
《ᠡᠨᠡ ᠪᠣᠯ ᠲᠥᠪᠡᠳ ᠬᠠᠰᠢ᠎ᠶ᠋ᠢᠨ ᠴᠢᠬᠢ᠂ ᠡᠨᠡ ᠪᠤᠯ ᠥᠷᠭᠡᠰᠦᠲᠦ ᠬᠡᠮᠬᠡ᠎ᠶ᠋ᠢᠨ ᠴᠢᠬᠢ᠂ ᠲᠡᠷᠡ ᠪᠤᠯ ᠬᠠᠰᠢ᠎ᠶ᠋ᠢᠨ ᠴᠢᠬᠢ》 ᠁ ᠨᠠᠮ᠎ᠳᠤ ᠣᠷᠣᠭᠠᠳ 34 ᠵᠢᠯ ᠪᠤᠯᠵᠤ ᠪᠠᠢᠭ᠎ᠠ ᠠᠬᠠᠮᠠᠳ ᠨᠠᠮ᠎ᠤᠨ ᠭᠡᠱᠢᠭᠦᠨ ᠱ᠌ᠢ ᠴᠧᠩ ᠱ᠌ᠢ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠬᠦᠷᠢᠶᠡᠯᠡᠩ᠎ᠢᠶᠠᠨ ᠪᠠᠶᠠᠷ ᠬᠦᠷ᠎ᠲᠠᠢ ᠲᠠᠨᠢᠯᠴᠠᠭᠤᠯᠤᠨ᠎ᠠ᠃
2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠪᠠᠷ ᠬᠦᠬᠢᠬᠦᠯᠦᠭ᠌ᠳᠡᠭ᠌ᠰᠡᠨ ᠱ᠌ᠢ ᠴᠧᠩ ᠱ᠌ᠢ ᠪᠣᠯ ᠬᠤᠷᠢᠨᠭᠡᠷ ᠱᠢᠶᠠᠨ᠎ᠤ ᠴᠧᠩ ᠭᠤᠸᠠᠨ ᠪᠠᠯᠭᠠᠰᠤ᠎ᠶ᠋ᠢᠨ ᠱᠢᠯᠢ᠎ᠶ᠋ᠢᠨ ᠠᠢᠯ ᠲᠣᠰᠭᠤᠨ᠎ᠤ ᠲᠠᠷᠢᠶᠠᠴᠢᠨ ᠶᠤᠮᠰᠠᠨ᠃ ᠲᠤᠬᠠᠶ᠎ᠶ᠋ᠢᠨ ᠭᠠᠵᠠᠷ᠎ᠲᠤ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ ᠢᠨᠵᠧᠨᠧᠷᠢᠩ᠎ᠢ ᠥᠷᠨᠢᠭᠦᠯᠬᠦ᠌ ᠦᠶᠡᠰ ᠱ᠌ᠢ ᠴᠧᠩ ᠱ᠌ᠢ ᠲᠤᠰᠭᠤᠨ᠎ᠤ᠎ᠪᠠᠨ ᠠᠷᠠᠳ᠎ᠤᠨ ᠵᠥᠪᠯᠡᠯ᠎ᠤᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠪᠠ᠃ ᠲᠡᠷᠡ ᠡᠷᠲᠡᠯᠡᠵᠦ᠍ ᠣᠷᠦ᠋ᠢᠯᠠᠨ ᠲᠣᠰᠭᠤᠨ᠎ᠤ᠎ᠪᠠᠨ ᠭᠤᠤ ᠰᠤᠪᠠᠭ ᠪᠦᠬᠦᠨ᠎ᠢᠶᠠᠷ ᠶᠠᠪᠤᠵᠤ᠂ ᠭᠠᠵᠠᠷ᠎ᠤᠨ ᠪᠠᠢᠴᠠ᠎ᠶ᠋ᠢ ᠪᠠᠢᠴᠠᠭᠠᠨ ᠴᠢᠬᠢ ᠮᠣᠳᠣᠨ᠎ᠤ ᠶᠠᠰᠤ ᠴᠢᠨᠠᠷ ᠪᠠ ᠤᠷᠭᠤᠯᠳᠠ᠎ᠶ᠋ᠢᠨ ᠪᠠᠢᠳᠠᠯ᠎ᠢ ᠪᠠᠢᠴᠠᠭᠠᠳᠠᠭ᠃ ᠡᠳᠦᠭᠡ ᠠᠳᠡ ᠠᠭᠤᠯᠠ ᠳᠦᠭᠦᠷᠡᠩ ᠬᠠᠢᠯᠠᠷ ᠨᠠᠷᠠᠰᠤ ᠬᠥᠬᠡᠷᠡᠨ ᠨᠣᠭᠤᠭᠠᠷᠠᠵᠤ᠂ ᠬᠤᠷᠢᠨᠭᠡᠷ ᠱᠢᠶᠠᠨ᠎ᠤ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ ᠢᠨᠵᠧᠨᠧᠷᠢᠩ᠎ᠤᠨ ᠵᠢᠱ᠌ᠢᠶ᠎ᠠ ᠦᠵᠡᠬᠦᠯᠬᠦ᠌ ᠴᠡᠭ ᠪᠤᠯᠤᠭ᠍ᠰᠠᠨ ᠪᠠᠢᠨ᠎ᠠ᠃ ᠪᠠᠶᠠᠵᠢᠯ᠎ᠤᠨ ᠵᠠᠮ᠎ᠢ ᠬᠠᠢᠨ ᠰᠦᠪᠡᠭ᠌ᠴᠢᠯᠡᠵᠦ᠍ ᠬᠥᠳᠡᠭᠡ ᠲᠣᠰᠭᠤᠨ᠎ᠤ ᠵᠢᠭᠤᠯᠴᠢᠯᠠᠯ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠱ᠌ᠢ ᠴᠧᠩ ᠱ᠌ᠢ 2017 ᠣᠨ᠎ᠳᠤ ᠲᠠᠷᠢᠶᠠᠴᠢᠨ ᠠᠢᠯ᠎ᠤᠨ ᠵᠢᠭᠤᠯᠴᠢᠯᠠᠯ ᠡᠷᠬᠢᠯᠡᠵᠦ᠍᠂ ᠵᠢᠭᠤᠯᠴᠢᠯᠠᠭ᠍ᠰᠠᠳ᠎ᠲᠤ ᠥᠪᠡᠷ᠎ᠤᠨ ᠲᠡᠵᠢᠭᠡᠭ᠌ᠰᠡᠨ ᠭᠠᠭ᠍ᠠᠢ᠎ᠶ᠋ᠢᠨ ᠮᠢᠬ᠎ᠠ᠂ ᠳᠠᠬᠢᠶᠠᠨ ᠮᠢᠬ᠎ᠠ᠂ ᠦᠪᠡᠷ᠎ᠢᠶᠠᠨ ᠲᠠᠷᠢᠭ᠍ᠰᠠᠨ ᠪᠣᠬᠢᠷᠲᠤᠯ ᠦᠭᠡᠢ ᠭᠤᠸ᠎ᠠ ᠵᠢᠮᠢᠰ ᠢᠳᠡᠱᠢᠨ ᠨᠣᠭᠤᠭ᠎ᠠ᠎ᠪᠠᠨ ᠢᠳᠡᠭᠦᠯᠵᠦ᠍᠂ ᠵᠢᠩᠬᠢᠨᠢ ᠲᠠᠷᠢᠶᠠᠴᠢᠨ ᠠᠢᠯ᠎ᠤᠨ ᠦᠨᠦᠷ ᠠᠮᠲᠠ᠎ᠶ᠋ᠢ ᠠᠮᠲᠠᠯᠠᠭᠤᠯᠵᠠᠢ᠃ 2018 ᠣᠨ᠎ᠳᠤ ᠱ᠌ᠢ ᠴᠧᠩ ᠱ᠌ᠢ᠎ᠶ᠋ᠢᠨ ᠡᠷᠭᠢᠯᠡᠭ᠌ᠰᠡᠨ ᠲᠠᠷᠢᠶᠠᠴᠢᠨ ᠠᠢᠯ᠎ᠤᠨ ᠵᠢᠭᠤᠯᠴᠢᠯᠠᠯ᠎ᠨᠢ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠣᠳᠣᠨ ᠲᠠᠰ᠎ᠤᠨ ᠵᠢᠭᠤᠯᠴᠢᠯᠠᠭ᠍ᠰᠠᠳ᠎ᠢ ᠭᠥᠯᠢᠶᠡᠨ ᠵᠤᠴᠢᠯᠠᠬᠤ ᠡᠷᠦᠬᠡ》 ᠪᠠᠷ ᠦᠨᠡᠯᠡᠭ᠌ᠳᠡᠭ᠌ᠰᠡᠨ ᠪᠠᠢᠨ᠎ᠠ᠃
2003 ᠣᠨ᠎ᠳᠤ ᠰᠠᠷᠰ᠎ᠲᠠᠢ ᠲᠡᠮᠡᠴᠡᠬᠦ᠌ ᠦᠶ᠎ᠡ᠎ᠳᠤ ᠰᠠᠶᠢᠬᠠᠨ ᠲᠣᠰᠭᠤᠨ᠎ᠤ ᠠᠷᠠᠳ᠎ᠤᠨ ᠵᠥᠪᠯᠡᠯ᠎ᠤᠨ ᠡᠷᠬᠢᠯᠡᠭ᠌ᠴᠢ ᠪᠤᠯᠤᠭ᠍ᠰᠠᠨ ᠱ᠌ᠢ ᠴᠧᠩ ᠱ᠌ᠢ ᠳᠠᠷᠦ᠋ᠢᠬᠠᠨ ᠲᠣᠰᠭᠤᠨ᠎ᠤ᠎ᠪᠠᠨ ᠬᠢᠵᠢᠭ᠎ᠢ ᠰᠡᠷᠭᠡᠢᠯᠡᠬᠦ᠌ ᠠᠵᠢᠯ᠎ᠳᠤ ᠣᠷᠣᠯᠴᠠᠪᠠ᠂ 2020 ᠣᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠦᠶ᠎ᠡ᠎ᠳᠤ ᠲᠣᠰᠭᠤᠨ᠎ᠤ᠎ᠪᠠᠨ ᠨᠠᠮ᠎ᠤᠨ ᠡᠭᠦᠷ᠎ᠤᠨ ᠭᠡᠱᠢᠭᠦᠨ᠂ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ ᠪᠠᠢᠭ᠍ᠰᠠᠨ ᠲᠡᠷᠡ ᠰᠠᠨᠠᠭᠠᠴᠢᠯᠠᠭ᠎ᠠ᠎ᠠᠴᠠ᠎ᠪᠠᠨ ᠲᠣᠰᠭᠤᠨ᠎ᠤ᠎ᠪᠠᠨ ᠱᠢᠯᠭᠠᠨ ᠬᠢᠨᠠᠬᠤ ᠦᠷᠳᠡᠭᠡ᠎ᠳᠤ ᠵᠢᠵᠢᠭᠦᠷᠯᠡᠪᠡ᠃ ᠡᠳᠦᠭᠡ ᠲᠣᠰᠭᠤᠨ᠎ᠤ ᠺᠠᠳ᠋ᠷ᠎ᠤᠨ ᠲᠤᠱᠢᠶᠠᠯ᠎ᠢ ᠡᠭᠦᠷᠭᠡᠯᠡᠬᠦ᠌᠎ᠪᠠᠨ ᠪᠤᠯᠢᠭ᠍ᠰᠠᠨ ᠱ᠌ᠢ ᠴᠧᠩ ᠱ᠌ᠢ ᠮᠦᠨ ᠬᠦ᠌ ᠠᠮᠢᠨ ᠬᠠᠢᠷᠠᠲᠠᠢ ᠨᠤᠳᠤᠭ ᠳᠡᠭᠡᠷ᠎ᠡ᠎ᠪᠠᠨ ᠬᠦᠴᠦ᠍ ᠬᠥᠯᠥᠰᠥ᠎ᠪᠠᠨ ᠤᠷᠤᠰᠭᠠᠨ ᠪᠠᠶᠠᠷ ᠬᠦᠷ᠎ᠲᠠᠢ ᠬᠦᠳᠡᠯᠮᠤᠷᠢᠯᠡᠭ᠌ᠰᠡᠬᠡᠷ ᠁
《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ
ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ
ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ
ᠦᠪᠦᠷ ᠮᠣᠩᠭᠤᠯ ᠤᠨ ᠬᠤᠱᠢᠭᠤ ᠱᠢᠶᠠᠨ ᠲᠤᠭᠤᠷᠢᠬ ᠤᠨ ᠬᠠᠮ ᠵᠠᠭᠤᠴᠢᠯᠠᠭᠤᠷ᠎ᠤᠨ ᠲᠥᠪ
ᠥᠪᠥᠷ ᠮᠣᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠬᠠᠨ ᠵᠢᠶ ᠸᠠᠩ ᠵᠣᠣ ᠸᠧᠨ ᠼᠦᠢ ᠱᠢᠤᠸᠠᠢ ᠯᠠᠶ ᠯᠦ᠍ ᠱᠢᠩ ᠶᠢᠦ ᠺᠦᠨ ᠮᠡᠷᠭᠡᠨᠪᠢᠯᠢᠭ ᠲᠡᠭᠦᠰᠪᠢᠯᠢᠭ
ᠢᠦ᠋ᠢᠴᠢᠤᠸᠠᠨ ᠲᠤᠭᠤᠷᠢᠭ᠎ᠤᠨ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠼᠦᠢ ᠵᠢᠶᠦ᠋ᠨ ᠹᠧᠩ
ᠬᠤᠷᠢᠨᠬᠡᠷ ᠱᠢᠶᠠᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠬᠦᠸᠧ ᠱᠢᠨ ᠱᠢᠤ