
ᠠᠭᠤᠯᠠᠨ ᠴᠡᠴᠡᠭ ᠮᠢᠷᠠᠯᠵᠠᠨ ᠳᠡᠯᠭᠡᠷᠡᠬᠦ᠌ ᠦᠶ᠎ᠡ ᠪᠤᠯ ᠮᠥᠨ ᠴᠦ᠍ ᠵᠦᠭᠡᠢ᠎ᠶ᠋ᠢᠨ ᠪᠠᠯ ᠡᠯᠪᠡᠭ ᠬᠤᠷᠢᠶᠠᠬᠤ ᠴᠠᠭ ᠪᠣᠯᠤᠨ᠎ᠠ᠃ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ 《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠵᠡᠭᠦᠨ ᠵᠠᠮ᠎ᠤᠨ ᠰᠤᠷᠪᠤᠯᠵᠢᠯᠠᠬᠤ ᠳᠤᠭᠤᠢᠯᠠᠩ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠪᠤᠯᠠᠭ᠎ᠤᠨ ᠬᠤᠸᠠ ᠰᠤᠮᠤ᠎ᠶ᠋ᠢᠨ ᠶᠦᠩ ᠹᠠ ᠭᠠᠴᠠᠭ᠎ᠠ᠎ᠶ᠋ᠢᠨ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠸᠠᠩ ᠵᠢᠶᠠᠩᠤᠨᠬᠢᠨᠳᠤ ᠬᠦᠷᠦᠯ᠎ᠡ᠃
ᠡᠨᠡ ᠵᠢᠯ 50 ᠭᠠᠷᠤᠭ᠍ᠰᠠᠨ ᠸᠠᠩ ᠵᠢᠶᠠᠩ ᠪᠣᠯ ᠶᠦᠩ ᠹᠠ ᠭᠠᠴᠠᠭᠠᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠪᠣᠯᠤᠨ᠎ᠠ᠂ ᠡᠬᠡᠨᠡᠷ᠎ᠨᠢ ᠱᠢᠭᠡᠰᠦᠨ ᠬᠤᠤᠷᠳᠠᠯᠭ᠎ᠠ᠎ᠳᠤ ᠨᠡᠷᠪᠡᠭ᠌ᠳᠡᠭᠡᠳ 10 ᠭᠠᠷᠤᠶ ᠵᠢᠯ ᠪᠣᠯᠵᠣ᠂ ᠬᠦᠦ᠎ᠨᠢ ᠶᠠᠭ ᠶᠡᠭᠡ ᠰᠤᠷᠭᠠᠭᠤᠯᠢ᠎ᠳᠤ ᠰᠤᠷᠤᠯᠴᠠᠵᠤ ᠪᠠᠢᠨ᠎ᠠ᠃ 《ᠥᠩᠭᠡᠷᠡᠭ᠌ᠰᠡᠨ᠎ᠳᠤ ᠡᠬᠡᠨᠡᠷ᠎ᠤᠨ ᠮᠢᠨᠢ ᠰᠠᠷ᠎ᠠ ᠪᠦᠷᠢ᠎ᠶ᠋ᠢᠨ ᠡᠮᠴᠢᠯᠡᠭᠡᠨ᠎ᠤ ᠵᠠᠷᠤᠳᠠᠯ ᠲᠦᠮᠡ ᠭᠠᠷᠤᠶ ᠲᠥᠭᠦᠷᠢᠭ ᠬᠦᠷᠴᠦ᠍᠂ ᠵᠢᠯ᠎ᠳᠡᠭᠡᠨ 10 ᠭᠠᠷᠤᠶ ᠲᠦᠮᠡᠨ ᠲᠥᠭᠦᠷᠢᠭ ᠬᠡᠷᠡᠭ᠌ᠰᠡᠵᠦ᠍ ᠪᠠᠢᠭ᠍ᠰᠠᠨ》 ᠭᠡᠵᠦ᠍ ᠸᠠᠩ ᠵᠢᠶᠠᠩ ᠬᠡᠯᠡᠨ᠎ᠡ᠃ ᠡᠨᠡ᠎ᠨᠢ ᠲᠡᠳᠡᠨ᠎ᠤ ᠤᠤᠯ᠎ᠠᠴᠠ ᠶᠠᠳᠠᠭᠤᠬᠠᠨ ᠠᠮᠢᠳᠤᠷᠠᠯ᠎ᠳᠤ ᠨᠡᠩ ᠶᠡᠭᠡ ᠲᠠᠷᠤᠭᠠᠰᠤ ᠪᠤᠯᠤᠬ᠍ᠰᠠᠨ ᠪᠠᠢᠪᠠ᠃
ᠶᠠᠭ ᠸᠠᠩ ᠵᠢᠶᠠᠩᠢ ᠠᠷᠭ᠎ᠠ ᠮᠤᠬᠤᠷᠳᠠᠨ ᠪᠠᠢᠳᠠᠯ᠎ᠠ᠂ ᠤᠯᠤᠰ᠎ᠤᠨ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ ᠲᠡᠭᠦᠨ᠎ᠳᠤ ᠦᠨᠡᠨ ᠪᠣᠳᠠᠲᠠᠢ ᠠᠱᠢᠭ ᠲᠤᠰᠠ ᠠᠪᠴᠢᠷᠠᠨ ᠦᠭ᠌ᠴᠡᠢ᠃ 《ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ ᠮᠢᠨᠦ᠍ ᠡᠬᠡᠨᠡᠷ᠎ᠤᠨ ᠡᠪᠡᠳᠴᠢᠨ ᠦᠵᠡᠭᠦᠯᠦᠭ᠌ᠰᠡᠨ ᠵᠠᠷᠤᠳᠠᠯ᠎ᠤᠨ ᠲᠠᠩᠰᠠ ᠲᠠᠢᠯᠬᠤ ᠬᠠᠷᠢᠴᠠᠯ᠎ᠢ 90% ᠠᠴᠠ ᠳᠡᠭᠡᠭ᠌ᠰᠢ ᠬᠦᠷᠭᠡᠭ᠌ᠰᠡᠨ᠃ ᠨᠡᠬᠡᠷᠡᠨ ᠶᠠᠭᠠᠬᠢᠵᠤ ᠲᠠᠯᠠᠷᠬᠠᠬᠤ᠎ᠪᠠᠨ ᠤᠯᠬᠤ ᠦᠭᠡᠢ ᠪᠤᠯᠤᠯ᠎ᠠ》 ᠭᠡᠵᠦ᠍ ᠸᠠᠩ ᠵᠢᠶᠠᠩ ᠰᠡᠳᠭᠢᠯ ᠳᠣᠭ᠍ᠳᠣᠯᠤᠨ ᠬᠡᠯᠡᠨ᠎ᠡ᠃
2017 ᠣᠨ᠎ᠳᠤ᠂ ᠶᠦᠩ ᠹᠠ ᠭᠠᠴᠠᠭᠠᠨ᠎ᠤ 《ᠬᠤᠶᠠᠷ ᠵᠥᠪᠯᠡᠯ》 ᠪᠣᠯᠤᠨ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠎ᠠᠴᠠ ᠸᠠᠩ ᠵᠢᠶᠠᠩᠢ ᠬᠠᠪᠰᠤᠷᠤᠨ ᠪᠠᠯᠲᠤ ᠵᠥᠬᠡᠶ ᠲᠡᠵᠢᠭᠡᠬᠦ᠌ ᠲᠤᠰᠭᠠᠶ ᠡᠷᠦᠬᠡ᠎ᠲᠠᠢ ᠬᠠᠷᠢᠯᠴᠠᠬᠤ᠎ᠶ᠋ᠢᠨ ᠬᠠᠮᠲᠤ ᠲᠡᠭᠦᠨ᠎ᠳᠤ ᠪᠠᠯ ᠪᠣᠷᠣᠯᠠᠭᠤᠯᠬᠤ ᠠᠩᠬ᠎ᠠ ᠠᠯᠬᠤᠮ᠎ᠤᠨ ᠠᠷᠭ᠎ᠠ ᠵᠠᠮ ᠬᠠᠢᠵᠤ ᠥᠭ᠌ᠴᠡᠶ᠃ ᠲᠡᠭᠦᠨ᠎ᠠᠴᠠ ᠬᠤᠢᠰᠢ ᠸᠠᠩ ᠵᠢᠶᠠᠩ ᠵᠦᠭᠡᠢ ᠲᠡᠵᠢᠭᠡᠬᠦ᠌ ᠪᠤᠯᠤᠬ᠍ᠰᠠᠨ ᠪᠦᠭᠡᠳ 400 ᠭᠠᠷᠤᠶ ᠵᠢᠩ ᠵᠥᠬᠡᠶ᠎ᠶ᠋ᠢᠨ ᠪᠠᠯ ᠦᠢᠯᠡᠳᠪᠦᠷᠢᠯᠡᠬᠦ᠌ ᠴᠢᠳᠠᠪᠤᠷᠢ᠎ᠲᠠᠢ ᠪᠤᠯᠵᠦ᠍᠂ ᠵᠢᠯ᠎ᠳᠡᠭᠡᠨ 1.5 ᠲᠦᠮᠡᠨ ᠲᠥᠭᠦᠷᠢᠭ᠎ᠤᠨ ᠤᠷᠤᠯᠭ᠎ᠠ ᠨᠡᠮᠡᠭ᠌ᠳᠡᠯᠡ᠃ ᠲᠡᠳᠡᠨ᠎ᠤ᠎ᠬᠢᠨ ᠤᠳᠤ ᠪᠠᠰᠠ ᠦᠬᠡᠷ ᠲᠡᠵᠢᠭᠡᠵᠦ᠍ ᠪᠠᠢᠳᠠᠭ ᠪᠦᠭᠡᠳ ᠲᠡᠷᠡ ᠪᠠᠰᠠ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠣᠶ ᠬᠠᠮᠠᠭᠠᠯᠠᠭ᠍ᠴᠢ ᠪᠣᠯᠵᠠᠢ᠃
