ᠲᠠᠷᠢᠶ᠎ᠠ ᠲᠠᠷᠢᠭᠠᠳ 《ᠵᠠᠭᠤᠨ ᠲᠦᠮᠡᠳᠦ᠎ᠶ᠋ᠢᠨ ᠪᠠᠶᠠᠨ》 ᠪᠣᠯᠵᠠᠶ
2021-07-01 08:30:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


4025228_baix_1624611002091_m.jpg


ᠪᠠᠶᠠᠨᠨᠠᠭᠤᠷ ᠬᠤᠲᠠ᠎ᠶ᠋ᠢᠨ ᠯᠢᠨ ᠾᠧ ᠲᠠᠷᠢᠶᠠᠯᠠᠩ᠎ᠤᠨ ᠲᠠᠯᠠᠪᠠᠶ᠎ᠶ᠋ᠢᠨ  ᠨᠠᠢ᠍ᠮᠠᠳᠤᠭᠠᠷ ᠬᠤᠪᠢᠶᠠᠷᠢ ᠲᠠᠯᠠᠪᠠᠶ᠎ᠳᠤ 196 ᠡᠷᠦᠬᠡ᠎ᠶ᠋ᠢᠨ 700 ᠭᠠᠷᠤᠶ ᠬᠥᠮᠦᠨ ᠠᠵᠤ ᠲᠦᠷᠦᠨ ᠠᠮᠢᠳᠤᠷᠠᠵᠤ ᠪᠣᠶ᠃ ᠠᠳᠡᠬᠢ᠎ᠶ᠋ᠢᠨ ᠲᠠᠷᠢᠶᠠᠨ ᠭᠠᠵᠠᠷ ᠥᠩ ᠱᠢᠮᠡᠯᠢᠭ ᠪᠤᠯᠪᠠᠴᠤ᠌ ᠬᠥᠮᠦᠨ ᠳᠤᠮᠳᠠᠴᠢ᠎ᠳᠤ ᠵᠥᠪᠬᠡᠨ 5 ᠮᠥ᠍ ᠲᠠᠷᠢᠶᠠᠨ ᠭᠠᠵᠠᠷ ᠨᠤᠭ᠍ᠳᠠᠵᠤ᠂ ᠪᠦᠳᠦᠨ ᠵᠢᠯ ᠱᠢᠷᠭᠠᠭᠤ ᠬᠠᠲᠠᠭᠤᠵᠢᠯᠲᠠᠶ ᠠᠵᠢᠯᠯᠠᠭ᠍ᠰᠠᠨ ᠴᠤ᠌ ᠳᠡᠮᠡᠶ ᠤᠷᠤᠯᠭ᠎ᠠ ᠤᠯᠬᠤ ᠥᠬᠡᠶ ᠪᠠᠢᠵᠠᠢ᠃

