ᠲᠦᠷᠦ᠎ᠶ᠋ᠢᠨ ᠪᠤᠳᠤᠯᠭ᠎ᠠ᠎ᠪᠠᠷ ᠤᠳᠤᠷᠢᠳᠤᠭᠤᠯᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠬᠦ᠍ᠴᠦᠨ ᠲᠡᠭᠦᠯᠳᠡᠷ
ᠳᠡᠯᠭᠡᠷ ᠵᠤᠨ᠎ᠤ ᠳᠠᠯ᠎ᠠ ᠨᠤᠳᠤᠭ ᠨᠣᠮᠢᠨ ᠨᠣᠭᠤᠭᠠᠨ᠎ᠢᠶᠠᠷ ᠬᠤᠴᠢᠭ᠍ᠳᠠᠵᠤ ᠳᠠᠷᠭᠤᠨ ᠰᠦᠷᠦᠭ᠎ᠤᠳ ᠳᠠᠪᠠᠳᠠᠢ ᠢᠳᠡᠱᠢᠯᠡᠨᠡ᠃ ᠠᠯᠤᠰ᠎ᠲᠤ ᠰᠤᠨᠤᠯᠵᠠᠭ᠍ᠰᠠᠨ ᠴᠤᠪᠤᠭ᠎ᠠ ᠵᠠᠮ᠎ᠢᠶᠠᠷ ᠤᠯᠠᠭᠠᠨᠮᠥ᠋ᠴᠢᠷ᠎ᠤᠨ ᠮᠠᠱᠢᠨᠨᠤᠭᠤᠳ ᠰᠦᠯᠵᠢᠯᠳᠦᠨ ᠵᠦᠷᠢᠯᠳᠦᠵᠤ ᠦᠨᠳᠦᠰᠦᠨ ᠱᠠᠳᠤᠨ᠎ᠳᠤ ᠬᠦᠨᠵᠡᠭᠡᠢᠷᠡᠨᠡ᠃
《ᠤᠯᠠᠭᠠᠨᠮᠥ᠋ᠴᠢᠷ᠎ᠤᠨ ᠮᠠᠱᠢᠨ ᠮᠠᠨᠢ ᠬᠦᠳᠡᠭᠡ ᠲᠤᠰᠭᠤᠨ᠎ᠢ ᠴᠢᠭ᠌ᠯᠡᠨᠡ᠂ ᠬᠠᠬᠢᠷ ᠬᠦᠢᠳᠡᠨ᠎ᠳᠤ ᠨᠦᠮᠦᠷᠢ ᠪᠤᠯᠵᠤ᠂ ᠠᠭᠠᠬᠢᠮ᠎ᠠ ᠬᠠᠯᠠᠭᠤᠨ᠎ᠳᠤ ᠰᠠᠷᠠᠪᠴᠢ ᠪᠤᠯᠤᠨ᠎ᠠ!》 《ᠮᠠᠨ᠎ᠤ ᠳᠠᠭᠤᠤ ᠱᠢᠩᠭᠡᠭᠡᠯᠳᠡ᠎ᠶ᠋ᠢᠨ ᠮᠠᠱᠢᠨ ᠬᠡᠳᠦ᠋ᠢᠪᠡᠷ ᠱᠢᠨ᠎ᠡ ᠪᠢᠰᠢ ᠪᠤᠯᠪᠠᠴᠤ᠌ ᠬᠦᠩᠬᠢᠨᠡᠮ᠎ᠡ ᠰᠠᠢᠬᠠᠨ ᠳᠠᠭᠤᠲᠠᠢ ᠱᠢᠦ!》 ᠬᠡᠵᠤ 6 ᠰᠠᠷ᠎ᠠ᠎ᠶ᠋ᠢᠨ 11 ᠤ ᠡᠳᠤᠷ ᠲᠦᠩᠯᠢᠶᠤᠤ ᠬᠤᠳᠠ᠎ᠶ᠋ᠢᠨ ᠵᠠᠷᠤᠳ ᠬᠤᠱᠢᠭᠤᠨ᠎ᠤ ᠤᠯᠠᠭᠠᠨᠮᠥ᠋ᠴᠢᠷ᠎ᠤᠨ᠎ᠬᠢᠨ ᠦᠯᠵᠡᠢᠮᠦᠷᠡᠨ ᠰᠤᠮᠤ᠎ᠳᠤ ᠬᠦᠨᠵᠡᠭᠡᠢᠷᠡᠵᠤ 《ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠨ ᠬᠦᠳᠡᠭᠡ ᠳᠤᠰᠭᠤᠨ᠎ᠤ ᠬᠦᠭ᠌ᠵᠢᠨ ᠮᠠᠨᠳᠤᠯᠳᠠ᠎ᠶ᠋ᠢ ᠠᠬᠢᠭᠤᠯᠤᠶ᠎ᠠ》 ᠬᠡᠬᠦ᠌ ᠳᠤᠰᠭᠠᠢ ᠳᠤᠭ᠍ᠯᠠᠯᠳᠠ ᠭᠠᠷᠭᠠᠬᠤ᠎ᠶ᠋ᠢᠨ ᠵᠠᠭᠤᠷ᠎ᠠ ᠪᠠᠶᠠᠷᠳᠠᠢᠬᠠᠨ ᠵᠤᠭᠤᠭ᠍ᠳᠠᠵᠠᠭᠠᠨᠠ᠃

ᠤᠢ᠍ᠢᠷ᠎ᠠ᠎ᠶ᠋ᠢᠨ ᠵᠢᠯ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ ᠶᠡᠷᠦᠩᠭᠡᠢ ᠱᠦᠵᠢ ᠰᠢ᠎ᠶ᠋ᠢᠨ ᠫᠢᠩ᠎ᠤᠨ ᠤᠯᠠᠭᠠᠨᠮᠥ᠋ᠴᠢᠷ᠎ᠤᠨ ᠦᠢᠯᠡᠰ᠎ᠤᠨ ᠳᠤᠬᠠᠢ ᠴᠢᠬᠤᠯᠠ ᠵᠢᠭᠠᠪᠤᠷᠢ᠎ᠶ᠋ᠢ ᠨᠠᠢᠳᠠᠪᠤᠷᠢᠵᠢᠭᠤᠯᠵᠤ᠂ ᠤᠯᠠᠭᠠᠨᠮᠥ᠋ᠴᠢᠷ᠎ᠤᠨ ᠦᠢᠯᠡᠰ᠎ᠤᠨ ᠬᠦᠭ᠌ᠵᠢᠯᠳᠡ᠎ᠳᠤ ᠪᠦᠬᠦ᠌ ᠳᠠᠯ᠎ᠠ᠎ᠶ᠋ᠢᠨ ᠪᠠᠢᠷᠢᠯᠠᠭᠤᠯᠤᠯᠳᠠ ᠬᠢᠪᠡ᠃