ᠡᠳᠦᠷ᠎ᠠᠴᠠ ᠡᠳᠦᠷ ᠰᠠᠢᠵᠢᠷᠠᠬᠤ ᠪᠠᠯ ᠪᠤᠷᠠᠮ ᠱᠢᠭ᠋ ᠠᠮᠢᠳᠤᠷᠠᠯ᠎ᠢᠶᠠᠨ ᠬᠠᠷᠠᠬ᠍ᠰᠠᠭᠠᠷ ᠸᠠᠩ ᠵᠢᠶᠠᠩ᠄ 《ᠨᠠᠮ᠎ᠤᠨ᠎ᠢᠶᠠᠨ ᠠᠴᠢ᠎ᠶ᠋ᠢ ᠪᠢᠳᠡ ᠨᠠᠰᠤᠨ ᠲᠤᠷᠱᠢᠳᠠ ᠮᠠᠷᠲᠠᠬᠤ ᠦᠭᠡᠢ》 ᠭᠡᠵᠦ᠍ ᠲᠤᠬ᠍ᠳᠤᠯᠤᠩᠬᠠᠨ ᠬᠡᠯᠡᠨ᠎ᠡ᠃
《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ
ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ
ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ
ᠦᠪᠦᠷ ᠮᠣᠩᠭᠤᠯ ᠤᠨ ᠬᠤᠱᠢᠭᠤ ᠱᠢᠶᠠᠨ ᠲᠤᠭᠤᠷᠢᠬ ᠤᠨ ᠬᠠᠮ ᠵᠠᠭᠤᠴᠢᠯᠠᠭᠤᠷ᠎ᠤᠨ ᠲᠥᠪ
ᠥᠪᠥᠷ ᠮᠣᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠼᠠᠢ ᠳ᠋ᠦᠩ ᠮᠧᠶ ᠯᠢ ᠢᠦᠢ ᠵᠦᠸᠧ ᠸᠠᠩ ᠭᠤᠸᠠᠨ ᠵᠢᠩ ᠪᠦᠦ ᠰᠠᠷᠠᠭᠤᠯ᠎ᠶ᠋ᠢᠨ ᠴᠢᠤᠸᠠᠨ ᠴᠤᠪᠤᠭᠤ ᠯᠢ ᠱᠢᠨ ᠵᠢᠶᠦ᠋ᠨ ᠬᠤᠷᠴᠠ ᠭᠤᠤ ᠮᠢᠨ ᠨᠠ ᠭᠦᠸᠧ ᠬᠤᠩ ᠱᠧᠨ
ᠭᠡᠭᠡᠨ ᠭᠤᠤᠯ ᠬᠤᠲᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭ᠍ᠴᠢ ᠸᠠᠩ ᠬᠠᠢ ᠲᠤᠤ
ᠠᠷᠤᠨ ᠬᠤᠱᠢᠭᠤ᠎ᠶ᠋ᠢᠨ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠸᠧᠨ ᠮᠢᠩ ᠵᠤᠤ ᠵᠢᠩ ᠵᠢᠩ ᠯᠢ ᠭᠠᠩ
ᠲᠦᠩᠯᠢᠶᠤᠤ᠎ᠶ᠋ᠢᠨ ᠡᠳᠦᠷ᠎ᠤᠨ ᠰᠤᠨᠢᠨ᠎ᠤ ᠰᠤᠷᠪᠤᠯᠵᠢᠯᠠᠬ᠍ᠴᠢ ᠵᠠᠩ ᠴᠢ ᠸᠠᠩ ᠯᠢ ᠫᠢᠩ ᠺᠠᠩ ᠭᠦᠢ ᠵᠢᠶᠦ᠋ᠨ ᠴᠢᠮᠡᠭᠡᠯᠡᠭ᠌ᠴᠢ ᠲᠠᠨ ᠶᠠᠨ ᠯᠢ