᠪᠦᠷ ᠮᠤᠩᠭᠤᠯ᠎ᠤᠨ ᠨᠡᠭᠡᠭᠡᠯᠳᠠ᠎ᠶ᠋ᠢᠨ ᠬᠤᠷᠳᠤᠴᠠ᠂ ᠨᠡᠭᠡᠭᠡᠯᠲᠡ ᠬᠢᠬᠦ᠌ ᠰᠦᠰᠤ ᠵᠣᠷᠢᠭ᠎ᠢ ᠤᠯᠵᠤ ᠬᠠᠷᠠᠬᠤ ᠪᠤᠯᠤᠨ᠎ᠠ᠃

ᠢᠷᠡᠭᠡᠳᠦᠢ᠎ᠳᠤ᠂ ᠥᠪᠥᠷ ᠮᠣᠩᠭᠤᠯ ᠨᠡᠭᠡᠭᠡᠯᠳᠠ ᠬᠢᠭ᠌ᠰᠡᠨ᠎ᠠᠴᠠ ᠪᠤᠯᠵᠤ ᠨᠡᠩ ᠦᠷᠨᠢᠩᠭᠦᠢ ᠬᠦᠭ᠌ᠵᠢᠯᠳᠠ᠎ᠳᠤ ᠬᠦᠷᠭᠦ᠎ᠨᠢ ᠯᠠᠪᠳᠠᠢ!    

 

 

4200 ᠭᠠᠷᠤᠢ ᠺᠢᠯᠣᠮᠧᠲᠷ

ᠥᠪᠥᠷ ᠮᠣᠩᠭᠤᠯ᠎ᠤᠨ ᠣᠷᠣᠰ᠂ ᠮᠣᠩᠭᠤᠯ ᠤᠯᠤᠰ᠎ᠲᠠᠢ ᠬᠢᠯᠢᠯᠡᠵᠤ ᠪᠠᠢᠭ᠎ᠠ 4200 ᠭᠠᠷᠤᠢ ᠺᠢᠯᠣᠮᠧᠲᠷ ᠬᠢᠯᠢ᠎ᠶ᠋ᠢᠨ ᠱᠤᠭᠤᠮ᠎ᠨᠢ ᠥᠪᠥᠷ ᠮᠣᠩᠭᠤᠯ᠎ᠤᠨ ᠭᠠᠳᠠᠭᠠᠳᠤ ᠨᠡᠭᠡᠭᠡᠯᠲᠡ ᠬᠢᠭᠦ᠌ ᠦᠪᠡᠷᠮᠢᠴᠠ ᠳᠠᠪᠠᠭᠤᠯᠢᠭ ᠪᠣᠯᠤᠨ᠎ᠠ᠃ 2012 ᠣᠨ᠎ᠠᠴᠠ ᠨᠠᠭᠠᠰᠢ ᠥᠪᠥᠷ ᠮᠣᠩᠭᠤᠯ 5 ᠪᠣᠭᠤᠮᠲᠠ᠎ᠶ᠋ᠢ ᠱᠢᠨ᠎ᠡ᠎ᠪᠠᠷ ᠨᠡᠭᠡᠭᠡᠵᠦ᠍᠂ ᠣᠳᠣᠬᠠᠨ᠎ᠳᠤ 2 ᠲᠡᠮᠦᠷ ᠵᠠᠮ᠎ᠤᠨ ᠪᠣᠭᠤᠮᠲᠠ᠂ 12 ᠵᠠᠰᠠᠮᠠᠯ ᠵᠠᠮ᠎ᠤᠨ ᠪᠣᠭᠤᠮᠲᠠ᠂ 5 ᠠᠭᠠᠷ᠎ᠤᠨ ᠠᠶᠠᠯᠠᠯ᠎ᠤᠨ ᠪᠣᠭᠤᠮᠲᠠ᠎ᠲᠠᠢ ᠪᠣᠯᠵᠣ᠂ ᠨᠡᠢᠲᠡ 19 ᠭᠠᠳᠠᠭᠠᠳᠤ ᠨᠡᠭᠡᠭᠡᠯᠲᠡ᠎ᠶ᠋ᠢᠨ ᠪᠣᠭᠤᠮᠲᠠ᠎ᠲᠠᠢ ᠪᠣᠯᠵᠣ᠂ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠠᠶᠠᠯᠠᠯ ᠵᠡᠷᠭᠡ ᠣᠯᠠᠨ ᠲᠠᠯᠠᠲᠤ᠌᠂ ᠪᠣᠰᠤᠭ᠎ᠠ ᠴᠣᠭ᠍ᠴᠠᠲᠤ ᠪᠣᠭᠤᠮᠲᠠ᠎ᠶ᠋ᠢᠨ ᠨᠡᠭᠡᠭᠡᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠵᠦ᠍᠂ ᠳᠡᠯᠡᠬᠡᠶ ᠳ᠋ᠠᠬᠢᠨ᠎ᠲᠠᠢ ᠬᠠᠮᠲᠤ᠎ᠪᠠᠷ ᠵᠥᠪᠳᠡᠯᠴᠡᠬᠦ᠂ ᠬᠠᠮᠲᠤ᠎ᠪᠠᠷ ᠪᠠᠢᠭᠤᠯᠬᠤ᠂ ᠬᠠᠮᠲᠤ᠎ᠪᠠᠷ ᠡᠳ᠋ᠯᠡᠬᠦ᠌ 《ᠴᠠᠭ ᠦᠶ᠎ᠡ᠎ᠶ᠋ᠢᠨ ᠬᠦᠰᠡᠯ ᠵᠡᠭᠦᠳᠦ》 ᠎ᠶ᠋ᠢ ᠬᠤᠯᠪᠣᠵᠤ ᠪᠠᠢᠨ᠎ᠠ᠃