2014 ᠣᠨ᠎ᠳᠤ᠂ ᠪᠤᠭᠤᠳᠠᠢ ᠲᠠᠷᠢᠬᠤ ᠲᠠᠯᠠᠪᠠᠢ᠎ᠶ᠋ᠢ ᠨᠡᠮᠡᠭ᠌ᠳᠡᠭᠦᠯᠬᠦ᠌᠎ᠶ᠋ᠢᠨ ᠲᠥᠯᠥᠭᠡ ᠲᠤᠬᠠᠢ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠲᠦᠮᠡᠨ ᠮᠦ᠍᠎ᠶ᠋ᠢᠨ ᠬᠦᠷᠢᠶᠡᠯᠡᠩ ᠲᠣᠭᠤᠷᠢᠭ᠎ᠢ ᠪᠦᠳᠦᠬᠡᠨ ᠪᠠᠢᠭᠤᠯᠬᠤ᠎ᠪᠠᠷ ᠲᠥᠯᠥᠪᠯᠡᠪᠡ᠃ ᠸᠠᠩ ᠷᠦ᠋ ᠯᠠᠶ ᠡᠨᠡ ᠬᠦ᠌ ᠲᠤᠬᠢᠶᠠᠯ᠎ᠢ ᠠᠳᠭᠤᠨ 《ᠶᠤᠸᠠᠨ ᠳ᠋ᠢᠩ ᠹᠦ᠋ ᠲᠠᠷᠢᠶᠠᠴᠢᠨ᠎ᠤ ᠲᠤᠰᠭᠠᠶ ᠬᠤᠷᠱᠢᠶ᠎ᠠ》 ᠪᠠᠢᠭᠤᠯᠵᠤ᠂ ᠯᠢᠨ ᠾᠧ ᠲᠠᠷᠢᠶᠠᠯᠠᠩ᠎ᠤᠨ ᠲᠠᠯᠠᠪᠠᠶ᠎ᠶ᠋ᠢᠨ ᠨᠠᠢ᠍ᠮᠠᠳᠤᠭᠠᠷ ᠬᠤᠪᠢᠶᠠᠷᠢ ᠲᠠᠯᠠᠪᠠᠶ᠎ᠶ᠋ᠢᠨ ᠲᠠᠷᠢᠶᠠᠴᠢᠳ᠎ᠠᠴᠠ ᠮᠥ᠍ ᠪᠦᠷᠢ᠎ᠶ᠋ᠢ᠎ᠨᠢ 700 ᠲᠥᠭᠦᠷᠢᠭ᠎ᠤᠨ ᠦᠨ᠎ᠡ᠎ᠪᠠᠷ 3100 ᠮᠥ᠍ ᠲᠠᠷᠢᠶᠠᠨ ᠭᠠᠵᠠᠷ ᠲᠦᠷᠢᠶᠡᠰᠦᠯᠡᠵᠦ᠍᠂ ᠡᠭᠦᠨ᠎ᠳᠤ 1100 ᠮᠦ᠍᠎ᠳᠤᠨᠢ ᠪᠣᠭᠤᠳᠠᠶ ᠳᠠᠷᠢᠵᠠᠶ᠃ ᠡᠭᠦᠨ᠎ᠠᠴᠠ ᠡᠬᠢᠯᠡᠭᠡᠳ ᠠᠳᠡᠬᠢ᠎ᠶ᠋ᠢᠨ ᠲᠠᠷᠢᠶᠠᠴᠢᠳ ᠭᠠᠭ᠍ᠴᠠ ᠬᠦ᠌ ᠲᠠᠷᠢᠶ᠎ᠠ ᠲᠦᠮᠦᠰᠤ ᠪᠢᠰᠢ᠂ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ ᠤᠷᠤᠯᠭ᠎ᠠ᠎ᠪᠠᠨ ᠨᠡᠮᠡᠭ᠌ᠳᠡᠬᠦᠯᠵᠤ ᠡᠬᠢᠯᠡᠭ᠌ᠰᠡᠨ ᠠᠵᠢ᠃