2019 ᠣᠨ᠎ᠤ 11 ᠰᠠᠷ᠎ᠠ᠎ᠶ᠋ᠢᠨ 1 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠤᠨ ᠲᠦᠷᠢᠮ᠎ᠢ ᠵᠢᠩᠬᠢᠨᠢ᠎ᠪᠠᠷ ᠬᠡᠷᠡᠭ᠌ᠵᠢᠭᠦᠯᠵᠦ᠍᠂ ᠤᠯᠠᠭᠠᠨᠮᠥ᠋ᠴᠢᠷ᠎ᠤᠨ ᠠᠭᠤᠯᠤᠭ᠍ᠳᠠᠬᠤᠨ᠂ ᠱᠢᠨᠵᠢ ᠴᠢᠨᠠᠷ᠂ ᠡᠭᠦᠷᠭᠡ ᠴᠢᠳᠠᠪᠬᠢ᠂ ᠵᠠᠷᠤᠳᠠᠯ᠎ᠤᠨ ᠪᠠᠲᠤᠯᠠᠭ᠎ᠠ ᠵᠡᠷᠭᠡ ᠣᠯᠠᠨ ᠲᠠᠯ᠎ᠠ᠎ᠶ᠋ᠢ ᠵᠢᠷᠤᠮᠵᠢᠭᠤᠯᠵᠤ᠂ ᠤᠯᠠᠭᠠᠨᠮᠥ᠋ᠴᠢᠷ᠎ᠤᠨ ᠭᠡᠱᠢᠭᠦᠳ᠎ᠤᠨ ᠰᠡᠳᠭᠢᠯ᠎ᠢ ᠳᠤᠭ᠍ᠳᠠᠨᠢᠭᠤᠯᠪᠠ; ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠤᠨ᠂ ᠪᠥᠬᠦ᠌ ᠣᠷᠣᠨ᠎ᠤ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯᠲᠡ᠎ᠳᠤ ᠲᠤᠰᠭᠠᠶ ᠵᠠᠷᠤᠳᠠᠯ ᠭᠠᠷᠭᠠᠵᠤ᠂ ᠤᠷᠢᠳ ᠬᠤᠵᠢᠳ ᠪᠥᠬᠦ᠌ ᠣᠷᠣᠨ᠎ᠤ 75 ᠤᠯᠠᠭᠠᠨᠮᠥ᠋ᠴᠢᠷ᠎ᠲᠤ ᠲᠣᠭ᠍ᠯᠠᠯᠲᠠ᠎ᠶ᠋ᠢᠨ ᠲᠣᠮᠣ ᠬᠡᠯᠪᠡᠷᠢ᠎ᠶ᠋ᠢᠨ ᠮᠠᠱᠢᠨ ᠲᠡᠷᠭᠡ ᠪᠠ ᠨᠡᠭᠦᠳᠡᠯ ᠺᠢᠨᠣ᠋ ᠭᠠᠷᠭᠠᠬᠤ ᠮᠠᠱᠢᠨ ᠲᠣᠬᠢᠷᠠᠭᠤᠯᠵᠤ᠂ 32 ᠶᠠᠳᠠᠭᠤ ᠬᠦᠴᠢᠷᠳᠡᠯᠲᠡᠶ ᠬᠤᠱᠢᠭᠤ ᠱᠢᠶᠠᠨ᠂ ᠬᠢᠯᠢ᠎ᠶ᠋ᠢᠨ ᠬᠤᠱᠢᠭᠤ ᠱᠢᠶᠠᠨ᠎ᠤ ᠤᠯᠠᠭᠠᠨᠮᠥ᠋ᠴᠢᠷ᠎ᠲᠤ ᠳᠤᠮᠳᠠ ᠵᠡᠷᠭᠡ᠎ᠶ᠋ᠢᠨ ᠮᠠᠱᠢᠨ ᠲᠡᠷᠭᠡ ᠲᠣᠬᠢᠷᠠᠭᠤᠯᠪᠠ; ᠤᠯᠠᠭᠠᠨᠮᠥ᠋ᠴᠢᠷ᠎ᠤᠨ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠮᠠᠨ᠎ᠤ ᠣᠷᠣᠨ ᠣᠲᠣ ᠪᠠᠢᠭ᠎ᠠ 75 ᠤᠯᠠᠭᠠᠨᠮᠥ᠋ᠴᠢᠷ᠎ᠢ ᠨᠡᠢᠲᠡ᠎ᠶ᠋ᠢᠨ ᠠᠰᠠᠷᠠᠮᠵᠢ᠎ᠶ᠋ᠢᠨ ᠨᠢᠭᠡᠳᠦᠭᠡᠷ ᠲᠥᠷᠥᠯ᠎ᠤᠨ ᠠᠵᠢᠯ ᠦᠢᠯᠡᠰ᠎ᠤᠨ ᠨᠢᠭᠡᠴᠢ᠎ᠪᠠᠷ ᠲᠣᠭ᠍ᠲᠠᠭᠠᠭ᠍ᠰᠠᠨ ᠪᠥᠭᠡᠳ 12 ᠤᠯᠠᠭᠠᠨᠮᠥ᠋ᠴᠢᠷ᠎ᠢ ᠠᠵᠢᠯᠲᠠᠨ᠎ᠤ ᠶᠠᠪᠤᠳᠠᠯ᠂ ᠴᠠᠯᠢᠩ ᠬᠥᠯᠥᠰᠥ᠍᠂ ᠴᠢᠳᠠᠪᠤᠷᠢᠲᠠᠨ᠎ᠤ ᠲᠦᠷᠢᠮ᠎ᠤᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠢᠬ ᠪᠤᠯᠭᠠᠪᠠ ᠁
ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠨᠠᠢᠳᠠᠪᠤᠷᠢᠵᠢᠭᠤᠯᠵᠤ᠂ ᠤᠯᠠᠭᠠᠨᠮᠥ᠋ᠴᠢᠷ᠎ᠲᠤ ᠡᠷᠡᠭᠦᠯ ᠪᠥᠭᠡᠳ ᠡᠮᠬᠢ ᠵᠢᠷᠤᠮ᠎ᠲᠠᠢ ᠦᠰᠦᠨ ᠪᠤᠢᠵᠢᠬᠤ ᠣᠷᠴᠢᠨ ᠲᠣᠭᠤᠷᠢᠨ᠎ᠢ ᠬᠠᠩᠭᠠᠵᠤ᠂ ᠴᠢᠳᠠᠪᠤᠷᠢᠲᠠᠨ᠎ᠢ ᠬᠥᠮᠦᠵᠢᠭᠦᠯᠤᠨ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠪᠠᠳᠠᠷᠠᠭᠤᠯᠪᠠ᠃ ᠠᠷᠪᠠᠨ ᠭᠤᠷᠪᠠᠳᠤᠭᠠᠷ ᠳᠠᠪᠤᠨ ᠵᠢᠯ᠎ᠤᠨ ᠬᠤᠭᠤᠴᠠᠭᠠᠨ᠎ᠳᠤ᠂ ᠮᠠᠨ᠎ᠤ ᠣᠷᠣᠨ ᠤᠯᠠᠭᠠᠨᠮᠥ᠋ᠴᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠪᠥᠬᠦ᠌ ᠣᠷᠣᠨ᠎ᠤ ᠤᠳᠭ᠎ᠠ ᠤᠷᠠᠯᠢᠭ᠎ᠤᠨ ᠴᠢᠳᠠᠪᠤᠷᠢᠲᠠᠨ ᠬᠥᠮᠦᠵᠢᠭᠦᠯᠬᠦ᠌ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠳᠤ ᠣᠷᠣᠭᠤᠯᠵᠤ᠂ ᠤᠯᠠᠭᠠᠨᠮᠥ᠋ᠴᠢᠷ᠎ᠤᠨ ᠴᠢᠳᠠᠪᠤᠷᠢᠲᠠᠨ᠎ᠤ ᠮᠡᠳᠡᠭᠡ ᠵᠠᠩᠭᠢ᠎ᠶ᠋ᠢᠨ ᠬᠥᠮᠥᠷᠭᠡ᠎ᠶ᠋ᠢ ᠪᠠᠢᠭᠤᠯᠬᠤ᠎ᠶ᠋ᠢᠨ ᠬᠠᠮᠲᠤ ᠲᠥᠪ᠎ᠤᠨ ᠦᠨᠳᠦᠰᠦᠲᠡᠨ᠎ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ᠎ᠲᠠᠢ ᠬᠠᠮᠲᠤᠷᠠᠯᠴᠠᠨ᠂ ᠴᠢᠳᠠᠪᠤᠷᠢᠲᠠᠨ᠎ᠤ ᠪᠣᠯᠪᠠᠰᠤᠷᠠᠭᠤᠯᠤᠯ ᠬᠥᠮᠦᠵᠢᠯ᠎ᠢ ᠴᠢᠩᠭᠠᠳᠭᠠᠪᠠ᠃
ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠳᠠᠭᠠᠵᠤ᠂ ᠪᠦᠬᠦ᠌ ᠤᠷᠤᠨ᠎ᠤ ᠤᠯᠠᠭᠠᠨᠮᠥ᠋ᠴᠢᠷ ᠱᠢᠨ᠎ᠡ᠎ᠶ᠋ᠢ ᠡᠭᠦᠳᠬᠦ᠌ ᠥᠭᠡᠷᠡᠴᠢᠯᠡᠯᠲᠡ᠎ᠶ᠋ᠢᠨ ᠠᠯᠬᠤᠭ᠎ᠠ᠎ᠪᠠᠨ ᠨᠠᠩ ᠡᠷᠡᠰ ᠪᠠᠲᠤ ᠪᠣᠯᠭᠠᠵᠤ᠂ ᠥᠨᠢ ᠡᠭᠦᠷᠢᠳᠡ ᠲᠠᠯ᠎ᠠ ᠨᠤᠲᠤᠭ᠎ᠤᠨ ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠪᠣᠯᠬᠤ ᠡᠭᠦᠷᠭᠡ᠎ᠶ᠋ᠢ ᠠᠴᠢᠶᠠᠯᠠᠨ᠂ ᠲᠠᠯ᠎ᠠ ᠨᠤᠲᠤᠭ᠎ᠲᠤ ᠨᠠᠩ ᠣᠯᠠᠨ ᠬᠡᠷᠡᠯ ᠭᠢᠯᠪᠠᠭ᠎ᠠ ᠨᠡᠮᠡᠷᠢᠯᠡᠬᠦ᠌᠎ᠨᠢ ᠯᠠᠪᠲᠠᠶ ᠶᠤᠮ᠃

ᠱᠢᠯᠢᠳᠡᠭ ᠪᠦᠳᠦᠭᠡᠯ ᠳᠤᠭᠤᠷᠪᠢᠨ ᠵᠤᠬᠢᠶᠠᠵᠤ ᠴᠠᠭ ᠦᠶ᠎ᠡ᠎ᠶ᠋ᠢᠨ ᠬᠦᠭ ᠠᠶᠠᠰ ᠢᠯᠭᠤᠮ ᠰᠤᠨᠤᠰᠭᠤᠯᠠᠩ
ᠠᠷᠠᠳ ᠲᠦᠮᠡᠨ᠎ᠳᠤ ᠤᠷᠠᠯᠢᠭ ᠬᠡᠷᠡᠭᠲᠠᠢ᠂ ᠤᠷᠠᠯᠢᠭ᠎ᠲᠤ ᠴᠤ᠌ ᠠᠷᠠᠳ ᠲᠦᠮᠡᠨ ᠬᠡᠷᠡᠭᠲᠠᠢ᠃ ᠲᠠᠯ᠎ᠠ ᠨᠤᠲᠤᠭ᠎ᠲᠤ ᠦᠨᠳᠦᠰᠦᠯᠡᠭ᠌ᠰᠡᠨ ᠤᠯᠠᠭᠠᠨᠮᠥ᠋ᠴᠢᠷ ᠪᠣᠯ ᠤᠷᠠᠯᠢᠭ᠎ᠤᠨ ᠦᠷ᠎ᠡ ᠪᠦᠲᠦᠭᠡᠯ᠎ᠢ ᠪᠤᠢᠵᠢᠭᠤᠯᠬᠤ ᠥᠯᠥᠭᠡᠶ ᠮᠥᠨ᠂ ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠤᠨ ᠭᠡᠱᠢᠭᠦᠳ ᠴᠠᠭ ᠦᠶ᠎ᠡ᠎ᠶ᠋ᠢ᠎ᠲᠠᠭᠠᠨ ᠤᠷᠤᠭ᠍ᠰᠢᠯᠠᠵᠤ ᠥᠪᠥᠷ ᠮᠣᠩᠭᠤᠯ᠎ᠤᠨ ᠡᠬᠡ ᠭᠠᠵᠠᠷ ᠳᠡᠭᠡᠷ᠎ᠡ ᠠᠶᠠᠯᠠᠨ᠂ ᠣᠯᠠᠨ ᠲᠦᠮᠡᠨ᠎ᠲᠠᠢ ᠣᠢᠷᠠᠲᠤᠭ᠍ᠰᠠᠨ ᠣᠯᠠᠨ ᠲᠦᠮᠡᠨ᠎ᠳᠤ ᠲᠠᠭᠠᠱᠢᠶᠠᠭ᠍ᠳᠠᠭ᠍ᠰᠠᠨ ᠱᠢᠯᠢᠳᠡᠭ ᠪᠦᠲᠦᠭᠡᠯ ᠲᠤᠭᠤᠷᠪᠢᠵᠤ᠂ ᠤᠯᠠᠭᠠᠨᠮᠥ᠋ᠴᠢᠷ᠎ᠢ ᠥᠪᠥᠷ ᠮᠣᠩᠭᠤᠯ᠎ᠤᠨ ᠤᠳᠭ᠎ᠠ ᠤᠷᠠᠯᠢᠭ᠎ᠤᠨ ᠵᠣᠷᠢᠭ ᠰᠠᠨᠠᠭᠠᠨ᠎ᠤ ᠪᠡᠯᠭᠡ ᠲᠡᠮᠳᠡᠭ ᠪᠣᠯᠭᠠᠬᠤ᠎ᠪᠠᠷ ᠴᠢᠷᠮᠠᠢᠵᠤ ᠪᠠᠢᠨ᠎ᠠ᠃
ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠠᠯᠠᠱᠠ ᠠᠢᠮᠠᠭ᠎ᠤᠨ ᠤᠯᠠᠭᠠᠨᠮᠥ᠋ᠴᠢᠷ᠎ᠤᠨ ᠵᠣᠬᠢᠶᠠᠨ ᠪᠦᠲᠦᠭᠡᠭ᠌ᠰᠡᠨ 《ᠳᠣᠷᠣᠨ᠎ᠠ᠎ᠶ᠋ᠢᠨ ᠰᠠᠯᠬᠢ ᠬᠦᠷᠴᠢᠭᠢᠨᠡᠨᠡ》 ᠭᠡᠬᠦ᠌ ᠶᠠᠷᠢᠶᠠᠲᠤ ᠵᠦᠴᠦᠭᠡ ᠳᠠᠬᠢᠨᠲᠠ ᠠᠯᠲᠠᠨ ᠲᠤᠤᠷᠠᠢ᠎ᠶ᠋ᠢᠨ ᠳᠠᠭᠤᠤ ᠬᠥᠭ᠌ᠵᠢᠮ᠎ᠤᠨ ᠲᠢᠩᠬᠢᠮ᠎ᠳᠤ ᠳᠤᠭ᠍ᠯᠠᠭ᠍ᠳᠠᠪᠠ᠃ 2018 ᠣᠨ᠎ᠳᠤ ᠵᠣᠬᠢᠶᠠᠨ ᠪᠦᠲᠦᠭᠡᠭ᠌ᠳᠡᠭ᠌ᠰᠡᠨ ᠲᠤᠰ ᠵᠦᠴᠦᠭᠡ᠎ᠶ᠋ᠢ ᠠᠯᠠᠱᠠ ᠠᠢᠮᠠᠭ᠎ᠤᠨ ᠤᠯᠠᠭᠠᠨᠮᠥ᠋ᠴᠢᠷ᠎ᠤᠨ᠎ᠬᠢᠨ ᠰᠣᠳᠣᠨ ᠪᠦᠲᠦᠭᠡᠯ᠎ᠤᠨ ᠤᠷᠠᠯᠢᠭ᠎ᠤᠨ ᠪᠠᠷᠢᠮᠵᠢᠶ᠎ᠠ᠎ᠪᠠᠷ ᠵᠢᠯ ᠪᠦᠷᠢ ᠱᠢᠰᠲ᠋ᠧᠮ᠎ᠲᠠᠢ ᠱᠢᠯᠢᠳᠡᠭ᠌ᠵᠢᠭᠦᠯᠵᠤ ᠪᠠᠢᠯ᠎ᠠ᠃
ᠠᠷᠠᠳ ᠲᠦᠮᠡᠨ᠎ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠪᠦᠬᠦ᠌ ᠣᠷᠣᠨ᠎ᠤ ᠤᠯᠠᠭᠠᠨᠮᠥ᠋ᠴᠢᠷ᠎ᠤᠨ᠎ᠬᠢᠨ ᠤᠳᠠᠭ᠎ᠠ ᠪᠦᠷᠢ ᠨᠠᠷᠢᠯᠢᠭ ᠵᠠᠲᠠᠯᠵᠤ ᠨᠢᠮᠪᠠᠢ ᠰᠤᠳᠤᠯᠬᠤ ᠳᠤᠮᠳᠠ ᠱᠢᠨ᠎ᠡ᠎ᠶ᠋ᠢ ᠡᠭᠦᠳᠦᠨ᠂ ᠰᠤᠳᠤᠨ ᠪᠦᠳᠦᠭᠡᠯ ᠵᠤᠬᠢᠶᠠᠨ ᠪᠦᠳᠦᠭᠡᠬᠦ᠌᠎ᠶ᠋ᠢ ᠬᠦᠬᠡᠭᠡᠴᠡᠯᠳᠦᠭ᠌ᠰᠡᠭᠡᠷ ᠢᠷᠡᠪᠠ᠃ ᠣᠢᠷ᠎ᠠ᠎ᠶ᠋ᠢᠨ ᠵᠢᠯ᠎ᠳᠤ᠂ ᠤᠯᠠᠭᠠᠨᠮᠥ᠋ᠴᠢᠷ᠎ᠤᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢ ᠴᠡᠴᠡᠭ᠌ᠯᠡᠭᠦᠯᠦᠨ ᠬᠥᠭ᠌ᠵᠢᠭᠦᠯᠬᠦ᠌᠎ᠶ᠋ᠢᠨ ᠲᠥᠯᠥᠭᠡ᠂ ᠮᠠᠨ᠎ᠤ ᠣᠷᠣᠨ ᠴᠢᠬᠤᠯᠠ ᠶᠡᠭᠡ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠤᠯᠠᠭᠠᠨᠮᠥ᠋ᠴᠢᠷ᠎ᠤᠨ ᠰᠣᠩᠭᠤᠳᠠᠭ ᠳᠠᠭᠤᠤ ᠬᠥᠭ᠌ᠵᠢᠮ ᠪᠥᠵᠢᠭ᠎ᠤᠨ ᠪᠦᠲᠦᠭᠡᠯ᠎ᠤᠨ ᠲᠡᠭᠦᠪᠦᠷᠢ᠎ᠶ᠋ᠢ ᠬᠡᠪᠯᠡᠭᠦᠯᠤᠨ᠂ 69 ᠰᠣᠩᠭᠤᠳᠠᠭ ᠫᠷᠤᠭ᠌ᠷᠠᠮ᠎ᠢ ᠡᠮᠬᠢᠯᠡᠨ ᠳᠤᠭᠤᠷᠪᠢᠪᠡ; ᠪᠤᠳᠠᠳᠤ ᠦᠵᠡᠭ᠌ᠳᠡᠯᠲᠦ ᠳᠠᠭᠤᠤ ᠪᠥᠵᠢᠭ᠎ᠤᠨ ᠳᠤᠭ᠍ᠯᠠᠯᠳᠠ 《ᠲᠠᠯ᠎ᠠ ᠨᠤᠲᠤᠭ᠎ᠤᠨ ᠤᠯᠠᠭᠠᠨᠮᠥ᠋ᠴᠢᠷ》᠂ ᠳᠠᠭᠤᠤ ᠪᠥᠵᠢᠭ᠌ᠲᠦ ᠵᠦᠴᠦᠭᠡ 《ᠮᠢᠨᠦ᠍ ᠤᠯᠠᠭᠠᠨᠮᠥ᠋ᠴᠢᠷ》 2018 ᠣᠨ᠎ᠤ ᠪᠥᠬᠦ᠌ ᠤᠯᠤᠰ᠎ᠤᠨ ᠲᠠᠢᠰᠠᠨ ᠤᠷᠠᠯᠢᠭ᠎ᠤᠨ ᠰᠣᠳᠣᠨ ᠪᠦᠲᠦᠭᠡᠯ᠎ᠤᠨ ᠠᠷᠪᠠᠨ ᠶᠡᠭᠡ ᠭᠤᠤᠯᠳᠠᠯᠭ᠎ᠠ᠎ᠲᠠᠢ ᠲᠡᠳᠬᠦᠨ ᠳᠡᠮᠵᠢᠬᠦ᠌ ᠵᠦᠴᠦᠭᠡ᠎ᠶ᠋ᠢᠨ ᠵᠢᠭ᠍ᠰᠠᠭᠠᠯ᠎ᠳᠤ ᠰᠤᠩᠭᠤᠭ᠍ᠳᠠᠨ ᠤᠷᠤᠪᠠ; ᠪᠥᠵᠢᠭ 《ᠬᠠᠷ᠎ᠠ ᠲᠣᠷᠭᠠᠨ ᠬᠠᠨᠵᠢᠶᠠᠷ》 ᠠᠷᠪᠠᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》 ᠤᠨ ᠠᠯᠲᠠᠨ ᠱᠠᠩᠨᠠᠯ᠎ᠢ ᠭᠥᠷᠳᠡᠪᠡ; ᠷᠣᠮᠠᠨ 《ᠤᠯᠠᠭᠠᠨ ᠰᠠᠷᠠᠯᠠᠩ》᠂ ᠺᠢᠨᠣ᠋ 《ᠵᠧᠤ ᠧᠨ ᠯᠠᠶ ᠬᠢᠭᠡᠳ ᠤᠯᠠᠭᠠᠨᠮᠥ᠋ᠴᠢᠷ》᠂ ᠮᠣᠩᠭᠤᠯ ᠵᠦᠴᠦᠭᠡ 《ᠤᠯᠠᠭᠠᠨᠮᠥ᠋ᠴᠢᠷ᠎ᠤᠨ ᠨᠠᠢᠷ》 ᠵᠡᠷᠭᠡ ᠨᠢᠭᠡ ᠪᠦᠯᠦᠭ ᠰᠣᠳᠣᠨ ᠪᠦᠲᠦᠭᠡᠯ ᠵᠠᠯᠭᠠᠭ᠎ᠠ᠎ᠪᠠᠷ ᠵᠤᠬᠢᠶᠠᠨ ᠪᠦᠳᠦᠭᠡᠭ᠌ᠳᠡᠭ᠌ᠰᠡᠨ ᠪᠠᠢᠨ᠎ᠠ᠃
ᠠᠮᠢᠳᠤᠷᠠᠯ᠎ᠤᠨ ᠬᠠᠯᠠᠭᠤᠨ ᠬᠦᠷᠦᠰᠦᠨ᠎ᠳᠤ ᠦᠨᠳᠦᠰᠦᠯᠡᠭ᠌ᠰᠡᠨ᠎ᠠᠴᠠ᠂ ᠤᠯᠠᠭᠠᠨᠮᠥ᠋ᠴᠢᠷ᠎ᠤᠨ᠎ᠬᠢᠨ ᠬᠢᠵᠠᠭᠠᠯᠠᠰᠢ ᠦᠭᠡᠢ ᠤᠯᠠᠨ ᠵᠣᠬᠢᠶᠠᠨ ᠪᠦᠲᠦᠭᠡᠯᠭᠡ᠎ᠶ᠋ᠢᠨ ᠱᠢᠮ᠎ᠡ ᠲᠡᠵᠢᠭᠡᠯ ᠬᠦᠷᠲᠡᠵᠦ᠍ ᠪᠠᠢᠨ᠎ᠠ᠃ ᠪᠥᠬᠦ᠌ ᠣᠷᠣᠨ᠎ᠤ ᠤᠯᠠᠭᠠᠨᠮᠥ᠋ᠴᠢᠷ ᠬᠠᠷᠢᠯᠴᠠᠨ ᠤᠢ᠍ᠢᠯᠠᠭᠠᠯᠴᠠᠨ ᠰᠤᠶᠤᠯ᠎ᠤᠨ ᠰᠤᠯᠢᠯᠴᠠᠭ᠎ᠠ ᠶᠠᠪᠤᠭ᠍ᠳᠠᠭᠤᠯᠬᠤ ᠳᠤᠮᠳᠠ᠎ᠪᠠᠨ ᠲᠣᠰ ᠲᠣᠰ᠎ᠤᠨ᠎ᠢᠶᠠᠨ ᠳᠠᠪᠠᠭᠤᠯᠢᠭ᠎ᠢ ᠪᠠᠳᠠᠷᠠᠭᠤᠯᠵᠤ᠂ ᠪᠡᠶ᠎ᠡ ᠪᠡᠶ᠎ᠡ᠎ᠶ᠋ᠢᠨ᠎ᠢᠶᠠᠨ ᠠᠪᠢᠶᠠᠰ ᠪᠢᠯᠢᠭ᠎ᠢ ᠬᠥᠭ᠌ᠵᠢᠭᠡᠪᠡ᠃ ᠨᠠᠶᠮᠠᠳᠤᠭᠠᠷ ᠬᠤᠭᠤᠴᠠᠭᠠᠨ᠎ᠤ ᠤᠯᠠᠭᠠᠨᠮᠥ᠋ᠴᠢᠷ᠎ᠤᠨ ᠤᠷᠠᠯᠢᠭ᠎ᠤᠨ ᠨᠠᠢᠷ ᠠᠮᠵᠢᠯᠳᠠ᠎ᠲᠠᠢ ᠶᠠᠪᠤᠭ᠍ᠳᠠᠵᠤ᠂ ᠤᠳᠤᠬᠠᠨ᠎ᠳᠤ ᠤᠯᠠᠭᠠᠨᠮᠥ᠋ᠴᠢᠷ᠎ᠤᠨ ᠨᠠᠢᠷ᠎ᠨᠢ ᠨᠢᠭᠡᠨᠳᠡ ᠳᠠᠭᠤᠤ ᠪᠥᠵᠢᠭ᠎ᠢᠶᠠᠷ ᠶᠠᠷᠢᠯᠴᠠᠭ᠎ᠠ ᠦᠷᠨᠢᠭᠦᠯᠬᠦ᠌ ᠨᠠᠷᠠᠲᠤ ᠲᠡᠮᠳᠡᠭ᠌ᠳᠦ ᠦᠪᠡᠳᠡᠭ᠌ᠰᠢ ᠴᠤᠭ᠍ᠯᠠᠭᠠᠨ ᠪᠣᠯᠵᠣ ᠬᠥᠭ᠌ᠵᠢᠪᠡ; ᠵᠢᠯ ᠪᠦᠷᠢ ᠵᠣᠬᠢᠶᠠᠨ ᠪᠠᠢᠭᠤᠯᠵᠤ ᠥᠷᠨᠢᠭᠦᠯᠵᠤ ᠪᠠᠢᠭ᠎ᠠ ᠵᠡᠭᠦᠨ ᠪᠠᠷᠠᠭᠤᠨ ᠤᠷᠤᠨ᠎ᠤ ᠤᠯᠠᠭᠠᠨᠮᠥ᠋ᠴᠢᠷ᠎ᠤᠨ ᠰᠤᠶᠤᠯ᠎ᠤᠨ ᠰᠤᠯᠢᠯᠴᠠᠭ᠎ᠠ ᠬᠢᠬᠡᠳ ᠳᠤᠭᠤᠷᠢᠨ ᠳᠤᠭ᠍ᠯᠠᠯᠳᠠ᠎ᠨᠢ ᠤᠯᠠᠭᠠᠨᠮᠥ᠋ᠴᠢᠷ᠎ᠤᠨ ᠵᠣᠬᠢᠶᠠᠨ ᠪᠦᠲᠦᠭᠡᠯᠭᠡ᠂ ᠲᠣᠭ᠍ᠯᠠᠯᠲᠠ᠎ᠶ᠋ᠢᠨ ᠤᠷ᠎ᠠ ᠮᠡᠷᠭᠡᠵᠢᠯ ᠬᠢᠬᠡᠳ ᠣᠯᠠᠨ ᠲᠦᠮᠡᠨ᠎ᠳᠤ ᠦᠢᠯᠡᠴᠢᠯᠡᠬᠦ᠌ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
6 ᠰᠠᠷ᠎ᠠ᠎ᠶ᠋ᠢᠨ 17 ᠤ ᠡᠳᠦᠷ᠂ 2021 ᠣᠨ᠎ᠤ ᠪᠥᠬᠦ᠌ ᠣᠷᠣᠨ᠎ᠤ ᠤᠯᠠᠭᠠᠨᠮᠥ᠋ᠴᠢᠷ᠎ᠤᠨ ᠰᠠᠷ᠎ᠠ᠎ᠶ᠋ᠢᠨ ᠠᠵᠢᠯᠯᠠᠭ᠎ᠠ ᠡᠬᠢᠯᠡᠵᠦ᠍᠂ ᠪᠥᠬᠦ᠌ ᠣᠷᠣᠨ᠎ᠤ ᠤᠯᠠᠭᠠᠨᠮᠥ᠋ᠴᠢᠷ᠎ᠤᠨ ᠰᠤᠶᠤᠯ᠎ᠤᠨ ᠰᠤᠯᠢᠯᠴᠠᠭᠠᠨ᠎ᠤ ᠲᠣᠭ᠍ᠯᠠᠯᠲᠠ᠂ 《ᠤᠯᠠᠭᠠᠨᠮᠥ᠋ᠴᠢᠷ᠎ᠤᠨ ᠭᠡᠱᠢᠭᠦᠳ᠎ᠤᠨ ᠨᠢᠭᠡ ᠡᠳᠦᠷ》 ᠬᠡᠬᠦ᠌ ᠰᠦᠯᠵᠢᠶᠡᠨ᠎ᠤ ᠸᠢᠳᠢᠣ᠋ ᠪᠢᠴᠢᠯᠭᠡ᠎ᠶ᠋ᠢᠨ ᠡᠳᠦᠷ᠎ᠤᠨ ᠲᠡᠮᠳᠡᠭ᠌ᠯᠡᠯ ᠱᠢᠩᠭᠡᠭᠡᠨ ᠦᠢᠯᠡᠳᠬᠦ᠌ ᠵᠡᠷᠭᠡ ᠣᠨᠴᠠᠯᠢᠭ᠍ᠲᠤ ᠠᠵᠢᠯᠯᠠᠭ᠎ᠠ᠎ᠶ᠋ᠢ ᠪᠥᠬᠦ᠌ ᠣᠷᠣᠨ᠎ᠤ ᠬᠡᠪᠴᠢᠶᠡᠨ᠎ᠳᠤ ᠦᠷᠨᠢᠭᠦᠯᠪᠡ᠃ ᠬᠦᠬᠡ ᠤᠭ᠍ᠳᠠᠷᠭᠤᠢ ᠴᠡᠩᠬᠡᠷᠯᠡᠨ ᠨᠤᠮᠢᠨ ᠳᠠᠯ᠎ᠠ ᠨᠡᠯᠡᠢᠭ᠌ᠰᠡᠨ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷ᠎ᠡ᠂ 《ᠳᠠᠯ᠎ᠠ ᠨᠤᠳᠤᠭ᠎ᠤᠨ ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠨᠡᠩ ᠥᠷᠭᠡᠨ ᠠᠭᠤᠳᠠᠮ ᠲᠠᠪᠴᠠᠩ᠎ᠳᠤ ᠪᠠᠳᠮᠠᠯᠠᠨ ᠲᠡᠯᠬᠡᠷᠡᠨ᠎ᠡ!

ᠲᠠᠭᠤᠯᠠᠨ ᠪᠦᠵᠢᠭ᠌ᠯᠡᠨᠠ
ᠬᠡᠷᠡᠯ ᠵᠢᠷᠤᠭ ᠤᠳ᠎ᠢ ᠰᠤᠷᠪᠤᠯᠵᠢᠯᠠᠭ᠍ᠴᠢ ᠮᠦᠡᠭ᠌ᠬᠡᠴᠢᠯᠠᠭᠤ ᠰᠡᠬᠦᠳᠡᠷᠯᠡᠪᠡ
ᠠᠷᠠᠳ ᠲᠦᠮᠡᠨ᠎ᠤ ᠳᠤᠮᠳᠠ ᠦᠨᠳᠦᠰᠦᠯᠡᠭ᠌ᠰᠡᠨ ᠬᠤᠪᠢᠰᠭᠠᠯ᠎ᠤᠨ ᠤᠳᠤᠮᠱᠢᠯ ᠥᠨᠢᠳᠡ ᠮᠥᠩᠬᠡᠷᠡᠨ᠎ᠡ
ᠤᠯᠠᠭᠠᠨᠮᠥ᠋ᠴᠢᠷ ᠪᠠᠢᠭᠤᠯᠤᠭ᠍ᠳᠠᠭ᠍ᠰᠠᠨ ᠡᠳᠦᠷ᠎ᠠᠴᠠ᠎ᠪᠠᠨ ᠡᠬᠢᠯᠡᠨ᠂ ᠠᠷᠠᠳ ᠲᠦᠮᠡᠨ᠎ᠳᠤ ᠦᠢᠯᠡᠴᠢᠯᠡᠬᠦ᠌᠎ᠪᠠᠷ ᠳᠠᠷᠬᠠᠨ ᠡᠭᠦᠷᠭᠡ ᠪᠤᠯᠭᠠᠵᠤ᠂ ᠥᠪᠥᠷ ᠮᠣᠩᠭᠤᠯ᠎ᠤᠨ ᠭᠠᠵᠠᠷ ᠠᠭᠤᠳᠠᠮ ᠬᠥᠮᠦᠨ ᠴᠥᠭᠡᠨ ᠣᠷᠣᠨ᠎ᠤ ᠪᠠᠢᠳᠠᠯ᠎ᠳᠤ ᠴᠢᠭ᠌ᠯᠡᠭᠦᠯᠦᠨ᠂ ᠡᠩᠨᠡᠭᠡ᠎ᠨᠢ ᠬᠦᠩᠬᠡᠨ ᠱᠠᠯᠠᠮᠠᠭᠠᠢ᠂ ᠭᠡᠱᠢᠭᠦᠳ᠎ᠨᠢ ᠨᠢᠭᠡ᠎ᠳᠤ ᠮᠡᠷᠭᠡᠱᠢᠵᠦ᠍ ᠣᠯᠠᠨ᠎ᠳᠤ ᠴᠠᠭᠠᠷᠠᠭ᠍ᠰᠠᠨ᠂ ᠲᠣᠭ᠍ᠯᠠᠯᠲᠠ᠎ᠨᠢ ᠵᠢᠵᠢᠭ ᠬᠡᠯᠪᠡᠷᠢ᠎ᠶ᠋ᠢᠨ ᠪᠥᠭᠡᠳ ᠣᠯᠠᠨ ᠶᠠᠩᠵᠤ᠎ᠶ᠋ᠢᠨ᠂ ᠲᠣᠨᠤᠭ ᠲᠥᠬᠦᠭᠡᠷᠦᠮᠵᠢ᠎ᠨᠢ ᠬᠥᠩᠭᠡᠨ ᠠᠮᠢᠳᠤᠯᠢᠭ ᠪᠠᠢᠬᠤ ᠠᠩᠭᠢ ᠪᠠᠢᠭᠤᠯᠬᠤ ᠴᠢᠭ᠌ᠯᠡᠯᠲᠡ᠎ᠶ᠋ᠢ ᠪᠦᠲᠦᠭᠡᠯᠴᠢ᠎ᠪᠠᠷ ᠦᠢᠯᠡᠳᠦᠯᠭᠡᠵᠢᠭᠦᠯᠦᠭ᠌ᠰᠡᠨ ᠪᠠᠢᠨ᠎ᠠ᠃ ᠴᠠᠭ ᠦᠶ᠎ᠡ᠎ᠶ᠋ᠢᠨ ᠡᠷᠭᠢᠯᠲᠡ᠎ᠳᠤ᠂ ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠤᠨ ᠭᠡᠱᠢᠭᠦᠳ ᠠᠷᠠᠳ ᠲᠦᠮᠡᠨ᠎ᠤ ᠳᠤᠮᠳᠠ ᠣᠴᠢᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ᠍ ᠮᠠᠷᠲᠠᠵᠤ᠂ ᠠᠷᠠᠳ ᠲᠦᠮᠡᠨ᠎ᠳᠤ ᠦᠢᠯᠡᠴᠢᠯᠡᠬᠦ᠌᠎ᠶ᠋ᠢ ᠲᠠᠰᠤᠷᠠᠯᠲᠠ ᠦᠭᠡᠢ ᠬᠦᠨᠵᠡᠭᠡᠢᠷᠡᠭᠦᠯᠪᠡ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠣᠷᠳᠣᠰ ᠬᠤᠲᠠ᠎ᠶ᠋ᠢᠨ ᠤᠯᠠᠭᠠᠨᠮᠥ᠋ᠴᠢᠷ 3 ᠤᠬᠠᠭᠤᠯᠭ᠎ᠠ᠎ᠶ᠋ᠢᠨ ᠠᠩᠭᠢ᠎ᠶ᠋ᠢ ᠦᠳᠲᠡᠷ ᠲᠦᠷᠭᠡᠨ ᠵᠣᠬᠢᠶᠠᠨ ᠪᠠᠢᠭᠤᠯᠵᠤ᠂ ᠤᠷᠠᠯᠢᠭ᠎ᠢᠶᠠᠷ ᠠᠴᠢᠶᠠᠯᠠᠪᠤᠷᠢ ᠪᠣᠯᠭᠠᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠤᠬᠠᠭᠤᠯᠵᠤ᠂ ᠨᠠᠮ᠎ᠤᠨ ᠠᠴᠢ᠎ᠶ᠋ᠢ ᠮᠠᠭ᠍ᠲᠠᠨ ᠳᠠᠭᠤᠯᠠᠪᠠ᠃ 3 ᠰᠠᠷ᠎ᠠ᠎ᠳᠤ᠂ ᠤᠬᠠᠭᠤᠯᠭ᠎ᠠ᠎ᠶ᠋ᠢᠨ ᠠᠩᠭᠢ ᠦᠦᠱᠢᠨ ᠬᠤᠱᠢᠭᠤᠨ᠎ᠳᠤ ᠣᠷᠣᠵᠤ᠂ 9 ᠡᠳᠦᠷ᠎ᠤᠨ ᠴᠠᠭ ᠵᠠᠷᠤᠴᠠᠭᠤᠯᠤᠨ ᠮᠠᠯᠴᠢᠳ᠎ᠲᠤ 10 ᠲᠠᠯᠠᠪᠤᠷ ᠤᠷᠠᠯᠢᠭ᠎ᠤᠨ ᠦᠪᠡᠳᠡᠭ᠌ᠰᠢ ᠳᠠᠢᠯᠠᠯᠭ᠎ᠠ ᠬᠦᠷᠭᠡᠵᠦ᠍᠂ ᠲᠣᠰᠭᠤᠨ᠎ᠤ ᠠᠷᠠᠳ᠎ᠲᠠᠢ ᠬᠠᠮᠲᠤ ᠠᠷᠭᠠᠯ ᠳᠡᠭᠦᠨ᠂ ᠬᠤᠷᠠᠭ᠎ᠠ ᠲᠤᠰᠴᠤ᠌᠂ ᠭᠡᠷ᠎ᠤᠨ ᠣᠷᠣᠢ᠎ᠶ᠋ᠢ ᠵᠠᠰᠠᠪᠠ; 5 ᠰᠠᠷ᠎ᠠ᠎ᠶ᠋ᠢᠨ ᠡᠬᠢ᠎ᠪᠠᠷ᠂ 25 ᠭᠡᠱᠢᠭᠦᠨ ᠳᠠᠬᠢᠨᠲᠠ ᠤᠬᠠᠭᠤᠯᠭ᠎ᠠ᠎ᠶ᠋ᠢᠨ ᠠᠩᠭᠢ ᠪᠠᠢᠭᠤᠯᠵᠤ᠂ ᠣᠲᠤᠭ ᠬᠤᠱᠢᠭᠤᠨ᠎ᠤ ᠬᠦᠳᠡᠭᠡ ᠳᠤᠰᠭᠤᠨ᠎ᠳᠤ ᠭᠦᠨᠵᠡᠭᠡᠢᠷᠡᠵᠦ᠍᠂ 2000 ᠭᠠᠷᠤᠶ ᠺᠢᠯᠣᠮᠧᠲᠷ ᠠᠶᠠᠯᠠᠨ᠂ 19 ᠲᠠᠯᠠᠪᠠᠶ ᠲᠣᠭ᠍ᠯᠠᠯᠲᠠ ᠭᠠᠷᠭᠠᠪᠠ᠃