2 ᠳ᠋ᠦᠩᠱᠢᠭᠤᠷ ᠲᠣᠨ

2 ᠳ᠋ᠦᠩᠱᠢᠭᠤᠷ ᠲᠣᠨ᠂ 3000 ᠲᠦᠮᠡᠨ ᠬᠥᠮᠦᠨ ᠤᠳᠠᠭ᠎ᠠ᠎ᠨᠢ ᠥᠪᠥᠷ ᠮᠣᠩᠭᠤᠯ᠎ᠤᠨ ᠪᠣᠭᠤᠮᠲᠠ᠎ᠶ᠋ᠢᠨ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ ᠪᠠ ᠠᠶᠠᠨᠴᠢᠳ᠎ᠤᠨ ᠵᠦᠭᠡᠭᠡᠪᠦᠷᠢ᠎ᠶ᠋ᠢᠨ ᠴᠢᠳᠠᠪᠤᠷᠢ ᠪᠣᠯᠤᠨ᠎ᠠ᠂ ᠪᠠᠰᠠ ᠴᠤ᠌ ᠥᠪᠥᠷ ᠮᠣᠩᠭᠤᠯ᠎ᠤᠨ ᠭᠠᠳᠠᠭᠠᠳᠤ ᠨᠡᠭᠡᠭᠡᠯᠲᠡ᠎ᠶ᠋ᠢᠨ ᠢᠲᠡᠭᠡᠯ ᠵᠣᠷᠢᠭ ᠪᠣᠯᠤᠨ᠎ᠠ᠃ ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ ᠪᠣᠭᠤᠮᠲᠠ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢ ᠡᠬᠢᠯᠡᠭᠦᠯᠵᠦ᠍᠂ ᠪᠥᠬᠦ᠌ ᠣᠷᠣᠨ᠎ᠤ ᠪᠣᠭᠤᠮᠲᠠ᠎ᠶ᠋ᠢᠨ ᠰᠠᠭᠤᠷᠢ ᠲᠦᠭᠦᠭᠡᠷᠦᠮᠵᠢ ᠪᠠ ᠪᠠᠢᠴᠠᠭᠠᠨ ᠱᠢᠯᠭᠠᠬᠤ ᠢᠵᠢ ᠪᠥᠷᠢᠳᠦᠭᠦᠯᠬᠦ᠌ ᠲᠦᠬᠦᠭᠡᠷᠦᠮᠵᠢ᠎ᠶ᠋ᠢᠨ ᠲᠥᠷᠥᠯ  ᠵᠦᠢᠯ᠎ᠤᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ᠂ ᠪᠣᠭᠤᠮᠲᠠ᠎ᠶ᠋ᠢᠨ ᠰᠠᠭᠤᠷᠢ ᠲᠦᠭᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠍᠂ ᠪᠣᠭᠤᠮᠲᠠ᠎ᠪᠠᠷ ᠥᠩᠭᠡᠷᠡᠬᠦᠯᠭᠦ᠌ ᠴᠢᠳᠠᠪᠤᠷᠢ ᠳᠡᠭᠡᠭ᠌ᠰᠢᠯᠡᠪᠡ᠃ ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠰᠢ᠂ ᠥᠪᠥᠷ ᠮᠣᠩᠭᠤᠯ᠎ᠤᠨ ᠡᠯ᠎ᠡ ᠱᠠᠲᠤᠨ᠎ᠤ᠎ᠬᠢᠨ ᠪᠣᠭᠤᠮᠲᠠ᠎ᠶ᠋ᠢᠨ ᠪᠥᠲᠥᠭᠡᠨ ᠪᠠᠢᠭᠤᠯᠤᠯᠲᠠ᠎ᠳᠤ ᠪᠠᠷᠤᠭ 74 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ 200 ᠭᠠᠷᠤᠶ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠳᠡᠮᠵᠢᠵᠦ᠍᠂ ᠭᠤᠤᠯᠳᠠᠭᠤ ᠪᠣᠭᠤᠮᠲᠠ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠪᠠᠢᠴᠠᠭᠠᠨ ᠱᠢᠯᠭᠠᠬᠤ ᠲᠦᠭᠦᠭᠡᠷᠦᠮᠵᠢ᠎ᠶ᠋ᠢ ᠲᠠᠰ ᠳᠡᠪᠱᠢᠭᠦᠯᠦᠨ ᠥᠭᠡᠷᠡᠴᠢᠯᠡᠬᠦ᠌᠎ᠳᠤ ᠲᠥᠪᠯᠡᠷᠡᠵᠦ᠍᠂ ᠪᠣᠭᠤᠮᠲᠠ᠎ᠶ᠋ᠢᠨ ᠴᠢᠳᠠᠮᠵᠢ ᠤᠯᠠᠮ ᠨᠢᠭᠡ ᠠᠯᠬᠤᠮ ᠳᠡᠭᠡᠭ᠌ᠰᠢᠯᠡᠪᠡ᠃


50 ᠰᠧᠺᠦ᠋ᠨ᠋ᠳ᠋

ᠪᠥᠬᠦ᠌ ᠣᠷᠣᠨ᠎ᠤ ᠵᠠᠰᠠᠮᠠᠯ ᠵᠠᠮ᠎ᠤᠨ ᠪᠣᠭᠤᠮᠲᠠ᠎ᠶ᠋ᠢᠨ ᠪᠠᠷᠠᠭᠠᠨ᠎ᠤ ᠲᠡᠷᠭᠡ ᠬᠥᠰᠭᠡ᠎ᠶ᠋ᠢᠨ ᠤᠶᠤᠨᠲᠤ ᠪᠣᠭᠤᠮᠲᠠ᠎ᠪᠠᠷ ᠥᠩᠭᠡᠷᠡᠬᠦ᠌ ᠴᠠᠭ 50 ᠰᠧᠺᠦ᠋ᠨ᠋ᠳ᠋ ᠪᠣᠯᠤᠨ᠎ᠠ᠂ ᠪᠠᠰᠠ ᠴᠤ᠌ ᠥᠪᠥᠷ ᠮᠣᠩᠭᠤᠯ᠎ᠤᠨ ᠭᠠᠳᠠᠭᠠᠳᠤ ᠨᠡᠭᠡᠭᠡᠯᠲᠡ᠎ᠶ᠋ᠢᠨ ᠬᠤᠷᠳᠤᠴᠠ ᠪᠠ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ᠎ᠠ᠃ ᠪᠥᠬᠦ᠌ ᠣᠷᠣᠨ᠎ᠤ ᠬᠢᠯᠢ᠎ᠶ᠋ᠢᠨ ᠪᠣᠭᠤᠮᠲᠠ᠎ᠪᠠᠷ ᠦᠡᠭ᠌ᠭᠡᠷᠡᠭᠦᠯᠭᠦ᠌ ᠶᠠᠪᠤᠴᠠ᠎ᠶ᠋ᠢ ᠲᠦᠭᠦᠮ ᠲᠦᠳᠠ ᠪᠤᠯᠭᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠤᠯ ᠡᠯᠧᠺᠲᠷᠣᠨ ᠬᠢᠯᠢ᠎ᠶ᠋ᠢᠨ ᠪᠣᠭᠤᠮᠲᠠ ᠪᠠ 《ᠨᠢᠭᠡ ᠴᠣᠩᠬᠤᠪᠴᠢ 》 ᠎ᠶ᠋ᠢᠨ ᠪᠠᠢᠭᠤᠯᠤᠯᠲᠠ᠎ᠶ᠋ᠢ ᠪᠥᠬᠦ᠌ ᠬᠦᠴᠦᠨ᠎ᠢᠶᠠᠷ᠎ᠢᠶᠠᠨ ᠥᠷᠨᠢᠭᠦᠯᠵᠦ᠍᠂ ᠡᠯᠧᠺᠲᠷᠣᠨ ᠬᠢᠯᠢ᠎ᠶ᠋ᠢᠨ ᠪᠣᠭᠤᠮᠲᠠ᠎ᠶ᠋ᠢᠨ ᠲᠠᠪᠴᠠᠩ᠂ ᠬᠢᠯᠢ᠎ᠶ᠋ᠢᠨ ᠪᠣᠭᠤᠮᠲᠠ᠎ᠶ᠋ᠢᠨ ᠸᠢᠳᠢᠣ᠋᠎ᠪᠠᠷ ᠬᠢᠨᠠᠨ ᠡᠵᠡᠮᠳᠡᠵᠦ᠍ ᠵᠢᠯᠣᠭᠤᠳᠭᠤ ᠱᠢᠰᠲ᠋ᠧᠮ ᠪᠠ ᠣᠯᠠᠨ ᠤᠯᠤᠰ᠎ᠤᠨ ᠠᠷᠠᠯᠵᠢᠶᠠᠨ᠎ᠤ 