《ᠲᠠᠷᠢᠶᠠᠯᠠᠬᠤ ᠡᠷᠤᠭᠡ ᠪᠦ᠍ᠷᠢ᠎ᠶ᠋ᠢ 4 ᠬᠥᠮᠦᠨ ᠠᠮᠠ᠎ᠲᠠᠢ᠎ᠪᠠᠷ ᠪᠤᠳᠤᠪᠡᠯ᠂ ᠡᠷᠤᠭᠡ ᠪᠦᠷᠢ᠎ᠶ᠋ᠢᠨ ᠲᠠᠷᠢᠶᠠᠨ ᠭᠠᠵᠠᠷ᠎ᠤᠨ ᠡᠵᠡᠩᠨᠡᠯᠳᠡ᠎ᠶ᠋ᠢᠨ ᠡᠷᠬᠡ᠎ᠪᠠᠨ ᠱᠢᠯᠵᠢᠬᠦᠯᠦᠭ᠌ᠰᠡᠨ ᠤᠷᠤᠯᠭ᠎ᠠ ᠲᠠᠷᠤᠢ 1.4 ᠲᠦᠮᠡᠨ ᠲᠥᠭᠦᠷᠢᠭ᠎ᠲᠤ ᠬᠦᠷᠳᠡᠭ᠃ ᠬᠠᠮᠤᠭ᠎ᠤᠨ ᠴᠢᠬᠤᠯᠠ᠎ᠨᠢ ᠲᠡᠳᠡ ᠪᠠᠢᠭᠠᠯᠢ᠎ᠶ᠋ᠢᠨ ᠭᠠᠮᠱᠢᠭ ᠵᠡᠷᠭᠡ᠎ᠳᠤ ᠰᠠᠨᠠᠭ᠎ᠠ ᠵᠣᠪᠠᠭ᠍ᠤ ᠦᠬᠡᠢ ᠪᠤᠯᠤᠭ᠍ᠰᠠᠨ ᠮᠥᠷᠲᠡᠭᠡᠨ ᠪᠦᠬᠦ᠌ ᠵᠢᠯ᠎ᠢᠶᠠᠷ ᠬᠥᠯᠥᠰᠥᠨ ᠠᠵᠢᠯ ᠬᠢᠵᠦ᠍ ᠪᠣᠯᠤᠨ᠎ᠠ᠂ ᠤᠳᠤ ᠡᠷᠦᠬᠡ ᠪᠦᠷᠢ᠎ᠶ᠋ᠢᠨ ᠴᠡᠪᠡᠷ ᠣᠷᠣᠯᠭ᠎ᠠ ᠴᠥᠮ 10 ᠲᠦᠮᠡᠨ ᠲᠦᠬᠦᠷᠢᠭ᠎ᠢ ᠲᠠᠪᠠᠵᠤ ᠪᠠᠢᠨ᠎ᠠ》 ᠬᠡᠵᠤ ᠸᠠᠩ ᠷᠦ᠋ ᠯᠠᠶ ᠵᠠᠯᠭᠠᠭᠠᠳ᠄ 《ᠪᠢᠳᠡ ᠲᠤᠰᠭᠠᠢ ᠬᠤᠷᠱᠢᠶ᠎ᠠ᠎ᠶ᠋ᠢᠨ ᠬᠡᠰᠡᠭ ᠭᠠᠵᠠᠷ᠎ᠲᠤ ᠪᠣᠭᠤᠳᠠᠶ ᠳᠠᠷᠢᠵᠤ᠂ ᠵᠣᠨ᠎ᠤ ᠬᠤᠷᠢᠶᠠᠯᠲᠠ᠎ᠪᠠᠨ ᠠᠪᠤᠭ᠍ᠰᠠᠨ᠎ᠤ ᠳᠠᠷᠠᠭ᠎ᠠ ᠳᠠᠬᠢᠨ ᠴᠠᠭᠠᠨ ᠨᠣᠭᠤᠭ᠎ᠠ ᠵᠡᠷᠬᠡ᠎ᠶ᠋ᠢ ᠳᠠᠷᠢᠵᠤ ᠪᠠᠢᠨ᠎ᠠ᠂ ᠪᠤᠰᠤᠳ ᠭᠠᠵᠠᠷ᠎ᠲᠤ ᠡᠷᠳᠡᠨᠢ ᠱᠢᠰᠢ᠂ ᠢᠳᠡᠱᠢᠨ ᠨᠣᠭᠤᠭ᠎ᠠ ᠪᠠ ᠱᠢᠬᠢᠷ ᠯᠤᠤᠪᠠᠩ ᠵᠡᠷᠭᠡ ᠲᠠᠷᠢᠮᠠᠯ᠎ᠢ ᠬᠡᠪᠴᠢᠶᠡᠵᠢᠭᠦᠯᠦᠨ ᠳᠠᠷᠢᠵᠤ᠂ ᠵᠢᠯ᠎ᠳᠤ 130 ᠭᠠᠷᠤᠶ ᠲᠦᠮᠡᠨ ᠲᠥᠭᠦᠷᠢᠭ᠎ᠤᠨ ᠴᠡᠪᠡᠷ ᠣᠷᠣᠯᠭ᠎ᠠ ᠤᠯᠵᠤ ᠪᠤᠢ》 ᠭᠡᠵᠦ᠍ ᠤᠷᠮᠠᠳᠠᠢ ᠶᠠᠷᠢᠨ᠎ᠠ᠃

 

 


 《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠎ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ

ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ

ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ

ᠦᠪᠦᠷ ᠮᠣᠩᠭᠤᠯ ᠎ᠤᠨ ᠬᠤᠱᠢᠭᠤ ᠱᠢᠶᠠᠨ ᠲᠤᠭᠤᠷᠢᠬ ᠎ᠤᠨ ᠬᠠᠮ ᠵᠠᠭᠤᠴᠢᠯᠠᠭᠤᠷ᠎ᠤᠨ ᠲᠥᠪ

 ᠥᠪᠥᠷ ᠮᠣᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠬᠠᠨ ᠵᠢᠶ ᠸᠠᠩ ᠵᠣᠣ ᠸᠧᠨ ᠼᠦᠢ ᠱᠢᠤᠸᠠᠢ ᠯᠠᠶ ᠯᠦ᠍ ᠱᠢᠩ ᠶᠢᠦ ᠺᠦᠨ ᠮᠡᠷᠭᠡᠨᠪᠢᠯᠢᠭ ᠲᠡᠭᠦᠰᠪᠢᠯᠢᠭ

ᠢᠦ᠋ᠢᠴᠢᠤᠸᠠᠨ ᠲᠤᠭᠤᠷᠢᠭ᠎ᠤᠨ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠼᠦᠢ ᠵᠢᠶᠦ᠋ᠨ ᠹᠧᠩ

ᠬᠤᠷᠢᠨᠬᠡᠷ ᠱᠢᠶᠠᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠬᠦᠸᠧ ᠱᠢᠨ ᠱᠢᠤ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号