ᠣᠢᠷ᠎ᠠ᠎ᠶ᠋ᠢᠨ ᠵᠢᠯ᠎ᠳᠤ᠂ ᠪᠥᠬᠦ᠌ ᠣᠷᠣᠨ᠎ᠤ 75 ᠤᠯᠠᠭᠠᠨᠮᠥ᠋ᠴᠢᠷ ᠵᠢᠯ ᠪᠦᠷᠢ ᠦᠨᠳᠦᠰᠦᠨ ᠱᠠᠲᠤᠨ᠎ᠳᠤ ᠭᠦᠨᠵᠡᠭᠡᠢᠷᠡᠨ 7000 ᠭᠠᠷᠤᠶ ᠤᠳᠠᠭ᠎ᠠ ᠲᠣᠭ᠍ᠯᠠᠯᠲᠠ ᠭᠠᠷᠭᠠᠵᠤ᠂ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》 ᠢᠶᠠᠷ ᠳᠡᠮᠵᠢᠨ 7000 ᠭᠠᠷᠤᠶ ᠤᠳᠠᠭ᠎ᠠ ᠤᠳᠭ᠎ᠠ ᠤᠷᠠᠯᠢᠭ᠎ᠤᠨ ᠱᠢᠭᠤᠳ ᠨᠡᠪᠲᠡᠷᠡᠭᠦᠯᠭᠡ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢ 3000 ᠭᠠᠷᠤᠶ ᠤᠳᠠᠭ᠎ᠠ ᠤᠬᠠᠭᠤᠯᠤᠨ ᠲᠠᠢᠯᠪᠤᠷᠢᠯᠠᠪᠠ᠃ ᠪᠥᠬᠦ᠌ ᠣᠷᠣᠨ᠎ᠤ ᠡᠯ᠎ᠡ ᠱᠠᠲᠤᠨ᠎ᠤ ᠤᠯᠠᠭᠠᠨᠮᠥ᠋ᠴᠢᠷ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢᠨ ᠲᠥᠷᠥᠯ᠎ᠤᠨ ᠶᠡᠷᠦᠩᠬᠡᠢᠯᠡᠭ᠌ᠰᠡᠨ ᠦᠢᠯᠡᠴᠢᠯᠡᠭᠡ᠎ᠶ᠋ᠢ ᠳᠤᠮᠳᠠᠴᠢ᠎ᠪᠠᠷ ᠵᠢᠯ ᠪᠦᠷᠢ 4000 ᠭᠠᠷᠤᠶ ᠤᠳᠠᠭ᠎ᠠ ᠥᠷᠨᠢᠭᠦᠯᠵᠦ᠍᠂ ᠣᠯᠠᠨ ᠲᠦᠮᠡᠨ᠎ᠳᠤ 200 ᠭᠠᠷᠤᠶ ᠲᠦᠮᠡᠨ ᠬᠥᠮᠦᠨ ᠤᠳᠠᠭ᠎ᠠ ᠦᠢᠯᠡᠴᠢᠯᠡᠨ᠂ ᠣᠯᠠᠨ ᠲᠦᠮᠡᠨ᠎ᠤ ᠦᠨᠡᠨ ᠰᠡᠳᠭᠢᠯ᠎ᠤᠨ ᠬᠦᠷᠢᠶᠡᠯᠡᠯ ᠪᠠ ᠳᠡᠭᠡᠳᠦ ᠬᠡᠮᠵᠢᠶᠡᠨ᠎ᠤ ᠮᠠᠭ᠍ᠲᠠᠭᠠᠯ ᠰᠠᠢᠱᠢᠶᠠᠯ᠎ᠢ ᠬᠦᠷᠳᠡᠪᠡ᠃
ᠪᠤᠢᠳᠠ ᠪᠦᠭ᠌ᠯᠡᠭᠦᠦ᠂ ᠠᠯᠤᠰ ᠬᠤᠯᠠ᠂ ᠠᠭᠠᠭᠢᠮ᠎ᠠ ᠬᠠᠯᠠᠭᠤᠨ᠂ ᠬᠠᠬᠢᠷ ᠬᠦᠢᠲᠡᠨ᠂ ᠴᠠᠰᠤ ᠱᠢᠭᠤᠷᠭ᠎ᠠ᠂ ᠠᠭᠠᠳᠠᠷ ᠪᠤᠷᠤᠭᠠᠨ ᠁ ᠢ ᠥᠯᠥ᠍ ᠬᠠᠢᠬᠤᠷᠤᠬ᠍ᠰᠠᠨ᠂ ᠤᠯᠠᠭᠠᠨᠮᠥ᠋ᠴᠢᠷ᠎ᠤᠨ ᠠᠷᠠᠳ ᠲᠦᠮᠡᠨ᠎ᠳᠤ ᠦᠢᠯᠡᠴᠢᠯᠡᠬᠦ᠌ ᠬᠡᠰᠡᠨ ᠵᠤᠷᠢᠭ ᠰᠠᠨᠠᠭ᠎ᠠ ᠶᠡᠷᠦ᠎ᠨᠢ ᠬᠤᠪᠢᠷᠠᠭ᠎ᠠ ᠥᠬᠡᠢ᠃ ᠱᠢᠨ᠎ᠡ ᠠᠶᠠᠨ ᠵᠠᠮ᠎ᠳᠤ᠂ ᠤᠯᠠᠭᠠᠨᠮᠥ᠋ᠴᠢᠷ᠎ᠤᠨ᠎ᠬᠢᠨ ᠤᠭ ᠰᠠᠨᠠᠭ᠎ᠠ᠎ᠪᠠᠨ ᠦᠯᠦ᠍ ᠮᠠᠷᠳᠠᠨ᠂ ᠲᠣᠭ᠍ᠯᠠᠯᠲᠠ ᠭᠠᠷᠭᠠᠬᠤ᠂ ᠤᠬᠠᠭᠤᠯᠭ᠎ᠠ ᠬᠢᠬᠦ᠂ ᠬᠠᠪᠰᠤᠷᠤᠨ ᠵᠢᠯᠣᠭᠤᠳᠭᠤ᠂ ᠦᠢᠯᠡᠴᠢᠯᠡᠬᠦ᠌ ᠦᠷᠨᠢᠭᠦᠯᠬᠦ᠂ ᠵᠣᠬᠢᠶᠠᠨ ᠪᠦᠲᠦᠭᠡᠬᠦ᠂ ᠱᠢᠨ᠎ᠡ᠎ᠶ᠋ᠢ ᠡᠭᠦᠳᠬᠦ᠂ ᠤᠯᠠᠮᠵᠢᠯᠠᠨ ᠵᠠᠯᠭᠠᠮᠵᠢᠯᠠᠬᠤ᠂ ᠰᠣᠶᠣᠯ᠎ᠤᠨ ᠰᠣᠯᠢᠯᠴᠠᠭ᠎ᠠ ᠵᠡᠷᠭᠡ ᠡᠭᠦᠷᠭᠡ ᠴᠢᠳᠠᠪᠬᠢ᠎ᠪᠠᠨ ᠦᠷᠭᠦᠯᠵᠢᠯᠡᠨ ᠭᠦᠢᠴᠡᠳᠭᠡᠵᠦ᠍᠂ 《ᠳᠠᠯ᠎ᠠ ᠨᠤᠳᠤᠭ᠎ᠤᠨ ᠬᠤᠪᠢᠰᠭᠠᠯᠳᠤ ᠤᠳᠭ᠎ᠠ ᠤᠷᠠᠯᠢᠭ᠎ᠤᠨ ᠬᠦᠩᠬᠡᠨ ᠮᠤᠷᠢᠳᠤ ᠴᠡᠷᠢᠭ》 ᠤᠨ ᠳᠤᠭ᠎ᠢ ᠦᠨᠢ ᠡᠭᠦᠷᠢᠳᠡ ᠡᠷᠭᠦᠨ ᠮᠠᠨᠳᠤᠭᠤᠯᠤᠨ᠎ᠠ!