《ᠨᠢᠭᠡ ᠴᠣᠩᠬᠤᠪᠴᠢ》 ᠎ᠶ᠋ᠢᠨ ᠲᠠᠪᠴᠠᠩ᠎ᠢ ᠪᠠᠢᠭᠤᠯᠪᠠ᠃ ᠪᠣᠭᠤᠮᠲᠠ᠎ᠶ᠋ᠢᠨ ᠪᠠᠢᠴᠠᠭᠠᠯᠲᠠ᠎ᠶ᠋ᠢ ᠨᠢᠭᠡᠳᠦᠯᠲᠡᠢ ᠭᠤᠶᠤᠴᠢᠯᠠᠨ ᠮᠡᠳᠡᠭᠦᠯᠬᠦ᠂ ᠵᠠᠰᠠᠮᠠᠯ ᠵᠠᠮ᠎ᠤᠨ ᠲᠡᠭᠡᠭᠡᠪᠦᠷᠢ᠎ᠶ᠋ᠢᠨ ᠪᠠᠭᠠᠵᠢ᠎ᠶ᠋ᠢᠨ ᠥᠷᠥᠭᠡᠨ᠎ᠤ ᠬᠠᠭᠤᠳᠠᠰᠤ᠎ᠶ᠋ᠢ ᠭᠤᠶᠤᠴᠢᠯᠠᠨ ᠮᠡᠳᠡᠭᠦᠯᠬᠦ᠌ ᠪᠠ ᠭᠠᠢᠯᠢ ᠰᠦᠢᠳᠭᠡᠯ ᠥᠭ᠌ᠬᠦ ᠴᠢᠳᠠᠮᠵᠢ᠎ᠶ᠋ᠢ ᠬᠡᠷᠡᠭ᠌ᠯᠡᠬᠦ᠌ ᠨᠤᠷᠮ᠎ᠠ᠎ᠶ᠋ᠢ 100 % ᠎ᠳᠤ ᠬᠦᠷᠭᠡᠵᠦ᠍᠂ ᠵᠠᠰᠠᠮᠠᠯ ᠵᠠᠮ᠎ᠤᠨ ᠲᠡᠭᠡᠭᠡᠪᠦᠷᠢ᠎ᠶ᠋ᠢᠨ ᠪᠠᠭᠠᠵᠢ᠎ᠶ᠋ᠢᠨ ᠭᠤᠶᠤᠴᠢᠯᠠᠨ ᠮᠡᠳᠡᠭᠦᠯᠬᠦ᠌ ᠠᠵᠢᠯ᠎ᠤᠨ ᠤᠯᠤᠰ᠎ᠠᠴᠠ ᠪᠠᠭᠤᠯᠭᠠᠭ᠍ᠰᠠᠨ ᠲᠤᠷᠱᠢᠯᠲᠠ᠎ᠶ᠋ᠢᠨ ᠡᠭᠦᠷᠭᠡ᠎ᠶ᠋ᠢ ᠪᠡᠶᠡᠯᠡᠭᠦᠯᠵᠦ᠍᠂ ᠤᠤᠯ ᠭᠠᠷᠤᠯᠲᠠ᠎ᠶ᠋ᠢᠨ ᠣᠷᠣᠨ᠎ᠤ ᠦᠨᠡᠮᠯᠡᠯ᠎ᠢ ᠭᠤᠶᠤᠴᠢᠯᠠᠨ ᠠᠪᠬᠤ᠂ ᠠᠵᠤ ᠠᠬᠤᠢᠯᠠᠯ᠎ᠤᠨ ᠬᠢᠷᠢ ᠬᠡᠮ᠎ᠢ ᠭᠦᠢᠴᠡᠳᠭᠡᠬᠦ᠂ ᠵᠥᠪᠱᠢᠶᠡᠷᠡᠯ᠎ᠤᠨ ᠦᠨᠡᠮᠯᠡᠯ ᠭᠤᠶᠤᠴᠢᠯᠠᠬᠤ ᠵᠡᠷᠭᠡ ᠴᠢᠳᠠᠮᠵᠢ᠎ᠶ᠋ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠤᠷᠤᠭ᠍ᠰᠢᠲᠠᠢ ᠪᠡᠶᠡᠯᠡᠭᠦᠯᠪᠡ᠃


