ᠭᠦᠬᠢ᠎ᠶ᠋ᠢᠨ ᠡᠰᠢ᠎ᠠᠴᠠ ᠨᠡᠭᠦᠷᠡᠰᠦᠨ ᠱᠢᠷᠬᠡᠭ ᠬᠦᠷᠲᠡᠯ᠎ᠡ
2021-07-01 08:30:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


4025230_baix_1624611003023_m.jpg


ᠬᠠᠯᠠᠭᠤᠨ ᠨᠡᠷᠡ ᠲᠦᠭᠡᠨᠡᠵᠤ ᠪᠠᠢᠭ᠍ᠰᠠᠨ ᠴᠦ᠍ ᠵᠢᠦᠶᠤᠸᠠᠨ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠠᠬᠢ ᠲᠦᠮᠡᠨ ᠲᠣᠨ᠎ᠤ ᠳᠡᠰ᠎ᠤᠨ ᠨᠡᠭᠦᠷᠡᠰᠦᠨ ᠱᠢᠷᠬᠡᠭ ᠦᠢᠯᠡᠳᠪᠦᠷᠢᠯᠡᠬᠦ᠌ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ᠎ᠶ᠋ᠢᠨ ᠠᠵᠢᠯ ᠢᠳᠡ ᠬᠦᠭ᠎ᠲᠠᠢ ᠶᠠᠪᠤᠭ᠍ᠳᠠᠨ᠎ᠠ᠃ ᠬᠠᠯᠠᠭᠤᠨ ᠨᠡᠷᠡᠨ᠎ᠤ ᠳᠤᠤᠷ᠎ᠠ᠂ ᠪᠠᠷᠢᠯᠭ᠎ᠠ᠎ᠶ᠋ᠢᠨ ᠭᠠᠵᠠᠷ᠎ᠲᠤ ᠮᠠᠱᠢᠨ ᠬᠦᠷᠴᠢᠭᠢᠨᠡᠵᠦ᠍᠂ ᠪᠧᠲ᠋ᠤᠨ᠎ᠤ ᠰᠠᠭᠤᠷᠢ ᠵᠢᠶᠠᠰᠠᠨ ᠳᠡᠭᠡᠷ᠎ᠡ ᠠᠵᠢᠯᠴᠢᠳ ᠬᠥᠯᠥᠰᠥ᠍ ᠠᠰᠭᠠᠷᠠᠭᠤᠯᠤᠨ ᠠᠵᠢᠯᠯᠠᠵᠠᠭᠠᠨ᠎ᠠ᠃

《ᠡᠨᠡ ᠬᠦ᠌ ᠲᠦᠷᠦᠯ ᠵᠦᠢᠯ᠎ᠢ ᠵᠢᠷᠭᠤᠭᠠᠬᠠᠨ ᠰᠠᠷ᠎ᠠ ᠬᠡᠷᠡᠭ᠌ᠰᠡᠭᠡᠳ ᠬᠢᠨᠠᠨ ᠵᠥᠪᠱᠢᠶᠡᠷᠡᠪᠡ᠂ 〈ᠵᠢᠦᠶᠤᠸᠠᠨ᠎ᠤ ᠬᠤᠷᠳᠤᠴᠠ〉 ᠪᠢᠳᠡᠨ᠎ᠳᠤ ᠨᠠᠬᠡᠷᠡᠨ ᠴᠠᠭ ᠠᠷᠪᠢᠯᠠᠵᠤ ᠦᠭ᠌ᠬᠦᠭ᠌ᠰᠡᠨ᠃ ᠣᠯᠠᠨ᠎ᠢᠶᠠᠷ᠎ᠢᠶᠠᠨ ᠨᠡᠭᠦᠷᠡᠰᠦᠨ ᠱᠢᠷᠬᠡᠭ᠎ᠢ ᠮᠡᠳᠡᠬᠦ᠌ ᠦᠭᠡᠢ ᠪᠠᠢᠵᠤ ᠮᠡᠳᠡᠨ᠎ᠡ᠂ ᠬᠡᠪᠡᠴᠦ᠍ ᠭᠤᠸᠠᠩ ᠸᠧᠶ ᠵᠢᠭᠠᠰᠤᠨ ᠭᠥᠬᠢ᠎ᠶ᠋ᠢ ᠰᠣᠨᠣᠰᠴᠤ᠌ ᠥᠩᠭᠡᠷᠡᠭ᠌ᠰᠡᠨ ᠪᠠᠢᠬ᠎ᠠ? ᠭᠤᠸᠠᠩ ᠸᠧᠶ ᠭᠦᠬᠢ᠎ᠶ᠋ᠢᠨ ᠡᠰᠢ᠎ᠨᠢ 600 ᠭᠠᠷᠤᠶ ᠵᠢᠩ᠎ᠤᠨ ᠲᠤᠯᠠᠨ ᠵᠢᠭᠠᠰᠤ᠎ᠶ᠋ᠢ ᠲᠠᠭᠠᠭᠠᠵᠤ ᠲᠠᠢᠯᠤᠨ᠎ᠠ᠂ ᠭᠤᠤᠯ ᠮᠠᠲ᠋ᠧᠷᠢᠶᠠᠯ᠎ᠨᠢ ᠳᠠᠷᠤᠶ ᠮᠠᠨ᠎ᠤ ᠺᠣᠮᠫᠠᠨᠢ᠎ᠶ᠋ᠢᠨ  ᠦᠢᠯᠡᠳᠪᠦᠷᠢᠯᠡᠭ᠌ᠰᠡᠨ ᠨᠡᠭᠦᠷᠡᠰᠦᠨ ᠱᠢᠷᠬᠡᠭ ᠪᠤᠯᠬᠤ ᠶᠤᠮ᠃ ᠰᠠᠯᠬᠢᠨ᠎ᠤ ᠬᠦᠴᠦ᠎ᠪᠠᠷ ᠴᠠᠬᠢᠯᠭᠠᠨ ᠭᠠᠷᠭᠠᠬᠤ ᠰᠠᠯᠬᠢᠨ ᠬᠦᠷᠳᠦ᠎ᠶ᠋ᠢᠨ ᠵᠢᠭᠦᠷ᠎ᠨᠢ 30 ᠮᠧᠲᠷ᠎ᠠᠴᠠ ᠬᠡᠲᠦᠷᠡᠪᠡᠯ ᠡᠷᠬᠡᠪᠰᠢ ᠨᠡᠭᠦᠷᠡᠰᠦᠨ ᠱᠢᠷᠬᠡᠭ ᠬᠡᠷᠡᠭ᠌ᠯᠡᠬᠦ᠌ ᠬᠡᠷᠡᠭ᠌ᠲᠡᠶ》 ᠭᠡᠵᠦ᠍ ᠥᠪᠥᠷ ᠮᠣᠩᠭᠤᠯ᠎ᠤᠨ ᠭᠤᠸᠠᠩ ᠸᠧᠶ ᠨᠡᠭᠦᠷᠡᠰᠦᠨ ᠱᠢᠷᠬᠡᠭ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠰᠦᠨ ᠱᠤᠤ ᠬᠤᠸᠠᠨ ᠪᠢᠳᠡᠨ᠎ᠳᠤ ᠳᠦᠷᠰᠦᠯᠢᠭ᠎ᠢᠶᠠᠷ ᠲᠠᠨᠢᠯᠴᠠᠭᠤᠯᠤᠨ᠎ᠠ᠃ ᠨᠡᠭᠦᠷᠡᠰᠦᠨ ᠱᠢᠷᠬᠡᠭ᠎ᠤᠨ ᠨᠢᠭ᠍ᠲᠠᠴᠠ᠎ᠨᠢ ᠪᠣᠯᠣᠳ ᠲᠡᠮᠦᠷ᠎ᠤᠨ ᠳᠥᠷᠪᠡᠨ᠎ᠤ ᠨᠢᠭᠡ ᠬᠤᠪᠢ ᠪᠤᠯᠪᠠᠴᠦ᠍ ᠬᠦᠴᠦᠯᠡᠴᠡ᠎ᠨᠢ ᠬᠠᠷᠢᠨ ᠪᠣᠯᠣᠳ ᠲᠡᠮᠦᠷ᠎ᠤᠨ ᠳᠣᠯᠤᠭ᠎ᠠ᠎ᠠᠴᠠ ᠶᠢᠰᠦᠨ ᠳᠠᠬᠢᠨ ᠪᠠᠢᠵᠤ᠂ ᠬᠤᠪᠤᠷᠬᠠᠨ ᠪᠠᠢᠳᠠᠭ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠨᠡᠢᠯᠡᠮᠡᠯ ᠮᠠᠲ᠋ᠧᠷᠢᠶᠠᠯ ᠪᠣᠯᠤᠨ᠎ᠠ᠃ ᠣᠳᠣᠬᠠᠨ᠎ᠳᠤ ᠤᠯᠤᠰ᠎ᠲᠠᠭᠠᠨ ᠦᠢᠯᠡᠳᠪᠦᠷᠢᠯᠡᠭ᠌ᠰᠡᠨ ᠨᠡᠭᠦᠷᠡᠰᠦᠨ ᠱᠢᠷᠬᠡᠭ᠎ᠤᠨ ᠥᠪᠡᠷ᠎ᠢ᠎ᠪᠠᠨ ᠬᠠᠩᠭᠠᠬᠤ ᠨᠤᠷᠮ᠎ᠠ ᠵᠥᠪᠬᠡᠨ 20% ᠎ᠳᠤ ᠯᠡ ᠬᠦᠷᠴᠦ᠍ ᠪᠠᠢᠨ᠎ᠠ᠂ ᠤᠷᠳᠤ ᠬᠤᠭᠤᠴᠠᠭ᠎ᠠ᠎ᠪᠠᠷ ᠪᠤᠰᠤᠳ᠎ᠲᠤ ᠬᠢᠵᠠᠭᠠᠷᠯᠠᠭ᠍ᠳᠠᠬᠤ᠎ᠠᠴᠠ ᠵᠠᠢᠯᠠᠰᠭᠢᠬᠦ᠌᠎ᠶ᠋ᠢᠨ ᠲᠥᠯᠥᠭᠡ ᠤᠯᠤᠰ᠎ᠠᠴᠠ ᠵᠣᠬᠢᠴᠠᠩᠭᠤᠢ ᠲᠦᠷᠦ᠎ᠶ᠋ᠢᠨ ᠪᠤᠳᠤᠯᠭ᠎ᠠ ᠲᠣᠭ᠍ᠲᠠᠭᠠᠵᠤ᠂ ᠤᠯᠤᠰ᠎ᠲᠠᠭᠠᠨ ᠦᠢᠯᠡᠳᠪᠦᠷᠢᠯᠡᠭ᠌ᠰᠡᠨ ᠥᠨᠳᠥᠷ ᠴᠢᠳᠠᠪᠬᠢᠳᠤ ᠨᠡᠭᠦᠷᠡᠰᠦᠨ ᠱᠢᠷᠬᠡᠭ᠎ᠢ ᠥᠷᠭᠡᠨ᠎ᠢᠶᠠᠷ ᠬᠡᠷᠡᠭ᠌ᠯᠡᠬᠦ᠌᠎ᠶ᠋ᠢ ᠶᠡᠭᠡ᠎ᠪᠠᠷ ᠲᠡᠳᠬᠦᠨ ᠳᠡᠮᠵᠢᠵᠦ᠍ ᠪᠤᠢ᠃

《ᠭᠤᠸᠠᠩ ᠸᠧᠢ ᠺᠤᠮᠫᠠᠨᠢ ᠪᠣᠯ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠨᠡᠭᠦᠷᠡᠰᠦᠨ ᠱᠢᠷᠬᠡᠭ᠎ᠢ ᠠᠵᠤ ᠦᠢᠯᠡᠰᠵᠢᠭᠦᠯᠦᠭ᠌ᠰᠡᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ᠎ᠠ᠂ ᠵᠢᠯ᠎ᠳᠤ 3100 ᠭᠠᠷᠤᠢ ᠲᠣᠨ ᠨᠡᠭᠦᠷᠡᠰᠦᠨ ᠱᠢᠷᠬᠡᠭ ᠦᠢᠯᠡᠳᠪᠦᠷᠢᠯᠡᠵᠦ᠍ ᠪᠤᠢ᠃ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠲᠠᠱᠢᠷᠠᠮ᠎ᠢᠶᠠᠷ ᠪᠢᠳᠡ ᠡᠬᠡ ᠤᠯᠤᠰ᠎ᠤᠨ᠎ᠢᠶᠠᠨ ᠪᠦᠲᠦᠭᠡᠨ ᠪᠠᠢᠭᠤᠯᠤᠯᠲᠠ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ᠌ ᠲᠠᠩᠭᠠᠷᠢᠭ ᠲᠠᠯᠪᠢᠵᠤ ᠪᠠᠢᠨ᠎ᠠ》 ᠭᠡᠵᠦ᠍ ᠰᠦᠨ ᠱᠤᠤ ᠬᠤᠸᠠᠨ ᠶᠠᠷᠢᠨ᠎ᠠ᠃




 

 《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠎ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ

ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ

ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ

ᠦᠪᠦᠷ ᠮᠣᠩᠭᠤᠯ ᠎ᠤᠨ ᠬᠤᠱᠢᠭᠤ ᠱᠢᠶᠠᠨ ᠲᠤᠭᠤᠷᠢᠬ ᠎ᠤᠨ ᠬᠠᠮ ᠵᠠᠭᠤᠴᠢᠯᠠᠭᠤᠷ᠎ᠤᠨ ᠲᠥᠪ

 ᠥᠪᠥᠷ ᠮᠣᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠬᠠᠨ ᠵᠢᠶ ᠸᠠᠩ ᠵᠣᠣ ᠸᠧᠨ ᠼᠦᠢ ᠱᠢᠤᠸᠠᠢ ᠯᠠᠶ ᠯᠦ᠍ ᠱᠢᠩ ᠶᠢᠦ ᠺᠦᠨ ᠮᠡᠷᠭᠡᠨᠪᠢᠯᠢᠭ ᠲᠡᠭᠦᠰᠪᠢᠯᠢᠭ

ᠢᠦ᠋ᠢᠴᠢᠤᠸᠠᠨ ᠲᠤᠭᠤᠷᠢᠭ᠎ᠤᠨ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠼᠦᠢ ᠵᠢᠶᠦ᠋ᠨ ᠹᠧᠩ

ᠬᠤᠷᠢᠨᠬᠡᠷ ᠱᠢᠶᠠᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠬᠦᠸᠧ ᠱᠢᠨ ᠱᠢᠤ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号