5927 ᠵᠢᠱᠢᠶᠠᠨ᠎ᠤ ᠭᠠᠯᠳᠤ ᠲᠡᠷᠭᠡ

2020 ᠣᠨ᠎ᠳᠤ 5927 ᠲᠤᠮᠳᠠᠳᠤ ᠡᠧᠦ᠋ᠷᠦᠫᠡ᠎ᠶ᠋ᠢᠨ ᠵᠢᠱᠢᠶᠠᠨ᠎ᠤ ᠭᠠᠯᠳᠤ ᠲᠡᠷᠭᠡ ᠥᠪᠥᠷ ᠮᠣᠩᠭᠤᠯ᠎ᠤᠨ ᠬᠢᠯᠢ᠎ᠪᠠᠷ ᠦᠡᠭ᠌ᠭᠡᠷᠡᠭ᠌ᠰᠡᠨ ᠪᠠᠢᠨ᠎ᠠ᠂ ᠵᠢᠱᠢᠶᠠᠨ᠎ᠤ ᠭᠠᠯᠲᠤ ᠲᠡᠷᠭᠡ ᠨᠢᠭᠡ ᠪᠦᠷᠢ᠎ᠨᠢ ᠴᠥᠮ ᠥᠪᠥᠷ ᠮᠣᠩᠭᠤᠯ᠎ᠤᠨ ᠳᠣᠲᠣᠭᠠᠳᠤ ᠭᠠᠳᠠᠭᠠᠳᠤ᠎ᠶ᠋ᠢ ᠬᠤᠯᠪᠣᠭ᠍ᠰᠠᠨ ᠦᠢᠯᠡᠴᠢᠯᠡᠭᠡᠨ᠎ᠤ ᠪᠠᠢᠳᠠᠯ᠎ᠢ ᠲᠡᠮᠳᠡᠭ᠌ᠯᠡᠭ᠌ᠰᠡᠨ ᠪᠠᠢᠳᠠᠭ᠃ ᠣᠳᠣᠬᠠᠨ᠎ᠳᠤ ᠮᠠᠨᠵᠤᠤᠷ ᠪᠣᠭᠤᠮᠲᠠ᠎ᠪᠠᠷ ᠦᠡᠭ᠌ᠭᠡᠷᠡᠭᠦ᠌ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠵᠠᠮ ᠱᠤᠭᠤᠮ 57 ᠵᠤᠷᠪᠤᠰ ᠪᠠᠢᠵᠤ᠂ ᠡᠷᠢᠶᠡᠨ ᠪᠣᠭᠤᠮᠲᠠ᠎ᠪᠠᠷ ᠥᠩᠭᠡᠷᠡᠬᠦ᠌ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠤ ᠵᠠᠮ ᠱᠤᠭᠤᠮ 43 ᠪᠠᠢᠨ᠎ᠠ᠃ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠮᠠᠨᠵᠤᠤᠷ᠎ᠤᠨ ᠵᠡᠭᠦᠨ ᠬᠡᠰᠡᠭ᠎ᠤᠨ ᠶᠡᠭᠡ ᠨᠡᠪᠲᠡᠷᠡᠯ ᠵᠠᠮ᠂ ᠡᠷᠢᠶᠡᠨ ᠬᠤᠲᠠ᠎ᠶ᠋ᠢᠨ ᠳᠤᠮᠳᠠ ᠬᠡᠰᠡᠭ᠎ᠤᠨ ᠶᠡᠭᠡ ᠨᠡᠪᠲᠡᠷᠡᠯ ᠵᠠᠮ᠎ᠤᠨ ᠦᠢᠯᠡᠳᠦᠯ᠎ᠢ ᠪᠠᠳᠠᠷᠠᠭᠤᠯᠬᠤ᠎ᠶ᠋ᠢᠨ ᠲᠤᠰᠠᠳᠠ᠂ ᠥᠪᠥᠷ ᠮᠣᠩᠭᠤᠯ ᠲᠡᠯᠡᠶ ᠳᠠᠭᠠᠤ᠂ ᠳᠣᠲᠣᠭᠠᠳᠤ ᠬᠠᠭᠤᠷᠠᠶ᠎ᠶ᠋ᠢᠨ ᠭᠠᠵᠠᠷ ᠣᠷᠣᠨ᠎ᠯᠤᠭ᠎ᠠ᠎ᠶ᠋ᠢᠨ ᠣᠷᠣᠨ ᠪᠦᠰᠡ᠎ᠶ᠋ᠢᠨ ᠪᠣᠭᠤᠮᠲᠠ᠎ᠪᠠᠷ ᠥᠩᠭᠡᠷᠡᠬᠦ᠌ ᠬᠠᠮᠵᠢᠯᠴᠠᠭ᠎ᠠ᠎ᠪᠠᠨ ᠴᠢᠩᠭᠠᠳᠭᠠᠵᠤ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ ᠪᠠ ᠭᠤᠤᠯᠳᠠᠯᠭ᠎ᠠ᠎ᠲᠠᠢ ᠭᠠᠷᠠᠮ᠎ᠯᠤᠭ᠎ᠠ᠎ᠶ᠋ᠢᠨ ᠬᠤᠯᠪᠣᠭᠠᠯᠠᠨ ᠬᠥᠳᠡᠯᠦᠯᠴᠡᠬᠦ᠌᠎ᠪᠠᠨ ᠴᠢᠩᠭᠠᠳᠭᠠᠵᠤ᠂ ᠪᠣᠭᠤᠮᠲᠠ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠭᠥᠷᠳᠡᠵᠦ᠍ ᠬᠠᠮᠲᠤ᠎ᠪᠠᠷ ᠠᠱᠢᠡᠡᠯᠠᠬᠤ᠎ᠶ᠋ᠢ ᠪᠡᠶᠡᠯᠡᠭᠦᠯᠪᠡ᠃


4 . 2 ᠳ᠋ᠦᠩᠱᠢᠭᠤᠷ ᠲᠥᠭᠦᠷᠢᠭ

4.2 ᠳ᠋ᠥᠩᠱᠢᠭᠤᠷ ᠲᠦᠭᠦᠷᠢᠭ ᠪᠤᠯ ᠮᠠᠨ᠎ᠤ ᠣᠷᠣᠨ᠎ᠤ ᠬᠢᠯᠢ᠎ᠶ᠋ᠢᠨ ᠪᠣᠭᠤᠮᠲᠠ᠎ᠶ᠋ᠢᠨ ᠰᠠᠭᠤᠷᠢ ᠲᠦᠭᠦᠬᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠬᠠᠮᠠᠭᠠᠯᠠᠯᠲᠠ᠎ᠶ᠋ᠢᠨ ᠵᠠᠷᠤᠳᠠᠯ᠎ᠢ ᠬᠦᠴᠦᠨ ᠥᠬᠡᠶ ᠪᠣᠯᠭᠠᠬᠤ᠎ᠪᠠᠷ ᠳᠡᠮᠵᠢᠨ᠂ ᠵᠢᠯ ᠪᠦᠷᠢ ᠠᠵᠤ ᠠᠬᠤᠢᠯᠠᠯ᠎ᠤᠨ ᠳᠠᠷᠤᠭᠠᠰᠤ᠎ᠶ᠋ᠢ ᠬᠥᠩᠭᠡᠷᠡᠭᠦᠯᠵᠦ᠍ ᠪᠠᠢᠭ᠎ᠠ ᠵᠤᠭᠤᠰ᠎ᠤᠨ ᠲᠤᠭ᠎ᠠ ᠭᠡᠮᠵᠢᠶ᠎ᠠ ᠪᠣᠯᠬᠤ ᠪᠥᠭᠡᠳ ᠪᠠᠰᠠ ᠴᠤ᠌ ᠥᠪᠥᠷ ᠮᠣᠩᠭᠤᠯ᠎ᠤᠨ ᠬᠢᠯᠢ᠎ᠶ᠋ᠢᠨ ᠪᠣᠭᠤᠮᠲᠠ᠎ᠶ᠋ᠢᠨ ᠬᠤᠳᠠᠯᠳᠤᠭ᠎ᠠ ᠡᠷᠬᠢᠯᠡᠭᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢᠨ ᠲᠦᠯᠦᠭᠡᠨ᠎ᠤ ᠴᠢᠷᠮᠠᠢᠯᠭ᠎ᠠ ᠪᠤᠯᠤᠨ᠎ᠠ᠃ 2019 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠪᠣᠭᠤᠮᠲᠠ᠎ᠶ᠋ᠢᠨ ᠬᠤᠳᠠᠯᠳᠤᠭ᠎ᠠ ᠡᠷᠬᠢᠯᠡᠭᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍ ᠬᠢᠯᠢ ᠠᠯᠤᠰᠯᠠᠭ᠍ᠰᠠᠨ ᠠᠷᠠᠯᠵᠢᠶ᠎ᠠ᠎ᠶ᠋ᠢ ᠳᠥᠭᠦᠮ ᠳᠥᠲᠡ ᠪᠣᠯᠭᠠᠬᠤ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠎ᠢ ᠨᠡᠢᠲᠡᠯᠡᠵᠦ᠍᠂ ᠪᠣᠭᠤᠮᠲᠠ᠎ᠶ᠋ᠢᠨ ᠰᠦᠢᠳᠭᠡᠯ ᠬᠤᠷᠢᠶᠠᠬᠤ᠎ᠶ᠋ᠢ ᠢᠯᠭᠠᠷᠠᠭᠤᠯᠤᠨ ᠪᠠᠢᠴᠠᠭᠠᠬᠤ ᠠᠵᠢᠯ᠎ᠢ ᠥᠷᠨᠢᠭᠦᠯᠵᠦ᠍᠂ ᠴᠡᠭ᠌ᠴᠡᠯᠡᠵᠤ ᠵᠢᠷᠤᠮᠵᠢᠭᠤᠯᠬᠤ᠎ᠪᠠᠷ ᠳᠡᠮᠵᠢᠨ᠂ ᠪᠥᠬᠦ᠌ ᠣᠷᠣᠨ᠎ᠤ ᠪᠣᠭᠤᠮᠲᠠ᠎ᠶ᠋ᠢᠨ 52  ᠵᠦᠢᠯ᠎ᠤᠨ ᠰᠦᠢᠳᠭᠡᠯ ᠬᠤᠷᠢᠶᠠᠬᠤ ᠲᠦᠷᠦᠯ ᠵᠦᠢᠯ᠎ᠢ ᠬᠢᠨᠠᠨ ᠲᠣᠭ᠍ᠲᠠᠭᠠᠬᠤ᠎ᠶ᠋ᠢᠨ ᠬᠠᠮᠲᠤ ᠰᠦᠢᠳᠭᠡᠯ ᠬᠤᠷᠢᠶᠠᠬᠤ᠎ᠶ᠋ᠢ ᠢᠯᠡ ᠨᠡᠢᠲᠡᠯᠡᠬᠦ᠌ ᠬᠥᠳᠡᠯᠦᠩᠭᠦᠶ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠪᠠ᠃


3 + 4

《3 + 4》 ᠭᠡᠳᠡᠭ᠎ᠨᠢ ᠥᠪᠥᠷ ᠮᠣᠩᠭᠤᠯ᠎ᠤᠨ ᠳᠣᠲᠣᠷ᠎ᠠ ᠭᠠᠵᠠᠷ᠎ᠤᠨ ᠠᠢᠮᠠᠭ ᠬᠤᠲᠠ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠶ᠋ᠢ ᠳᠡᠮᠵᠢᠬᠦ᠌᠎ᠶ᠋ᠢᠨ ᠲᠥᠯᠥᠭᠡ᠂ ᠪᠥᠲᠥᠭᠡᠨ ᠪᠠᠢᠭᠤᠯᠬᠤ᠎ᠶ᠋ᠢ ᠠᠬᠢᠭᠤᠯᠵᠤ ᠪᠠᠢᠭ᠎ᠠ 3 ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ 4 ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ᠎ᠢ ᠬᠡᠯᠡᠵᠤ ᠪᠠᠢᠨ᠎ᠠ᠂ ᠪᠠᠰᠠ ᠴᠤ᠌ ᠥᠪᠥᠷ ᠮᠣᠩᠭᠤᠯ᠎ᠤᠨ 《ᠨᠡᠪᠲᠡᠷᠡᠯ ᠵᠠᠮ᠎ᠤᠨ ᠠᠵᠤ ᠠᠬᠤᠶ》 ᠎ᠶ᠋ᠢ 《ᠰᠠᠭᠤᠷᠢᠱᠢᠮᠠᠯ ᠠᠵᠤ ᠠᠬᠤᠶ》 ᠳᠠᠢᠰᠢ ᠢᠳᠡᠪᠬᠢᠲᠡᠶ ᠬᠤᠪᠢᠷᠠᠭᠤᠯᠬᠤ᠎ᠶ᠋ᠢ ᠠᠬᠢᠭᠤᠯᠵᠤ ᠪᠠᠢᠭ᠎ᠠ ᠶᠠᠪᠤᠳᠠᠯ ᠮᠥᠨ᠃ ᠥᠪᠥᠷ ᠮᠣᠩᠭᠤᠯ ᠤᠷᠢᠳ ᠬᠤᠵᠢᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠲᠥᠭᠡᠨ ᠪᠠᠢᠭᠤᠯᠬᠤ ᠠᠵᠢᠯᠯᠠᠭᠠᠨ᠎ᠤ ᠲᠥᠰᠦᠯ》᠂ 《ᠥᠪᠥᠷ ᠮᠣᠩᠭᠤᠯ᠎ᠤᠨ ᠪᠣᠭᠤᠮᠲᠠ᠎ᠶ᠋ᠢᠨ ᠪᠠᠢᠷᠢᠱᠢᠭᠤᠯᠤᠯᠲᠠ ᠬᠢᠭᠡᠳ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠳᠤᠮᠳᠠ ᠣᠷᠳᠣ ᠬᠤᠭᠤᠴᠠᠭᠠᠨ᠎ᠤ ᠲᠥᠯᠥᠪᠵᠢᠭᠦᠯᠭᠡ (2020 — 2030 ᠣᠨ)》 ᠎ᠶ᠋ᠢ ᠰᠤᠳᠤᠯᠤᠨ ᠨᠠᠢᠷᠠᠭᠤᠯᠪᠡ᠃ ᠪᠣᠭᠤᠮᠲᠠ᠎ᠶ᠋ᠢᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠠᠯ᠎ᠠ᠎ᠪᠠᠷ᠂ ᠶᠡᠷᠦᠩᠬᠡᠢᠯᠡᠭ᠌ᠰᠡᠨ ᠪᠣᠭᠤᠮᠲᠠ᠂ ᠭᠤᠤᠯᠳᠠᠯᠭ᠎ᠠ᠎ᠲᠠᠢ ᠪᠣᠭᠤᠮᠲᠠ ᠪᠠ ᠣᠨᠴᠠᠯᠢᠭ᠍ᠲᠤ ᠪᠣᠭᠤᠮᠲᠠ ᠶᠣᠰᠣᠭᠠᠷ ᠪᠠᠢᠷᠢ ᠲᠣᠭ᠍ᠲᠠᠭᠠᠯᠲᠠ ᠬᠢᠵᠦ᠍᠂ ᠪᠣᠭᠤᠮᠲᠠ᠎ᠶ᠋ᠢᠨ ᠬᠥᠭ᠌ᠵᠢᠯᠲᠡ᠎ᠶ᠋ᠢᠨ ᠲᠠᠰ ᠳᠠᠪᠬᠤᠷᠭ᠎ᠠ ᠪᠠ ᠬᠥᠭ᠌ᠵᠢᠯᠲᠡ᠎ᠶ᠋ᠢᠨ ᠭᠤᠤᠯᠳᠠᠯᠭ᠎ᠠ᠎ᠶ᠋ᠢ ᠲᠣᠳᠣᠷᠬᠠᠢᠯᠠᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号